2022-11-25 15:52:19
ᠣᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠦ ᠪᠠᠲᠤᠯᠠᠭ᠎ᠠ᠎ᠶ᠋ᠢᠨ ᠲᠣᠪᠴᠢᠶ᠎ᠠ᠎ᠠᠴᠠ ᠣᠢᠯᠠᠭᠠᠭ᠍ᠰᠠᠨ᠎ᠢᠶᠠᠷ᠂ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠦ ᠪᠠᠲᠤᠯᠠᠭ᠎ᠠ᠎ᠶ᠋ᠢᠨ ᠲᠣᠪᠴᠢᠶ᠎ᠠ ᠬᠢᠵᠢᠭ᠎ᠦᠨ ᠪᠠᠢᠳᠠᠯ᠎ᠤᠨ ᠬᠤᠭᠤᠴᠠᠭᠠᠨ᠎ᠳᠠᠬᠢ ᠠᠷᠠᠳ᠎ᠲᠤ ᠲᠥᠬᠥᠮ ᠦᠵᠡᠭᠦᠯᠬᠦ᠌ ᠦᠶ᠋ᠯᠡᠴᠢᠯᠡᠭᠡᠨ᠎ᠦ ᠱᠢᠨ᠎ᠡ ᠠᠷᠭ᠎ᠠ ᠬᠡᠮᠵᠢᠶ᠎ᠡ᠎ᠶ᠋ᠢ ᠨᠡᠢᠲᠡᠯᠡᠵᠦ᠂ ᠳᠠᠭᠠᠳᠭᠠᠯ᠎ᠳᠤ ᠣᠷᠣᠯᠴᠠᠭ᠍ᠰᠠᠨ ᠣᠯᠠᠨ ᠲᠦᠮᠡᠨ᠎ᠦ ᠡᠮ ᠡᠮᠨᠡᠯᠭᠡ᠎ᠶ᠋ᠢᠨ ᠵᠠᠷᠤᠳᠠᠯ᠎ᠢ ᠲᠠᠩᠰᠠ ᠲᠠᠢᠯᠬᠤ ᠬᠦᠴᠢᠷ ᠠᠰᠠᠭᠤᠳᠠᠯ᠎ᠢ ᠱᠢᠶ᠋ᠳᠪᠦᠷᠢᠯᠡᠵᠤ ᠪᠠᠢᠨ᠎ᠠ᠃
ᠣᠢᠯᠠᠭᠠᠭ᠍ᠰᠠᠨ᠎ᠢᠶᠠᠷ᠂ ᠳᠠᠭᠠᠳᠭᠠᠯ᠎ᠳᠤ ᠣᠷᠣᠯᠴᠠᠭ᠍ᠰᠠᠨ ᠣᠯᠠᠨ ᠲᠦᠮᠡᠨ ᠡᠪᠡᠳᠴᠢᠨ ᠦᠵᠡᠭᠦᠯᠵᠦ᠍ ᠡᠮ ᠬᠤᠳᠠᠯᠳᠤᠨ ᠠᠪᠬᠤ᠎ᠳᠤ ᠵᠠᠷᠤᠴᠠᠭᠤᠯᠤᠭ᠍ᠰᠠᠨ ᠡᠮ ᠡᠮᠨᠡᠯᠭᠡ᠎ᠶ᠋ᠢᠨ ᠵᠠᠷᠤᠳᠠᠯ ᠵᠢᠡᠨ ᠴᠠᠭ ᠲᠤᠬᠠᠢ ᠳ᠋ᠤᠨᠢ ᠲᠡᠰᠦᠯᠦᠨ ᠪᠤᠳᠤᠬᠤ᠎ᠶ᠋ᠢᠨ ᠠᠷᠭ᠎ᠠ ᠥᠬᠡᠶ ᠪᠠᠢᠪᠠᠯ ᠤᠷᠢᠳ᠎ᠢᠶᠠᠷ ᠥᠪᠡᠷ ᠤ᠋ᠨ ᠰᠦᠶ᠋ᠳᠭᠡᠯ᠎ᠢᠶᠡᠷ ᠵᠢᠡᠨ ᠲᠡᠰᠦᠯᠦᠨ ᠪᠤᠳᠤᠭᠠᠳ ᠰᠡᠬᠦᠯᠡᠷ ᠨᠢ ᠨᠥᠬᠥᠵᠦ᠍ ᠲᠠᠩᠰᠠ ᠳᠡᠢᠯᠵᠦ᠍ ᠪᠣᠯᠤᠨ᠎ᠠ᠃ ᠡᠭᠦᠳᠡᠨ ᠡᠮᠨᠡᠯᠭᠡ ᠲᠡᠬᠡᠷ᠎ᠡ ᠥᠵᠡᠬᠥᠯᠬᠥ ᠣᠨᠴᠠᠭᠠᠢ ᠡᠪᠡᠳᠴᠢᠨ ᠪᠠ ᠡᠭᠦᠳᠡᠨ ᠡᠮᠨᠡᠯᠭᠡ ᠡᠴᠡ ᠬᠤᠲᠠᠯᠲᠤᠨ ᠠᠪᠬᠤ ᠣᠨᠴᠠᠭᠠᠢ ᠡᠮ ᠤᠨ ᠬᠠᠷᠠᠭᠠᠯᠵᠠᠯ᠎ᠢ ᠴᠠᠭ ᠲᠤᠬᠠᠢᠳᠤᠨᠢ ᠭᠤᠶᠤᠴᠢᠯᠠᠨ ᠮᠡᠳᠡᠭᠦᠯᠬᠦ᠌᠎ᠶ᠋ᠢᠨ ᠠᠷᠭ᠎ᠠ ᠦᠭᠡᠢ ᠪᠠᠢᠪᠠᠯ ᠲᠤᠰ ᠭᠠᠵᠠᠷ ᠪᠤᠶᠤ ᠣᠨᠳᠣᠣ ᠭᠠᠵᠠᠷ᠎ᠤᠨ ᠲᠣᠭ᠍ᠲᠠᠭᠠᠭ᠍ᠰᠠᠨ ᠴᠡᠭ ᠤ᠋ᠨ ᠡᠮ ᠡᠮᠨᠡᠯᠭᠡ᠎ᠶ᠋ᠢᠨ ᠪᠠᠢᠭᠤᠯᠤᠮᠵᠢ᠎ᠳᠤ ᠡᠮᠨᠡᠭᠦᠯᠵᠤ ᠡᠮ ᠬᠤᠳᠠᠯᠳᠤᠨ ᠠᠪᠬᠤ᠎ᠳᠠᠭᠠᠨ ᠤᠷᠢᠳ᠎ᠢᠶᠠᠷ ᠥᠪᠡᠷ ᠤᠨ ᠰᠤᠢᠳᠬᠡᠯ ᠵᠢᠨᠷ ᠵᠢᠨᠨ ᠲᠠᠰᠤᠯᠤᠨ ᠪᠤᠳᠤᠭᠠᠳ ᠲᠠᠷᠠᠭ᠎ᠠ ᠨᠢ 6 ᠰᠠᠷ᠎ᠠ᠎ᠶ᠋ᠢᠨ ᠳᠣᠲᠣᠷ᠎ᠠ ᠨᠥᠬᠥᠪᠥᠷᠢᠯᠡᠨ ᠮᠡᠳᠡᠭᠦᠯᠵᠦ᠍ ᠲᠠᠨᠭᠰᠠ ᠲᠡᠢᠯᠵᠤ ᠪᠣᠯᠤᠨ᠎ᠠ᠃ ᠡᠭᠦᠳᠡᠨ ᠡᠮᠨᠡᠯᠭᠡ᠎ᠶ᠋ᠢᠨ ᠣᠨᠴᠠᠭᠠᠢ ᠡᠪᠡᠳᠴᠢᠨ ᠪᠠ ᠡᠭᠦᠳᠡᠨ ᠡᠮᠨᠡᠯᠭᠡ᠎ᠶ᠋ᠢᠨ ᠣᠨᠴᠠᠭᠠᠢ ᠡᠮ ᠤᠨ ᠬᠠᠷᠠᠭᠠᠯᠵᠠᠯ ᠭᠥᠷᠳᠡᠵᠦ᠍ ᠪᠠᠢᠭ᠎ᠠ ᠬᠥᠮᠥᠰ ᠣᠨᠴᠠᠭᠠᠢ ᠱᠢᠯᠲᠠᠭᠠᠨ᠎ᠠᠴᠠ ᠪᠣᠯᠵᠣ ᠤᠤᠯ᠎ᠤᠨ ᠲᠣᠭ᠍ᠲᠠᠭᠠᠭ᠍ᠰᠠᠨ ᠴᠡᠭ᠎ᠤᠨ ᠡᠮ ᠡᠮᠨᠡᠯᠭᠡ᠎ᠶ᠋ᠢᠨ ᠪᠠᠢᠭᠤᠯᠤᠮᠵᠢ᠎ᠳᠤ ᠡᠮᠨᠡᠭᠦᠯᠵᠦ᠍ ᠡᠮ ᠬᠤᠳᠠᠯᠳᠤᠨ ᠠᠪᠴᠤ᠌ ᠳᠡᠢᠯᠬᠦ᠌ ᠥᠬᠡᠶ ᠪᠠᠢᠪᠠᠯ ᠤᠷᠢᠳ ᠵᠢᠨᠷ ᠥᠪᠡᠷ ᠤ᠋ᠨ ᠰᠦᠶ᠋ᠳᠭᠡᠯ᠎ᠢᠶᠡᠷ ᠲᠠᠰᠤᠯᠤᠨ ᠪᠤᠳᠤᠵᠤ᠂ ᠰᠡᠬᠦᠯᠡᠷ ᠨᠢ ᠨᠥᠬᠥᠵᠦ᠍ ᠲᠠᠩᠰᠠ ᠳᠡᠢᠯᠵᠦ᠍ ᠪᠣᠯᠤᠨ᠎ᠠ᠃ ᠤᠨᠳᠤᠤ ᠭᠠᠵᠠᠷ᠎ᠲᠤ ᠡᠮᠨᠡᠭᠦᠯᠬᠦ᠌ ᠳᠠᠩᠰᠠᠯᠠᠭᠤᠯᠤᠯᠲᠠ ᠬᠢᠯᠭᠡᠭ᠌ᠰᠡᠨ ᠥᠬᠡᠶ ᠪᠥᠭᠡᠳ ᠨᠢᠭᠡᠨᠲᠡ ᠥᠪᠡᠷ᠎ᠦᠨ ᠰᠦᠶ᠋ᠳᠭᠡᠯ᠎ᠢᠶᠡᠷ ᠲᠡᠰᠦᠯᠦᠨ ᠪᠤᠳᠤᠭ᠍ᠰᠠᠨ ᠪᠠᠢᠪᠠᠯ ᠰᠡᠬᠥᠯᠡᠷ ᠨᠢ ᠨᠥᠬᠥᠵᠤ ᠳᠠᠩᠰᠠᠯᠠᠭᠤᠯᠤᠯᠲᠡ ᠬᠢᠬᠡᠳ ᠲᠠᠩᠰᠠ ᠳᠡᠢᠯᠵᠦ᠍ ᠪᠣᠯᠤᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃