ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠮᠡᠳᠡᠭᠡᠯᠡᠯ

2022-11-20 13:14:27

ᠵᠣᠬᠢᠶᠠᠭ᠍ᠴᠢ᠄ ᠦᠨᠢᠷ ᠣᠩᠱᠢᠭ᠍ᠰᠠᠨ ᠣᠳᠠᠭ᠎ᠠ᠄ 3

ᠥᠪᠡᠷᠲᠡᠭᠡᠨ ᠵᠠᠰᠠᠬᠤ ᠣᠷᠣᠨ ᠤ᠋ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ ᠤᠢ᠍ᠢᠷ᠎ᠠ ᠳ᠋ᠤ《ᠲᠦᠷᠦ᠍ ᠵᠢᠨ ᠶᠠᠪᠤᠳᠠᠯ ᠤ᠋ᠨ ᠬᠣᠷᠢᠶᠠᠨ ᠤ᠋ ᠬᠣᠯᠪᠣᠭᠠᠯᠠᠨ ᠰᠡᠷᠭᠡᠢᠯᠡᠵᠦ᠍ ᠬᠣᠯᠪᠣᠭᠠᠯᠠᠨ ᠡᠵᠡᠮᠳᠡᠬᠦ᠌ ᠲᠣᠭ᠍ᠲᠠᠴᠠ ᠵᠢᠨ ᠬᠣᠷᠢᠨ ᠵᠤᠷᠪᠤᠰ ᠱᠢᠯᠢᠳᠡᠭ᠌ᠵᠢᠭᠦᠯᠬᠦ᠌ ᠠᠷᠭ᠎ᠠ ᠬᠡᠮᠵᠢᠶ᠎ᠠ᠎ᠶ᠋ᠢ ᠨᠠᠢᠳᠠᠪᠤᠷᠢᠵᠢᠭᠤᠯᠵᠤ ᠠᠵᠢᠯ ᠲᠦᠷᠦᠯ ᠤ᠋ᠨ ᠰᠢᠨ᠎ᠠ ᠲᠢᠳᠢᠮᠯᠢᠭ ᠠᠭᠤᠰᠬᠢᠨ ᠦᠷᠪᠢᠰᠤᠯ ᠤ᠋ᠨ ᠬᠢᠵᠢᠭ ᠤ᠋ᠨ ᠪᠠᠢᠳᠠᠯ ᠢ᠋ ᠰᠡᠷᠭᠡᠢᠯᠡᠨ ᠡᠵᠡᠮᠳᠡᠬᠦ᠌ ᠠᠵᠢᠯ ᠢ᠋ ᠱᠢᠨᠵᠢᠯᠡᠬᠦ᠌ ᠤᠬᠠᠭᠠᠨᠴᠢ ᠨᠠᠷᠢᠯᠢᠭ ᠣᠨᠣᠴᠠᠲᠠᠢ ᠰᠠᠢᠲᠤᠷ ᠬᠢᠬᠦ᠌ ᠲᠤᠬᠠᠢ ᠮᠡᠳᠡᠭ᠌ᠳᠡᠯ》 ᠢ᠋ ᠳᠠᠷᠤᠮᠠᠯᠯᠠᠨ ᠲᠠᠷᠬᠠᠭᠠᠵᠤ ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠠᠵᠢᠯ ᠲᠦᠷᠦᠯ ᠤ᠋ᠨ ᠬᠢᠵᠢᠭ ᠤ᠋ᠨ ᠪᠠᠢᠳᠠᠯ ᠢ᠋ ᠰᠡᠷᠭᠡᠢᠯᠡᠨ ᠡᠵᠡᠮᠳᠡᠬᠦ᠌ ᠠᠵᠢᠯ ᠢ᠋ ᠤᠯᠠᠮ ᠰᠢᠯᠢᠳᠡᠭᠵᠢᠭᠦᠯᠪᠠ ᠃

《ᠮᠡᠳᠡᠭ᠌ᠳᠡᠯ》 ᠳ᠋ᠤ ᠂ ᠬᠠᠱᠢᠭ᠍ᠳᠠᠭ᠍ᠰᠠᠨ ᠬᠥᠮᠦᠰ ᠢ᠋ ᠲᠠᠷᠬᠠᠭᠠᠨ ᠵᠦᠬᠡᠬᠡᠪᠤᠷᠢᠯᠡᠬᠦ ᠦᠶ᠋ᠯᠡᠴᠢᠯᠡᠭᠡᠨ ᠤ᠋ ᠪᠠᠲᠤᠯᠠᠭ᠎ᠠ ᠂ ᠲᠦᠭ᠌ᠰᠢᠭᠦᠷᠢ ᠶᠡᠬᠡᠲᠡᠶ ᠠᠵᠢᠯ ᠤ᠋ᠨ ᠨᠢᠭᠡᠳᠦᠭᠡᠷ ᠹᠷᠣᠨᠲ ᠲᠦ᠍ ᠠᠵᠢᠯᠯᠠᠵᠤ ᠪᠠᠢᠭ᠎ᠠ ᠬᠥᠮᠦᠰ ᠤ᠋ᠨ ᠰᠡᠷᠭᠡᠢᠯᠡᠨ ᠡᠵᠡᠮᠳᠡᠵᠦ᠍ ᠲᠤᠰᠠᠭᠠᠷᠯᠠᠬᠤ ᠂ ᠳᠤᠮᠳᠠ ᠲᠦᠭ᠌ᠰᠢᠭᠦᠷᠢᠲᠡᠶ ᠭᠠᠵᠠᠷ ᠤ᠋ᠨ ᠬᠥᠮᠦᠰ ᠤ᠋ᠨ ᠬᠢᠵᠢᠭ ᠤ᠋ᠨ ᠪᠠᠢᠳᠠᠯ ᠢ᠋ ᠰᠡᠷᠭᠡᠢᠯᠡᠨ ᠡᠵᠡᠮᠳᠡᠬᠦ᠌ ᠠᠵᠢᠯ ᠢ᠋ ᠬᠦᠴᠦᠨ ᠦᠭᠡᠢ ᠪᠤᠯᠭᠠᠬᠤ ᠂ ᠠᠶᠠᠨᠴᠢᠳ ᠤ᠋ᠨ ᠵᠦᠭᠡᠭᠡᠪᠦᠷᠢ ᠵᠢᠨ ᠬᠠᠮᠢᠶᠠᠷᠤᠨ ᠡᠵᠡᠮᠳᠡᠬᠦ᠌ ᠠᠷᠭ᠎ᠠ ᠬᠡᠮᠵᠢᠶ᠎ᠡ ᠂ 《ᠬᠦᠷᠦᠭᠰᠡᠨ ᠭᠠᠵᠠᠷ ᠲᠦ᠍ᠨᠢ ᠪᠠᠢᠴᠠᠭᠠᠬᠤ》 ᠦᠶ᠋ᠯᠡᠴᠢᠯᠡᠭᠡ ᠳ᠋ᠤ ᠬᠠᠮᠵᠢᠯᠴᠠᠬᠤ ᠂ ᠬᠠᠰᠢᠭᠳᠠᠭᠰᠠᠨ ᠪᠠᠷᠠᠭᠠᠨ ᠤ᠋ ᠮᠠᠰᠢᠨ ᠲᠡᠷᠭᠡ ᠵᠢᠨ ᠵᠢᠯᠣᠭᠣᠴᠢ ᠵᠢᠨ ᠠᠮᠢᠳᠤᠷᠠᠯ ᠤ᠋ᠨ ᠪᠠᠲᠤᠯᠠᠭ᠎ᠠ ᠂ ᠣᠨᠣᠴᠠᠲᠠᠶ ᠪᠡᠷ ᠶᠠᠪᠤᠵᠤ ᠰᠠᠭᠤᠬᠤ᠎ᠶ᠋ᠢ ᠬᠠᠮᠢᠶᠠᠷᠤᠨ ᠡᠵᠡᠮᠳᠡᠬᠦ᠌ ᠲᠥᠷᠥ ᠵᠢᠨ ᠪᠣᠳᠣᠯᠭ᠎ᠠ᠂ 《ᠨᠡᠷᠡᠰ ᠤ᠋ᠨ ᠴᠠᠭᠠᠨ ᠳᠠᠡᠭᠰᠠ》ᠢ᠋ᠢᠨ ᠲᠦᠷᠢᠮ ᠢ᠋ ᠨᠠᠢᠳᠠᠪᠤᠷᠢᠵᠢᠭᠤᠯᠬᠤ ᠂ ᠪᠠᠴᠢᠮ ᠪᠠᠢᠳᠠᠯ ᠢ᠋ ᠠᠷᠭᠠᠴᠠᠭᠠᠬᠤ ᠡᠳ᠋ ᠪᠣᠳᠠᠰ ᠤ᠋ᠨ ᠳᠠᠮᠵᠢᠭᠤᠯᠬᠤ ᠥᠷᠲᠡᠭᠡ ᠵᠢᠨ ᠪᠥᠲᠥᠭᠡᠨ ᠪᠠᠢᠭᠤᠯᠤᠯᠲᠠ ᠵᠡᠷᠭᠡ 14 ᠵᠦᠶ᠋ᠯ ᠤ᠋ᠨ ᠪᠣᠳᠠᠲᠠᠶ ᠠᠷᠭ᠎ᠠ ᠬᠡᠮᠵᠢᠶ᠎ᠡ᠎ᠶ᠋ᠢ ᠲᠣᠳᠣᠷᠬᠠᠶ ᠲᠤᠭᠲᠠᠭᠠᠭᠰᠠᠨ ᠪᠠᠢᠨ᠎ᠠ ᠃

ᠲᠠᠨᠢᠯᠴᠠᠭᠤᠯᠤᠭ᠍ᠰᠠᠨ ᠵᠢᠡᠷ ᠂ ᠥᠪᠡᠷᠲᠡᠭᠡᠨ ᠵᠠᠰᠠᠬᠤ ᠣᠷᠣᠨ ᠤ᠋ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ ᠰᠢᠨ᠎ᠠ ᠲᠢᠳᠢᠮᠯᠢᠭ ᠠᠭᠤᠰᠬᠢᠨ ᠦᠷᠪᠢᠰᠤᠯ ᠤ᠋ᠨ ᠬᠢᠵᠢᠭ ᠤ᠋ᠨ ᠪᠠᠢᠳᠠᠯ ᠢ᠋ ᠰᠡᠷᠭᠡᠢᠯᠡᠨ ᠡᠵᠡᠮᠳᠡᠬᠦ᠌ ᠠᠵᠢᠯ ᠢ᠋ ᠴᠢᠨᠠᠭ᠍ᠰᠢᠳᠠ ᠱᠢᠯᠢᠳᠡᠭ᠌ᠵᠢᠭᠦᠯᠬᠦ᠌ ᠲᠤᠬᠠᠢ ᠬᠣᠷᠢᠨ ᠵᠤᠷᠪᠤᠰ ᠠᠷᠭ᠎ᠠ ᠬᠡᠮᠵᠢᠶ᠎ᠡ ᠲᠡᠶ ᠤᠶᠠᠯᠳᠤᠭᠤᠯᠵᠤ ᠂ 《ᠮᠡᠳᠡᠭ᠌ᠳᠡᠯ》 ᠤ᠋ᠨ ᠬᠡᠷᠡᠭ᠌ᠵᠢᠭᠦᠯᠦᠯᠲᠡ ᠨᠠᠢᠳᠠᠪᠤᠷᠢᠵᠢᠭᠤᠯᠤᠯᠲᠠ ᠶ᠋ᠢ ᠴᠢᠩᠭᠠᠳᠭᠠᠬᠤ ᠪᠤᠯᠤᠨ᠎ᠠ ᠃ ᠨᠢᠭᠡ ᠲᠠᠯ᠎ᠠ ᠪᠡᠷ 12328 ᠂ 12345 ᠵᠡᠷᠭᠡ ᠦᠢᠯᠡᠴᠢᠯᠡᠭᠡᠨ ᠤ᠋ ᠬᠠᠯᠠᠮᠱᠢᠯ ᠤᠲᠠᠰᠤ ᠪᠤᠯᠤᠨ 24 ᠴᠠᠭ ᠤ᠋ᠨ ᠵᠠᠭᠠᠯᠳᠤᠯᠭ᠎ᠠ ᠵᠢᠨ ᠬᠠᠯᠠᠮᠱᠢᠯ ᠤᠲᠠᠰᠤ ᠶ᠋ᠢ ᠠᠱᠢᠭ᠍ᠯᠠᠵᠤ ᠂ ᠵᠠᠭᠠᠯᠳᠤᠯᠭ᠎ᠠ ᠬᠢᠵᠦ᠍ ᠢᠯᠡᠴᠢᠯᠡᠨ ᠮᠡᠳᠡᠭᠦᠯᠦᠭ᠌ᠰᠡᠨ ᠠᠰᠠᠭᠤᠳᠠᠯ ᠢ᠋ ᠳᠠᠷᠤᠢᠬᠠᠨ ᠮᠡᠳᠡᠭᠦᠯᠵᠦ᠍ ᠂ ᠳᠠᠷᠤᠢᠬᠠᠨ ᠬᠦᠯᠢᠶᠡᠨ ᠠᠪᠴᠤ᠌ ᠳᠠᠷᠤᠢᠬᠠᠨ ᠰᠢᠢᠳᠪᠦᠷᠢᠯᠡᠬᠦ᠎ᠶ᠋ᠢ ᠦᠨᠡᠨ ᠬᠦ᠌ ᠪᠠᠲᠤᠯᠠᠵᠤ ᠂ ᠭᠦᠢᠴᠡᠳᠭᠡᠭ᠌ᠰᠡᠨ ᠨᠢ ᠬᠦᠷᠦᠯᠴᠡᠬᠦ᠌ ᠦᠭᠡᠢ ᠂ ᠴᠡᠭ᠌ᠴᠡᠯᠡᠨ ᠰᠠᠢᠵᠢᠷᠠᠭᠤᠯᠤᠭ᠍ᠰᠠᠨ ᠨᠢ ᠲᠤᠢᠯᠪᠤᠷᠢᠲᠠᠢ ᠪᠢᠰᠢ ᠂ ᠤᠯᠠᠨ ᠤᠳᠠᠭ᠎ᠠ ᠵᠠᠭᠠᠯᠳᠤᠭᠳᠠᠵᠤ ᠲᠤᠰᠬᠠᠭᠳᠠᠭᠰᠠᠨ ᠠᠰᠠᠭᠤᠳᠠᠯ ᠢ᠋ ᠵᠠᠷᠯᠠᠨ ᠮᠡᠳᠡᠭᠳᠡᠵᠤ ᠢᠯᠡᠴᠢᠯᠡᠨ᠎ᠠ ᠃ ᠨᠥᠭᠥᠭᠡ ᠲᠠᠯ᠎ᠠ ᠪᠡᠷ ᠂ ᠲᠤᠬᠠᠶ ᠵᠢᠨ ᠭᠠᠵᠠᠷ ᠲᠦ᠍ᠨᠢ ᠱᠠᠯᠠᠪᠳᠠᠭᠤᠯᠤᠨ ᠵᠢᠯᠣᠭᠣᠳᠭᠤ ᠂ ᠲᠤᠬᠠᠶ ᠵᠢᠨ ᠲᠠᠯᠠᠪᠠᠶ ᠳ᠋ᠤ ᠬᠢᠨᠠᠨ ᠬᠠᠷᠭᠤᠭᠤᠯᠬᠤ ᠂ ᠭᠤᠷᠪᠠᠨ ᠱᠠᠲᠤ ᠪᠡᠷ ᠱᠠᠯᠠᠪᠳᠠᠭᠤᠯᠤᠨ ᠭᠦᠶ᠋ᠴᠡᠳᠭᠡᠯᠭᠡᠬᠦ᠌ ᠠᠵᠢᠯ ᠢ᠋ ᠵᠣᠬᠢᠶᠠᠨ ᠪᠠᠢᠭᠤᠯᠤᠨ ᠥᠷᠨᠢᠭᠦᠯᠵᠦ᠍ ᠂ ᠱᠠᠯᠠᠪᠳᠠᠭᠤᠯᠬᠤ ᠪᠠ ᠬᠠᠪᠰᠤᠷᠬᠤ᠎ᠶ᠋ᠢ ᠤᠶᠠᠯᠳᠤᠭᠤᠯᠬᠤ ᠂ ᠨᠢᠭᠡ ᠨᠢᠭᠡ ᠬᠡᠷᠡᠭ ᠶᠠᠪᠤᠳᠠᠯ ᠵᠢᠡᠷ ᠵᠣᠬᠢᠴᠠᠭᠤᠯᠬᠤ᠎ᠶ᠋ᠢ ᠪᠠᠷᠢᠮᠲᠠᠯᠠᠨ ᠂ ᠪᠤᠲᠠᠲᠠᠢᠵᠢᠭᠤᠯᠬᠤ ᠶ᠋ᠢ ᠦᠨᠡᠨ ᠬᠦ᠌ ᠪᠠᠲᠤᠯᠠᠵᠤ ᠂ ᠬᠢᠵᠢᠭ ᠤ᠋ᠨ ᠪᠠᠢᠳᠠᠯ ᠤ᠋ᠨ ᠵᠠᠮ ᠬᠠᠷᠢᠯᠴᠠᠭ᠎ᠠ ᠲᠡᠭᠡᠭᠡᠪᠦᠷᠢ ᠵᠢᠨ ᠵᠠᠮ ᠢ᠋ᠢᠡᠷ ᠳᠠᠮᠵᠢᠨ ᠭᠠᠳᠠᠭ᠍ᠰᠢ ᠲᠠᠷᠬᠠᠨ ᠳᠡᠯᠭᠡᠷᠡᠬᠦ᠌᠎ᠶ᠋ᠢ ᠴᠢᠩᠭ᠎ᠠ ᠰᠡᠷᠭᠡᠢᠯᠡᠨ ᠂ ᠪᠦᠬᠦ ᠤᠷᠤᠨ ᠤ᠋ ᠵᠠᠮ ᠬᠠᠷᠢᠯᠴᠠᠭ᠎ᠠ ᠡᠳ᠋ ᠪᠠᠷᠠᠭᠠᠨ ᠤ᠋ ᠭᠦᠶ᠋ᠯᠭᠡᠭᠡ ᠢ᠋ᠢᠨ ᠲᠤᠤᠷ ᠤ᠋ᠨ ᠰᠠᠭᠠᠳ ᠥᠬᠡᠶ ᠨᠡᠪᠲᠡᠷᠡᠬᠦ᠌ ᠶ᠋ᠢ ᠦᠨᠡᠨ ᠬᠦ᠌ ᠪᠠᠲᠤᠯᠠᠨ᠎ᠠ ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠴᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面