2022-11-22 17:38:59
ᠬᠥᠬᠡᠬᠣᠲᠠ᠎ᠶᠢᠨ ᠬᠢᠵᠢᠭ᠌᠎ᠦᠨ ᠪᠠᠢᠳᠠᠯ᠎ᠢ ᠰᠡᠷᠭᠡᠢᠯᠡᠨ ᠡᠵᠡᠮᠳᠡᠬᠦ ᠠᠵᠢᠯ᠎ᠤᠨ ᠵᠢᠯᠤᠭᠤᠳᠬᠤ ᠭᠠᠵᠠᠷ ᠡᠴᠡ ᠣᠢᠯᠠᠭᠠᠭᠰᠠᠨ ᠵᠢᠡᠷ᠂ ᠬᠥᠬᠡᠬᠣᠲᠠ᠎ᠶᠢᠨ ᠬᠢᠵᠢᠭ᠌᠎ᠦᠨ ᠪᠠᠢᠳᠠᠯ᠎ᠢ ᠰᠡᠷᠭᠡᠢᠯᠡᠨ ᠡᠵᠡᠮᠳᠡᠬᠦ ᠠᠵᠢᠯ᠎ᠳᠤ ᠬᠣᠷᠢᠨ ᠵᠤᠷᠪᠤᠰ ᠠᠷᠭ᠎ᠠ ᠬᠡᠮᠵᠢᠶ᠎ᠡ᠎ᠶᠢ ᠲᠡᠷᠡ ᠬᠡᠪ᠎ᠢᠶᠡᠷ ᠨᠢ᠂ ᠰᠢᠨᠵᠢᠯᠡᠬᠦ ᠤᠬᠠᠭᠠᠨᠴᠢᠨᠠᠷᠢᠯᠢᠭ᠋ ᠣᠨᠣᠴᠠᠲᠠᠢ᠎ᠪᠠᠷ ᠨᠠᠢᠳᠠᠪᠤᠷᠢᠵᠢᠭᠤᠯᠵᠤ᠂ ᠲᠥᠪᠯᠡᠷᠡᠭᠦᠯᠦᠨ ᠲᠤᠰᠠᠭᠠᠷᠯᠠᠬᠤ ᠴᠡᠭ᠎ᠦᠨ ᠬᠠᠮᠢᠶᠠᠷᠤᠯᠲᠠ᠎ᠶᠢ ᠴᠢᠩᠭᠠᠳᠬᠠᠪᠠ᠃
ᠲᠥᠪᠯᠡᠷᠡᠭᠦᠯᠦᠨ ᠲᠤᠰᠠᠭᠠᠷᠯᠠᠬᠤ ᠴᠡᠭ᠎ᠤᠨ ᠵᠢᠷᠤᠮᠵᠢᠭ᠍ᠰᠠᠨ ᠬᠠᠮᠢᠶᠠᠷᠤᠯᠲᠠ ᠪᠠ ᠠᠮᠤᠷ ᠲᠦᠪᠰᠢᠨ᠎ᠦ ᠬᠠᠮᠢᠶᠠᠷᠤᠯᠲᠠ᠎ᠶᠢ ᠴᠢᠩᠭ᠎ᠠ ᠠᠳᠬᠤᠵᠤ᠂ ᠬᠠᠮᠢᠶᠠᠷᠤᠯᠲᠠ᠎ᠶᠢᠨ ᠬᠢᠷᠢ ᠬᠡᠮᠵᠢᠶ᠎ᠡ᠎ᠶᠢ ᠪᠥᠬᠥ ᠲᠠᠯ᠎ᠠ᠎ᠪᠠᠷ ᠳᠡᠭᠡᠭᠰᠢᠯᠡᠭᠦᠯᠦᠨ᠂ ᠰᠣᠯᠪᠢᠴᠠᠨ ᠬᠠᠯᠳᠠᠪᠤᠷᠢᠯᠠᠬᠤ᠎ᠶᠢ ᠡᠷᠡᠰ ᠬᠣᠷᠢᠭ᠍ᠯᠠᠵᠤ᠂ ᠲᠤᠰᠠᠭᠠᠷᠯᠠᠬᠳᠠᠬᠰᠠᠳᠲᠦ ᠰᠠᠨᠠᠭ᠎ᠠ ᠠᠮᠤᠷ ᠠᠮᠢᠳᠤᠷᠠᠯ᠎ᠤᠨ ᠣᠷᠴᠢᠨ ᠲᠣᠭᠣᠷᠢᠨ᠎ᠢ ᠪᠣᠶ ᠪᠣᠯᠭᠠᠨ ᠦᠭᠴᠦ ᠪᠤᠢ᠃
ᠲᠥᠪᠯᠡᠷᠡᠭᠦᠯᠦᠨ ᠲᠤᠰᠠᠭᠠᠷᠯᠠᠬᠤ ᠴᠡᠭ᠎ᠤᠨ ᠣᠷᠴᠢᠨ ᠲᠣᠭᠣᠷᠢᠨ᠎ᠤ ᠡᠷᠡᠭᠦᠯ ᠬᠠᠮᠠᠭᠠᠯᠠᠯ᠎ᠤᠨ ᠬᠠᠮᠢᠶᠠᠷᠤᠯᠲᠠ᠎ᠶᠢ ᠴᠢᠩᠭ᠎ᠠ ᠠᠳᠬᠤᠵᠤ᠂ ᠲᠤᠰᠬᠠᠢ ᠠᠷᠢᠭᠤᠳᠬᠠᠬᠤ ᠪᠠ ᠴᠡᠪᠡᠷᠯᠡᠭᠴᠢ ᠲᠣᠬᠢᠷᠠᠭᠤᠯᠤᠨ᠂ ᠲᠤᠰᠠᠭᠠᠷᠯᠠᠬᠳᠠᠭᠰᠠᠳᠤᠨ ᠣᠷᠣᠰᠢᠨ ᠰᠠᠭᠤᠬᠤ ᠣᠷᠴᠢᠨ ᠲᠣᠭᠣᠷᠢᠨ᠎ᠤ ᠠᠷᠢᠭᠤᠨ ᠴᠡᠪᠡᠷ᠎ᠢ ᠪᠠᠳᠤᠯᠠᠵᠦ ᠪᠤᠢ᠃
ᠲᠤᠰᠠᠭᠠᠷᠯᠠᠬᠤ ᠴᠡᠭ᠎ᠤᠨ ᠡᠮᠴᠢᠯᠡᠭᠡᠨ᠎ᠦ ᠦᠢᠯᠡᠴᠢᠯᠡᠭᠡᠨ᠎ᠦ ᠪᠠᠲᠤᠯᠠᠭ᠎ᠠ᠎ᠶᠢ ᠴᠢᠩᠭᠠᠳᠬᠠᠵᠤ᠂ ᠤᠨᠴᠠᠭᠠᠢ ᠬᠡᠷᠡᠭᠴᠡᠭᠡ ᠱᠠᠭᠠᠷᠳᠠᠯᠭ᠎ᠠ᠎ᠲᠠᠢ ᠬᠥᠮᠥᠰ᠎ᠢ ᠬᠠᠯᠠᠮᠵᠢᠯᠠᠵᠦ ᠪᠤᠢ᠃ ᠰᠦᠯᠵᠢᠶᠡᠨ ᠬᠢᠴᠢᠶᠡᠯ᠎ᠦᠨ ᠱᠠᠭᠠᠷᠳᠠᠯᠭ᠎ᠠ ᠲᠠᠢ᠎ᠶᠢ ᠨᠢ ᠠᠯᠢ ᠴᠢᠳᠠᠬᠤ᠎ᠪᠠᠷ ᠤᠲᠠᠰᠤ ᠦᠭᠡᠢ ᠰᠦᠯᠵᠢᠶ᠎ᠠ ᠲᠠᠢ ᠲᠤᠰᠠᠭᠠᠷᠯᠠᠬᠤ ᠴᠡᠭ᠎ᠲᠦ ᠲᠣᠬᠢᠷᠠᠭᠤᠯᠬᠤ ᠪᠤᠶᠤ ᠰᠦᠯᠵᠢᠶᠡᠨ ᠪ ᠤᠷᠤᠰᠤᠴᠠ ᠬᠦᠷᠭᠡᠵᠦ᠂ ᠰᠦᠯᠵᠢᠶᠡᠨ᠎ᠳᠦ ᠭᠠᠷᠬᠤ ᠱᠠᠭᠠᠷᠳᠠᠯᠭ᠎ᠠ᠎ᠶᠢ ᠬᠠᠩᠭᠠᠪᠠ᠃ ᠨᠢᠯᠬ᠎ᠠ ᠬᠡᠦᠬᠡᠳ᠎ᠲᠦ ᠠᠮᠢᠳᠤᠷᠠᠯ᠎ᠤᠨ ᠬᠡᠷᠡᠭᠰᠡᠯ ᠬᠦᠷᠭᠡᠵᠦ᠂ ᠨᠠᠰᠤᠲᠠᠢᠴᠤᠳ᠎ᠲᠤ ᠰᠢᠮ᠎ᠡ ᠲᠡᠵᠢᠭᠡᠯᠲᠦ ᠬᠣᠭᠣᠯᠠ ᠪᠡᠯᠡᠳᠬᠡᠨ᠂ ᠲᠤᠰᠠᠭᠠᠷᠯᠠᠬᠤ ᠭᠠᠵᠠᠷ ᠪᠣᠯᠭᠠᠨ᠎ᠳᠤ ᠰᠡᠳᠬᠢᠴᠡ᠎ᠶᠢᠨ ᠲᠤᠰᠬᠠᠢ ᠮᠡᠷᠭᠡᠵᠢᠯᠲᠡᠨ ᠲᠣᠬᠢᠷᠠᠭᠤᠯᠵᠤ᠂ ᠯᠠᠪᠯᠠᠬᠤ ᠤᠲᠠᠰᠤᠳᠤᠬᠢᠷᠠᠭᠤᠯᠤᠨ᠂ ᠰᠡᠳᠬᠢᠴᠡ᠎ᠶᠢᠨ ᠯᠠᠪᠯᠠᠯᠲᠠ᠎ᠶᠢᠨ ᠦᠢᠯᠡᠴᠢᠯᠡᠭᠡ ᠬᠠᠩᠭᠠᠪᠠ᠃ᠲᠤᠰᠠᠭᠠᠷᠯᠠᠬᠳᠠᠭᠰᠠᠳᠲᠦ᠍ ᠬᠠᠨᠳᠤᠭᠤᠯᠤᠨ ᠳᠠᠭᠠᠭᠠᠴᠢᠯᠠᠨ ᠬᠤᠯᠪᠤᠭᠠᠯᠠᠬᠤ ᠴᠡᠭ᠎ᠦᠨ ᠳᠠᠷᠤᠭ᠎ᠠ᠂ ᠴᠡᠭ᠎ᠲᠦ ᠰᠠᠭᠤᠭ᠎ᠠ ᠺᠠᠳ᠋ᠷᠴᠤᠳ᠎ᠤᠨ ᠤᠲᠠᠰᠤ᠂ ᠡᠮᠴᠢ ᠰᠤᠪᠢᠯᠠᠭ᠍ᠴᠢ᠂ ᠰᠡᠳᠬᠢᠴᠡ᠎ᠶᠢᠨ ᠡᠮᠴᠢ᠎ᠶᠢᠨ ᠤᠲᠠᠰᠤ᠎ᠶᠢ ᠨᠡᠢᠲᠡᠯᠡᠵᠦ᠂ ᠬᠠᠮᠢᠶ᠎ᠠ ᠪᠦᠬᠦᠢ ᠱᠠᠭᠠᠷᠳᠠᠯᠭ᠎ᠠ ᠵᠢᠴᠢ ᠲᠥᠷᠥ᠍᠎ᠶᠢᠨ ᠪᠣᠳᠣᠯᠭ᠎ᠠ ᠵᠡᠷᠭᠡ᠎ᠶᠢ ᠮᠡᠳᠡᠭᠳᠡᠪᠡ᠃ ᠲᠤᠰᠠᠭᠠᠷᠯᠠᠬᠤ ᠴᠡᠭ᠎ᠲᠦ ᠰᠠᠭᠤᠭ᠎ᠠ ᠲᠣᠮᠢᠯᠠᠬᠰᠠᠨ ᠪᠠ ᠳᠠᠭᠠᠭᠠᠴᠢᠯᠠᠨ ᠬᠣᠯᠪᠣᠭᠠᠯᠠᠬᠰᠠᠨ ᠺᠠᠳ᠋ᠷ ᠠᠵᠢᠯᠲᠠᠨ ᠴᠤ᠌ ᠰᠠᠨᠠᠭᠠᠴᠢᠯᠠᠭ᠎ᠠ᠎ᠠᠴᠠ᠎ᠪᠠᠨ ᠲᠤᠰᠠᠭᠠᠷᠯᠠᠬᠳᠠᠬᠰᠠᠳᠲᠠᠢ ᠰᠠᠨᠠᠯ᠎ᠢᠶᠠᠨ ᠰᠣᠯᠢᠯᠴᠠᠵᠤ᠂ ᠱᠠᠭᠠᠷᠳᠠᠯᠭ᠎ᠠ᠎ᠶᠢ ᠨᠢ ᠰᠣᠨᠣᠰᠴᠤ᠂ ᠣᠷᠣᠰᠢᠵᠤ ᠪᠠᠢᠭ᠎ᠠ ᠠᠰᠠᠭᠤᠳᠠᠯ᠎ᠢ ᠰᠢᠢᠳᠪᠦᠷᠢᠯᠡᠪᠡ᠃
ᠢᠷᠡᠯᠳᠡ ᠄ ᠲᠠᠯ᠎ᠠ ᠨᠤᠲᠤᠭ ᠪᠦᠷᠢᠨ ᠵᠠᠭᠤᠴᠢᠯᠠᠭᠤᠷ
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠴᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃