2022-11-20 17:53:02
11 ᠰᠠᠷ᠎ᠠ᠎ᠶᠢᠨ 19 ᠦ ᠦᠳᠡ᠎ᠶᠢᠨ ᠬᠣᠢᠨ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠵᠥᠪᠯᠡᠯ᠎ᠦᠨ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ᠂ ᠡᠷᠬᠢᠯᠡᠭᠴᠢ ᠰᠢᠦᠢ ᠬᠣᠩ ᡁᠢ ᠰᠣᠷᠪᠤᠯᠵᠢᠯᠠᠭ᠎ᠠ ᠬᠦᠯᠢᠶᠡᠬᠦ᠎ᠳᠡᠭᠡᠨ᠂ ᠬᠥᠬᠡᠬᠣᠲᠠ᠎ᠶᠢᠨ ᠬᠢᠵᠢᠭ᠌᠎ᠦᠨ ᠪᠠᠢᠳᠠᠯ᠎ᠢ ᠰᠡᠷᠭᠡᠢᠯᠡᠨ ᠡᠵᠡᠮᠳᠡᠬᠦ ᠳᠠᠢᠯᠠᠯᠳᠤᠭᠠᠨ᠎ᠤ ᠢᠯᠠᠯᠲᠠ᠎ᠶᠢ ᠲᠦᠷᠭᠡᠨ ᠣᠯᠬᠤ᠎ᠶᠢᠨ ᠲᠥᠯᠥᠭᠡ᠂ 11 ᠰᠠᠷ᠎ᠠ᠎ᠶᠢᠨ 12 ᠤᠨ ᠡᠳᠦᠷ ᠥᠪᠡᠷᠲᠡᠭᠡᠨ ᠵᠠᠰᠠᠬᠤ ᠣᠷᠣᠨ᠎ᠤ ᠰᠢᠨ᠎ᠡ ᠲᠢᠲᠢᠮᠯᠢᠭ᠌ ᠠᠭᠤᠰᠬᠢᠨ ᠦᠷᠪᠢᠰᠦᠯ᠎ᠦᠨ ᠬᠢᠵᠢᠭ᠌᠎ᠦᠨ ᠪᠠᠢᠳᠠᠯ᠎ᠢ ᠰᠡᠷᠭᠡᠢᠯᠡᠨ ᠡᠵᠡᠮᠳᠡᠬᠦ ᠵᠢᠯᠤᠭᠣᠳᠬᠤ ᠭᠠᠵᠠᠷ ᠬᠥᠬᠡᠬᠣᠲᠠ᠎ᠳᠤ ᠭᠦᠨᠵᠡᠭᠡᠢᠷᠡᠨ᠂ ᠬᠠᠪᠲᠠᠭᠠᠶ᠋ᠢᠵᠢᠭᠤᠯᠤᠭᠰᠠᠨ ᠬᠠᠮᠢᠶᠠᠷᠤᠯᠲᠠ᠎ᠶᠢ ᠬᠡᠷᠡᠭᠵᠢᠭᠦᠯᠵᠦ᠂ ᠨᠢᠭᠡᠳᠦᠯᠲᠡᠢ ᠵᠢᠯᠣᠭᠣᠳᠤᠨ ᠨᠢᠭᠡᠳᠦᠯᠲᠡᠢ ᠲᠣᠬᠢᠷᠠᠭᠤᠯᠵᠤ᠂ 《ᠭᠤᠷᠪᠠᠨ ᠲᠦᠷᠭᠡᠨ ᠨᠢᠭᠡ ᠴᠢᠩᠭ᠎ᠠ》 ᠪᠠ ᠬᠢᠵᠢᠭ᠌᠎ᠦᠨ ᠪᠠᠢᠳᠠᠯ᠎ᠢ ᠰᠡᠷᠭᠡᠢᠯᠡᠨ ᠡᠵᠡᠮᠳᠡᠬᠦ ᠬᠣᠷᠢᠨ ᠵᠤᠷᠪᠤᠰ ᠠᠷᠭ᠎ᠠ ᠬᠡᠮᠵᠢᠶ᠎ᠠ᠎ᠶᠢ ᠴᠢᠩᠭ᠎ᠠ ᠨᠠᠢᠳᠠᠪᠤᠷᠢᠵᠢᠭᠤᠯᠵᠤ᠂ ᠡᠯ᠎ᠡ ᠵᠦᠢᠯ᠎ᠦᠨ ᠰᠡᠷᠭᠡᠢᠯᠡᠨ ᠡᠵᠡᠮᠳᠡᠬᠦ ᠠᠷᠭ᠎ᠠ ᠬᠡᠮᠵᠢᠶ᠎ᠡ᠎ᠶᠢ ᠪᠣᠳᠠᠲᠠᠢ ᠠᠳᠬᠤᠨ ᠨᠠᠷᠢᠯᠢᠭ᠋ ᠠᠳᠬᠤᠵᠤ᠂ ᠣᠳᠣᠬᠠᠨ᠎ᠳᠤ ᠨᠢᠭᠡᠨᠲᠡ ᠱᠠᠲᠤᠴᠢ ᠴᠢᠨᠠᠷᠲᠠᠢ ᠦᠷ᠎ᠡ ᠪᠦᠲᠦᠮᠵᠢ ᠣᠯᠪᠠ ᠭᠡᠵᠦ ᠲᠠᠨᠢᠯᠴᠠᠭᠤᠯᠤᠭᠰᠠᠨ ᠪᠠᠢᠨ᠎ᠠ᠃
ᠬᠢᠵᠢᠭ᠌᠎ᠦᠨ ᠪᠠᠢᠳᠠᠯ ᠶᠡᠷᠦᠩᠬᠡᠢ᠎ᠳᠡᠭᠡᠨ ᠪᠠᠭᠤᠷᠠᠬᠤ ᠬᠠᠨᠳᠤᠰᠢ᠎ᠲᠠᠢ ᠪᠠᠢᠨ᠎ᠠ
ᠰᠢᠦᠢ ᠬᠣᠩ ᡁᠢ᠂ ᠡᠨᠡ ᠬᠦ᠌ ᠮᠠᠭᠠᠳᠯᠠᠯᠲᠠ ᠨᠢ ᠭᠣᠣᠯᠳᠠᠭᠤ ᠬᠣᠶᠠᠷ ᠲᠠᠯ᠎ᠠ᠎ᠶᠢᠨ ᠦᠨᠳᠦᠰᠦᠯᠡᠯ᠎ᠲᠠᠢ ᠶᠤᠮ ᠭᠡᠵᠦ ᠢᠯᠡᠷᠭᠡᠢᠯᠡᠭᠰᠡᠨ ᠪᠠᠢᠨ᠎ᠠ᠃
ᠨᠢᠭᠡ᠎ᠳᠦ᠂ ᠪᠦᠬᠦᠢᠯᠡ ᠪᠠᠢᠴᠠᠭᠠᠵᠤ ᠭᠠᠷᠭᠠᠭᠰᠠᠨ ᠪᠠᠢᠳᠠᠯ᠎ᠠᠴᠠ ᠦᠵᠡᠪᠡᠯ᠂ ᠣᠢᠷ᠎ᠠ᠎ᠶᠢᠨ ᠬᠣᠶᠠᠷ ᠡᠳᠦᠷ᠎ᠲᠦ ᠪᠠᠢᠴᠠᠭᠠᠵᠤ ᠭᠠᠷᠭᠠᠭᠰᠠᠨ ᠬᠠᠯᠳᠠᠪᠤᠷᠢᠯᠠᠭᠳᠠᠭᠴᠢ ᠵᠢᠨ ᠲᠣᠭ᠎ᠠ ᠢᠯᠡᠳᠲᠡ ᠪᠠᠭᠤᠷᠠᠪᠠ᠃ 11 ᠰᠠᠷ᠎ᠠ᠎ᠶᠢᠨ 13 ᠠᠴᠠ 11 ᠰᠠᠷ᠎ᠠ᠎ᠶᠢᠨ 18᠎ᠤ ᠡᠳᠦᠷ ᠪᠣᠯᠲᠠᠯᠠᠬᠢ ᠪᠠᠢᠴᠠᠭᠠᠵᠤ ᠭᠠᠷᠭᠠᠭᠰᠠᠨ ᠬᠠᠯᠳᠠᠪᠤᠷᠢᠯᠠᠭᠳᠠᠭᠴᠢ ᠭᠤᠤᠯᠳᠠᠭᠤᠲᠤᠰᠠᠭᠠᠷᠯᠠᠨ ᠬᠠᠮᠢᠶᠠᠷᠤᠨ ᠡᠵᠡᠮᠳᠡᠵᠤ ᠪᠠᠢᠭ᠎ᠠ ᠬᠦᠮᠦᠰ ᠡᠴᠡ ᠢᠷᠡᠯᠳᠡ ᠲᠠᠢ᠂ ᠡᠭᠦᠨ᠎ᠳᠦ ᠲᠥᠪᠯᠡᠷᠡᠭᠦᠯᠦᠨ ᠲᠤᠰᠠᠭᠠᠷᠯᠠᠵᠤ ᠪᠠᠢᠭ᠎ᠠ ᠴᠡᠭ ᠡᠴᠡ ᠪᠠᠢᠴᠠᠭᠠᠨ ᠭᠠᠷᠭᠠᠭᠰᠠᠨ ᠲᠣᠭ᠎ᠠ ᠨᠢ ᠦᠨᠳᠦᠷ ᠲᠦᠭᠰᠢᠭᠦᠷᠢᠳᠠᠢ ᠭᠠᠵᠠᠷ ᠣᠷᠣᠨ᠎ᠤ ᠬᠢ ᠠᠷᠪᠢᠨ ᠪᠠᠢᠵᠤ᠂ ᠦᠨᠳᠦᠷ ᠲᠦᠭᠰᠢᠭᠦᠷᠢᠳᠠᠢ ᠭᠠᠵᠠᠷ ᠤᠷᠤᠨ ᠡᠴᠡ ᠪᠠᠢᠴᠠᠭᠠᠵᠤ ᠭᠠᠷᠭᠠᠭᠰᠠᠨ ᠲᠣᠭ᠎ᠠ ᠨᠢ ᠴᠦ᠍ ᠪᠠᠭᠤᠷᠠᠬᠤ ᠬᠠᠨᠳᠤᠰᠢ᠎ᠲᠠᠢ ᠪᠠᠢᠨ᠎ᠠ᠃
ᠬᠣᠶᠠᠷ᠎ᠲᠤ᠂ ᠲᠤᠤᠷ᠎ᠠ ᠲᠦᠭᠰᠢᠭᠦᠷᠢᠲᠡᠢ ᠭᠠᠵᠠᠷ ᠣᠷᠣᠨ ᠡᠴᠡ ᠪᠠᠢᠴᠠᠭᠠᠵᠤ ᠭᠠᠷᠭᠠᠭᠰᠠᠨ ᠬᠠᠯᠳᠠᠪᠤᠷᠢᠯᠠᠭᠳᠠᠭᠴᠢ ᠵᠢᠨ ᠲᠤᠭ᠎ᠠ ᠨᠢ 11 ᠰᠠᠷ᠎ᠠ᠎ᠶᠢᠨ 14 ᠦ ᠡᠳᠦᠷ᠎ᠦᠨ 90 ᠪᠠᠢᠭᠰᠠᠨ᠎ᠠᠴᠠ᠎ᠪᠠᠨ 11 ᠰᠠᠷ᠎ᠠ᠎ᠶᠢᠨ 18 ᠤ ᠡᠳᠦᠷ᠎ᠦᠨ 7 ᠪᠣᠯᠵᠤ ᠪᠠᠭᠤᠷᠠᠵᠤ᠂ ᠨᠡᠢᠭᠡᠮ᠎ᠦᠨ ᠲᠠᠯ᠎ᠠ ᠵᠢᠨ ᠬᠠᠯᠳᠠᠪᠤᠷᠢᠯᠠᠬᠤ ᠲᠦᠭᠰᠢᠭᠦᠷᠢ ᠪᠠᠭᠤᠷᠠᠪᠠ᠃ ᠠᠷᠭ᠎ᠠ ᠴᠢᠨᠠᠷᠲᠠᠢ ᠬᠥᠮᠥᠰ᠎ᠢ ᠪᠠᠢᠴᠠᠭᠠᠵᠤ ᠭᠠᠷᠭᠠᠭᠰᠠᠨ ᠳᠣᠣᠷ᠎ᠠ ᠲᠦᠭᠰᠢᠭᠦᠷᠢᠲᠡᠢ ᠰᠠᠭᠤᠭᠠᠯᠢ ᠲᠣᠭᠣᠷᠢᠭ᠋ ᠨᠢ 11 ᠰᠠᠷ᠎ᠠ᠎ᠶᠢᠨ 14 ᠦ ᠡᠳᠦᠷ᠎ᠤᠨ 48 ᠪᠠᠢᠭᠰᠠᠨ᠎ᠡᠴᠡ ᠪᠡᠨ 11 ᠰᠠᠷ᠎ᠠ᠎ᠶᠢᠨ 18 ᠤ ᠡᠳᠦᠷ᠎ᠦᠨ 6 ᠪᠣᠯᠵᠤ ᠪᠠᠭᠤᠷᠠᠪᠠ᠃
ᠨᠢᠭ᠍ᠲᠠ ᠦᠢᠷᠠᠳᠤᠭᠴᠢ ᠵᠢ ᠴᠠᠭ ᠲᠤᠬᠠᠢ ᠳ᠋ᠤᠨᠢ ᠲᠤᠰᠠᠭᠠᠷᠯᠠᠬᠤ ᠨᠢ ᠬᠠᠤᠯᠢ᠎ᠳᠤ ᠨᠡᠶ᠋ᠢᠴᠡᠬᠦ ᠪᠥᠭᠡᠳ ᠡᠷᠬᠡᠪᠰᠢ ᠬᠢᠬᠦ ᠶᠤᠰᠤᠳᠠᠢ
ᠰᠢᠦᠢ ᠬᠣᠩ ᡁᠢ᠂ ᠬᠠᠯᠳᠠᠪᠤᠷᠢᠲᠤ ᠡᠪᠡᠳᠴᠢᠨ᠎ᠢ ᠰᠡᠷᠭᠡᠢᠯᠡᠨ ᠡᠵᠡᠮᠳᠡᠬᠦ᠎ᠶᠢᠨ ᠵᠠᠩᠭᠢᠯᠠᠭ᠎ᠠ ᠨᠢ ᠡᠬᠢ ᠡᠭᠦᠰᠦᠯ᠎ᠡᠴᠡ ᠨᠢ ᠡᠵᠡᠮᠳᠡᠬᠦ᠎ᠳᠦ ᠪᠤᠢ᠂ ᠨᠢᠭ᠍ᠲᠠ ᠣᠢᠷᠠᠲᠤᠭᠴᠢ ᠪᠣᠯ ᠬᠠᠯᠳᠠᠪᠤᠷᠢᠯᠠᠬᠤ ᠠᠶᠤᠯ ᠲᠦᠭᠰᠢᠭᠦᠷᠢ᠎ᠪᠡᠷ ᠬᠠᠮᠤᠭ᠎ᠤᠨ ᠶᠡᠬᠡ ᠬᠥᠮᠥᠰ ᠪᠣᠯᠣᠨ᠎ᠠ᠂ ᠪᠠᠰᠠ ᠴᠤ᠌ ᠰᠢᠨ᠎ᠡ ᠬᠠᠯᠳᠠᠪᠤᠷᠢᠯᠠᠯ᠎ᠤᠨ ᠡᠬᠢ ᠪᠣᠯᠬᠤ ᠬᠠᠮᠤᠭ᠎ᠤᠨ ᠪᠣᠯᠣᠯᠴᠠᠭ᠎ᠠ᠎ᠲᠠᠢ ᠬᠥᠮᠥᠰ ᠪᠣᠯᠣᠨ᠎ᠠ ᠭᠡᠵᠦ ᠬᠡᠯᠡᠪᠡ᠃ 《ᠨᠢᠭ᠍ᠲᠠ ᠣᠢᠷᠠᠲᠤᠭᠴᠢᠵᠢ ᠴᠠᠭ ᠲᠤᠬᠠᠢ ᠳ᠋ᠤᠨᠢ ᠲᠤᠰᠠᠭᠠᠷᠯᠠᠬᠤ ᠴᠡᠭ᠎ᠲᠦ ᠰᠢᠯᠵᠢᠭᠦᠯᠦᠨ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ᠎ᠤ ᠠᠵᠢᠭ᠍ᠯᠠᠯᠲᠠ ᠬᠢᠬᠦ ᠪᠣᠯ ᠨᠡᠢᠭᠡᠮ ᠲᠣᠭᠣᠷᠢᠭ᠋᠎ᠤᠨ ᠤᠯᠠᠮ ᠨᠢᠭᠡ ᠠᠯᠬᠤᠮ ᠬᠠᠯᠳᠠᠪᠤᠷᠢᠯᠠᠯ᠎ᠢ ᠲᠠᠰᠤᠯᠬᠤ᠎ᠶᠢᠨ ᠵᠠᠩᠭᠢᠯᠠᠭ᠎ᠠ ᠮᠥᠨ᠂ ᠨᠡᠢᠭᠡᠮ ᠲᠣᠭᠣᠷᠢᠭ᠋᠎ᠤᠨ ᠬᠠᠯᠳᠠᠪᠤᠷᠢᠯᠠᠭᠳᠠᠭᠴᠢ ᠵᠢ ᠡᠷᠲᠡᠬᠡᠨ ᠪᠦᠷᠢᠮᠦᠰᠦᠨ ᠠᠷᠢᠯᠭᠠᠬᠤ᠎ᠶᠢᠨ ᠰᠠᠭᠤᠷᠢ ᠮᠥᠨ》 ᠬᠡᠪᠡ᠃
ᠪᠥᠭᠡᠮ ᠬᠦᠴᠢᠯ᠎ᠦᠨ ᠪᠠᠢᠴᠠᠭᠠᠯᠳᠠ᠎ᠳᠦ ᠬᠢᠨᠠᠯᠲᠠ ᠲᠠᠯᠪᠢᠬᠤ᠎ᠪᠠᠨ ᠴᠢᠩᠭᠠᠳᠬᠠᠬᠤ ᠬᠡᠷᠡᠭᠲᠡᠢ
ᠰᠢᠦᠢ ᠬᠣᠩ ᡁᠢ᠂ ᠡᠯ᠎ᠡ ᠭᠠᠵᠠᠷ᠎ᠤᠨ ᠬᠢᠨ ᠪᠦᠭᠡᠮ ᠬᠦᠴᠢᠯ᠎ᠤᠨ ᠪᠠᠢᠴᠠᠭᠠᠯᠳᠠ ᠵᠢᠨ ᠭᠤᠷᠪᠠᠳᠡᠬᠢ ᠡᠳᠡᠭᠡᠳ᠎ᠤᠨ ᠪᠠᠢᠭᠤᠯᠤᠮᠵᠢ᠂ ᠡᠯ᠎ᠡ ᠱᠠᠲᠤᠨ᠎ᠤ ᠡᠪᠡᠳᠴᠢᠨ ᠡᠮᠭᠡᠭ᠎ᠢ ᠰᠡᠷᠭᠡᠢᠯᠡᠨ ᠡᠵᠡᠮᠳᠡᠬᠦ ᠲᠥᠪ᠂ ᠡᠯ᠎ᠡ ᠠᠯᠪᠠᠨ᠎ᠠᠴᠠ ᠪᠠᠢᠭᠤᠯᠤᠭᠰᠠᠨ ᠡᠮᠨᠡᠯᠭᠡ᠎ᠶᠢᠨ ᠬᠣᠷᠢᠶᠠᠨ᠎ᠤ ᠲᠤᠷᠰᠢᠯᠲᠠ᠎ᠶᠢᠨ ᠲᠠᠰᠤᠭ᠎ᠤᠨ ᠶᠠᠰᠤ ᠴᠢᠨᠠᠷ᠎ᠲᠤ ᠬᠢᠨᠠᠯᠲᠠ ᠲᠠᠯᠪᠢᠬᠤ᠂ ᠶᠠᠰᠤ ᠴᠢᠨᠠᠷ᠎ᠢ ᠡᠵᠡᠮᠳᠡᠬᠦ ᠵᠢ ᠴᠢᠡᠭᠭᠠᠳᠬᠠᠵᠤ᠂ ᠲᠤᠷᠰᠢᠯᠲᠠ᠎ᠶᠢᠨ ᠭᠣᠭᠴᠣᠭ᠎ᠠ᠎ᠶᠢᠨ ᠠᠰᠠᠭᠤᠳᠠᠯ᠎ᠢ ᠬᠠᠮᠤᠭ᠎ᠤᠨ ᠶᠡᠬᠡ ᠬᠡᠮᠵᠢᠶ᠎ᠡ᠎ᠪᠡᠷ ᠪᠠᠭᠠᠰᠬᠠᠨ᠎ᠠ᠃ ᠦᠯᠢᠭᠡᠷ ᠠᠪᠬᠤ ᠲᠠᠯ᠎ᠠ᠎ᠪᠠᠷ ᠡᠯ᠎ᠡ ᠭᠠᠵᠠᠷ᠂ ᠡᠯ᠎ᠡ ᠦᠯᠢᠭᠡᠷ ᠠᠪᠬᠤ ᠨᠢᠭᠡᠴᠢ ᠵᠢᠨ ᠬᠢᠨ ᠪᠣᠯᠪᠠᠰᠤᠷᠠᠯ᠎ᠢᠶᠠᠨ ᠤᠯᠠᠮ ᠴᠢᠩᠭᠠᠳᠬᠠᠵᠤ᠂ ᠦᠯᠢᠭᠡᠷ ᠠᠪᠬᠤ ᠠᠵᠢᠯᠲᠠᠨ᠎ᠢ ᠵᠦᠢ ᠵᠣᠬᠢᠰᠲᠠᠢ ᠲᠣᠬᠢᠷᠠᠭᠤᠯᠵᠤ᠂ ᠦᠨᠳᠦᠷ ᠲᠦᠭᠰᠢᠭᠦᠷᠢᠳᠠᠢ ᠠᠰᠠᠷ᠎ᠤᠨ ᠦᠯᠢᠭᠡᠷ ᠠᠪᠬᠤ ᠠᠵᠢᠯᠲᠠᠨ ᠶᠠᠭᠠᠬᠢᠭ᠍ᠰᠠᠨ ᠴᠤ᠌ ᠲᠤᠤᠷ᠎ᠠ ᠲᠦᠭᠰᠢᠭᠦᠷᠢ᠎ᠲᠠᠢ ᠠᠰᠠᠷ᠎ᠠᠴᠠ ᠦᠯᠢᠭᠡᠷ ᠠᠪᠴᠤ ᠪᠣᠯᠬᠤ ᠦᠭᠡᠢ᠂ ᠰᠣᠯᠪᠢᠴᠠᠨ ᠬᠠᠯᠳᠠᠪᠤᠷᠢᠯᠠᠬᠤ᠎ᠠᠴᠠ ᠵᠠᠢᠯᠠᠰᠬᠢᠬᠦ ᠬᠡᠷᠡᠭᠲᠡᠢ ᠭᠡᠵᠦ ᠢᠯᠡᠷᠬᠡᠢᠯᠡᠵᠡᠢ᠃
ᠦᠨᠳᠦᠷ ᠲᠦᠭᠰᠢᠭᠦᠷᠢᠲᠡᠢ ᠭᠠᠵᠠᠷ ᠣᠷᠣᠨ᠎ᠢ ᠵᠠᠭᠠᠭᠯᠠᠨ ᠲᠣᠭᠲᠠᠭᠠᠬᠤ ᠬᠡᠪᠴᠢᠶ᠎ᠡ᠎ᠶᠢ ᠵᠣᠬᠢᠰᠲᠠᠢ ᠥᠷᠭᠡᠳᠬᠡᠬᠦ᠎ᠳᠦ ᠦᠨᠳᠦᠰᠦᠯᠡᠯ᠎ᠲᠠᠢ ᠶᠤᠮ
ᠰᠢᠦᠢ ᠬᠣᠩ ᡁᠢ ᠢᠯᠡᠷᠬᠡᠢᠯᠡᠬᠦ᠎ᠳᠡᠭᠡᠨ᠂ ᠣᠳᠣᠬᠠᠨ᠎ᠳᠤ ᠬᠥᠬᠡᠬᠣᠲᠠ᠎ᠶᠢᠨ ᠵᠠᠷᠢᠮ ᠰᠠᠭᠤᠭᠠᠯᠢ ᠲᠣᠭᠣᠷᠢᠭ᠋᠎ᠤᠨ ᠦᠨᠳᠦᠷ ᠲᠦᠭᠰᠢᠭᠦᠷᠢᠲᠡᠢ ᠠᠰᠠᠷ ᠨᠢ ᠠᠷᠭ᠎ᠠ ᠴᠢᠨᠠᠷᠲᠠᠢ ᠪᠤᠶᠤ ᠨᠢᠭ᠍ᠲᠠ ᠦᠷᠠᠳᠤᠭᠴᠢᠶᠢ ᠪᠠᠢᠴᠠᠭᠠᠵᠤ ᠭᠠᠷᠭᠠᠭᠰᠠᠨ ᠨᠢ ᠨᠡᠯᠢᠶᠡᠳ ᠣᠯᠠᠨ ᠪᠥᠭᠡᠳ ᠬᠡᠳᠦᠨ ᠡᠳᠦᠷ ᠳᠠᠷᠠᠭᠠᠯᠠᠨ ᠴᠥᠮ ᠪᠠᠢᠴᠠᠭᠠᠵᠤ ᠭᠠᠷᠭᠠᠭᠰᠠᠨ ᠪᠠᠢᠨ᠎ᠠ᠂ ᠡᠢᠮᠦ ᠪᠠᠢᠳᠠᠯ ᠳᠣᠣᠷ᠎ᠠ ᠡᠪᠡᠳᠴᠢᠨ ᠡᠮᠭᠡᠭ᠎ᠢ ᠰᠡᠷᠭᠡᠢᠯᠡᠨ ᠡᠵᠡᠮᠳᠡᠬᠦ ᠰᠠᠯᠠᠭ᠎ᠠ ᠮᠥᠴᠢᠷ ᠨᠢ ᠪᠤᠰᠤᠳ ᠨᠢᠭᠡᠴᠢ᠎ᠶᠢᠨ ᠠᠮᠤᠷ ᠲᠦᠪᠰᠢᠨ᠎ᠢ ᠦᠨᠡᠨ ᠬᠦ᠌ ᠪᠠᠲᠤᠯᠠᠵᠤ᠂ ᠬᠠᠯᠳᠠᠪᠤᠷᠢᠯᠠᠬᠤ ᠲᠦᠭᠰᠢᠭᠦᠷᠢ᠎ᠶᠢ ᠪᠠᠭᠠᠰᠬᠠᠬᠤ᠎ᠶᠢᠨ ᠲᠥᠯᠥᠭᠡ᠂ ᠠᠰᠠᠷ᠎ᠢᠶᠠᠷ ᠨᠢᠭᠡᠴᠢ ᠪᠣᠯᠭᠠᠨ ᠦᠨᠳᠦᠷ ᠲᠦᠭᠰᠢᠭᠦᠷᠢᠲᠡᠢ ᠭᠠᠵᠠᠷ ᠣᠷᠣᠨ᠎ᠢ ᠵᠠᠭᠠᠭᠯᠠᠨ ᠲᠣᠭᠲᠠᠭᠠᠬᠤ ᠬᠡᠷᠡᠭᠲᠡᠢ ᠭᠡᠵᠡᠢ᠃
ᠴᠢᠩᠭᠡᠯᠢᠭ ᠡᠮᠨᠡᠯᠭᠡ ᠶᠢᠨ ᠬᠣᠷᠢᠶᠠᠨ ᠤ ᠣᠷᠣ᠌ ᠬᠡᠷᠡᠭᠴᠡᠭᠡ ᠶᠢ ᠬᠠᠩᠭᠠᠵᠤ ᠳᠡᠢᠯᠦᠨ᠎ᠡ ᠠᠰᠠᠭᠤᠳᠠᠯ᠎ᠢ ᠶᠠᠭ ᠴᠡᠭᠴᠡᠯᠡᠨ ᠰᠠᠢᠵᠢᠷᠠᠭᠤᠯᠵᠤ ᠪᠠᠢᠨ᠎ᠠ
ᠬᠥᠬᠡᠬᠣᠲᠠ᠎ᠶᠢᠨ ᠡᠨᠡ ᠡᠭᠡᠯᠵᠢ᠎ᠶᠢᠨ ᠬᠢᠵᠢᠭ᠌᠎ᠦᠨ ᠪᠠᠢᠳᠠᠯ ᠡᠭᠦᠰᠦᠭᠰᠡᠨ᠎ᠠᠴᠠ ᠨᠠᠭᠠᠰᠢ᠂ ᠬᠥᠬᠡᠬᠣᠲᠠ ᠤᠷᠢᠳ ᠬᠣᠵᠢᠳ ᠴᠡᠯᠡᠭᠡᠷ ᠲᠠᠯ᠎ᠠ᠎ᠶᠢᠨ 1 ᠳ᠋ᠤᠭᠡᠷ᠂ 2 ᠳ᠋ᠤᠭᠠᠷ ᠨᠣᠮᠧᠷᠲᠤ ᠴᠢᠩᠭᠡᠯᠢᠭ ᠵᠢᠴᠢ 3 ᠳ᠋ᠤᠭᠠᠷ ᠨᠣᠮᠧᠷᠲᠤ ᠮᠦᠽᠧᠢ᠎ᠶᠢᠨ ᠴᠢᠩᠭᠡᠯᠢᠭ᠎ᠢ ᠪᠠᠢᠭᠤᠯᠵᠤ᠂ ᠬᠠᠯᠳᠠᠪᠤᠷᠢᠯᠠᠭᠳᠠᠭᠴᠢ ᠵᠢᠨ ᠲᠣᠭ᠎ᠠ ᠲᠦᠷᠭᠡᠨ ᠨᠡᠮᠡᠭᠳᠡᠬᠦ᠎ᠶᠢ ᠳᠠᠭᠠᠯᠳᠤᠨ ᠪᠠᠰᠠ ᠵᠠᠮ ᠬᠠᠷᠢᠯᠴᠠᠭᠠᠨ᠎ᠤ ᠬᠦᠢᠰᠦ ᠵᠡᠷᠭᠡ ᠴᠢᠩᠭᠡᠯᠢᠭ᠎ᠢ ᠵᠠᠯᠭᠠᠭ᠎ᠠ᠎ᠪᠠᠷ ᠪᠠᠢᠭᠤᠯᠪᠠ᠃ ᠣᠳᠣᠬᠠᠨ᠎ᠳᠤ ᠬᠥᠬᠡᠬᠣᠲᠠ᠎ᠳᠤ ᠨᠡᠢ᠍ᠢᠳᠡ 7 ᠴᠢᠩᠭᠡᠯᠢᠭ ᠡᠮᠨᠡᠯᠭᠡ᠎ᠶᠢᠨ ᠬᠣᠷᠢᠶ᠎ᠠ᠂ ᠨᠡᠢ᠍ᠢᠳᠡ 16000 ᠭᠠᠷᠤᠢ ᠣᠷᠣ᠌᠎ᠲᠠᠢ᠃ ᠶᠡᠷᠦᠩᠬᠡᠢ ᠳ᠋ᠦ᠍ᠨᠢ ᠠᠪᠴᠤ ᠦᠵᠡᠪᠡᠯ᠂ ᠣᠳᠣᠬᠠᠨ᠎ᠳᠤ ᠴᠢᠩᠭᠡᠯᠢᠭ ᠡᠴᠡ ᠭᠠᠷᠬᠤ ᠬᠥᠮᠥᠨ᠎ᠦ ᠲᠣᠭ᠎ᠠ ᠨᠢ ᠣᠷᠣᠬᠤ ᠬᠥᠮᠥᠨ᠎ᠦ ᠲᠣᠭ᠎ᠠ᠎ᠠᠴᠠ ᠠᠷᠪᠢᠨ ᠪᠠᠢᠵᠤ᠂ ᠣᠷᠣ᠌᠎ᠶᠢᠨ ᠲᠣᠭ᠎ᠠ ᠨᠢ ᠣᠳᠣᠬᠠᠨ᠎ᠤ ᠠᠷᠭ᠎ᠠ ᠴᠢᠨᠠᠷᠲᠠᠢ ᠬᠠᠯᠳᠠᠪᠤᠷᠢᠯᠠᠭᠳᠠᠭᠴᠢ ᠵᠢᠨ ᠠᠨᠠᠭᠠᠬᠤ ᠤᠬᠠᠭᠠᠨ᠎ᠤ ᠠᠵᠢᠭ᠍ᠯᠠᠯᠲᠠ᠎ᠶᠢᠨ ᠬᠡᠷᠡᠭᠴᠡᠭᠡ᠎ᠶᠢ ᠬᠠᠩᠭᠠᠵᠤ ᠲᠡᠢᠯᠦᠨ᠎ᠠ᠃
ᠡᠭᠦᠨ᠎ᠡᠴᠡ ᠡᠮᠦᠨ᠎ᠡ᠂ ᠬᠥᠬᠡᠬᠣᠲᠠ᠎ᠶᠢᠨ ᠵᠠᠷᠢᠮ ᠴᠢᠩᠭᠡᠯᠢᠭ ᠨᠢ ᠴᠠᠭ ᠲᠤᠬᠠᠢ ᠳ᠋ᠤᠨᠢ ᠬᠣᠭᠣᠯᠠ ᠤᠮᠳᠠ ᠬᠠᠩᠭᠠᠬᠤ ᠦᠭᠡᠢ᠂ ᠭᠡᠷ ᠳᠣᠲᠣᠷᠠᠬᠢ ᠳᠤᠯᠠᠭᠠᠨ᠎ᠤ ᠬᠡᠮᠵᠢᠶ᠎ᠡ ᠪᠠᠷᠢᠮᠵᠢᠶ᠎ᠠ᠎ᠳᠤ ᠬᠦᠷᠬᠦ ᠦᠭᠡᠢ᠂ ᠴᠠᠭ ᠲᠤᠬᠠᠢ ᠳ᠋ᠤᠨᠢ ᠴᠡᠪᠡᠷᠯᠡᠵᠦ ᠳᠡᠶ᠋ᠢᠯᠬᠦ ᠦᠭᠡᠢ ᠵᠡᠷᠭᠡ ᠠᠰᠠᠭᠤᠳᠠᠯ ᠤᠷᠤᠰᠢᠵᠤ ᠪᠠᠢᠪᠠ᠃ ᠰᠢᠦᠢ ᠬᠣᠩ ᡁᠢ ᠢᠯᠡᠷᠬᠡᠢᠯᠡᠬᠦ᠎ᠳᠡᠭᠡᠨ᠂ ᠣᠳᠣᠬᠠᠨ᠎ᠳᠤ ᠬᠥᠬᠡᠬᠣᠲᠠ ᠨᠢᠭᠡᠨᠲᠡ ᠲᠣᠬᠢᠷᠠᠭᠤᠯᠤᠯᠲᠠ ᠬᠢᠵᠤ ᠴᠡᠭᠴᠡᠯᠡᠨ ᠰᠠᠢᠵᠢᠷᠠᠭᠤᠯᠵᠤ ᠪᠠᠢᠨ᠎ᠠ᠂ 《ᠪᠢᠳᠡ ᠪᠠᠰᠠ ᠨᠠᠢᠳᠠᠨ ᠬᠠᠮᠢᠶᠠᠷᠤᠭᠤᠯᠬᠤ ᠡᠮᠨᠡᠯᠭᠡ᠎ᠶᠢᠨ ᠬᠣᠷᠢᠶᠠᠨ᠎ᠤ ᠲᠠᠯ᠎ᠠ᠎ᠠᠴᠠ ᠴᠠᠭ ᠲᠤᠬᠠᠢ ᠳ᠋ᠤᠨᠢ ᠰᠢᠪᠠᠳᠠᠵᠤ᠂ ᠠᠰᠠᠭᠤᠳᠠᠯ᠎ᠢ ᠣᠯᠵᠤ ᠮᠡᠳᠡᠪᠡᠯ ᠴᠠᠭ ᠲᠤᠬᠠᠢ ᠳ᠋ᠤᠨᠢ ᠴᠡᠭᠴᠡᠯᠡᠨ ᠰᠠᠢᠵᠢᠷᠠᠭᠤᠯᠵᠤ ᠪᠠᠢᠨ᠎ᠠ》 ᠭᠡᠪᠡ᠃
( ᠢᠷᠡᠯᠳᠡ᠄ ᠲᠠᠯ᠎ᠠ ᠨᠤᠳᠤᠭ ᠪᠦᠷᠢᠨ ᠵᠠᠭᠤᠴᠢᠯᠠᠭᠤᠷ )
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠠᠨᠠᠷ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃