ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠮᠡᠳᠡᠭᠡᠯᠡᠯ

2022-11-22 20:04:51

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠬᠥᠬᠡᠬᠣᠲᠠ᠎ᠶᠢᠨ ᠬᠢᠵᠢᠭ᠌᠎ᠦᠨ ᠪᠠᠢᠳᠠᠯ᠎ᠢ ᠰᠡᠷᠭᠡᠢᠯᠡᠨ ᠡᠵᠡᠮᠳᠡᠬᠦ ᠠᠵᠢᠯ᠎ᠤᠨ ᠰᠣᠨᠢᠨ ᠮᠡᠳᠡᠭᠡ ᠨᠡᠢᠲᠡᠯᠡᠬᠦ ᠬᠤᠷᠠᠯ (79 ᠳ᠋ᠤᠭᠡᠷ ᠲᠠᠯᠠᠪᠠᠢ)᠎ᠡᠴᠡ ᠤᠢᠯᠠᠭᠠᠭᠰᠠᠨ ᠵᠢᠡᠷ᠂ ᠤᠳᠤᠬᠠᠨ ᠳ᠋ᠤ ᠬᠥᠬᠡᠬᠣᠲᠠ᠎ᠶᠢᠨ ᠬᠢᠨ ᠨᠠᠷᠢᠯᠢᠭ᠋ ᠣᠨᠣᠴᠠᠲᠠᠢ᠎ᠪᠠᠷ ᠰᠡᠷᠭᠡᠢᠯᠡᠨ ᠡᠵᠡᠮᠳᠡᠭᠰᠡᠨ ᠰᠠᠭᠤᠷᠢᠨ ᠳᠡᠭᠡᠷ᠎ᠡ ᠬᠡᠪ᠎ᠦᠨ ᠦᠢᠯᠡᠳᠪᠦᠷᠢᠯᠡᠯ ᠠᠮᠢᠳᠤᠷᠠᠯ᠎ᠤᠨ ᠡᠮᠬᠢ ᠵᠢᠷᠤᠮ᠎ᠢ ᠲᠦᠷᠭᠡᠬᠡᠨ ᠰᠡᠷᠭᠦᠭᠡᠵᠦ ᠪᠠᠢᠨ᠎ᠠ᠃ ᠲᠦᠷᠭᠡᠨ ᠬᠦᠷᠭᠡᠯᠲᠡ᠎ᠶᠢᠨ ᠪᠠᠷᠠᠭᠠᠨ᠎ᠤ ᠭᠦᠢᠯᠭᠡᠭᠡᠨ᠎ᠦ ᠲᠠᠯ᠎ᠠ᠎ᠪᠠᠷ᠂ ᠮᠤᠵᠢ᠎ᠶᠢᠨ ᠳᠡᠰ ᠎ᠤᠨ 9 ᠰᠢᠤᠳᠠᠨ᠎ᠤ ᠲᠦᠷᠭᠡᠨ ᠬᠦᠷᠭᠡᠯᠲᠡ᠎ᠶᠢᠨ ᠬᠤᠪᠢᠶᠠᠷᠢᠯᠠᠨ ᠰᠠᠯᠭᠠᠬᠤ ᠲᠥᠪ ᠨᠢᠭᠡᠨᠲᠡ ᠪᠦᠬᠦᠨ᠎ᠢᠶᠡᠷ᠎ᠢᠶᠡᠨ ᠠᠵᠢᠯ᠎ᠢᠶᠡᠨ ᠰᠡᠷᠭᠦᠭᠡᠵᠦ ᠂ ᠡᠵᠡᠩᠨᠡᠯᠲᠡ᠎ᠶᠢᠨ 180 ᠲᠣᠣᠷ ᠴᠡᠭ᠎ᠢ ᠰᠡᠷᠭᠦᠭᠡᠵᠦ᠂ 92 ᠲᠦᠮᠡᠨ ᠳᠠᠷᠤᠭᠳᠠᠵᠤ ᠪᠠᠢᠭᠰᠠᠨ ᠬᠦᠷᠭᠡᠯᠲᠡ᠎ᠶᠢᠨ ᠵᠦᠢᠯ᠎ᠢ ᠰᠢᠢᠳᠪᠦᠷᠢᠯᠡᠵᠡᠢ᠃ ᠵᠠᠬ᠎ᠠ ᠳᠡᠯᠭᠡᠭᠦᠷ᠎ᠦᠨ ᠬᠠᠩᠭᠠᠯᠭ᠎ᠠ᠎ᠶᠢ ᠪᠠᠲᠤᠯᠠᠬᠤ ᠲᠠᠯ᠎ᠠ᠎ᠪᠠᠷ᠂ ᠨᠡᠶ᠋ᠢᠲᠡ 1500 ᠭᠠᠷᠤᠢ ᠬᠥᠮᠥᠨ ᠲᠣᠮᠢᠯᠠᠨ ᠬᠠᠤᠯᠢ ᠬᠡᠷᠡᠭᠵᠢᠭᠦᠯᠬᠦ ᠬᠠᠮᠳᠤᠷᠠᠬᠰᠠᠨ ᠠᠵᠢᠯᠯᠠᠭ᠎ᠠ ᠥᠷᠨᠢᠭᠦᠯᠵᠦ᠂ ᠪᠣᠶ ᠪᠦᠬᠦᠢ ᠡᠵᠡᠩᠨᠡᠯᠲᠡ᠎ᠶᠢᠨ ᠳᠡᠯᠭᠡᠭᠦᠷ᠎ᠢ ᠲᠣᠭᠣᠷᠢᠭ᠋ ᠬᠡᠰᠡᠭ ᠬᠤᠪᠢᠶᠠᠨ ᠬᠠᠮᠤᠷᠴᠤ᠂ 128 ᠡᠷᠦᠬᠡ᠎ᠶᠢ ᠵᠠᠷᠯᠢᠭ᠍ᠳᠠᠨ ᠴᠡᠭᠴᠡᠯᠡᠨ ᠥᠭᠡᠷᠡᠴᠢᠯᠡᠵᠦ᠂ ᠭᠣᠣᠯᠳᠠᠯᠭ᠎ᠠ᠎ᠲᠠᠢ ᠲᠠᠸᠠᠷ ᠂ ᠨᠣᠭᠣᠭ᠎ᠠ ᠬᠤᠳᠠᠯᠳᠤᠬᠤ ᠦᠨ᠎ᠡ ᠬᠠᠩᠰᠢ᠎ᠶᠢ ᠶᠡᠷᠦᠩᠬᠡᠢ᠎ᠳᠡᠭᠡᠨ ᠲᠣᠭᠲᠠᠭᠤᠨ ᠪᠠᠢᠯᠭᠠᠪᠠ᠃ ᠡᠭᠦᠨ᠎ᠦ ᠬᠠᠮᠲᠤ᠂ ᠣᠯᠠᠨ ᠲᠦᠮᠡᠨ᠎ᠦ ᠲᠤᠰᠬᠠᠭᠰᠠᠨ ᠠᠰᠠᠭᠤᠳᠠᠯ᠎ᠳᠤ ᠴᠢᠭᠯᠡᠭᠦᠯᠦᠨ᠂ ᠰᠢᠢᠳᠪᠦᠷᠢᠯᠡᠬᠦ ᠡᠷᠴᠢᠮ᠎ᠢᠶᠡᠨ ᠦᠷᠭᠦᠯᠵᠢᠯᠡᠨ ᠴᠢᠩᠭᠠᠷᠠᠭᠤᠯᠵᠤ᠂ ᠣᠢᠷ᠎ᠠ ᠵᠢᠨ ᠬᠤᠭᠤᠴᠠᠭᠠᠨ᠎ᠳᠤ ᠤᠲᠠᠰᠤ᠎ᠪᠠᠷ ᠭᠦᠢᠴᠡᠳᠬᠡᠬᠦ ᠦᠷ᠎ᠠ ᠠᠰᠢᠭ᠎ᠢ ᠳᠡᠭᠡᠭᠰᠢᠯᠡᠭᠦᠯᠦᠨ᠂ ᠬᠣᠶᠠᠷ ᠴᠠᠭ ᠪᠦᠷᠢ᠎ᠳᠦ ᠪᠠᠢᠳᠠᠯ᠎ᠢ ᠬᠤᠷᠢᠶᠠᠩᠭᠤᠢᠯᠠᠵᠤ᠂ ᠴᠠᠭ ᠲᠤᠬᠠᠢ ᠳ᠋ᠤᠨᠢ ᠬᠣᠰᠢᠭᠤ ᠰᠢᠶᠠᠨ ᠲᠣᠭᠣᠷᠢᠭ᠋᠎ᠤᠨ ᠨᠠᠮ᠎ᠤᠨ ᠬᠣᠷᠢᠶ᠎ᠠ᠎ᠶᠢᠨ ᠱᠦᠵᠢ᠎ᠶᠢᠨ ᠲᠣᠬᠢᠷᠠᠭᠤᠯᠬᠤ ᠭᠠᠵᠠᠷ᠎ᠤᠨ ᠠᠯᠪᠠᠨ ᠭᠡᠷ᠎ᠲᠦ ᠬᠦᠷᠭᠡᠪᠡ ᠃ ᠢᠯᠠᠩᠭᠤᠶ᠎ᠠ ᠺᠠᠳ᠋ᠷᠴᠤᠳ᠎ᠤᠨ 《ᠭᠤᠷᠪᠠ᠎ᠳᠦ ᠣᠷᠣᠭᠤᠯᠬᠤ》 ᠂ 《ᠬᠣᠶᠠᠷ ᠠᠰᠠᠭᠤᠳᠠᠯ》᠎ᠢ ᠰᠢᠢᠳᠪᠦᠷᠢᠯᠡᠬᠦ ᠠᠵᠢᠯᠯᠠᠭ᠎ᠠ᠎ᠶᠢᠨ ᠳᠤᠮᠳᠠ᠂ ᠬᠢᠨᠠᠨ ᠵᠢᠯᠤᠭᠣᠳᠬᠤ ᠳᠤᠭᠤᠢᠯᠠᠩ ᠲᠣᠮᠢᠯᠠᠨ 45 ᠰᠠᠭᠤᠭᠠᠯᠢ ᠲᠣᠭᠣᠷᠢᠭ᠋᠎ᠢ ᠲᠣᠬᠢᠶᠠᠯᠳᠤᠮᠵᠢ ᠪᠡᠷ ᠪᠠᠢᠴᠠᠭᠠᠵᠤ᠂ 40 ᠠᠰᠠᠭᠤᠳᠠᠯ ᠢᠯᠡᠷᠡᠭᠦᠯᠵᠦ᠂ 35 ᠶ᠋ᠢ ᠨᠢ ᠳᠠᠷᠤᠢᠬᠠᠨ ᠥᠭᠡᠷᠡᠴᠢᠯᠡᠨ ᠰᠠᠢᠵᠢᠷᠠᠭᠤᠯᠪᠠ᠃

ᠢᠷᠡᠯᠳᠡ ᠄ ᠲᠠᠯ᠎ᠠ ᠨᠤᠲᠤᠭ ᠪᠦᠷᠢᠨ ᠵᠠᠭᠤᠴᠢᠯᠠᠭᠤᠷ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠴᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面