2022-11-19 16:20:58
ᠬᠢᠵᠢᠭ ᠤ᠋ᠨ ᠪᠠᠢᠳᠠᠯ ᠢ᠋ ᠰᠡᠷᠭᠡᠢᠯᠡᠨ ᠡᠵᠡᠮᠳᠡᠬᠦ᠌ ᠪᠠ ᠠᠵᠤ ᠦᠶ᠋ᠯᠡᠳᠪᠦᠷᠢ ᠵᠢᠨ ᠦᠶ᠋ᠯᠡᠳᠪᠦᠷᠢᠯᠡᠯ ᠢ᠋ ᠨᠢᠭᠡᠳᠦᠯᠲᠡᠶ ᠲᠥᠯᠥᠪᠵᠢᠭᠦᠯᠦᠨ ᠰᠠᠢᠲᠤᠷ ᠠᠳᠭᠤᠵᠤ᠂ ᠠᠵᠤ ᠠᠬᠤᠢᠯᠠᠯ ᠢᠯᠠᠩᠭᠤᠶᠠ ᠦᠶ᠋ᠯᠡᠳᠪᠦᠷᠢᠯᠡᠯ ᠵᠣᠭ᠍ᠰᠣᠭ᠍ᠰᠠᠨ ᠪᠠ ᠬᠠᠭᠠᠰ ᠵᠣᠭ᠍ᠰᠣᠭ᠍ᠰᠠᠨ ᠠᠵᠤ ᠠᠬᠤᠢᠯᠠᠯᠤᠨ ᠬᠡᠪ ᠤ᠋ᠨ ᠦᠶ᠋ᠯᠡᠳᠪᠦᠷᠢᠯᠡᠯ ᠵᠢᠡᠨ ᠰᠡᠷᠭᠦᠭᠡᠬᠦ᠌ ᠵᠢ ᠨᠢ ᠬᠠᠪᠰᠤᠷᠤᠨ ᠂ ᠠᠵᠤ ᠦᠶ᠋ᠯᠡᠳᠪᠦᠷᠢ ᠵᠢᠨ ᠠᠵᠤ ᠠᠬᠤᠶ ᠵᠢᠨ ᠲᠣᠭ᠍ᠲᠠᠭᠤᠨ ᠡᠷᠭᠢᠯᠲᠡ ᠵᠢ ᠦᠨᠡᠨ ᠬᠦ᠌ ᠪᠠᠲᠤᠯᠠᠬᠤ ᠵᠢᠨ ᠲᠥᠯᠥᠭᠡ ᠂ ᠬᠥᠬᠡᠬᠣᠲᠠ ᠤᠢᠷᠠ ᠳ᠋ᠦ 8 ᠵᠦᠶ᠋ᠯ ᠤ᠋ᠨ ᠠᠷᠭᠠ ᠬᠡᠮᠵᠢᠶᠡ ᠵᠢ ᠰᠤᠳᠤᠯᠤᠨ ᠲᠣᠭ᠍ᠲᠠᠭᠠᠵᠤ ᠂ ᠬᠥᠮᠦᠰ ᠤ᠋ᠨ ᠠᠵᠢᠯᠤᠨ ᠪᠠᠢᠷᠢᠨᠳᠠᠭᠠᠨ ᠪᠤᠴᠠᠬᠤ ᠂ ᠪᠠᠯᠠ ᠮᠥᠩᠭᠥ᠌ ᠳᠤᠲᠠᠭ᠍ᠳᠠᠬᠤ ᠂ ᠪᠠᠷᠠᠭᠠᠨᠤ ᠭᠦᠶ᠋ᠯᠭᠡᠭᠡ ᠲᠡᠭᠡᠭᠡᠪᠦᠷᠢ ᠂ ᠴᠢᠬᠤᠯᠠ ᠬᠦᠴᠦᠨ ᠵᠦᠢᠯᠤᠨ ᠪᠠᠲᠤᠯᠠᠭᠠ ᠵᠡᠷᠭᠡ ᠨᠡᠢᠲᠡᠯᠢᠭ ᠴᠢᠨᠠᠷᠲᠠᠶ ᠠᠰᠠᠭᠤᠳᠠᠯ ᠢ᠋ ᠭᠤᠤᠯᠳᠠᠯᠭᠠᠲᠠᠶ ᠱᠢᠶ᠋ᠳᠪᠦᠷᠢᠯᠡᠬᠦ ᠪᠡᠷ ᠪᠤᠯᠪᠠ᠃
ᠨᠢᠭᠡ᠂ ᠦᠶ᠋ᠯᠡᠳᠪᠦᠷᠢᠯᠡᠯ ᠤ᠋ᠨ ᠡᠳ᠋ ᠪᠠᠷᠠᠭᠠ ᠵᠢᠨ ᠲᠡᠭᠡᠭᠡᠪᠦᠷᠢ ᠵᠢᠨ ᠨᠡᠪᠲᠡᠷᠡᠬᠦ᠌ ᠵᠠᠮ ᠢ᠋ ᠰᠠᠭᠠᠳ ᠥᠬᠡᠶ ᠨᠡᠪᠲᠡᠷᠡᠭᠦᠯᠵᠦ᠍ ᠂ ᠠᠵᠤ ᠦᠶ᠋ᠯᠡᠳᠪᠦᠷᠢ ᠠᠵᠤ ᠠᠬᠤᠢᠯᠠᠯᠤᠨ ᠡᠳ᠋ ᠪᠠᠷᠠᠭᠠ ᠵᠢᠨ ᠲᠡᠭᠡᠭᠡᠪᠦᠷᠢ ᠵᠢᠨ ᠲᠡᠷᠭᠡ ᠬᠥᠰᠭᠡ ᠵᠢᠨ ᠨᠡᠪᠲᠡᠷᠡᠬᠦ᠌ ᠦᠨᠡᠮᠯᠡᠯ ᠭᠤᠶᠤᠴᠢᠯᠠᠨ ᠠᠪᠬᠤ ᠪᠠ ᠣᠯᠭᠣᠬᠤ ᠠᠵᠢᠯ ᠢ᠋ ᠰᠠᠢᠲᠤᠷ ᠬᠢᠵᠦ᠍ ᠂ ᠠᠵᠤ ᠠᠬᠤᠢᠯᠠᠯᠤᠨ ᠬᠡᠷᠡᠭ᠌ᠴᠡᠭᠡ ᠱᠠᠭᠠᠷᠳᠠᠯᠭᠠ ᠵᠢ ᠦᠨᠳᠦᠰᠦᠯᠡᠨ ᠂ ᠤᠯᠤᠰ ᠂ ᠥᠪᠡᠷᠲᠡᠭᠡᠨ ᠵᠠᠰᠠᠬᠤ ᠣᠷᠣᠨᠤ ᠴᠢᠬᠤᠯᠠ ᠡᠳ᠋ ᠪᠠᠷᠠᠭᠠ ᠵᠢᠨ ᠲᠡᠭᠡᠭᠡᠪᠦᠷᠢ ᠵᠢᠨ ᠨᠡᠪᠲᠡᠷᠡᠬᠦ᠌ ᠦᠨᠡᠮᠯᠡᠯ ᠢ᠋ ᠵᠣᠬᠢᠴᠠᠭᠤᠯᠤᠨ ᠭᠦᠶ᠋ᠴᠡᠳᠭᠡᠨᠡ ᠃ ᠠᠵᠤ ᠠᠬᠤᠢᠯᠠᠯᠤᠨ ᠳᠤᠷᠠᠳᠤᠭ᠍ᠰᠠᠨ ᠶᠡᠬᠡ ᠬᠡᠮᠵᠢᠶᠡᠨ ᠤ᠋ ᠡᠳ᠋ ᠪᠠᠷᠠᠭᠠ ᠲᠡᠭᠡᠭᠡᠪᠦᠷᠢᠯᠡᠬᠦ᠌ ᠬᠡᠷᠡᠭ᠌ᠴᠡᠭᠡ ᠱᠠᠭᠠᠷᠳᠠᠯᠭᠠᠳᠤ ᠴᠢᠭᠯᠡᠬᠦᠯᠦᠨ ᠂ ᠳᠤᠮᠳᠠᠳᠤ ᠤᠯᠤᠰᠤᠨ ᠲᠡᠮᠦᠷ ᠵᠠᠮᠤᠨ ᠬᠥᠬᠡᠬᠣᠲᠠ ᠲᠣᠪᠴᠢᠶᠠ ᠵᠢᠨ ᠪᠦᠯᠦᠭ᠌ᠯᠡᠯ ᠤ᠋ᠨ ᠬᠢᠵᠠᠭᠠᠷᠲᠤ ᠺᠣᠮᠫᠠᠨᠢ ᠵᠢ ᠵᠣᠬᠢᠴᠠᠭᠤᠯᠵᠤ ᠲᠤᠰᠭᠠᠶ ᠡᠭᠡᠯᠵᠢᠵᠢᠨ ᠭᠠᠯᠲᠤ ᠲᠡᠷᠭᠡ ᠨᠡᠪᠲᠡᠷᠡᠭᠦᠯᠵᠦ᠍ ᠪᠠᠲᠤᠯᠠᠭᠠ ᠬᠠᠩᠭᠠᠨᠠ᠃ ᠴᠠᠬᠢᠯᠭᠠᠨ ᠭᠠᠷᠭᠠᠬᠤ ᠦᠶ᠋ᠯᠡᠳᠪᠦᠷᠢ ᠵᠢᠨ ᠨᠡᠭᠦᠷᠡᠰᠦ ᠨᠥᠭᠡᠴᠡᠯᠡᠬᠦ᠌ ᠬᠡᠷᠡᠭ᠌ᠴᠡᠭᠡ ᠱᠠᠭᠠᠷᠳᠠᠯᠭᠠ ᠵᠢ ᠪᠠᠲᠤᠯᠠᠬᠤ ᠲᠣᠭᠣᠷᠢᠨᠳᠤ ᠂ ᠣᠷᠳᠣᠰ ᠬᠣᠲᠠ ᠵᠢ ᠵᠣᠬᠢᠴᠠᠭᠤᠯᠤᠨ ᠨᠡᠭᠦᠷᠡᠰᠦ ᠲᠡᠭᠡᠭᠡᠪᠦᠷᠢᠯᠡᠬᠦ᠌ ᠲᠡᠷᠭᠡ ᠬᠥᠰᠭᠡ ᠵᠢᠨ ᠨᠠᠭᠠᠰᠢ ᠴᠠᠭᠠᠰᠢ ᠨᠡᠪᠲᠡᠷᠡᠬᠦ᠌ ᠵᠠᠮᠢ ᠴᠢᠯᠥᠭᠡᠲᠡᠶ ᠲᠠᠯᠪᠢᠵᠤ ᠂ ᠨᠥᠬᠥᠴᠡᠯ ᠳ᠋ᠦ᠍ ᠨᠡᠢᠴᠡᠬᠦ᠌ ᠲᠡᠷᠭᠡ ᠬᠥᠰᠭᠡ ᠵᠢᠨ ᠰᠠᠭᠠᠳ ᠥᠬᠡᠶ ᠨᠡᠪᠲᠡᠷᠡᠬᠦ᠌ ᠵᠢ ᠪᠠᠲᠤᠯᠠᠨᠠ ᠃
ᠬᠣᠶᠠᠷ᠂ ᠬᠥᠮᠦᠰ ᠤ᠋ᠨ ᠠᠵᠢᠯᠤᠨ ᠪᠠᠢᠷᠢᠨᠳᠠᠭᠠᠨ ᠪᠤᠴᠠᠬᠤ ᠰᠠᠭᠠᠳ ᠥᠬᠡᠶ ᠵᠠᠮ ᠭᠠᠷᠭᠠᠵᠦ ᠂ ᠠᠵᠤ ᠠᠬᠤᠢᠯᠠᠯᠤᠨ ᠠᠵᠢᠯᠴᠢᠨ ᠬᠡᠷᠡᠭ᠌ᠯᠡᠬᠦ᠌ ᠬᠡᠷᠡᠭ᠌ᠴᠡᠭᠡ ᠱᠠᠭᠠᠷᠳᠠᠯᠭᠠ ᠵᠢ ᠦᠨᠳᠦᠰᠦᠯᠡᠨ ᠂ ᠬᠣᠲᠠ ᠵᠢᠨ ᠬᠡᠪᠴᠢᠶᠡᠨᠳᠡᠬᠢ ᠦᠨᠡᠨ ᠬᠦ᠌ ᠠᠵᠢᠯᠤᠨ ᠪᠠᠢᠷᠢᠨᠳᠠᠭᠠᠨ ᠪᠤᠴᠠᠬᠤ ᠴᠢᠬᠤᠯᠠᠲᠠᠶ ᠠᠵᠢᠯᠲᠠᠨᠳᠤ 3 ᠡᠳᠦᠷᠤᠨ ᠳᠤᠳᠤᠷᠠᠬᠢ 2 ᠤᠳᠠᠭᠠᠨᠤ ᠪᠥᠭᠡᠮ ᠬᠦᠴᠢᠯ ᠤ᠋ᠨ ᠪᠢᠯᠢᠭ ᠴᠢᠨᠠᠷᠤᠨ ᠭᠡᠷᠡᠴᠢ ᠵᠢ ᠨᠢ ᠱᠢᠯᠭᠠᠨ ᠪᠠᠢᠴᠠᠭᠠᠭᠰᠠᠨ ᠤ ᠳᠠᠷᠠᠭᠠ ᠂ 《ᠴᠡᠭᠡᠴᠡ ᠴᠡᠭᠲᠦ ᠬᠥᠷᠬᠥ᠌ 》 ᠬᠡᠯᠪᠡᠷᠢ ᠪᠠᠷ ᠠᠵᠤ ᠠᠬᠤᠢᠯᠠᠯᠳᠤ ᠲᠡᠷᠭᠡ ᠬᠥᠰᠭᠡ ᠪᠡᠷ ᠲᠤᠰᠴᠤ᠌ ᠬᠦᠷᠭᠡᠬᠦ᠌ ᠵᠢ ᠨᠢᠭᠡᠳᠦᠯᠲᠡᠶ ᠳᠣᠭᠢᠷᠠᠭᠤᠯᠤᠨᠠ; ᠬᠣᠲᠠ ᠵᠢᠨ ᠬᠡᠪᠴᠢᠶᠡᠨᠡᠴᠡ ᠭᠠᠳᠠᠨᠠᠬᠢ ᠠᠵᠢᠯᠤᠨ ᠪᠠᠢᠷᠢᠨᠳᠠᠭᠠᠨ ᠪᠤᠴᠠᠭ᠍ᠰᠠᠨ ᠬᠥᠮᠦᠰᠲᠦ 3 ᠡᠳᠦᠷᠤᠨ ᠳᠤᠳᠤᠷᠠᠬᠢ 2 ᠤᠳᠠᠭᠠᠨᠤ ᠪᠥᠭᠡᠮ ᠬᠦᠴᠢᠯ ᠤ᠋ᠨ ᠪᠢᠯᠢᠭ ᠴᠢᠨᠠᠷᠤᠨ ᠭᠡᠷᠡᠴᠢ ᠵᠢ ᠨᠢ ᠱᠢᠯᠭᠠᠨ ᠪᠠᠢᠴᠠᠭᠠᠭᠰᠠᠨ ᠤ ᠳᠠᠷᠠᠭᠠ ᠂ ᠠᠵᠤ ᠠᠬᠤᠢᠯᠠᠯ ᠲᠡᠷᠭᠡ ᠳᠠᠭᠠᠭᠠᠴᠢᠯᠠᠨ ᠲᠤᠰᠴᠤ᠌ ᠬᠦᠷᠭᠡᠬᠦ᠌ ᠪᠤᠶᠤ ᠬᠥᠬᠡᠬᠣᠲᠠᠳᠤ ᠣᠷᠣᠵᠤ ᠨᠡᠪᠲᠡᠷᠡᠬᠦ᠌ ᠭᠡᠷᠡᠴᠢ ᠣᠯᠭᠣᠵᠤ ᠂ 《 ᠴᠡᠭᠡᠴᠡ ᠴᠡᠭᠲᠦ ᠬᠥᠷᠬᠥ᠌ 》ᠬᠡᠯᠪᠡᠷᠢ ᠪᠡᠷ ᠠᠵᠢᠯᠤᠨ ᠪᠠᠢᠷᠢᠳᠤᠨᠢ ᠲᠤᠰᠴᠤ᠌ ᠬᠦᠷᠭᠡᠨᠡ ᠃ ᠠᠵᠢᠯᠤᠨ ᠪᠠᠢᠷᠢᠨᠳᠠᠭᠠᠨ ᠪᠤᠴᠠᠭ᠍ᠰᠠᠨ ᠪᠣᠶ ᠪᠥᠬᠥᠶ ᠠᠵᠢᠯᠲᠠᠨ ᠢ᠋ ᠠᠵᠤ ᠠᠬᠤᠢᠯᠠᠯᠤᠨ ᠪᠢᠲᠡᠭᠦᠮᠵᠢᠯᠡᠭ᠌ᠰᠡᠨ ᠬᠠᠮᠢᠶᠠᠷᠤᠯᠲᠠ ᠵᠢᠨ ᠬᠡᠪᠴᠢᠶᠡᠨ ᠳ᠋ᠦ᠍ ᠣᠷᠣᠭᠤᠯᠵᠤ ᠂ ᠡᠳᠦᠷ ᠪᠦᠷᠢ ᠡᠷᠡᠭᠦᠯ ᠮᠡᠨᠳᠦ᠍ ᠵᠢᠨ ᠪᠠᠢᠳᠠᠯ ᠢ᠋ ᠬᠢᠨᠠᠨ ᠬᠡᠮᠵᠢᠨᠡ ᠃
ᠭᠤᠷᠪᠠ ᠂ ᠵᠠᠰᠠᠭ ᠵᠠᠬᠢᠷᠭᠠᠨᠤ ᠬᠢᠨᠠᠨ ᠵᠥᠪᠱᠢᠶᠡᠷᠡᠬᠦ᠌ ᠦᠶ᠋ᠯᠡᠴᠢᠯᠡᠭᠡᠨ ᠤ᠋ ᠳᠠᠷᠠᠭᠠᠯᠠᠯ ᠢ᠋ ᠱᠢᠯᠢᠳᠡᠭ᠌ᠵᠢᠭᠦᠯᠵᠦ᠍ ᠂ ᠵᠠᠰᠠᠭᠤᠨ ᠶᠠᠪᠤᠳᠠᠯᠤᠨ ᠦᠶ᠋ᠯᠡᠴᠢᠯᠡᠭᠡᠨ ᠤ᠋ 《ᠪᠥᠬᠥ᠌ ᠶᠠᠪᠤᠴᠠ ᠵᠢ ᠰᠦᠯᠵᠢᠶᠡᠪᠡᠷ ᠭᠦᠶ᠋ᠴᠡᠳᠭᠡᠬᠦ᠌》ᠪᠠ 《ᠠᠯᠠᠭᠠᠨ ᠳᠡᠭᠡᠷᠡᠪᠡᠨ ᠭᠦᠶ᠋ᠴᠡᠳᠭᠡᠬᠦ᠌》 ᠵᠦᠶ᠋ᠯᠡᠰ ᠤ᠋ᠨ ᠨᠠᠷᠢᠨ ᠳᠠᠩᠰᠠ ᠵᠢ ᠨᠡᠢᠲᠡᠯᠡᠨ ᠂ ᠲᠤᠰᠭᠠᠶ ᠤᠳᠠᠰᠤᠨ ᠦᠢᠯᠡᠴᠢᠯᠡᠭᠡ ᠲᠣᠬᠢᠷᠠᠭᠤᠯᠵᠤ ᠂ ᠰᠦᠯᠵᠢᠶᠡᠨ ᠳᠡᠭᠡᠷᠡ ᠪᠡᠶᠡᠪᠡᠨ ᠳᠠᠭᠠᠭᠠᠵᠤ ᠲᠠᠭ᠍ᠯᠠᠨ ᠮᠡᠳᠡᠭᠦᠯᠬᠦ᠌ ᠵᠢᠯᠣᠭᠣᠳᠣᠯᠭᠠ ᠵᠢᠨ ᠦᠶ᠋ᠯᠡᠴᠢᠯᠡᠭᠡ ᠬᠠᠩᠭᠠᠵᠤ᠂ ᠪᠥᠬᠥ᠌ ᠶᠠᠪᠤᠴᠠᠳᠤ ᠰᠦᠯᠵᠢᠶᠡᠨ ᠳᠡᠭᠡᠷᠡ ᠬᠠᠷᠭᠤᠭᠤᠯᠤᠨ ᠱᠢᠯᠭᠠᠬᠤ ᠠᠷᠭᠠ ᠬᠡᠯᠪᠡᠷᠢ ᠪᠡᠷ ᠳᠠᠮᠵᠢᠭᠤᠯᠤᠨ᠂ ᠭᠥᠯᠢᠶᠡᠨ ᠠᠪᠴᠤ᠌ ᠬᠢᠨᠠᠨ ᠵᠥᠪᠱᠢᠶᠡᠷᠡᠬᠦ᠌ ᠵᠢ ᠪᠦᠬᠦᠯᠢ ᠡᠳᠦᠷ ᠪᠦᠬᠦᠯᠢ ᠴᠠᠭᠵᠢᠡᠷ ᠭᠦᠶ᠋ᠴᠡᠳᠭᠡᠬᠦ᠌᠂ ᠣᠨᠴᠠᠭᠠᠶ ᠶᠠᠪᠤᠳᠠᠯ ᠢ᠋ ᠣᠨᠴᠠᠭᠠᠢᠯᠠᠨ ᠭᠦᠶ᠋ᠴᠡᠳᠭᠡᠬᠦ᠌᠂ ᠴᠠᠭ ᠲᠤᠬᠠᠶᠳᠤᠨᠢ ᠭᠦᠶ᠋ᠴᠡᠳᠭᠡᠬᠦ᠌ ᠵᠢ ᠪᠡᠶᠡᠯᠡᠭᠦᠯᠵᠦ᠍᠂ ᠬᠢᠵᠢᠭ ᠤ᠋ᠨ ᠪᠠᠢᠳᠠᠯᠤᠨ ᠣᠯᠠᠨ ᠲᠦᠮᠡᠨ ᠪᠤᠯᠤᠨ ᠠᠵᠤ ᠠᠬᠤᠢᠯᠠᠯᠳᠤ ᠦᠵᠡᠭᠦᠯᠬᠦ᠌ ᠨᠥᠯᠥᠭᠡ ᠵᠢ ᠬᠠᠮᠤᠭᠤᠨ ᠳᠤᠤᠷᠠ ᠬᠡᠮᠵᠢᠶᠡᠨ ᠳ᠋ᠦ᠍ ᠬᠦᠷᠲᠡᠯᠡ ᠪᠠᠭᠤᠷᠠᠭᠤᠯᠬᠤᠪᠠᠷ ᠴᠢᠷᠮᠠᠢᠨᠠ ᠃
ᠳᠥᠷᠪᠡ᠂ ᠠᠵᠤ ᠠᠬᠤᠢᠯᠠᠯᠤᠨ ᠪᠠᠢᠭᠠ ᠭᠠᠵᠠᠷ ᠣᠷᠣᠨᠠᠴᠠ ᠬᠠᠷᠢᠭᠤᠴᠠᠵᠤ ᠂ ᠠᠵᠤ ᠠᠬᠤᠢᠯᠠᠯ ᠢ᠋ ᠵᠣᠬᠢᠶᠠᠨ ᠪᠠᠢᠭᠤᠯᠵᠤ ᠠᠵᠢᠯᠵᠢᠡᠨ ᠰᠡᠷᠬᠦᠬᠡᠵᠦ ᠦᠶ᠋ᠯᠡᠳᠪᠦᠷᠢᠯᠡᠯ ᠵᠢᠡᠨ ᠰᠡᠷᠭᠦᠭᠡᠬᠦ᠌ᠡᠴᠡ ᠡᠮᠦᠨᠡ ᠦᠶ᠋ᠯᠡᠳᠪᠦᠷᠢᠯᠡᠯ ᠤ᠋ᠨ ᠲᠠᠰᠤᠭ ᠂ ᠬᠥᠮᠥᠷᠭᠡ ᠂ ᠬᠣᠭᠣᠯᠠᠨ ᠬᠡᠷ ᠂ ᠠᠷᠢᠭᠤᠨ ᠴᠡᠪᠡᠷ ᠤ᠋ᠨ ᠲᠠᠰᠤᠯᠭᠠ ᠂ ᠠᠯᠪᠠᠯᠠᠬᠤ ᠲᠣᠭᠣᠷᠢᠭ ᠵᠢᠴᠢ ᠣᠯᠠᠨ ᠨᠡᠢᠲᠡ ᠵᠢᠨ ᠭᠠᠵᠠᠷ ᠵᠡᠷᠭᠡ ᠵᠢ ᠪᠠᠭ᠍ᠲᠠᠭᠠᠭ᠍ᠰᠠᠨ ᠪᠥᠬᠥ᠌ ᠦᠶ᠋ᠯᠡᠳᠪᠦᠷᠢᠵᠢᠨ ᠲᠤᠭᠤᠷᠢᠭ ᠲᠦ᠍ ᠪᠥᠬᠥ᠌ ᠲᠠᠯᠠᠪᠠᠷ ᠠᠷᠢᠭᠤᠳᠭᠠᠯ ᠬᠢᠬᠦ᠌ ᠵᠢᠨ ᠬᠠᠮᠲᠤ ᠂ ᠠᠵᠤ ᠠᠬᠤᠢᠯᠠᠯ ᠢ᠋ ᠵᠢᠯᠣᠭᠣᠳᠤᠨ ᠠᠵᠢᠯᠵᠢᠡᠨ ᠰᠡᠷᠭᠦᠭᠡᠵᠦ᠍ ᠦᠶ᠋ᠯᠡᠳᠪᠦᠷᠢᠯᠡᠯ ᠵᠢᠡᠨ ᠰᠡᠷᠭᠦᠭᠡᠭ᠌ᠰᠡᠨ ᠤ᠋ ᠳᠠᠷᠠᠭᠠ ᠦᠶ᠋ᠯᠡᠳᠪᠦᠷᠢ ᠵᠢᠨ ᠲᠣᠭᠣᠷᠢᠭ ᠢ᠋ ᠲᠣᠭ᠍ᠲᠠᠮᠠᠯ ᠬᠤᠭᠤᠴᠠᠭᠠᠲᠠᠶᠪᠠᠷ ᠠᠷᠢᠭᠤᠳᠭᠠᠬᠤ ᠠᠵᠢᠯ ᠢ᠋ ᠰᠠᠢᠲᠤᠷ ᠬᠢᠨᠠ ᠃ ᠠᠵᠢᠯᠵᠢᠡᠨ ᠰᠡᠷᠭᠦᠭᠡᠵᠦ᠍ ᠦᠶ᠋ᠯᠡᠳᠪᠦᠷᠢᠯᠡᠯᠵᠢᠡᠨ ᠰᠡᠷᠭᠦᠭᠡᠬᠦ᠌ ᠠᠵᠤ ᠠᠬᠤᠢᠯᠠᠯ ᠢ᠋ ᠲᠣᠰ ᠭᠠᠵᠠᠷ ᠣᠷᠣᠨᠤ ᠬᠢᠵᠢᠭ ᠤ᠋ᠨ ᠪᠠᠢᠳᠠᠯ ᠢ᠋ ᠰᠡᠷᠭᠡᠢᠯᠡᠨ ᠡᠵᠡᠮᠳᠡᠬᠦ᠌ ᠪᠠᠲᠤᠯᠠᠭᠠ ᠵᠢᠨ ᠬᠡᠪᠴᠢᠶᠡᠨ ᠳ᠋ᠦ᠍ ᠣᠷᠣᠭᠤᠯᠵᠤ ᠂ 《ᠠᠵᠤ ᠦᠶ᠋ᠯᠡᠳᠪᠦᠷᠢ ᠠᠵᠤ ᠠᠬᠤᠢᠯᠠᠯᠤᠨ ᠬᠢᠵᠢᠭ ᠤ᠋ᠨ ᠪᠠᠢᠳᠠᠯ ᠢ᠋ ᠰᠡᠷᠭᠡᠢᠯᠡᠨ ᠡᠵᠡᠮᠳᠡᠬᠦ᠌ ᠠᠵᠢᠯᠤᠨ ᠲᠦᠷᠢᠮ》 ᠤ᠋ᠨ 《ᠲᠠᠪᠤᠨ ᠴᠢᠩᠭᠠ 》ᠪᠠᠢᠬᠤ ᠱᠠᠭᠠᠷᠳᠠᠯᠭᠠ ᠶᠣᠰᠣᠭᠠᠷ ᠨᠢᠭᠡᠳᠦᠯᠲᠡᠶ ᠬᠡᠷᠡᠭ᠌ᠵᠢᠭᠦᠯᠦᠨᠡ᠂ ᠲᠤᠬᠠᠢᠯᠠᠪᠠᠯ᠂ ᠪᠢᠲᠡᠭᠦᠮᠵᠢᠯᠡᠭ᠌ᠰᠡᠨ ᠬᠠᠮᠢᠶᠠᠷᠤᠯᠲᠠ ᠵᠢ ᠴᠢᠩᠳᠠᠯᠠᠨ ᠂ ᠴᠢᠩᠭᠠ ᠵᠢᠵᠢᠭᠦᠷᠯᠡᠨ ᠰᠠᠬᠢᠵᠤ ᠂ ᠬᠥᠮᠦᠨ ᠲᠡᠷᠭᠡ ᠣᠷᠣᠵᠤ ᠭᠠᠷᠬᠤ ᠵᠢ ᠴᠢᠩᠭᠠ ᠬᠢᠵᠠᠭᠠᠷᠯᠠᠨ ᠂ ᠦᠶ᠋ᠯᠡᠳᠪᠦᠷᠢ ᠵᠢᠨ ᠳᠣᠲᠣᠭᠠᠳᠤ ᠵᠢᠨ ᠬᠠᠮᠢᠶᠠᠷᠤᠯᠲᠠ ᠡᠵᠡᠮᠳᠡᠯ ᠢ᠋ ᠴᠢᠩᠳᠠᠯᠠᠵᠤ᠂ ᠴᠢᠩᠭᠠ ᠱᠠᠯᠠᠪᠳᠠᠭᠤᠯᠤᠨ ᠪᠠᠢᠴᠠᠭᠠᠵᠤ ᠱᠠᠯᠠᠪᠳᠠᠭᠤᠯᠤᠨ ᠱᠢᠶ᠋ᠳᠪᠦᠷᠢᠯᠡᠵᠦ᠍᠂ ᠪᠢᠲᠡᠭᠦᠮᠵᠢᠯᠡᠭ᠌ᠰᠡᠨ ᠬᠠᠮᠢᠶᠠᠷᠤᠯᠲᠠ᠂ ᠪᠥᠭᠡᠮ ᠬᠦᠴᠢᠯ ᠤ᠋ᠨ ᠪᠠᠢᠴᠠᠭᠠᠯᠳᠠ᠂ ᠦᠶ᠋ᠯᠡᠳᠪᠦᠷᠢ ᠵᠢᠨ ᠲᠣᠭᠣᠷᠢᠭᠤᠨ ᠬᠠᠮᠢᠶᠠᠷᠤᠯᠲᠠ ᠵᠡᠷᠭᠡ ᠬᠢᠵᠢᠭ ᠤ᠋ᠨ ᠪᠠᠢᠳᠠᠯ ᠢ᠋ ᠰᠡᠷᠭᠡᠢᠯᠡᠨ ᠡᠵᠡᠮᠳᠡᠬᠦ᠌ ᠱᠠᠭᠠᠷᠳᠠᠯᠭᠠ ᠵᠢ ᠨᠠᠷᠢᠨ ᠬᠢᠨᠠᠮᠠᠭᠠᠶ ᠨᠠᠢᠳᠠᠪᠤᠷᠢᠵᠢᠭᠤᠯᠤᠨᠠ ᠃
ᠲᠠᠪᠤ᠂ ᠠᠵᠤ ᠠᠬᠤᠢᠯᠠᠯᠤᠨ ᠠᠵᠢᠯᠤᠨ ᠪᠠᠢᠷᠢᠨᠳᠤ ᠪᠠᠢᠭᠠ ᠬᠥᠮᠦᠰ ᠤ᠋ᠨ ᠬᠣᠨᠣᠭ᠍ᠯᠠᠬᠤ ᠬᠡᠷᠡᠭ᠌ᠴᠡᠭᠡ ᠵᠢ ᠦᠨᠳᠦᠰᠦᠯᠡᠨ᠂ 《ᠣᠢᠷᠠ ᠬᠠᠪᠢᠳᠤᠨᠢ ᠲᠥᠬᠥᠮ ᠦᠵᠡᠭᠦᠯᠬᠦ᠌᠂ ᠲᠣᠭ᠍ᠳᠠᠪᠤᠷᠢᠳᠠᠢ ᠬᠡᠷᠡᠭ᠌ᠯᠡᠬᠦ᠌》 ᠵᠠᠷᠴᠢᠮ ᠶᠣᠰᠣᠭᠠᠷ᠂ ᠠᠵᠤ ᠠᠬᠤᠢᠯᠠᠯ ᠢ᠋ ᠬᠠᠪᠰᠤᠷᠤᠨ ᠪᠢᠲᠡᠭᠦᠮᠵᠢᠯᠡᠭᠰᠡᠨ ᠬᠣᠨᠣᠭ᠍ᠯᠠᠬᠤ ᠪᠠᠭᠤᠳᠠᠯ ᠢ᠋ ᠱᠢᠶ᠋ᠳᠪᠦᠷᠢᠯᠡᠵᠦ᠍᠂ ᠠᠵᠢᠯᠤᠨ ᠪᠠᠢᠷᠢ ᠪᠠ ᠬᠣᠨᠣᠭ᠍ᠯᠠᠬᠤ ᠪᠠᠭᠤᠳᠠᠯᠤᠨ《ᠬᠣᠶᠠᠷ ᠴᠡᠭ ᠨᠢᠭᠡ ᠱᠤᠭᠤᠮ》ᠤ᠋ᠨ ᠪᠢᠲᠡᠭᠦᠮᠵᠢᠯᠡᠭᠰᠡᠨ ᠬᠠᠮᠢᠶᠠᠷᠤᠯᠲᠠ ᠵᠢ ᠪᠡᠶᠡᠯᠡᠭᠦᠯᠦᠨᠡ ᠃
ᠵᠢᠷᠭᠤᠭᠠ ᠂ ᠬᠠᠨᠳᠤᠯᠭᠠᠲᠠᠶ ᠳᠠᠭᠠᠭᠠᠴᠢᠯᠠᠨ ᠬᠣᠯᠪᠣᠭᠠᠯᠠᠬᠤ ᠬᠠᠪᠰᠤᠷᠤᠨ ᠲᠡᠳᠬᠦᠬᠦ᠌ ᠦᠶ᠋ᠯᠡᠴᠢᠯᠡᠭᠡ ᠵᠢ ᠥᠷᠨᠢᠭᠦᠯᠵᠦ᠍ ᠂ ᠪᠥᠬᠥ᠌ ᠬᠣᠲᠠ ᠵᠢᠨ ᠠᠵᠤ ᠠᠬᠤᠢᠯᠠᠯᠤᠨ ᠠᠵᠢᠯᠵᠢᠡᠨ ᠰᠡᠷᠭᠦᠭᠡᠵᠦ᠍ ᠦᠶ᠋ᠯᠡᠳᠪᠦᠷᠢᠯᠡᠯ ᠵᠢᠡᠨ ᠰᠡᠷᠭᠦᠭᠡᠬᠦ᠌ ᠵᠢ ᠪᠠᠲᠤᠯᠠᠬᠤ ᠠᠵᠢᠯᠤᠨ ᠲᠤᠰᠭᠠᠶ ᠠᠩᠭᠢ ᠵᠢ ᠵᠣᠬᠢᠶᠠᠨ ᠪᠠᠢᠭᠤᠯᠵᠤ ᠂ ᠠᠵᠤ ᠠᠬᠤᠢᠯᠠᠯ ᠪᠦᠷᠢ 2 ᠳᠠᠭᠠᠭᠠᠴᠢᠯᠠᠨ ᠬᠤᠯᠪᠤᠭᠠᠯᠠᠬᠤ ᠦᠶ᠋ᠯᠡᠴᠢᠯᠡᠭᠡᠨ ᠤ᠋ ᠺᠠᠳ᠋ᠷ ᠲᠣᠮᠢᠯᠠᠨ ᠰᠠᠭᠤᠯᠭᠠᠵᠤ ᠂ ᠠᠵᠤ ᠠᠬᠤᠢᠯᠠᠯᠤᠨ ᠠᠵᠢᠯᠵᠢᠡᠨ ᠰᠡᠷᠭᠦᠭᠡᠵᠦ᠍ ᠦᠶ᠋ᠯᠡᠳᠪᠦᠷᠢᠯᠡᠯ ᠵᠢᠡᠨ ᠰᠡᠷᠭᠦᠭᠡᠬᠦ᠌ ᠵᠣᠬᠢᠶᠠᠨ ᠪᠠᠢᠭᠤᠯᠤᠯᠲᠠ ᠵᠢᠨ ᠪᠡᠯᠡᠳᠭᠡᠯ ᠠᠵᠢᠯᠳᠤ ᠪᠥᠬᠥ᠌ ᠶᠠᠪᠤᠴᠠᠪᠠᠷ ᠣᠷᠣᠯᠴᠠᠭᠤᠯᠵᠤ ᠂ ᠠᠵᠤ ᠠᠬᠤᠢᠯᠠᠯᠤᠨ ᠬᠢᠵᠢᠭ ᠤ᠋ᠨ ᠪᠠᠢᠳᠠᠯ ᠢ᠋ ᠰᠡᠷᠭᠡᠢᠯᠡᠨ ᠡᠵᠡᠮᠳᠡᠬᠦ᠌ ᠪᠠ ᠲᠠᠷᠠᠭᠠᠴᠢ ᠵᠢᠨ ᠦᠶ᠋ᠯᠡᠳᠪᠦᠷᠢᠯᠡᠯ ᠤ᠋ᠨ ᠡᠮᠬᠢ ᠵᠢᠷᠤᠮᠲᠠᠶ ᠶᠠᠪᠤᠭ᠍ᠳᠠᠬᠤ ᠵᠢ ᠪᠠᠲᠤᠯᠠᠨᠠ ᠃
ᠳᠣᠯᠣᠭᠠ᠂ ᠮᠥᠩᠭᠥᠨ ᠭᠦᠶ᠋ᠯᠭᠡᠭᠡᠨ ᠤ᠋ ᠪᠠᠢᠭᠤᠯᠤᠮᠵᠢ ᠲᠠᠢ ᠰᠠᠨᠠᠭᠠᠴᠢᠯᠠᠭᠠᠠᠴᠠᠪᠠᠨ ᠵᠣᠯᠭᠠᠭᠤᠯᠵᠤ᠂ ᠵᠢᠭᠡᠯᠡᠯᠭᠡ ᠬᠢᠨᠠᠬᠤ ᠠᠬᠢᠴᠠ ᠂ ᠵᠢᠭᠡᠯᠡᠯᠭᠡ ᠵᠢᠨ ᠬᠤᠭᠤᠴᠠᠭᠠ ᠂ ᠬᠦᠦ ᠮᠥᠩᠭᠥ ᠵᠢᠨ ᠪᠠᠷᠢᠮᠵᠢᠶᠠ ᠵᠡᠷᠭᠡ ᠲᠠᠯᠠᠪᠠᠷ ᠨᠠᠩ ᠣᠯᠠᠨ ᠬᠠᠷᠠᠭᠠᠯᠵᠠᠯᠤᠨ ᠲᠥᠷᠥ ᠵᠢᠨ ᠪᠣᠳᠣᠯᠭᠠ ᠤᠯᠬᠤᠪᠠᠷ ᠴᠢᠷᠮᠠᠢᠵᠤ ᠂ ᠨᠥᠬᠥᠴᠡᠯ ᠳ᠋ᠦ᠍ ᠨᠡᠢᠴᠡᠭ᠌ᠰᠡᠨ ᠠᠵᠤ ᠠᠬᠤᠢᠯᠠᠯᠤᠨ ᠮᠥᠩᠭᠥᠨ ᠭᠦᠶ᠋ᠯᠭᠡᠭᠡᠨ ᠤ᠋ ᠲᠡᠳᠬᠦᠮᠵᠢ ᠵᠢᠨ ᠪᠠᠯᠠ ᠮᠥᠩᠭᠥ ᠵᠢ ᠳᠠᠷᠤᠢᠬᠠᠨ ᠤᠯᠬᠤ ᠵᠢ ᠦᠨᠡᠨ ᠬᠦ᠌ ᠪᠠᠲᠤᠯᠠᠨᠠ ᠃ ᠡᠭᠦᠨ ᠤ᠋ ᠬᠠᠮᠲᠤ ᠬᠥᠬᠡᠬᠣᠲᠠ ᠵᠢᠨ 《ᠲᠤᠰᠠᠯᠠᠮᠵᠢ ᠵᠢᠨ ᠳᠠᠭᠠᠭᠠᠯᠲᠠ ᠵᠢᠭᠡᠯᠡᠯᠭᠡ 》 ᠵᠢᠨ ᠬᠠᠮᠲᠤᠷᠠᠯᠴᠠᠭᠠᠨᠤ ᠪᠠᠩᠬᠢᠯᠤᠭᠠ ᠵᠣᠯᠭᠠᠭᠤᠯᠤᠨ ᠵᠣᠬᠢᠴᠠᠭᠤᠯᠬᠤᠪᠠᠨ ᠴᠢᠩᠭᠠᠳᠭᠠᠵᠤ ᠂ ᠨᠥᠬᠥᠴᠡᠯ ᠳ᠋ᠦ᠍ ᠨᠡᠢᠴᠡᠭ᠌ᠰᠡᠨ ᠂ ᠭᠦᠶ᠋ᠯᠭᠡᠭᠡᠨ ᠤ᠋ ᠪᠠᠯᠠ ᠮᠥᠩᠭᠥ ᠨᠢ ᠬᠦᠴᠢᠷᠳᠡᠯᠳᠦ ᠲᠤᠯᠭᠠᠷᠠᠭ᠍ᠰᠠᠨ ᠬᠣᠯᠪᠣᠭ᠍ᠳᠠᠯ ᠪᠥᠬᠥᠶ ᠳᠤᠮᠳᠠ ᠪᠠᠭᠠ ᠠᠵᠤ ᠠᠬᠤᠢᠯᠠᠯᠳᠤ ᠵᠢᠭᠡᠯᠡᠯᠭᠡ ᠪᠡᠨ ᠤᠷᠢᠳᠴᠢᠯᠠᠨ ᠬᠤᠷᠢᠶᠠᠬᠤ ᠥᠬᠡᠶ ᠂ ᠵᠢᠭᠡᠯᠡᠯᠭᠡ ᠪᠡᠨ ᠵᠤᠭᠰᠤᠭᠠᠬᠤ ᠥᠬᠡᠶ ᠂ ᠵᠢᠭᠡᠯᠡᠯᠭᠡ ᠪᠡᠨ ᠬᠤᠢᠰᠢᠯᠠᠭᠤᠯᠬᠤ ᠥᠬᠡᠶ ᠪᠠᠢᠬᠤ ᠵᠢ ᠪᠠᠲᠤᠯᠠᠨᠠ ᠃
ᠨᠠᠢ᠍ᠮᠠ᠂ ᠰᠠᠨᠠᠭᠠᠴᠢᠯᠠᠭᠠᠠᠴᠠᠪᠠᠨ ᠬᠦᠴᠢᠷ ᠪᠡᠷᠬᠡᠱᠢᠶᠡᠯ ᠢ᠋ ᠢᠯᠠᠨ ᠳᠠᠪᠠᠵᠦ ᠂ ᠠᠵᠢᠯᠵᠢᠡᠨ ᠰᠡᠷᠭᠦᠭᠡᠵᠦ᠍ ᠦᠶ᠋ᠯᠡᠳᠪᠦᠷᠢᠯᠡᠯ ᠵᠢᠡᠨ ᠰᠡᠷᠭᠦᠭᠡᠬᠦ᠌ ᠪᠡᠯᠡᠳᠭᠡᠯ ᠠᠵᠢᠯ ᠢ᠋ ᠦᠳᠲᠡᠷ ᠲᠦᠷᠭᠡᠨ ᠪᠡᠶᠡᠯᠡᠭᠦᠯᠦᠨᠡ ᠂ ᠪᠦᠬᠦ᠌ ᠬᠣᠲᠠ ᠵᠢᠨ ᠬᠢᠵᠢᠭᠲᠡᠶ ᠲᠡᠮᠡᠴᠡᠬᠦ᠌᠂ ᠠᠵᠤ ᠠᠬᠤᠶ ᠵᠢᠨ ᠨᠡᠮᠡᠭ᠌ᠳᠡᠯ ᠢ᠋ ᠲᠣᠭ᠍ᠲᠠᠪᠤᠷᠢᠵᠢᠭᠤᠯᠬᠤᠳᠤ ᠴᠢᠬᠤᠯᠠ ᠶᠡᠬᠡ ᠬᠤᠪᠢ ᠨᠡᠮᠡᠷᠢ ᠦᠵᠡᠭᠦᠯᠦᠭ᠌ᠰᠡᠨ ᠠᠵᠤ ᠠᠬᠤᠢᠯᠠᠯᠢ 2023 ᠣᠨᠳᠤ ᠴᠢᠨᠠᠷ ᠰᠠᠢᠲᠠᠶ ᠬᠥᠭ᠌ᠵᠢᠯᠲᠡ ᠵᠢᠨ ᠲᠤᠰᠭᠠᠶ ᠲᠦᠷᠦᠯᠤᠨ ᠪᠠᠯᠠ ᠮᠥᠩᠭᠥ ᠵᠢ ᠭᠤᠶᠤᠴᠢᠯᠠᠨ ᠮᠡᠳᠡᠭᠦᠯᠬᠦ᠌ ᠦᠶᠡ ᠳ᠋ᠦ᠍(ᠠᠵᠤ ᠦᠶ᠋ᠯᠡᠳᠪᠦᠷᠢ ᠵᠢᠨ ᠲᠥᠷᠥᠯ ᠵᠦᠶ᠋ᠯ ᠤ᠋ᠨ ᠪᠥᠲᠥᠭᠡᠨ ᠪᠠᠢᠭᠤᠯᠤᠯᠲᠠ ᠵᠢᠨ ᠨᠥᠬᠥᠪᠥᠷᠢ ᠂ ᠮᠡᠷᠭᠡᠵᠢᠯ ᠤ᠋ᠨ ᠱᠢᠨᠡᠴᠢᠯᠡᠯᠲᠡ ᠪᠠ ᠲᠣᠭᠠᠴᠢᠯᠠᠭ᠍ᠰᠠᠨ ᠥᠭᠡᠷᠡᠴᠢᠯᠡᠯᠲᠡ ᠂ ᠡᠬᠢ ᠪᠠᠶᠠᠯᠢᠭ ᠢ᠋ ᠠᠷᠪᠢᠯᠠᠬᠤ ᠪᠠ ᠶᠡᠷᠦᠩᠬᠡᠢᠯᠡᠨ ᠠᠱᠢᠭ᠍ᠯᠠᠬᠤ ᠂ ᠡᠨᠧᠷᠭᠢ ᠠᠷᠪᠢᠯᠠᠬᠤ ᠮᠡᠷᠭᠡᠵᠢᠯ ᠤ᠋ᠨ ᠥᠭᠡᠷᠡᠴᠢᠯᠡᠯᠲᠡ ᠪᠠ ᠪᠣᠬᠢᠷᠲᠤᠯ ᠦᠭᠡᠢ ᠦᠶ᠋ᠯᠡᠳᠬᠦ ᠂ ᠠᠵᠤ ᠦᠶ᠋ᠯᠡᠳᠪᠦᠷᠢ ᠵᠢᠨ ᠢᠨᠲ᠋ᠧᠷ ᠰᠦᠯᠵᠢᠶᠡᠨ ᠤ᠋ ᠬᠥᠭ᠌ᠵᠢᠯᠲᠡ ᠂ ᠱᠢᠨᠡ ᠨᠢᠭᠡ ᠦᠶᠡ ᠵᠢᠨ ᠮᠡᠳᠡᠭᠡ ᠵᠠᠩᠭᠢ ᠵᠢᠨ ᠮᠡᠷᠭᠡᠵᠢᠯ ᠬᠢᠭᠡᠳ ᠦᠶ᠋ᠯᠡᠳᠬᠦ᠌ ᠦᠶ᠋ᠯᠡᠰ ᠠᠭᠤᠰᠤᠯᠴᠠᠨ ᠬᠥᠭ᠌ᠵᠢᠬᠦ ᠂ ᠠᠵᠤ ᠦᠶ᠋ᠯᠡᠳᠪᠦᠷᠢ ᠵᠢᠨ ᠲᠣᠭᠣᠷᠢᠭᠤᠨ ᠪᠥᠲᠥᠭᠡᠨ ᠪᠠᠢᠭᠤᠯᠤᠯᠲᠠ ᠂ ᠳᠤᠮᠳᠠ ᠪᠠᠭᠠ ᠠᠵᠤ ᠠᠬᠤᠢᠯᠠᠯᠤᠨ 《ᠲᠤᠰᠭᠠᠢᠵᠢᠭᠰᠠᠨ ᠨᠠᠷᠢᠯᠢᠭᠵᠢᠭᠰᠠᠨ ᠣᠨᠴᠠᠯᠢᠬᠵᠢᠬᠰᠡᠨ ᠱᠢᠨᠡ 》᠂ ᠰᠦᠵᠢᠨ ᠦᠶ᠋ᠯᠡᠰ ᠤ᠋ᠨ ᠨᠡᠭᠡᠭᠡᠯᠲᠡ ᠵᠢᠨ ᠲᠤᠭᠤᠷᠢᠭᠤᠨ ᠠᠷᠠᠯᠵᠢᠶᠠᠴᠢᠨ ᠤᠷᠢᠵᠤ ᠪᠠᠯᠠ ᠣᠷᠣᠭᠤᠯᠬᠤ)᠂ ᠭᠤᠶᠤᠴᠢᠯᠠᠨ ᠮᠡᠳᠡᠭᠦᠯᠬᠦ᠌ ᠱᠠᠭᠠᠷᠳᠠᠯᠭᠠᠳᠤ ᠨᠡᠢᠴᠡᠬᠦ᠌ ᠲᠥᠷᠥᠯ ᠵᠦᠶ᠋ᠯᠢ ᠤᠷᠢᠳ ᠵᠢᠡᠷ ᠳᠡᠳᠬᠦᠵᠦ᠂ ᠭᠣᠣᠯᠳᠠᠯᠭᠠᠲᠠᠶ ᠲᠠᠨᠢᠯᠴᠠᠭᠤᠯᠤᠨᠠ ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃