2022-11-22 17:44:57
ᠣᠢᠷ᠎ᠠ᠎ᠶᠢᠨ ᠡᠳᠦᠷ᠎ᠦᠳ᠎ᠲᠦ ᠵᠡᠭᠡᠯᠢ ᠳᠠᠭᠠᠤ᠎ᠶᠢᠨ 《ᠨᠢᠭᠡ ᠬᠡᠳᠦ ᠳᠡᠯᠭᠡᠬᠦᠷ ᠲᠤᠯᠤᠭᠠᠨ ᠳᠡᠯᠭᠡᠭᠦᠷ》 ᠢ ᠡᠮᠬᠢ ᠵᠢᠷᠤᠮ᠎ᠲᠠᠢ ᠨᠡᠭᠡᠭᠡᠬᠦ᠎ᠶᠢ ᠳᠠᠭᠠᠯᠳᠤᠨ ᠂ ᠠᠮᠢᠳᠤᠷᠠᠯ᠎ᠤᠨ ᠴᠢᠬᠤᠯᠠ ᠬᠡᠷᠡᠭᠯᠡᠭᠡᠨ᠎ᠦ ᠵᠦᠢᠯ᠎ᠦᠨ ᠬᠠᠩᠭᠠᠯᠭ᠎ᠠ᠎ᠶᠢ ᠤᠯᠠᠮ ᠨᠢᠭᠡ ᠠᠯᠬᠤᠮ ᠰᠠᠢᠲᠤᠷ ᠬᠢᠬᠦ᠎ᠶᠢᠨ ᠲᠥᠯᠥᠭᠡ ᠬᠥᠬᠡᠬᠣᠲᠠ᠎ᠶᠢᠨ ᠬᠢᠨ 3 ᠲᠠᠯ᠎ᠠ᠎ᠶᠢᠨ ᠠᠵᠢᠯ᠎ᠢ ᠭᠣᠣᠯᠳᠠᠯᠭ᠎ᠠ᠎ᠲᠠᠢ ᠴᠢᠩᠭᠠᠳᠬᠠᠪᠠ ᠃
ᠪᠥᠭᠡᠮ᠎ᠢᠶᠡᠷ ᠬᠤᠳᠠᠯᠳᠤᠬᠤ 4 ᠵᠠᠬ᠎ᠠ ᠳᠡᠯᠭᠡᠭᠦᠷ᠂ 9 ᠲᠣᠮᠣ᠌ ᠬᠡᠯᠪᠡᠷᠢ᠎ᠶᠢᠨ ᠬᠡᠯᠬᠢᠶ᠎ᠠ ᠬᠡᠲᠦ ᠳᠡᠯᠭᠡᠭᠦᠷ (ᠲᠦᠭᠦᠬᠡᠢ ᠰᠢᠨ᠎ᠡ ᠰᠣᠷᠭᠣᠭ ᠪᠦᠲᠦᠭᠡᠭᠳᠡᠬᠦᠨ᠎ᠤ ᠳᠡᠯᠭᠡᠭᠦᠷ)᠂ 10 ᠲᠠᠷᠢᠶᠠᠯᠠᠩ᠎ᠤᠨ ᠪᠦᠳᠦᠬᠡᠭᠳᠡᠬᠦᠨ᠎ᠤ ᠠᠷᠠᠯᠵᠢᠶᠠᠨ᠎ᠤ ᠵᠠᠬ᠎ᠠ ᠳᠡᠯᠭᠡᠭᠦᠷ ᠵᠡᠷᠭᠡ ᠭᠣᠣᠯᠳᠠᠯᠭ᠎ᠠ᠎ᠲᠠᠢ ᠠᠵᠤ ᠠᠬᠤᠢᠯᠠᠯ᠎ᠤᠨ ᠠᠮᠤ ᠪᠤᠳᠠᠭ᠎ᠠ᠂ ᠢᠳᠡᠰᠢᠨ ᠨᠣᠭᠣᠭ᠎ᠠ᠂ ᠮᠢᠬ᠎ᠠ ᠥᠨᠳᠡᠭᠡ ᠵᠡᠷᠭᠡ 19 ᠵᠦᠢᠯ᠎ᠦᠨ ᠠᠮᠢᠳᠤᠷᠠᠯ᠎ᠤᠨ ᠴᠢᠬᠤᠯᠠ ᠬᠡᠷᠡᠭᠯᠡᠭᠡᠨ᠎ᠦ ᠵᠦᠢᠯ᠎ᠤᠨ ᠬᠤᠳᠠᠯᠳᠤᠭᠰᠠᠨ ᠪᠠ ᠬᠠᠳᠠᠭᠠᠯᠠᠵᠤ ᠪᠠᠢᠭ᠎ᠠ ᠪᠠᠢᠳᠠᠯ ᠳ᠋ᠤ ᠡᠳᠦᠷ᠎ᠦᠨ ᠬᠢᠨᠠᠨ ᠬᠡᠮᠵᠢᠯᠲᠡ ᠬᠢᠵᠦ᠂ ᠰᠠᠭᠤᠷᠢ ᠲᠣᠭ᠎ᠠ᠎ᠶᠢ ᠲᠣᠳᠣᠷᠬᠠᠢ ᠣᠢᠯᠠᠭᠠᠨ᠂ ᠵᠠᠬ᠎ᠠ ᠳᠡᠯᠭᠡᠭᠦᠷ᠎ᠦᠨ ᠠᠵᠢᠯᠯᠠᠭᠠᠨ᠎ᠤ ᠬᠥᠳᠡᠯᠦᠩᠭᠦᠢ ᠪᠠᠢᠳᠠᠯ᠎ᠢ ᠴᠠᠭ ᠲᠤᠬᠠᠢ ᠳ᠋ᠤᠨᠢ ᠡᠵᠡᠮᠰᠢᠵᠦ ᠲᠣᠭᠲᠠᠪᠤᠷᠢᠵᠢᠭᠤᠯᠪᠠ᠃ ᠣᠢᠷ᠎ᠠ᠎ᠶᠢᠨ ᠨᠢᠭᠡ ᠭᠠᠷᠠᠭ᠎ᠲᠦ᠂ ᠬᠥᠬᠡᠬᠣᠲᠠ᠎ᠶᠢᠨ ᠢᠳᠡᠰᠢᠨ ᠨᠣᠭᠣᠭ᠎ᠠ᠎ᠶᠢᠨ ᠡᠳᠦᠷ ᠳᠤᠮᠳᠠᠴᠢ᠎ᠶᠢᠨ ᠪᠠᠷᠠᠭ᠎ᠠ ᠣᠷᠣᠭᠤᠯᠤᠭᠰᠠᠨ ᠬᠡᠮᠵᠢᠶ᠎ᠡ᠂ ᠬᠤᠳᠠᠯᠳᠤᠭᠰᠠᠨ ᠬᠡᠮᠵᠢᠶ᠎ᠡ ᠴᠥᠮ 1100 ᠲᠣᠨ ᠠ᠋ᠴᠠ ᠳᠡᠭᠡᠭᠰᠢ ᠪᠠᠢᠬᠤ ᠵᠢ ᠪᠠᠲᠤᠯᠠᠵᠤ᠂ ᠬᠢᠵᠢᠭ᠌᠎ᠦᠨ ᠪᠠᠢᠳᠠᠯ ᠠ᠋ᠴᠠ ᠡᠮᠦᠨᠡᠬᠢ ᠵᠠᠬ᠎ᠠ ᠳᠡᠯᠭᠡᠭᠦᠷ᠎ᠦᠨ ᠬᠠᠩᠭᠠᠨ ᠪᠣᠷᠣᠯᠠᠭᠤᠯᠬᠤ ᠬᠢᠷᠢ ᠲᠦᠪᠰᠢᠨ᠎ᠳᠦ ᠦᠨᠳᠦᠰᠦᠨ᠎ᠳᠡᠭᠡᠨ ᠭᠦᠷᠦᠭᠰᠡᠨ ᠪᠠᠢᠨ᠎ᠠ ᠃
ᠠᠵᠤ ᠠᠬᠤᠢᠯᠠᠯ᠎ᠢ ᠬᠥᠲᠥᠯᠥᠨ ᠵᠢᠯᠤᠭᠣᠳᠴᠤ ᠪᠠᠢᠭᠠᠳ ᠱᠠᠨᠳᠦ᠋ᠩ᠎ᠦᠨ ᠱᠧᠦ ᠭᠤᠸᠠᠩ᠂ ᠾᠧᠪᠧᠢ ᠵᠢᠨ ᠪᠤᠤᠳᠢᠩ ᠵᠡᠷᠭᠡ ᠰᠢᠯᠵᠢᠭᠦᠯᠦᠨ ᠲᠡᠭᠡᠭᠡᠪᠦᠷᠢᠯᠡᠬᠦ ᠳᠤᠬᠳᠠᠮᠠᠯ ᠵᠠᠮ ᠱᠤᠭᠤᠮ᠎ᠢ ᠪᠡᠬᠢᠵᠢᠭᠦᠯᠦᠭᠰᠡᠨ ᠰᠠᠭᠤᠷᠢᠨ ᠳᠡᠭᠡᠷ᠎ᠡ᠂ ᠨᠢᠩᠰᠢᠶᠠ᠎ᠶᠢᠨ ᠢᠷᠭᠠᠢ᠂ ᠱᠠᠨᠰᠢ᠎ᠶᠢᠨ ᠰᠢ ᠠᠨ᠂ ᠯᠢᠶᠣᠤᠨᠢᠩ᠎ᠤᠨ ᠯᠢᠩᠶᠤᠸᠠᠨ ᠵᠡᠷᠭᠡ ᠪᠠᠷᠠᠭᠠᠨ᠎ᠤ ᠢᠷᠡᠯᠲᠡ᠎ᠶᠢᠨ ᠪᠡᠯᠡᠳᠬᠡᠯ ᠵᠠᠮ ᠮᠥᠷ᠎ᠢ ᠢᠳᠡᠪᠬᠢᠲᠡᠢ᠎ᠪᠡᠷ ᠨᠡᠭᠡᠭᠡᠵᠦ᠂ ᠴᠠᠭ ᠲᠤᠬᠠᠢ ᠳ᠋ᠤᠨᠢ ᠰᠢᠯᠵᠢᠭᠦᠯᠦᠨ ᠲᠡᠭᠡᠭᠡᠪᠦᠷᠢᠯᠡᠬᠦ᠎ᠶᠢ ᠪᠡᠶᠡᠯᠡᠭᠦᠯᠵᠡᠢ᠃ ᠲᠣᠮᠣ᠌ ᠬᠡᠯᠪᠡᠷᠢ᠎ᠶᠢᠨ ᠬᠡᠯᠬᠢᠶ᠎ᠡ ᠬᠡᠲᠦ ᠳᠡᠯᠭᠡᠭᠦᠷ᠎ᠢ ᠵᠢᠯᠤᠭᠣᠳᠴᠤ ᠪᠠᠢᠭᠠᠳ ᠥᠪᠡᠷ᠎ᠦᠨ ᠬᠠᠩᠭᠠᠯᠭ᠎ᠠ᠎ᠶᠢᠨ ᠬᠡᠯᠬᠢᠶ᠎ᠡ᠎ᠶᠢ ᠨᠢ ᠳᠤᠭᠳᠠᠪᠤᠷᠢᠵᠢᠭᠤᠯᠪᠠ᠃
ᠬᠣᠯᠪᠣᠭ᠎ᠠ ᠬᠡᠳᠦ ᠳᠡᠯᠭᠡᠭᠦᠷ᠂ ᠲᠦᠭᠦᠬᠡᠢ ᠰᠣᠷᠭᠣᠭ ᠢᠳᠡᠭᠡᠨ᠎ᠦ ᠳᠥᠭᠥᠮ ᠳᠡᠯᠭᠡᠭᠦᠷ᠎ᠲᠦ ᠴᠢᠭᠯᠡᠭᠦᠯᠦᠨ᠂ ᠲᠣᠪᠴᠢᠶ᠎ᠠ᠎ᠶᠢᠨ ᠤᠳᠤᠷᠢᠳᠤᠯᠭ᠎ᠠ ᠬᠣᠲᠠ᠎ᠶᠢᠨ ᠳᠥᠷᠪᠡᠳᠦᠭᠡᠷ ᠲᠣᠭᠣᠷᠢᠭ᠋᠎ᠢ ᠳᠠᠭᠠᠭᠠᠴᠢᠯᠠᠨ ᠬᠤᠯᠪᠤᠭᠠᠯᠠᠬᠤ + ᠬᠡᠳᠦ ᠳᠡᠯᠭᠡᠭᠦᠷ᠎ᠦᠨ ᠴᠡᠭ᠎ᠦᠨ ᠳᠠᠷᠤᠭ᠎ᠠ᠎ᠶᠢᠨ ᠪᠠᠢᠩᠭᠤ᠎ᠶᠢᠨ ᠬᠢᠨᠠᠨ ᠵᠢᠯᠤᠭᠣᠳᠬᠤ ᠲᠣᠭᠲᠠᠴᠠ ᠵᠢ ᠪᠠᠢᠭᠤᠯᠵᠤ᠂ 《ᠲᠣᠮᠣ᠌ ᠬᠡᠯᠪᠡᠷᠢ᠎ᠶᠢᠨ ᠬᠡᠯᠬᠢᠶ᠎ᠠ ᠬᠡᠲᠦ ᠳᠡᠯᠭᠡᠭᠦᠷ᠎ᠦᠨ ᠬᠢᠵᠢᠭ᠌᠎ᠦᠨ ᠪᠠᠢᠳᠠᠯ᠎ᠢ ᠰᠡᠷᠭᠡᠢᠯᠡᠨ ᠡᠵᠡᠮᠳᠡᠬᠦ ᠬᠠᠮᠢᠶᠠᠷᠤᠯᠲᠠ᠎ᠶᠢᠨ ᠵᠢᠷᠤᠮᠵᠢᠯ》᠂ 《ᠬᠢᠵᠢᠭ᠌᠎ᠦᠨ ᠬᠤᠭᠤᠴᠠᠭᠠᠨ᠎ᠳᠠᠬᠢ ᠬᠤᠳᠠᠯᠳᠤᠭᠠᠨ᠎ᠤ ᠲᠠᠯᠠᠪᠤᠷ᠂ ᠬᠡᠲᠦ ᠳᠡᠯᠭᠡᠭᠦᠷ᠎ᠦᠨ ᠤᠷᠢᠳᠴᠢᠯᠠᠨ ᠰᠡᠷᠭᠡᠢᠯᠡᠬᠦ ᠴᠢᠨᠠᠷᠲᠠᠢ ᠠᠷᠢᠭᠤᠳᠬᠠᠬᠤ ᠵᠦᠭᠯᠡᠭᠦᠷ》᠎ᠢ ᠳᠠᠷᠤᠮᠠᠯᠯᠠᠨ ᠲᠠᠷᠬᠠᠭᠠᠵᠤ᠂ ᠵᠠᠬ᠎ᠠ ᠳᠡᠯᠭᠡᠭᠦᠷ᠎ᠦᠨ ᠭᠣᠣᠯ ᠴᠣᠭᠴᠠ᠎ᠶᠢ ᠰᠢᠮᠳᠠᠭᠤᠯᠵᠤ ᠪᠠᠢᠭᠠᠳ ᠠᠵᠢᠯᠲᠠᠨ᠎ᠤ ᠪᠢᠲᠡᠭᠦᠮᠵᠢᠯᠡᠭᠰᠡᠨ ᠬᠠᠮᠢᠶᠠᠷᠤᠯᠳᠠ᠂ ᠬᠦᠷᠦᠯᠴᠡᠬᠦ ᠦᠭᠡᠢ᠎ᠪᠡᠷ ᠲᠣᠬᠢᠷᠠᠭᠤᠯᠤᠨ ᠬᠦᠷᠭᠡᠬᠦ᠂ ᠣᠷᠴᠢᠨ ᠲᠣᠭᠣᠷᠢᠨ᠎ᠢ ᠠᠷᠢᠭᠤᠳᠬᠠᠬᠤ ᠵᠡᠷᠭᠡ ᠬᠢᠵᠢᠭ᠌᠎ᠦᠨ ᠪᠠᠢᠳᠠᠯ᠎ᠢ ᠰᠡᠷᠭᠡᠢᠯᠡᠨ ᠡᠵᠡᠮᠳᠡᠬᠦ ᠠᠷᠭ᠎ᠠ ᠬᠡᠮᠵᠢᠶ᠎ᠡ᠎ᠶᠢ ᠴᠢᠩᠭ᠎ᠠ ᠨᠠᠢᠳᠠᠪᠤᠷᠢᠵᠢᠭᠤᠯᠵᠤ᠂ ᠠᠰᠠᠭᠤᠳᠠᠯ᠎ᠢ ᠢᠯᠡᠷᠡᠭᠦᠯᠪᠡᠯ ᠠᠵᠤ ᠠᠬᠤᠢᠯᠠᠯ᠎ᠢ ᠳᠠᠷᠤᠢᠬᠠᠨ ᠬᠡᠷᠡᠭᠵᠢᠭᠦᠯᠵᠦ ᠳᠠᠷᠤᠢᠬᠠᠨ ᠰᠠᠢᠵᠢᠷᠠᠭᠤᠯᠬᠤ᠎ᠶᠢ ᠱᠠᠭᠠᠷᠳᠠᠵᠤ᠂ ᠵᠣᠯᠭᠠᠯᠳᠤᠭᠤᠯᠬᠤ ᠨᠢ ᠰᠢᠯᠤᠭᠤᠨ ᠪᠤᠰᠤ᠂ ᠬᠠᠮᠢᠶᠠᠷᠤᠯᠲᠠ ᠨᠢ ᠪᠣᠳᠠᠲᠠᠢᠵᠢᠭ᠍ᠰᠠᠨ ᠦᠭᠡᠢ ᠵᠠᠬ᠎ᠠ ᠳᠡᠯᠭᠡᠭᠦᠷ᠎ᠦᠨ ᠭᠣᠣᠯ ᠴᠣᠭᠴᠠ᠎ᠲᠠᠢ ᠪᠣᠯᠵᠣᠨ ᠶᠠᠷᠢᠯᠴᠠᠪᠠ᠃
ᠢᠷᠡᠯᠳᠡ ᠄ ᠲᠠᠯ᠎ᠠ ᠨᠤᠲᠤᠭ ᠪᠦᠷᠢᠨ ᠵᠠᠭᠤᠴᠢᠯᠠᠭᠤᠷ
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠴᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃