2022-11-19 18:42:39
ᠣᠢᠷ᠎ᠠ᠎ᠳᠤ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶᠢᠨ ᠲᠢᠩᠬᠢᠮ《ᠲᠥᠷᠥ᠍᠎ᠶᠢᠨ ᠶᠠᠪᠤᠳᠠᠯ᠎ᠤᠨ ᠬᠣᠷᠢᠶᠠᠨ᠎ᠤ ᠬᠣᠯᠪᠤᠭᠠᠯᠠᠨ ᠰᠡᠷᠭᠡᠢᠯᠡᠵᠦ ᠬᠣᠯᠪᠤᠭᠠᠯᠠᠨ ᠡᠵᠡᠮᠳᠡᠬᠦ ᠲᠣᠭᠲᠠᠴᠠ᠎ᠶᠢᠨ ᠬᠣᠷᠢᠨ ᠵᠤᠷᠪᠤᠰ ᠰᠢᠯᠢᠳᠡᠭᠵᠢᠭᠦᠯᠬᠦ ᠠᠷᠭ᠎ᠠ ᠬᠡᠮᠵᠢᠶ᠎ᠡ᠎ᠶᠢ ᠨᠠᠢᠳᠠᠪᠤᠷᠢᠵᠢᠭᠤᠯᠵᠤ ᠠᠵᠢᠯ ᠲᠥᠷᠥᠯ᠎ᠦᠨ ᠬᠢᠵᠢᠭ᠌᠎ᠦᠨ ᠪᠠᠢᠳᠠᠯ᠎ᠢ ᠰᠡᠷᠭᠡᠢᠯᠡᠨ ᠡᠵᠡᠮᠳᠡᠬᠦ ᠠᠵᠢᠯ᠎ᠢ ᠰᠢᠨᠵᠢᠯᠡᠬᠦ ᠤᠬᠠᠭᠠᠨᠴᠢ ᠨᠠᠷᠢᠯᠢᠭ᠋ ᠣᠨᠣᠴᠠᠲᠠᠢ᠎ᠪᠠᠷ ᠰᠠᠢᠲᠤᠷ ᠬᠢᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶᠢᠨ ᠲᠢᠩᠬᠢᠮ᠎ᠦᠨ ᠮᠡᠳᠡᠭᠳᠡᠯ》(ᠳᠣᠷᠣᠭ᠍ᠰᠢ 《ᠮᠡᠳᠡᠭᠳᠡᠯ》ᠭᠡᠵᠦ ᠲᠣᠪᠴᠢᠯᠠᠨ᠎ᠠ)᠎ᠢ ᠳᠠᠷᠤᠮᠠᠯᠯᠠᠨ ᠲᠠᠷᠬᠠᠭᠠᠵᠤ᠂ ᠵᠠᠮ ᠬᠠᠷᠢᠯᠴᠠᠭ᠎ᠠ ᠲᠡᠭᠡᠭᠡᠪᠦᠷᠢ᠎ᠶᠢᠨ ᠠᠵᠢᠯ ᠲᠥᠷᠥᠯ᠎ᠦᠨ ᠬᠢᠵᠢᠭ᠌᠎ᠦᠨ ᠪᠠᠢᠳᠠᠯ᠎ᠢ ᠰᠡᠷᠭᠡᠢᠯᠡᠨ ᠡᠵᠡᠮᠳᠡᠬᠦ ᠠᠵᠢᠯ᠎ᠢ ᠰᠢᠨᠵᠢᠯᠡᠬᠦ ᠤᠬᠠᠭᠠᠨᠴᠢᠨᠠᠷᠢᠯᠢᠭ᠋ ᠣᠨᠣᠴᠠᠲᠠᠢ᠎ᠪᠠᠷ ᠰᠢᠯᠢᠳᠡᠭᠵᠢᠭᠦᠯᠪᠡ᠃
《ᠮᠡᠳᠡᠭᠳᠡᠯ》᠎ᠳ᠋ᠤ ᠦᠯᠡᠳᠡᠵᠦ ᠬᠤᠴᠤᠷᠤᠭᠰᠠᠨ ᠬᠥᠮᠥᠰ᠎ᠢ ᠲᠠᠷᠬᠠᠭᠠᠨ ᠵᠥᠭᠡᠭᠡᠪᠦᠷᠢᠯᠡᠬᠦ ᠦᠢᠯᠡᠴᠢᠯᠡᠭᠡᠨ᠎ᠦ ᠪᠠᠲᠤᠯᠠᠭ᠎ᠠ᠂ ᠦᠨᠳᠦᠷ ᠲᠦᠭᠰᠢᠭᠦᠷᠢᠲᠡᠢ ᠠᠵᠢᠯ᠎ᠤᠨ ᠪᠠᠢᠷᠢ᠎ᠶᠢᠨ ᠨᠢᠭᠡᠳᠦᠭᠡᠷ ᠹᠷᠣᠨᠲ᠎ᠲᠤ ᠠᠵᠢᠯᠯᠠᠵᠤ ᠪᠠᠢᠭ᠎ᠠ ᠬᠥᠮᠥᠰ᠎ᠢ ᠰᠡᠷᠭᠡᠢᠯᠡᠨ ᠡᠵᠡᠮᠳᠡᠬᠦ ᠪᠠ ᠲᠤᠰᠠᠭᠠᠷᠯᠠᠬᠤ᠂ ᠳᠤᠮᠳᠠ ᠲᠦᠭᠰᠢᠭᠦᠷᠢᠲᠡᠢ ᠬᠥᠮᠥᠰ᠎ᠦᠨ ᠬᠢᠵᠢᠭ᠌᠎ᠦᠨ ᠪᠠᠢᠳᠠᠯ᠎ᠢ ᠰᠡᠷᠭᠡᠢᠯᠡᠨ ᠡᠵᠡᠮᠳᠡᠬᠦ ᠵᠢ ᠬᠦᠴᠦᠨ ᠦᠭᠡᠢ ᠪᠤᠯᠭᠠᠬᠤ᠂ ᠠᠶᠠᠨᠴᠢᠳ᠎ᠤᠨ ᠵᠥᠭᠡᠭᠡᠪᠦᠷᠢ᠎ᠶᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ᠂ 《ᠬᠦᠷᠦᠭᠰᠡᠨ ᠭᠠᠵᠠᠷ ᠲᠤᠨᠢ ᠪᠠᠢᠴᠠᠭᠠᠯᠲᠠ ᠬᠢᠬᠦ》ᠦᠢᠯᠡᠴᠢᠯᠡᠭᠡ ᠳ᠋ᠤ ᠬᠠᠮᠵᠢᠯᠴᠠᠬᠤ᠂ ᠦᠯᠡᠳᠡᠵᠦ ᠬᠤᠴᠤᠷᠤᠭᠰᠠᠨ ᠪᠠᠷᠠᠭᠠᠨ᠎ᠤ ᠲᠡᠷᠭᠡ᠎ᠶᠢᠨ ᠵᠢᠯᠣᠭᠣᠴᠢ᠎ᠶᠢᠨ ᠠᠮᠢᠳᠤᠷᠠᠯ᠎ᠤᠨ ᠪᠠᠲᠤᠯᠠᠭ᠎ᠠ᠂ ᠨᠠᠷᠢᠯᠢᠭ᠋ ᠣᠨᠣᠴᠠᠲᠠᠢ᠎ᠪᠠᠷ ᠭᠠᠳᠠᠭ᠍ᠰᠢ ᠭᠠᠷᠬᠤ᠎ᠶᠢ ᠬᠠᠮᠢᠶᠠᠷᠤᠨ ᠡᠵᠡᠮᠳᠡᠬᠦ ᠲᠥᠷᠥ᠍᠎ᠶᠢᠨ ᠪᠣᠳᠣᠯᠭ᠎ᠠ᠂《ᠨᠠᠷᠢᠨ ᠲᠠᠩᠰᠠ》ᠵᠢᠨ ᠳᠦᠷᠢᠮ᠎ᠢ ᠨᠠᠢᠳᠠᠪᠤᠷᠢᠵᠢᠭᠤᠯᠬᠤ᠂ ᠪᠠᠴᠢᠮ ᠪᠠᠢᠳᠠᠯ᠎ᠢ ᠠᠷᠭᠠᠴᠠᠭᠠᠬᠤ ᠡᠳ᠋ ᠪᠣᠳᠠᠰ᠎ᠢ ᠳᠠᠮᠵᠢᠭᠤᠯᠬᠤ ᠥᠷᠲᠡᠭᠡ᠎ᠶᠢᠨ ᠪᠦᠲᠦᠭᠡᠨ ᠪᠠᠢᠭᠤᠯᠤᠯᠲᠠ ᠵᠡᠷᠭᠡ 14 ᠵᠦᠢᠯ᠎ᠦᠨ ᠪᠣᠳᠠᠲᠠᠢ ᠠᠷᠭ᠎ᠠ ᠬᠡᠮᠵᠢᠶ᠎ᠡ᠎ᠶᠢ ᠲᠣᠳᠣᠷᠬᠠᠢ ᠲᠣᠭᠲᠠᠭᠠᠵᠠᠢ᠃
ᠲᠠᠨᠢᠯᠴᠠᠭᠤᠯᠤᠭᠰᠠᠨ᠎ᠢᠶᠠᠷ᠂ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶᠢᠨ ᠲᠢᠩᠬᠢᠮ᠎ᠡᠴᠡ ᠬᠢᠵᠢᠭ᠌᠎ᠦᠨ ᠪᠠᠢᠳᠠᠯ᠎ᠢ ᠰᠡᠷᠭᠡᠢᠯᠡᠨ ᠡᠵᠡᠮᠳᠡᠬᠦ ᠠᠵᠢᠯ᠎ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠬᠣᠷᠢᠨ ᠵᠤᠷᠪᠤᠰ ᠠᠷᠭ᠎ᠠ ᠬᠡᠮᠵᠢᠶ᠎ᠡ᠎ᠶᠢ ᠲᠤᠭᠤᠱᠢᠯᠠᠭᠤᠯᠬᠤ᠎ᠲᠠᠢ ᠤᠶᠠᠯᠳᠤᠭᠤᠯᠤᠨ᠂《ᠮᠡᠳᠡᠭᠳᠡᠯ》᠎ᠢ ᠬᠡᠷᠡᠭᠵᠢᠭᠦᠯᠦᠨ ᠨᠠᠢᠳᠠᠪᠤᠷᠢᠵᠢᠭᠤᠯᠬᠤ᠎ᠶᠢ ᠴᠢᠩᠭᠠᠳᠬᠠᠨ᠎ᠠ ᠭᠡᠵᠡᠢ᠃ ᠨᠢᠭᠡ ᠲᠠᠯ᠎ᠠ᠎ᠪᠠᠷ 12328᠂ 12345 ᠵᠡᠷᠭᠡ ᠦᠢᠯᠡᠴᠢᠯᠡᠭᠡᠨ᠎ᠦ ᠤᠲᠠᠰᠤ᠎ᠶᠢ ᠠᠰᠢᠭ᠍ᠯᠠᠨ᠂ ᠢᠯᠡᠴᠢᠯᠡᠨ ᠮᠡᠳᠡᠭᠦᠯᠦᠭᠰᠡᠨ ᠠᠰᠠᠭᠤᠳᠠᠯ᠎ᠢ ᠲᠡᠷᠡ ᠳᠠᠷᠤᠢ ᠳ᠋ᠤᠨᠢ ᠳᠡᠭᠡᠭᠰᠢ ᠮᠡᠳᠡᠭᠦᠯᠵᠦ᠂ ᠲᠡᠷᠡ ᠳᠠᠷᠤᠢ ᠳ᠋ᠤᠨᠢ ᠭᠥᠯᠢᠶᠡᠨ ᠠᠪᠴᠤ ᠰᠢᠢᠳᠪᠦᠷᠢᠯᠡᠬᠦ᠎ᠶᠢ ᠦᠨᠡᠨ ᠬᠦ᠌ ᠪᠠᠲᠤᠯᠠᠵᠤ᠂ ᠬᠡᠷᠡᠭᠵᠢᠭᠦᠯᠦᠭᠰᠡᠨ ᠨᠢ ᠬᠦᠷᠦᠯᠴᠡᠬᠦ ᠦᠭᠡᠢ᠂ ᠴᠡᠭᠴᠡᠯᠡᠨ ᠰᠠᠢᠵᠢᠷᠠᠭᠤᠯᠤᠭᠰᠠᠨ ᠨᠢ ᠲᠤᠢᠯᠪᠤᠷᠢᠲᠠᠢ ᠪᠢᠰᠢ᠂ ᠣᠯᠠᠨ ᠤᠳᠠᠭ᠎ᠠ ᠵᠠᠭᠠᠯᠳᠤᠵᠤ ᠲᠤᠰᠬᠠᠭᠰᠠᠨ ᠠᠰᠠᠭᠤᠳᠠᠯ᠎ᠢ ᠵᠠᠷᠯᠠᠨ ᠮᠡᠳᠡᠭᠳᠡᠵᠦ ᠢᠯᠡᠴᠢᠯᠡᠨᠠ᠃ ᠨᠥᠭᠥᠭᠡ ᠲᠠᠯ᠎ᠠ᠎ᠪᠠᠷ᠂ ᠲᠤᠬᠠᠢ᠎ᠶᠢᠨ ᠭᠠᠵᠠᠷ ᠲᠤᠨᠢ ᠬᠢᠨᠠᠨ ᠵᠢᠯᠤᠭᠣᠳᠬᠤ᠂ ᠲᠤᠬᠠᠢ᠎ᠶᠢᠨ ᠭᠠᠵᠠᠷ ᠲᠤᠨᠢ ᠬᠢᠨᠠᠨ ᠬᠠᠷᠭᠤᠭᠤᠯᠬᠤ᠂ ᠭᠤᠷᠪᠠᠨ ᠱᠠᠲᠤ᠎ᠪᠠᠷ ᠱᠠᠯᠠᠪᠳᠠᠭᠤᠯᠤᠨ ᠭᠦᠢᠴᠡᠳᠬᠡᠬᠦ᠎ᠶᠢ ᠵᠣᠬᠢᠶᠠᠨ ᠪᠠᠢᠭᠤᠯᠤᠨ ᠥᠷᠨᠢᠭᠦᠯᠵᠦ᠂ ᠱᠠᠯᠠᠪᠳᠠᠭᠤᠯᠬᠤ ᠬᠠᠪᠰᠤᠷᠬᠤ᠎ᠶᠢ ᠤᠶᠠᠯᠳᠤᠭᠤᠯᠬᠤ᠂ ᠨᠢᠭᠡ ᠬᠡᠷᠡᠭ᠎ᠢ ᠨᠢᠭᠡ ᠵᠣᠬᠢᠴᠠᠭᠤᠯᠬᠤ᠎ᠶᠢ ᠪᠠᠷᠢᠮᠲᠠᠯᠠᠨ᠂ ᠪᠣᠳᠠᠲᠠᠢᠵᠢᠭᠤᠯᠬᠤ᠎ᠶᠢ ᠦᠨᠡᠨ ᠬᠦ᠌ ᠪᠠᠲᠤᠯᠠᠵᠤ᠂ ᠬᠢᠵᠢᠭ᠌᠎ᠦᠨ ᠪᠠᠢᠳᠠᠯ ᠵᠠᠮ ᠬᠠᠷᠢᠯᠴᠠᠭ᠎ᠠ ᠲᠡᠭᠡᠭᠡᠪᠦᠷᠢ᠎ᠶᠢᠨ ᠵᠠᠮ ᠱᠤᠭᠤᠮ᠎ᠢᠶᠠᠷ ᠳᠡᠮᠵᠢᠨ ᠭᠠᠳᠠᠭ᠍ᠰᠢ ᠬᠠᠯᠳᠠᠪᠤᠷᠢᠯᠠᠬᠤ᠎ᠶᠢ ᠴᠢᠩᠭ᠎ᠠ ᠰᠡᠷᠭᠡᠢᠯᠡᠵᠦ᠂ ᠮᠠᠨ᠎ᠦ ᠤᠷᠤᠨ ᠵᠠᠮ ᠬᠠᠷᠢᠯᠴᠠᠭ᠎ᠠ ᠪᠠᠷᠠᠭᠠᠨ᠎ᠤ ᠭᠦᠢᠯᠭᠡᠭᠡᠨ᠎ᠦ ᠲᠣᠣᠷ᠎ᠤᠨ ᠰᠠᠭᠠᠳ ᠦᠭᠡᠢ ᠨᠡᠪᠲᠡᠷᠡᠬᠦ᠎ᠶᠢ ᠦᠨᠡᠨ ᠬᠦ᠌ ᠪᠠᠲᠤᠯᠠᠬᠤ ᠬᠡᠷᠡᠭᠲᠡᠢ ᠭᠡᠵᠡᠢ᠃
ᠢᠷᠡᠯᠳᠡ᠄ ᠲᠠᠯ᠎ᠠ ᠨᠤᠲᠤᠭ ᠪᠦᠷᠢᠨ ᠵᠠᠭᠤᠴᠢᠯᠠᠭᠤᠷ
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃