ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠮᠡᠳᠡᠭᠡᠯᠡᠯ

2022-11-21 12:23:28

ᠵᠣᠬᠢᠶᠠᠭ᠍ᠴᠢ᠄ ᠵᠧᠩ ᠱᠢᠤᠸᠠᠢ ᠯᠢᠶᠠᠩ ᠣᠩᠱᠢᠭ᠍ᠰᠠᠨ ᠣᠳᠠᠭ᠎ᠠ᠄ 3

ᠬᠥᠬᠡᠬᠣᠲᠠ ᠥᠷᠭᠡᠨ ᠣᠯᠠᠨ ᠨᠠᠮ᠎ᠤᠨ ᠭᠡᠱᠢᠭᠦᠨ ᠺᠠᠳ᠋ᠷ᠎ᠢ ᠪᠥᠬᠥ᠌ ᠲᠠᠯ᠎ᠠ᠎ᠪᠠᠷ ᠳᠠᠢᠴᠢᠯᠠᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠲᠡᠮᠡᠴᠡᠯ᠎ᠳᠦ ᠣᠷᠣᠯᠴᠠᠭᠤᠯᠵᠤ᠂ ᠳᠠᠭᠠᠭᠠᠴᠢᠯᠠᠨ ᠬᠠᠷᠢᠭᠤᠴᠠᠵᠤ ᠪᠠᠢᠭ᠎ᠠ ᠺᠠᠳ᠋ᠷ 《ᠰᠠᠭᠤᠭᠠᠯᠢ ᠠᠷᠠᠳ᠎ᠤᠨ ᠲᠤᠭᠤᠷᠢᠭ ᠲᠤ᠌ ᠣᠷᠣᠬᠤ᠂ ᠵᠢᠷᠭᠢᠶ᠎ᠡ ᠵᠢᠨ ᠬᠤᠯᠪᠤᠭ᠎ᠠ᠎ᠳᠤ ᠣᠷᠣᠬᠤ᠂ ᠭᠤᠤᠯᠳᠠᠯᠭ᠎ᠠ ᠲᠠᠢ ᠲᠤᠰᠠᠭᠠᠷᠯᠠᠬᠤ ᠲᠠᠯᠠᠪᠤᠷ ᠭᠠᠵᠠᠷ ᠲᠤ᠌ ᠤᠷᠤᠵᠤ ᠰᠠᠭᠤᠬᠤ》 ᠵᠢ ᠪᠡᠶᠡᠯᠡᠭᠦᠯᠪᠡ᠃ ᠣᠳᠣᠬᠠᠨ᠎ᠳᠤ᠂ ᠪᠥᠬᠥ᠌ ᠬᠣᠲᠠ᠎ᠳᠤ ᠨᠡᠢᠲᠡ 50269 ᠺᠠᠳ᠋ᠷ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ ᠡᠮᠦᠨ᠎ᠡ ᠹᠷᠣᠨᠲ᠎ᠲᠤ ᠡᠷᠡᠯᠬᠡᠭ᠌ᠯᠡᠨ ᠲᠡᠮᠡᠴᠡᠵᠦ᠍ ᠪᠠᠢᠨ᠎ᠠ᠃

ᠬᠥᠬᠡᠬᠣᠲᠠ᠎ᠶ᠋ᠢ ᠬᠠᠮᠠᠭᠠᠯᠠᠬᠤ ᠳᠠᠢᠯᠠᠯᠳᠤᠭᠠᠨ᠎ᠤ ᠢᠯᠠᠯᠲᠠ᠎ᠶ᠋ᠢ ᠤᠯᠬᠤ ᠵᠢᠨ ᠵᠠᠩᠭᠢᠯᠠᠭ᠎ᠠ᠎ᠨᠢ ᠨᠡᠢᠭᠡᠮ ᠲᠣᠭᠣᠷᠢᠭ᠎ᠤᠨ ᠰᠡᠷᠭᠡᠢᠯᠡᠨ ᠡᠵᠡᠮᠳᠡᠬᠦ᠌ ᠠᠵᠢᠯ᠎ᠢ ᠦᠨᠡᠨ ᠬᠦ᠌ ᠪᠣᠳᠠᠲᠠᠶ᠎ᠳᠤ ᠨᠠᠢᠳᠠᠪᠤᠷᠢᠵᠢᠭᠤᠯᠬᠤ ᠳ᠋ᠦ ᠪᠤᠢ᠃ ᠨᠡᠢᠭᠡᠮ ᠲᠣᠭᠣᠷᠢᠭ᠎ᠤᠨ ᠠᠵᠢᠯᠲᠠᠨ᠎ᠤ ᠬᠦᠴᠦᠨ ᠬᠦᠷᠦᠯᠴᠡᠬᠦ᠌ ᠥᠬᠡᠶ ᠪᠠᠢᠬᠤ ᠵᠡᠷᠭᠡ ᠠᠰᠠᠭᠤᠳᠠᠯ᠎ᠳᠤ ᠴᠢᠭ᠌ᠯᠡᠭᠦᠯᠦᠨ᠂ ᠬᠥᠬᠡᠬᠣᠲᠠ ᠵᠣᠬᠢᠶᠠᠨ ᠪᠠᠢᠭᠤᠯᠵᠤ ᠳᠠᠢᠴᠢᠯᠠᠬᠤ ᠠᠵᠢᠯ᠎ᠢ ᠪᠥᠬᠥ᠌ ᠬᠦᠴᠦᠨ᠎ᠢᠶᠡᠷ᠎ᠢᠶᠡᠨ ᠰᠠᠢᠲᠤᠷ ᠠᠳᠭᠤᠵᠤ᠂ ᠦᠨᠳᠦᠰᠦᠨ ᠱᠠᠲᠤᠨ᠎ᠤ ᠪᠠᠢᠳᠠᠯ᠎ᠢ ᠡᠳᠦᠷ ᠪᠦᠷᠢ ᠮᠥᠷᠳᠡᠨ ᠣᠢᠯᠠᠭᠠᠵᠤ᠂ ᠡᠮᠦᠨ᠎ᠡ ᠹᠷᠣᠨᠲ᠎ᠤᠨ ᠬᠥᠮᠦᠰ᠎ᠦᠨ ᠬᠡᠷᠡᠭ᠌ᠴᠡᠭᠡ ᠱᠠᠭᠠᠷᠳᠠᠯᠭ᠎ᠠ᠎ᠶ᠋ᠢ ᠣᠨᠣᠪᠴᠢᠲᠠᠶ ᠡᠵᠡᠮᠱᠢᠨ᠂ ᠬᠠᠩᠭᠠᠯᠭ᠎ᠠ ᠬᠡᠷᠡᠭ᠌ᠴᠡᠭᠡ᠎ᠶ᠋ᠢᠨ ᠡᠬᠡ ᠲᠠᠩᠰᠠ᠎ᠶ᠋ᠢ ᠪᠠᠢᠭᠤᠯᠵᠤ᠂ ᠴᠠᠭ ᠲᠤᠬᠠᠶ᠎ᠳᠤᠨᠢ ᠲᠣᠬᠢᠷᠠᠭᠤᠯᠤᠨ ᠱᠢᠯᠢᠳᠡᠭ᠌ᠵᠢᠭᠦᠯᠵᠦ ᠪᠠᠢᠨ᠎ᠠ᠃ 11 ᠰᠠᠷ᠎ᠠ᠎ᠶ᠋ᠢᠨ 16 ᠎ᠤ᠋ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠂ ᠬᠣᠲᠠ᠂ ᠬᠣᠱᠢᠭᠤ ᠲᠣᠭᠣᠷᠢᠭ ᠭᠤᠷᠪᠠᠨ ᠱᠠᠲᠤᠨ᠎ᠠᠴᠠ ᠳᠠᠭᠠᠭᠠᠴᠢᠯᠠᠨ ᠬᠠᠷᠢᠭᠤᠴᠠᠬᠤ ᠲᠤᠭᠲᠠᠭᠰᠠᠨ ᠴᠡᠭ᠎ᠲᠦ ᠠᠵᠢᠯᠯᠠᠬᠤ ᠺᠠᠳ᠋ᠷ᠎ᠢ ᠨᠡᠢᠲᠡ 6762 ᠰᠣᠩᠭᠣᠨ ᠲᠣᠮᠢᠯᠠᠵᠤ᠂ ᠲᠤᠱᠢᠶᠠᠯ᠎ᠳᠤ ᠪᠠᠢᠭ᠎ᠠ 3.6 ᠲᠦᠮᠡᠨ ᠨᠠᠮ᠎ᠤᠨ ᠭᠡᠱᠢᠭᠦᠨ᠎ᠢ ᠳᠠᠢᠴᠢᠯᠠᠪᠠ᠃ ᠥᠪᠡᠷᠲᠡᠭᠡᠨ ᠵᠠᠰᠠᠬᠤ ᠣᠷᠣᠨ᠎ᠡᠴᠡ ᠬᠥᠬᠡᠬᠣᠲᠠ᠎ᠶ᠋ᠢ ᠲᠤᠰᠠᠯᠠᠬᠤ ᠡᠷᠴᠢᠮ᠎ᠢᠶᠡᠨ ᠤᠯᠠᠮ ᠴᠢᠩᠭᠠᠷᠠᠭᠤᠯᠵᠤ᠂ ᠲᠢᠩᠬᠢᠮ ᠲᠣᠪᠴᠢᠶ᠎ᠠ᠎ᠡᠴᠡ 287 ᠺᠠᠳ᠋ᠷ᠎ᠢ ᠰᠣᠩᠭᠣᠨ 138 ᠰᠠᠭᠤᠭᠠᠯᠢ ᠠᠷᠠᠳ᠎ᠤᠨ ᠲᠣᠭᠣᠷᠢᠭ᠎ᠲᠤ ᠱᠢᠭᠤᠳ ᠲᠤᠮᠢᠯᠠᠵᠤ᠂ ᠡᠪᠡᠳᠴᠢᠨ᠎ᠤ ᠵᠢᠱ᠌ᠢᠶ᠎ᠡ ᠵᠢ ᠦᠭᠡᠢ ᠪᠣᠯᠭᠠᠬᠤ ᠠᠵᠢᠯ᠎ᠢ ᠠᠬᠢᠭᠤᠯᠬᠤ᠎ᠳᠤ ᠲᠡᠮᠵᠢᠯᠭᠡ ᠬᠠᠩᠭᠠᠵᠠᠢ᠃ ᠡᠭᠦᠨ᠎ᠦ ᠬᠠᠮᠲᠤ᠂ ᠬᠥᠬᠡᠬᠣᠲᠠ ᠪᠠᠰᠠ ᠬᠣᠲᠠ᠎ᠶ᠋ᠢᠨ ᠱᠢᠭᠤᠳ ᠬᠠᠷᠢᠶ᠎ᠠ ᠨᠢᠭᠡᠴᠢ᠎ᠡᠴᠡ 525 ᠺᠠᠳ᠋ᠷ᠎ᠢ ᠲᠤᠰᠠᠭᠠᠷᠯᠠᠬᠤ ᠪᠠᠭᠤᠳᠠᠯ᠂ ᠭᠤᠤᠯᠳᠠᠯᠭ᠎ᠠ᠎ᠲᠠᠶ ᠰᠠᠭᠤᠭᠠᠯᠢ ᠠᠷᠠᠳ᠎ᠤᠨ ᠲᠣᠭᠣᠷᠢᠭ᠎ᠲᠤ ᠪᠠᠴᠢᠮ ᠱᠢᠯᠵᠢᠭᠦᠯᠦᠨ ᠠᠪᠴᠢᠷᠠᠵᠤ᠂ ᠬᠦᠴᠦᠨ᠎ᠢᠶᠡᠨ ᠲᠥᠪᠯᠡᠷᠡᠭᠦᠯᠦᠨ ᠪᠥᠬᠥ᠌ ᠬᠦᠴᠦᠨ᠎ᠢᠶᠡᠷ᠎ᠢᠶᠡᠨ ᠪᠣᠭᠣᠮᠲᠠ ᠱᠢᠪᠲᠤᠯᠵᠤ ᠪᠠᠢᠨ᠎ᠠ᠃

ᠰᠠᠭᠤᠭᠠᠯᠢ ᠠᠷᠠᠳ᠎ᠤᠨ ᠲᠤᠭᠤᠷᠢᠭ ᠲᠤ᠌ ᠣᠷᠣᠬᠤ ᠲᠠᠯ᠎ᠠ᠎ᠪᠠᠷ᠂ ᠣᠳᠣᠬᠠᠨ᠎ᠳᠤ ᠳᠠᠭᠠᠭᠠᠴᠢᠯᠠᠨ ᠬᠠᠷᠢᠭᠤᠴᠠᠵᠤ ᠪᠠᠢᠭ᠎ᠠ ᠨᠢᠭᠡᠴᠢ᠎ᠶ᠋ᠢᠨ 3335 ᠨᠠᠮ᠎ᠤᠨ ᠭᠡᠱᠢᠭᠦᠨ ᠺᠠᠳ᠋ᠷ ᠰᠠᠭᠤᠭᠠᠯᠢ ᠠᠷᠠᠳ᠎ᠤᠨ ᠲᠣᠭᠣᠷᠢᠭ᠎ᠤᠨ ᠬᠦᠷᠢᠶᠡᠨ᠎ᠳᠦ ᠨᠢᠭᠡᠨᠲᠡ ᠣᠷᠣᠵᠤ ᠠᠵᠢᠯ ᠥᠷᠨᠢᠭᠦᠯᠵᠦ᠍ ᠪᠠᠢᠨ᠎ᠠ᠃ ᠵᠢᠷᠭᠢᠶ᠎ᠡ ᠵᠢᠨ ᠬᠤᠯᠪᠤᠭ᠎ᠠ᠎ᠳᠤ ᠣᠷᠣᠬᠤ ᠲᠠᠯ᠎ᠠ᠎ᠪᠠᠷ᠂ ᠪᠤᠢ ᠪᠦᠬᠦᠢ ᠳᠠᠭᠠᠭᠠᠴᠢᠯᠠᠨ ᠬᠠᠷᠢᠭᠤᠴᠠᠵᠤ ᠪᠠᠢᠭ᠎ᠠ ᠺᠠᠳ᠋ᠷ᠂ ᠡᠮᠦᠨ᠎ᠡ ᠹᠷᠣᠨᠲ᠎ᠲᠤ ᠲᠤᠮᠢᠯᠠᠭᠰᠠᠨ ᠺᠠᠳ᠋ᠷ᠂ ᠭᠠᠪᠱᠢᠭᠠᠢ ᠠᠩᠭᠢ᠎ᠶ᠋ᠢᠨ ᠭᠡᠱᠢᠭᠦᠳ ᠠᠵᠢᠯ᠎ᠤᠨ ᠬᠤᠯᠪᠤᠭ᠎ᠠ ᠪᠠᠢᠭᠤᠯᠵᠤ᠂ ᠤᠯᠤᠯᠴᠠᠭ᠎ᠠ ᠬᠠᠮᠵᠢᠯᠴᠠᠭ᠎ᠠ᠎ᠪᠠᠨ ᠴᠢᠩᠭᠠᠳᠭᠠᠬᠤ ᠵᠢᠨ ᠬᠠᠮᠲᠤ᠂ ᠲᠤᠤᠷᠵᠢᠭᠤᠯᠤᠯᠲᠠ ᠵᠢᠨ ᠬᠤᠯᠪᠤᠭ᠎ᠠ᠂ ᠠᠰᠠᠷ᠎ᠤᠨ ᠬᠤᠯᠪᠤᠭ᠎ᠠ᠂ ᠰᠠᠭᠤᠭᠠᠯᠢ ᠠᠷᠠᠳ᠎ᠤᠨ ᠬᠤᠯᠪᠤᠭᠠ᠎ᠳᠤ ᠣᠷᠣᠵᠤ᠂ ᠣᠯᠠᠨ ᠲᠦᠮᠡᠨ᠎ᠦ ᠱᠢᠭᠦᠮᠵᠢᠯᠡᠯ᠎ᠢ ᠳᠠᠷᠤᠤ ᠬᠢᠴᠢᠶᠡᠩᠭᠦᠶ᠎ᠪᠡᠷ ᠭᠥᠯᠢᠶᠡᠨ ᠠᠪᠴᠤ᠌᠂ ᠣᠯᠠᠨ ᠲᠦᠮᠡᠨ᠎ᠦ ᠰᠠᠨᠠᠯ᠎ᠢ ᠰᠠᠨᠠᠭᠠᠴᠢᠯᠠᠭ᠎ᠠ᠎ᠠᠴᠠ᠎ᠪᠠᠨ ᠰᠣᠨᠣᠰᠴᠤ ᠪᠤᠢ᠃ 11 ᠰᠠᠷ᠎ᠠ᠎ᠶ᠋ᠢᠨ 16᠎ᠤ᠋ ᠡᠳᠦᠷ ᠪᠣᠯᠲᠠᠯ᠎ᠠ᠂ 2330 ᠺᠠᠳ᠋ᠷ ᠨᠢᠭᠡᠨᠲᠡ 《ᠵᠢᠷᠭᠢᠶ᠎ᠠ ᠵᠢᠨ ᠬᠤᠯᠪᠤᠭ᠎ᠠ᠎ᠳᠤ ᠤᠷᠤᠬᠤ》 ᠶ᠋ᠢ ᠪᠡᠶᠡᠯᠡᠭᠦᠯᠵᠡᠶ᠃ ᠭᠤᠤᠯᠳᠠᠯᠭ᠎ᠠ ᠲᠠᠢ ᠲᠤᠰᠠᠭᠠᠷᠯᠠᠬᠤ ᠲᠠᠯᠠᠪᠤᠷ ᠭᠠᠵᠠᠷ ᠲᠤ᠌ ᠣᠷᠣᠬᠤ ᠲᠠᠯ᠎ᠠ᠎ᠪᠠᠷ᠂ ᠲᠤᠰᠠᠭᠠᠷᠯᠠᠬᠤ ᠪᠠᠭᠤᠳᠠᠯ᠂ ᠠᠵᠤ ᠠᠬᠤᠢᠯᠠᠯ᠎ᠤᠨ ᠬᠦᠷᠢᠶᠡᠯᠡᠩ ᠲᠣᠭᠣᠷᠢᠭ᠂ ᠪᠠᠷᠢᠯᠭ᠎ᠠ᠎ᠶ᠋ᠢᠨ ᠭᠠᠵᠠᠷ᠂ ᠲᠠᠷᠢᠶᠠᠯᠠᠩ᠎ᠤᠨ ᠪᠦᠲᠦᠭᠡᠭ᠌ᠳᠡᠬᠦᠨ᠎ᠦ ᠠᠷᠠᠯᠵᠢᠶᠠᠨ᠎ᠤ ᠵᠠᠬ᠎ᠠ ᠳᠡᠯᠭᠡᠭᠦᠷ᠂ ᠵᠠᠮ ᠬᠠᠷᠢᠯᠴᠠᠭᠠᠨ᠎ᠤ ᠪᠣᠭᠣᠮᠲᠠ᠂ ᠠᠰᠠᠷᠠᠮᠵᠢ᠎ᠶ᠋ᠢᠨ ᠬᠦᠷᠢᠶᠡᠯᠡᠩ ᠵᠡᠷᠭᠡ ᠭᠣᠣᠯᠳᠠᠯᠭ᠎ᠠ᠎ᠲᠠᠶ ᠲᠠᠯᠠᠪᠤᠷ ᠭᠠᠵᠠᠷ ᠪᠣᠯᠤᠨ ᠭᠣᠣᠯᠳᠠᠯᠭ᠎ᠠ᠎ᠲᠠᠶ ᠬᠥᠮᠦᠰ᠎ᠲᠡᠬᠢ ᠵᠢᠯᠤᠭᠤᠳᠤᠯᠭ᠎ᠠ ᠦᠢᠯᠡᠴᠢᠯᠡᠭᠡ᠎ᠪᠡᠨ ᠴᠢᠩᠭᠠᠳᠭᠠᠵᠤ᠂ ᠨᠢᠭᠡᠨᠲᠡ 3380 ᠺᠠᠳ᠋ᠷ ᠲᠣᠮᠢᠯᠠᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面