2022-11-18 20:00:32
ᠣᠳᠣᠬᠠᠨ᠎ᠳᠤ᠂ ᠣᠷᠣᠨ ᠤ ᠲᠥᠪ ᠤᠨ ᠬᠢᠵᠢᠭ ᠤᠨ ᠪᠠᠢᠳᠠᠯ ᠢ ᠶᠡᠷᠦᠩᠬᠡᠢ᠎ᠳᠡᠭᠡᠨ ᠡᠵᠡᠮᠳᠡᠵᠦ᠍ ᠪᠣᠯᠬᠤ ᠪᠣᠯᠪᠠᠴᠤ᠌ ᠪᠠᠢᠳᠠᠯ ᠮᠥᠨ ᠬᠦ᠌ ᠬᠦᠨᠳᠦ ᠨᠣᠴᠢᠲᠠᠢ ᠨᠠᠷᠢᠨ ᠪᠤᠳᠤᠯᠢᠶᠠᠨᠲᠠᠢ ᠪᠠᠢᠵᠤ᠂ ᠰᠡᠷᠭᠡᠢᠯᠡᠨ ᠡᠵᠡᠮᠳᠡᠬᠦ᠌ ᠠᠵᠢᠯ ᠬᠠᠮᠤᠭ᠎ᠤᠨ ᠢᠳᠡ ᠠᠪᠬᠤ ᠱᠠᠲᠤᠨ᠎ᠳᠤ ᠣᠷᠣᠱᠢᠵᠤ ᠪᠠᠢᠨ᠎ᠠ᠃ ᠡᠨᠡ ᠬᠦ᠌ ᠬᠠᠮᠠᠭᠠᠯᠠᠬᠤ ᠳᠠᠢᠯᠠᠯᠳᠤᠭᠠᠨ᠎ᠤ ᠢᠯᠠᠯᠲᠠ᠎ᠶ᠋ᠢ ᠤᠯᠬᠤ᠎ᠶ᠋ᠢᠨ ᠲᠥᠯᠥᠭᠡ᠂ ᠬᠥᠬᠡᠬᠤᠲᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ᠎ᠤ ᠬᠤᠯᠪᠣᠭ᠍ᠳᠠᠯ ᠪᠥᠬᠦᠶ ᠠᠵᠢᠯ᠎ᠤᠨ ᠪᠠᠢᠷᠢᠯᠠᠭᠤᠯᠤᠯᠲᠠ᠎ᠶ᠋ᠢ ᠪᠥᠬᠦ᠌ ᠲᠠᠯ᠎ᠠ᠎ᠪᠠᠷ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠢ ᠴᠢᠨᠠᠭ᠍ᠰᠢᠳᠠ ᠱᠢᠯᠢᠳᠡᠭ᠌ᠵᠢᠭᠦᠯᠬᠦ᠌ ᠬᠤᠷᠢᠨ ᠵᠤᠷᠪᠤᠰ ᠠᠷᠭ᠎ᠠ ᠬᠡᠮᠵᠢᠶ᠎ᠡ᠎ᠶ᠋ᠢ ᠴᠢᠩᠭ᠎ᠠ ᠬᠡᠷᠡᠭ᠌ᠵᠢᠭᠦᠯᠵᠦ᠍᠂ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢ ᠰᠠᠢᠲᠤᠷ ᠨᠢᠭᠡᠳᠦᠯᠲᠡᠶ ᠲᠥᠯᠥᠪᠯᠡᠪᠡ᠃
ᠬᠥᠬᠡᠬᠤᠲᠠ᠎ᠶ᠋ᠢᠨ ᠳᠡᠳ᠋ ᠳᠠᠷᠤᠭ᠎ᠠ ᠱᠢᠤᠢ ᠱᠸᠤ ᠵᠢᠶ ᠲᠠᠨᠢᠯᠴᠠᠭᠤᠯᠬᠤ᠎ᠳᠠᠭᠠᠨ᠂ ᠬᠥᠬᠡᠬᠤᠲᠠ ᠬᠤᠷᠢᠨ ᠵᠤᠷᠪᠤᠰ ᠠᠷᠭ᠎ᠠ ᠬᠡᠮᠵᠢᠶ᠎ᠡ ᠶᠤᠰᠤᠭᠠᠷ᠂ ᠨᠡᠢᠭᠡᠮ᠎ᠤᠨ ᠬᠠᠮᠢᠶᠠᠷᠤᠨ ᠡᠵᠡᠮᠳᠡᠯᠳᠠ᠂ ᠨᠢᠭ᠍ᠲᠠ ᠤᠢᠷᠠᠳᠤᠭᠰᠠᠳᠢ ᠮᠠᠭᠠᠳᠯᠠᠨ ᠲᠣᠭ᠍ᠲᠠᠭᠠᠬᠤ᠂ ᠲᠦᠭ᠌ᠰᠢᠭᠦᠷᠢᠳᠠᠢ ᠣᠷᠣᠨ ᠪᠦᠰᠠ ᠵᠢ ᠵᠠᠭᠠᠭ᠍ᠯᠠᠨ ᠲᠣᠭ᠍ᠲᠠᠭᠠᠬᠤ᠂ ᠡᠮᠴᠢᠯᠡᠭᠡ᠎ᠪᠠᠷ ᠠᠪᠤᠷᠠᠨ ᠵᠠᠰᠠᠬᠤ᠂ ᠪᠥᠭᠡᠮ ᠬᠦᠴᠢᠯ᠎ᠢ ᠪᠠᠢᠴᠠᠭᠠᠬᠤ᠂ ᠵᠠᠮ ᠬᠠᠷᠢᠯᠴᠠᠭ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠡᠷᠭᠡ ᠲᠠᠯ᠎ᠠ᠎ᠪᠠᠷ ᠰᠡᠷᠭᠡᠢᠯᠡᠨ ᠡᠵᠡᠮᠳᠡᠬᠦ᠌ ᠠᠷᠭ᠎ᠠ ᠬᠡᠮᠵᠢᠶ᠎ᠡ᠎ᠪᠠᠨ ᠴᠠᠭ ᠲᠤᠬᠠᠶ᠎ᠳᠤᠨᠢ ᠱᠢᠯᠢᠳᠡᠭ᠌ᠵᠢᠭᠦᠯᠦᠨ ᠲᠣᠬᠢᠷᠠᠭᠤᠯᠤᠯᠲᠠ ᠬᠢᠵᠦ᠍᠂ ᠲᠤᠰᠠᠭᠠᠷᠯᠠᠬᠤ ᠲᠠᠯᠠᠪᠤᠷ ᠭᠠᠵᠠᠷ᠎ᠤᠨ ᠳᠠᠯᠳᠠ ᠬᠦᠴᠦᠨ᠎ᠢ ᠠᠭᠤᠳᠠᠯᠤᠨ ᠪᠠᠭ᠍ᠲᠠᠭᠠᠮᠵᠢ᠎ᠶ᠋ᠢ ᠥᠷᠭᠡᠳᠭᠡᠬᠦ᠂ ᠵᠢᠷᠤᠮᠵᠢᠭᠤᠯᠤᠨ ᠬᠠᠮᠢᠶᠠᠷᠬᠤ᠂ ᠠᠷᠭ᠎ᠠ ᠴᠢᠨᠠᠷᠲᠠᠶ ᠬᠠᠯᠳᠠᠪᠤᠷᠢᠯᠠᠭ᠍ᠳᠠᠭᠴᠢ ᠵᠢ ᠵᠠᠪᠠᠯ ᠱᠢᠯᠵᠢᠭᠦᠯᠬᠦ᠂ ᠳᠤᠰᠠᠭᠠᠷᠯᠠᠯ ᠡᠴᠡ ᠳᠠᠢᠯᠪᠠᠯ ᠵᠤᠬᠢᠬᠤ ᠵᠢ ᠨᠢ ᠵᠠᠪᠠᠯ ᠳᠠᠢᠯᠵᠦ᠂ ᠲᠤᠰᠠᠭᠠᠷᠯᠠᠵᠤ ᠪᠠᠢᠭ᠎ᠠ ᠬᠥᠮᠦᠰ᠎ᠢ ᠬᠠᠯᠠᠮᠵᠢᠯᠠᠬᠤ ᠵᠡᠷᠭᠡ ᠳᠥᠷᠪᠡᠨ ᠲᠠᠯ᠎ᠠ᠎ᠶ᠋ᠢᠨ ᠲᠣᠭᠤᠷᠢᠨ᠎ᠳᠤ᠂ ᠬᠠᠮᠢᠶᠠᠷᠤᠯᠲᠠ ᠦᠢᠯᠡᠴᠢᠯᠡᠭᠡᠨ᠎ᠤ ᠬᠢᠷᠢ ᠲᠦᠪᠱᠢᠨ᠎ᠢᠶᠠᠨ ᠳᠡᠭᠡᠭ᠌ᠰᠢᠯᠡᠭᠦᠯᠪᠡ᠃ ᠪᠢᠳᠡ ᠶᠠᠭ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠡᠯ᠎ᠡ ᠭᠤᠭ᠍ᠴᠤᠭ᠎ᠠ᠎ᠶ᠋ᠢᠨ ᠠᠵᠢᠯ᠎ᠢ ᠲᠦᠷᠭᠡᠳᠭᠡᠨ ᠠᠬᠢᠭᠤᠯᠵᠤ᠂ ᠲᠦᠷᠬᠡᠨ ᠪᠠᠢᠴᠠᠭᠠᠬᠤ᠂ ᠲᠦᠷᠭᠡᠨ ᠲᠤᠰᠠᠭᠠᠷᠯᠠᠬᠤ᠂ ᠲᠦᠷᠭᠡᠨ ᠱᠢᠯᠵᠢᠭᠦᠯᠬᠦ᠂ ᠴᠢᠩᠭ᠎ᠠ ᠬᠠᠮᠢᠶᠠᠷᠤᠨ ᠡᠵᠡᠮᠳᠡᠬᠦ 《ᠭᠤᠷᠪᠠᠨ ᠲᠦᠷᠭᠡᠨ ᠨᠢᠭᠡ ᠴᠢᠩᠭ᠎ᠠ》 ᠪᠠᠢᠬᠤ ᠱᠠᠭᠠᠷᠳᠠᠯᠭ᠎ᠠ᠎ᠶ᠋ᠢ ᠴᠢᠩᠭ᠎ᠠ ᠠᠩᠬᠠᠷᠴᠤ᠌᠂ ᠬᠠᠷᠢᠭᠤᠴᠠᠯᠭ᠎ᠠ᠎ᠶ᠋ᠢ ᠺᠠᠳ᠋ᠷ ᠨᠢᠭᠡᠪᠦᠷᠢ᠂ ᠭᠤᠭ᠍ᠴᠤᠭ᠎ᠠ ᠨᠢᠭᠡᠪᠦᠷᠢ᠂ ᠠᠵᠢᠯ᠎ᠤᠨ ᠪᠠᠢᠷᠢ ᠨᠢᠭᠡᠪᠦᠷᠢ᠎ᠳᠤ ᠪᠣᠳᠠᠲᠠᠢᠵᠢᠭᠤᠯᠵᠤ᠂ ᠭᠤᠭ᠍ᠴᠤᠭ᠎ᠠ ᠪᠦᠬᠦᠨ ᠢ ᠨᠢᠭ᠍ᠲᠠ ᠤᠶᠠᠯᠳᠤᠭᠤᠯᠵᠤ ᠠᠯᠬᠤᠮ ᠠᠯᠬᠤᠮ ᠢᠶᠠᠷ ᠨᠠᠢᠳᠠᠪᠤᠷᠢᠵᠢᠭᠤᠯᠬᠤ᠎ᠶ᠋ᠢ ᠦᠨᠡᠨ ᠬᠦ᠌ ᠪᠠᠲᠤᠯᠠᠵᠤ ᠪᠠᠢᠨ᠎ᠠ ᠭᠡᠯ᠎ᠠ᠃
ᠣᠳᠣᠬᠠᠨ᠎ᠤ ᠪᠠᠢᠳᠠᠯ ᠳᠤᠤᠷ᠎ᠠ᠂ ᠠᠵᠤ ᠦᠢᠯᠡᠳᠪᠦᠷᠢ᠎ᠶ᠋ᠢᠨ ᠠᠵᠤ ᠠᠬᠤᠢᠯᠠᠯ ᠵᠢᠴᠢ ᠠᠵᠤ ᠦᠢᠯᠡᠳᠪᠦᠷᠢ᠎ᠶ᠋ᠢᠨ ᠬᠦᠷᠢᠶᠡᠯᠡᠩ ᠲᠣᠭᠤᠷᠢᠭ᠎ᠤᠨ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠ ᠠᠶᠤᠯᠭᠦᠶ ᠦᠢᠯᠡᠳᠪᠦᠷᠢᠯᠡᠯ᠎ᠢ ᠴᠦᠮ ᠰᠠᠭᠠᠲᠠᠭᠠᠬᠤ ᠥᠬᠡᠶ ᠪᠠᠢᠬᠤ᠎ᠶ᠋ᠢ ᠪᠠᠲᠤᠯᠠᠬᠤ᠎ᠶ᠋ᠢᠨ ᠲᠥᠯᠥᠭᠡ᠂ ᠬᠥᠬᠡᠬᠤᠲᠠ ᠪᠠᠰᠠ ᠪᠦᠲᠦᠮᠵᠢᠲᠡᠶ ᠠᠷᠭ᠎ᠠ ᠬᠡᠮᠵᠢᠶ᠎ᠡ ᠠᠪᠴᠠᠶ᠃
ᠬᠥᠬᠡᠬᠣᠲᠠ᠎ᠶ᠋ᠢᠨ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ 《ᠬᠢᠵᠢᠭ᠎ᠦᠨ ᠪᠠᠢᠳᠠᠯ᠎ᠢ ᠰᠡᠷᠭᠡᠢᠯᠡᠵᠦ ᠴᠢᠳᠠᠬᠤ᠂ ᠠᠵᠤ ᠠᠬᠤᠶ᠎ᠶ᠋ᠢ ᠲᠣᠭ᠍ᠲᠠᠭᠤᠨ ᠪᠠᠢᠯᠭᠠᠬᠤ᠂ ᠬᠥᠭ᠌ᠵᠢᠯᠳᠠ᠎ᠵᠢ ᠠᠮᠤᠷ ᠲᠦᠪᠱᠢᠨᠪᠠᠢᠯᠭᠠᠬᠤ》 ᠱᠠᠭᠠᠷᠳᠠᠯᠭ᠎ᠠ ᠪᠡᠷ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢ ᠥᠨᠳᠥᠷ ᠪᠦᠲᠦᠮᠵᠢᠲᠡᠢ ᠨᠢᠭᠡᠳᠦᠯᠲᠡᠢ ᠲᠥᠯᠥᠪᠵᠢᠭᠦᠯᠵᠦ᠂ 《ᠪᠢᠲᠡᠭᠦᠮᠵᠢᠯᠡᠭ᠌ᠰᠡᠨ ᠬᠠᠮᠢᠶᠠᠷᠤᠯᠲᠠ᠎ᠶ᠋ᠢ ᠴᠢᠩᠳᠠᠯᠠᠨ᠂ ᠴᠢᠩᠭ᠎ᠠ ᠵᠢᠵᠢᠭᠦᠷᠯᠡᠨ ᠰᠠᠬᠢᠵᠤ᠂ ᠬᠥᠮᠦᠨ ᠲᠡᠷᠭᠡ ᠣᠷᠣᠵᠤ ᠭᠠᠷᠬᠤ᠎ᠶ᠋ᠢ ᠴᠢᠩᠭ᠎ᠠ ᠬᠢᠵᠠᠭᠠᠷᠯᠠᠨ᠂ ᠦᠶ᠋ᠯᠡᠳᠪᠦᠷᠢ᠎ᠶ᠋ᠢᠨ ᠳᠣᠲᠣᠭᠠᠳᠤ᠎ᠶ᠋ᠢᠨ ᠬᠠᠮᠢᠶᠠᠷᠤᠯᠲᠠ ᠡᠵᠡᠮᠳᠡᠯ᠎ᠢ ᠴᠢᠩᠳᠠᠯᠠᠵᠦ᠂ ᠱᠢᠮᠳᠠᠭᠤᠯᠤᠨ ᠪᠠᠢᠴᠠᠭᠠᠨ ᠱᠢᠮᠳᠠᠭᠤᠯᠤᠨ ᠭᠦᠶ᠋ᠴᠡᠳᠭᠡᠬᠦ》 《ᠲᠠᠪᠤᠨ ᠴᠢᠩᠭ᠎ᠠ》 ᠬᠠᠮᠢᠶᠠᠷᠤᠯᠲᠠ᠎ᠶ᠋ᠢᠨ ᠲᠦᠷᠢᠮ᠎ᠢ ᠪᠦᠭᠦ ᠳᠠᠯ᠎ᠠ ᠪᠡᠷ ᠭᠡᠷᠡᠭᠵᠢᠭᠦᠯᠵᠤ᠂ 《ᠬᠥᠮᠦᠨ ᠲᠡᠷᠭᠡ ᠪᠣᠳᠠᠰ᠎ᠤᠨ ᠪᠦᠬᠦ᠌ ᠶᠠᠪᠤᠴᠠ᠎ᠶ᠋ᠢᠨ ᠬᠠᠮᠢᠶᠠᠷᠤᠯᠲᠠ᠂ ᠦᠶ᠋ᠯᠡᠳᠪᠦᠷᠢᠯᠡᠯ ᠬᠠᠩᠭᠠᠯᠭ᠎ᠠ ᠪᠣᠷᠣᠯᠠᠭᠤᠯᠭ᠎ᠠ᠎ᠶ᠋ᠢᠨ ᠪᠥᠬᠥ᠌ ᠬᠡᠯᠬᠢᠶ᠎ᠡ᠎ᠶ᠋ᠢᠨ ᠬᠠᠮᠢᠶᠠᠷᠤᠯᠳᠠ ᠡᠵᠡᠮᠳᠠᠯ》 ᠤᠨ ᠠᠷᠭᠠᠴᠠᠭᠠᠬᠤ ᠪᠦᠳᠦᠮᠵᠢᠳᠠᠢ ᠠᠷᠭ᠎ᠠ ᠬᠡᠮᠵᠢᠶ᠎ᠡ ᠵᠢ ᠠᠪᠴᠤ᠂ ᠪᠠᠢᠭᠤᠯᠭ᠎ᠠ᠎ᠶ᠋ᠢᠨ ᠺᠠᠳ᠋ᠷ᠎ᠤᠨ ᠦᠢᠯᠡᠳᠪᠦᠷᠢ᠎ᠳᠦ ᠰᠠᠭᠤᠵᠤ ᠬᠤᠯᠪᠤᠭ᠎ᠠ ᠠᠪᠬᠤ᠂ ᠵᠠᠩᠭᠢᠯᠠᠭ᠎ᠠ᠎ᠶ᠋ᠢᠨ ᠠᠵᠢᠯ᠎ᠤᠨ ᠪᠠᠢᠷᠢ᠎ᠳᠤ ᠡᠭᠡᠯᠵᠢᠯᠡᠵᠦ᠍ ᠪᠡᠯᠡᠳᠭᠡᠬᠦ ᠵᠢ ᠭᠡᠷᠡᠭᠵᠢᠭᠦᠯᠵᠤ᠂ ᠠᠵᠢᠯᠲᠠᠨ᠎ᠤ ᠠᠵᠢᠯ᠎ᠤᠨ ᠪᠠᠢᠷᠢ᠎ᠳᠠᠭᠠᠨ ᠪᠤᠴᠠᠬᠤ ᠲᠤᠰᠭᠠᠶ ᠠᠷᠭ᠎ᠠ ᠵᠠᠮ᠂ ᠶᠡᠷᠦᠡᠭᠭᠡᠢᠯᠡᠭᠰᠡᠨ ᠲᠠᠸᠠᠷ᠎ᠤᠨ ᠲᠡᠭᠡᠭᠡᠪᠦᠷᠢ᠎ᠶ᠋ᠢᠨ ᠰᠠᠭᠠᠳ ᠦᠭᠡᠢ ᠨᠡᠪᠲᠡᠷᠡᠬᠦ᠌ ᠵᠠᠮ᠎ᠢ ᠢᠳᠡᠪᠭᠢᠳᠠᠢ ᠨᠡᠪᠳᠡᠷᠡᠭᠦᠯᠵᠤ ᠪᠠᠢᠨ᠎ᠠ᠃
ᠣᠳᠣᠬᠠᠨ ᠪᠣᠯᠲᠠᠯ᠎ᠠ ᠂ ᠪᠥᠬᠥ᠌ ᠬᠣᠲᠠ ᠨᠡᠢᠲᠡ 48 ᠭᠠᠵᠠᠷ᠎ᠤᠨ ᠲᠠᠰ᠎ᠤᠨ ᠤᠳᠤᠷᠢᠳᠤᠯᠭ᠎ᠠ ᠪᠣᠯᠤᠨ 500 ᠭᠠᠷᠤᠶ ᠺᠠᠳ᠋ᠷ᠎ᠢ ᠰᠣᠩᠭᠣᠨ ᠠᠵᠤ ᠠᠬᠤᠢᠯᠠᠯ᠎ᠳᠤ ᠪᠠᠭᠤᠯᠭᠠᠵᠤ ᠳᠠᠭᠠᠭᠠᠴᠢᠯᠠᠨ ᠬᠣᠯᠪᠣᠭᠠᠯᠠᠬᠤ ᠦᠶ᠋ᠯᠡᠴᠢᠯᠡᠭᠡ ᠥᠷᠨᠢᠭᠦᠯᠵᠦ᠍᠂ ᠠᠵᠤ ᠠᠬᠤᠢᠯᠠᠯ᠎ᠳᠤ ᠭᠤᠤᠯᠳᠠᠯᠭ᠎ᠠ᠎ᠲᠠᠶ ᠡᠳ᠋ ᠪᠣᠳᠠᠰ ᠲᠡᠭᠡᠭᠡᠪᠦᠷᠢᠯᠡᠬᠦ᠌ ᠲᠡᠷᠭᠡ ᠬᠥᠰᠭᠡ᠎ᠶ᠋ᠢᠨ ᠨᠡᠪᠲᠡᠷᠡᠬᠦ᠌ ᠦᠨᠡᠮᠯᠡᠯ᠎ᠢ ᠨᠡᠢᠲᠡ 2 ᠲᠦᠮᠡ ᠱᠢᠬᠠᠮ ᠲᠠᠷᠬᠠᠭᠠᠵᠤ᠂ 256 ᠪᠢᠲᠡᠭᠦᠮᠵᠢᠯᠡᠭ᠌ᠰᠡᠨ ᠪᠠᠭᠤᠳᠠᠯ (ᠬᠣᠨᠣᠭ᠍ᠯᠠᠬᠤ ᠭᠠᠵᠠᠷ) ᠂ 15000 ᠣᠷᠣ᠎ᠶ᠋ᠢ ᠨᠢᠭᠡᠳᠦᠯᠲᠡᠶ ᠲᠥᠯᠥᠪᠯᠡᠨ ᠱᠢᠶ᠋ᠳᠪᠦᠷᠢᠯᠡᠵᠦ᠍᠂ ᠠᠵᠢᠯ᠎ᠤᠨ ᠪᠠᠢᠷᠢ᠎ᠳᠠᠭᠠᠨ ᠪᠤᠴᠠᠬᠤ ᠨᠥᠬᠥᠴᠡᠯ᠎ᠳᠦ ᠨᠡᠢᠴᠡᠬᠦ᠌ 2000 ᠭᠠᠷᠤᠶ ᠠᠵᠤ ᠠᠬᠤᠢᠯᠠᠯ᠎ᠤᠨ ᠠᠵᠢᠯᠲᠠᠨ ᠠᠵᠢᠯᠴᠢᠨ᠎ᠢ ᠵᠣᠬᠢᠶᠠᠨ ᠪᠠᠢᠭᠤᠯᠵᠤ ᠠᠵᠢᠯ᠎ᠤᠨ ᠪᠠᠢᠷᠢ᠎ᠳᠤᠨᠢ ᠪᠤᠴᠠᠭᠠᠠ ᠠᠵᠢᠯᠯᠠᠭᠤᠯᠵᠤ᠂ ᠦᠶ᠋ᠯᠡᠳᠪᠦᠷᠢᠯᠡᠵᠦ᠍ ᠪᠠᠢᠭ᠎ᠠ ᠠᠵᠤ ᠦᠶ᠋ᠯᠡᠳᠪᠦᠷᠢ᠎ᠶ᠋ᠢᠨ ᠠᠵᠤ ᠠᠬᠤᠢᠯᠠᠯ ᠪᠦᠬᠦᠨ ᠵᠢᠡᠷ ᠪᠢᠲᠡᠭᠦᠮᠵᠢᠯᠡᠭ᠌ᠰᠡᠨ ᠬᠠᠮᠢᠶᠠᠷᠤᠯᠲᠠ᠎ᠶ᠋ᠢ ᠪᠡᠶᠡᠯᠡᠭᠦᠯᠵᠦ᠍᠂ 90% ᠱᠢᠬᠠᠮ᠎ᠤᠨ ᠬᠡᠪᠴᠢᠶᠡᠵᠢᠯ᠎ᠡᠴᠡ ᠳᠡᠭᠡᠭ᠌ᠰᠢᠬᠢ ᠠᠵᠤ ᠦᠶ᠋ᠯᠡᠳᠪᠦᠷᠢ᠎ᠶ᠋ᠢᠨ ᠠᠵᠤ ᠠᠬᠤᠢᠯᠠᠯ ᠬᠡᠪ᠎ᠦᠨ ᠦᠶ᠋ᠯᠡᠳᠪᠦᠷᠢᠯᠡᠯ ᠠᠵᠢᠯᠯᠠᠭᠠᠨ ᠵᠢᠠᠨ ᠡᠭᠢᠯᠡᠭᠦᠯᠵᠤ᠂ 10 ᠰᠠᠷ᠎ᠠ᠎ᠳᠤ ᠠᠵᠤ ᠦᠶ᠋ᠯᠡᠳᠪᠦᠷᠢ᠎ᠶ᠋ᠢᠨ ᠦᠶ᠋ᠯᠡᠳᠬᠦᠨ᠎ᠦ ᠶᠡᠷᠦᠡᠭᠭᠡᠢ ᠥᠷᠲᠡᠭ ᠠᠳᠠᠯᠢ ᠬᠤᠭᠤᠴᠠᠭᠠᠨ᠎ᠤ᠎ᠬᠢ᠎ᠡᠴᠡ 12% ᠣᠷᠴᠢᠮ ᠨᠡᠮᠡᠭ᠌ᠳᠡᠪᠡ᠃
ᠬᠥᠬᠡᠬᠣᠲᠠ 《ᠭᠠᠳᠠᠨ᠎ᠠ᠎ᠠᠴᠠ ᠬᠠᠯᠳᠠᠪᠤᠷᠢᠯᠠᠨ ᠣᠷᠣᠵᠤ ᠢᠷᠡᠬᠦ᠌᠎ᠶ᠋ᠢ ᠰᠡᠷᠭᠡᠢᠯᠡᠵᠦ᠍᠂ ᠳᠣᠲᠣᠭᠠᠳᠤ᠎ᠳᠠᠭᠠᠨ ᠳᠠᠬᠢᠨ ᠡᠭᠦᠰᠭᠦ᠎ᠶ᠋ᠢ ᠰᠡᠷᠭᠡᠢᠯᠡᠬᠦ᠌》 ᠶᠡᠷᠦᠩᠬᠡᠶ ᠠᠷᠭ᠎ᠠ ᠪᠣᠳᠣᠯᠭ᠎ᠠ᠎ᠶ᠋ᠢ ᠡᠷᠡᠰ ᠭᠤᠢᠪᠢᠰᠢ ᠥᠬᠡᠶ ᠨᠠᠢᠳᠠᠪᠤᠷᠢᠵᠢᠭᠤᠯᠵᠤ᠂ 《ᠡᠪᠡᠳᠴᠢᠨ᠎ᠤ ᠵᠢᠱᠶ᠋ᠶᠠ ᠵᠢ ᠦᠭᠡᠢ ᠪᠤᠯᠭᠠᠬᠤ》 ᠶᠡᠷᠦᠩᠬᠡᠶ ᠴᠢᠭ᠌ᠯᠡᠯᠲᠡ᠎ᠶ᠋ᠢ ᠡᠷᠡᠰ ᠭᠤᠢᠪᠢᠰᠢ ᠥᠬᠡᠶ ᠲᠤᠭᠤᠱᠢᠯᠠᠭᠤᠯᠵᠤ᠂ ᠬᠣᠷᠢᠨ ᠵᠤᠷᠪᠤᠰ ᠠᠷᠭ᠎ᠠ ᠬᠡᠮᠵᠢᠶ᠎ᠡ᠎ᠶ᠋ᠢᠨ ᠱᠠᠭᠠᠷᠳᠠᠯᠭ᠎ᠠ᠎ᠶ᠋ᠢ ᠴᠢᠩᠭ᠎ᠠ ᠬᠡᠷᠡᠭ᠌ᠵᠢᠭᠦᠯᠵᠦ᠍᠂ ᠠᠵᠤ ᠦᠶ᠋ᠯᠡᠳᠪᠦᠷᠢ᠎ᠶ᠋ᠢᠨ ᠠᠵᠤ ᠠᠬᠤᠢᠯᠠᠯ᠎ᠤᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠ ᠦᠶ᠋ᠯᠡᠳᠪᠦᠷᠢᠯᠡᠯ᠎ᠦᠨ ᠬᠥᠭ᠌ᠵᠢᠯᠲᠡ᠎ᠶ᠋ᠢ ᠨᠢᠭᠡᠳᠦᠯᠲᠡᠶ ᠲᠥᠯᠥᠪᠵᠢᠭᠦᠯᠵᠦ᠍᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠬᠣᠷᠢᠭ᠍ᠯᠠᠯᠲᠠ ᠶ᠋ᠢᠨ ᠳᠠᠢᠯᠠᠯᠳᠤᠭᠠᠨ᠂ ᠠᠵᠤ ᠠᠬᠤᠢᠯᠠᠯ ᠤᠨ ᠦᠶ᠋ᠯᠡᠳᠪᠦᠷᠢᠯᠡᠯ᠎ᠢ ᠬᠠᠮᠠᠭᠠᠯᠠᠬᠤ ᠳᠠᠢᠯᠠᠯᠳᠤᠭᠠᠨ᠎ᠢ ᠡᠷᠡᠰ ᠰᠠᠢᠲᠤᠷ ᠬᠢᠵᠦ᠍ ᠢᠯᠠᠯᠲᠠ ᠵᠢ ᠳᠡᠮᠡᠴᠡᠨ ᠣᠯᠤᠨ᠎ᠠ᠃
( ᠢᠷᠡᠯᠳᠠ᠄ ᠳᠠᠯ᠎ᠠ ᠨᠤᠳᠤᠭ ᠪᠦᠷᠢᠨ ᠵᠠᠭᠤᠴᠢᠯᠠᠭᠤᠷ )
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠠᠨᠠᠷ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃