2022-11-25 21:29:04
ᠬᠥᠬᠡᠬᠣᠲᠠ ᠶᠢᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠵᠢᠯᠣᠭᠣᠳᠭᠤ ᠭᠠᠵᠠᠷ ᠤᠨ ᠬᠢᠵᠢᠭ ᠦᠨ ᠬᠤᠭᠤᠴᠠᠭᠠᠨ᠎ᠳᠤ ᠵᠡᠭᠡᠯᠢ ᠳᠠᠭᠠᠤ ᠶᠢᠨ ᠬᠤᠳᠠᠯᠳᠤᠭ᠎ᠠ ᠳᠡᠯᠭᠡᠬᠦᠷ ᠪᠠ ᠨᠡᠭᠦᠳᠡᠯ ᠮᠠᠢᠮᠠᠢᠴᠢᠨ ᠦ ᠡᠵᠡᠩᠨᠡᠯᠲᠡ ᠶᠢᠨ ᠠᠵᠢᠯᠯᠠᠭ᠎ᠠ ᠶᠢ ᠵᠢᠷᠤᠮᠵᠢᠭᠤᠯᠬᠤ ᠲᠤᠬᠠᠶ ᠠᠯᠪᠠᠨ ᠵᠠᠷᠯᠠᠯ
(2022 ᠣᠨ᠎ᠤ 141 ᠳ᠋ᠤᠭᠡᠷ ᠨᠣᠮᠧᠷᠲᠤ)
ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠ ᠠᠮᠤᠷ ᠲᠦᠪᠱᠢᠨ ᠡᠮᠬᠢ ᠵᠢᠷᠤᠮ᠎ᠲᠠᠶ᠎ᠪᠠᠷ ᠦᠶ᠋ᠯᠡᠳᠪᠦᠷᠢᠯᠡᠯ᠎ᠢᠶᠡᠨ ᠰᠡᠷᠭᠦᠭᠡᠵᠦ᠍ ᠠᠵᠢᠯ᠎ᠢᠶᠠᠨ ᠰᠡᠷᠭᠦᠭᠡᠬᠦ᠌᠎ᠶᠢ ᠨᠢᠭᠡᠳᠦᠯᠲᠡᠶ ᠲᠥᠯᠥᠪᠵᠢᠭᠦᠯᠵᠦ᠍᠂ ᠣᠯᠠᠨ ᠲᠦᠮᠡᠨ᠎ᠦ ᠬᠡᠪ᠎ᠦᠨ ᠠᠮᠢᠳᠤᠷᠠᠯ᠎ᠤᠨ ᠬᠡᠷᠡᠭ᠌ᠴᠡᠭᠡ᠎ᠶᠢ ᠪᠠᠲᠤᠯᠠᠬᠤ᠎ᠶᠢᠨ ᠲᠥᠯᠥᠭᠡ᠂ ᠬᠦᠬᠡᠬᠣᠲᠠ ᠬᠢᠵᠢᠭ᠎ᠦᠨ ᠪᠠᠢᠳᠠᠯ᠎ᠤᠨ ᠬᠤᠭᠤᠴᠠᠭᠠᠨ᠎ᠳᠤ ᠵᠡᠭᠡᠯᠢ ᠳᠠᠭᠠᠤ ᠬᠤᠳᠠᠯᠳᠤᠭ᠎ᠠ ᠳᠡᠯᠭᠡᠭᠦᠷ᠂ ᠨᠡᠭᠦᠳᠡᠯ ᠮᠠᠢᠮᠠᠢᠴᠢᠨ᠂ ᠰᠥᠨᠢ᠎ᠶᠢᠨ ᠬᠣᠲᠠ᠎ᠶᠢᠨ ᠡᠷᠬᠢᠨ ᠲᠣᠭᠣᠷᠢᠨ᠎ᠤ ᠡᠮᠬᠢ ᠵᠠᠮᠪᠠᠷᠠᠭ᠎ᠠ ᠥᠬᠡᠶ ᠡᠵᠡᠩᠨᠡᠯᠲᠡ᠎ᠶᠢᠨ ᠠᠵᠢᠯᠯᠠᠭ᠎ᠠ᠎ᠶᠢ ᠵᠢᠷᠤᠮᠵᠢᠭᠤᠯᠤᠨ ᠴᠡᠭ᠌ᠴᠡᠯᠡᠬᠦ᠌᠎ᠪᠡᠷ ᠲᠣᠭ᠍ᠲᠠᠪᠠ᠃ ᠡᠳᠦᠭᠡ ᠬᠣᠯᠪᠣᠭ᠍ᠳᠠᠯ ᠪᠥᠬᠥᠶ ᠵᠦᠶ᠋ᠯᠡᠰ᠎ᠢ ᠳᠤᠤᠷᠠᠬᠢ ᠮᠡᠲᠦ ᠵᠠᠷᠯᠠᠪᠠ᠄
ᠨᠢᠭᠡ᠂ ᠠᠵᠢᠯᠯᠠᠵᠤ ᠪᠠᠢᠭ᠎ᠠ ᠬᠥᠮᠦᠰ ᠡᠷᠬᠡᠪᠰᠢ ᠬᠥᠬᠡᠬᠣᠲᠠ᠎ᠶᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠲᠣᠭ᠍ᠲᠠᠭᠠᠯ ᠶᠣᠰᠣᠭᠠᠷ ᠡᠳᠦᠷ ᠪᠦᠷᠢ ᠪᠥᠭᠡᠮ ᠬᠦᠴᠢᠯ ᠪᠣᠯᠤᠨ ᠥᠳᠥᠭᠡᠭ᠌ᠴᠢ᠎ᠶᠢ ᠪᠠᠢᠴᠠᠭᠠᠬᠤ ᠬᠡᠷᠡᠭ᠌ᠲᠡᠶ ︔ ᠡᠷᠬᠡᠪᠰᠢ ᠪᠢᠲᠡᠭᠦᠮᠵᠢᠯᠡᠭ᠌ᠰᠡᠨ ᠬᠠᠮᠢᠶᠠᠷᠤᠯᠲᠠ ᠶᠢᠨ ᠱᠠᠭᠠᠷᠳᠠᠯᠭ᠎ᠠ ᠶᠢ ᠴᠢᠩᠭ᠎ᠠ ᠨᠠᠢᠳᠠᠪᠤᠷᠢᠵᠢᠭᠤᠯᠬᠤ ᠬᠡᠷᠡᠭ᠌ᠲᠡᠶ ︔ ᠡᠷᠬᠡᠪᠰᠢ ᠲᠣᠭ᠍ᠲᠠᠭᠠᠯ ᠶᠣᠰᠣᠭᠠᠷ ᠪᠡᠭᠡᠯᠡᠶ ᠪᠠ N95 ᠠᠮᠠᠪᠴᠢ ᠵᠡᠭᠦᠬᠦ᠌ ᠬᠡᠷᠡᠭ᠌ᠲᠡᠶ᠃
ᠬᠣᠶᠠᠷ᠂ ᠪᠤᠶ ᠪᠦᠬᠦᠢ ᠵᠡᠭᠡᠯᠢ ᠳᠠᠭᠠᠤ ᠬᠤᠳᠠᠯᠳᠤᠭ᠎ᠠ ᠳᠡᠯᠭᠡᠭᠦᠷᠦᠳ ᠡᠷᠬᠡᠪᠰᠢ ᠲᠣᠭ᠍ᠲᠠᠭᠠᠯ ᠶᠣᠰᠣᠭᠠᠷ ᠠᠷᠢᠭᠤᠳᠭᠠᠵᠤ᠂ ᠨᠢᠭᠡ ᠮᠧᠲ᠋ᠷ ᠱᠤᠭᠤᠮ ᠪᠠᠢᠷᠢᠯᠠᠭᠤᠯᠤᠨ᠂ ᠬᠦᠷᠦᠯᠴᠡᠬᠦ᠌ ᠦᠭᠡᠶ᠎ᠪᠡᠷ ᠬᠤᠳᠠᠯᠳᠤᠵᠤ᠂ ᠬᠥᠮᠦᠨ ᠬᠠᠷ᠎ᠠ ᠴᠤᠭ᠍ᠯᠠᠷᠠᠬᠤ᠎ᠠᠴᠠ ᠵᠠᠢᠯᠠᠰᠭᠢᠬᠦ᠌ ᠬᠡᠷᠡᠭ᠌ᠲᠡᠶ ︔ ᠡᠷᠬᠡᠪᠰᠢ ᠭᠡᠷᠡᠭᠯᠡᠭᠴᠢᠳᠢ ᠵᠢᠯᠣᠭᠣᠳᠴᠤ᠌ ᠺᠣᠳ᠋ ᠱᠢᠷᠪᠢᠬᠦ᠌᠂ ᠳᠤᠯᠠᠭᠠᠨ᠎ᠢ ᠬᠡᠮᠵᠢᠬᠦ᠌᠂ ᠪᠥᠭᠡᠮ ᠬᠦᠴᠢᠯ᠎ᠦᠨ ᠪᠠᠢᠴᠠᠭᠠᠯᠲᠠ᠎ᠶᠢᠨ ᠦᠷ᠎ᠡ ᠳ᠋ᠦᠩ᠎ᠢ ᠪᠠᠢᠴᠠᠭᠠᠬᠤ ᠬᠡᠷᠡᠭ᠌ᠲᠡᠶ ︔ ᠬᠡᠷᠪᠡ ᠪᠥᠭᠡᠮ ᠬᠦᠴᠢᠯ᠎ᠦᠨ ᠪᠠᠢᠴᠠᠭᠠᠯᠲᠡ᠎ᠨᠢ ᠪᠢᠯᠢᠭ ᠴᠢᠨᠠᠷ᠎ᠤᠨ ᠭᠡᠷᠡᠴᠢ᠎ᠶᠢ ᠬᠠᠩᠭᠠᠵᠤ ᠳᠡᠢᠯᠬᠦ᠌ ᠥᠬᠡᠶ ᠪᠤᠶᠤ ᠦᠷ᠎ᠡ ᠳ᠋ᠦᠩ᠎ᠨᠢ ᠠᠷᠭ᠎ᠠ ᠴᠢᠨᠠᠷᠲᠠᠶ ᠪᠠᠢᠬᠤ᠎ᠶᠢ ᠣᠯᠵᠤ ᠮᠡᠳᠡᠪᠡᠯ᠂ ᠡᠷᠬᠡᠪᠰᠢ ᠬᠠᠷᠢᠶ᠎ᠠ ᠭᠠᠵᠠᠷ᠎ᠤᠨ ᠡᠪᠡᠳᠴᠢᠨ ᠡᠮᠭᠡᠭ᠎ᠢ ᠰᠡᠷᠭᠡᠢᠯᠡᠨ ᠡᠵᠡᠮᠳᠡᠬᠦ᠌ ᠰᠠᠯᠠᠭ᠎ᠠ ᠮᠥᠴᠢᠷ ᠵᠢᠴᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠦ ᠳᠠᠷᠤᠶ ᠲᠦᠷᠭᠡᠨ ᠮᠡᠳᠡᠭᠦᠯᠬᠦ᠌ ᠬᠡᠷᠡᠭ᠌ᠲᠡᠶ᠃
ᠭᠤᠷᠪᠠ᠂ ᠵᠡᠭᠡᠯᠢ ᠳᠠᠭᠠᠤ ᠬᠤᠳᠠᠯᠳᠤᠭ᠎ᠠ ᠳᠡᠯᠭᠡᠭᠦᠷ᠂ ᠨᠡᠭᠦᠳᠡᠯ ᠮᠠᠢᠮᠠᠢᠴᠢᠨ ᠪᠦᠬᠦᠨ ᠦᠨ᠎ᠡ᠎ᠪᠡᠨ ᠡᠷᠬᠡᠪᠰᠢ ᠢᠯᠡ ᠬᠠᠳᠠᠬᠤ ᠬᠡᠷᠡᠭ᠌ᠲᠡᠶ᠂ ᠪᠠᠷᠠᠭᠠᠨ᠎ᠤ ᠦᠨ᠎ᠡ᠎ᠶᠢ ᠲᠦᠷᠬᠢᠭᠦᠯᠦᠨ ᠥᠰᠭᠡᠵᠦ᠍᠂ ᠬᠡᠳᠦ ᠠᠱᠢᠭ ᠭᠦᠭᠡᠭᠡᠴᠡᠯᠳᠦᠵᠤ ᠪᠣᠯᠬᠤ ᠦᠭᠡᠶ ︔ ᠬᠠᠭᠤᠷᠮᠠᠭ᠂ ᠮᠠᠭᠤ᠂ ᠬᠤᠭᠤᠴᠠᠭ᠎ᠠ ᠨᠢ ᠥᠩᠭᠡᠷᠡᠭ᠌ᠰᠡᠨ ᠲᠠᠸᠠᠷ᠎ᠢ ᠬᠤᠳᠠᠯᠳᠤᠵᠤ ᠪᠣᠯᠬᠤ ᠦᠭᠡᠢ᠃
ᠳᠥᠷᠪᠡ᠂ ᠵᠠᠮ ᠡᠵᠡᠯᠡᠨ ᠡᠵᠡᠩᠨᠡᠵᠦ᠍ ᠪᠣᠯᠬᠤ ᠦᠭᠡᠶ᠂ ᠬᠣᠲᠠ᠎ᠶᠢᠨ ᠡᠷᠭᠢᠨ ᠲᠣᠭᠣᠷᠢᠨ᠎ᠳᠤ ᠰᠥᠨᠢ᠎ᠪᠡᠷ ᠠᠷᠠᠯᠵᠢᠶ᠎ᠠ ᠬᠢᠵᠦ᠍ ᠪᠣᠯᠬᠤ ᠦᠭᠡᠶ᠂ ᠡᠵᠡᠩᠨᠡᠯᠲᠡ᠎ᠶᠢᠨ ᠪᠤᠰᠤ ᠲᠠᠯᠠᠪᠤᠷ(ᠭᠠᠵᠠᠷ)᠎ᠲᠤ ᠡᠵᠡᠩᠨᠡᠯᠲᠡ᠎ᠶᠢᠨ ᠠᠵᠢᠯᠯᠠᠭ᠎ᠠ ᠬᠢᠵᠦ᠍ ᠪᠣᠯᠬᠤ ᠦᠭᠡᠶ᠃
ᠲᠠᠪᠤ᠂ ᠡᠯ᠎ᠡ ᠲᠥᠷᠥᠯ᠎ᠦᠨ ᠡᠵᠡᠩᠨᠡᠯᠲᠡ᠎ᠶᠢᠨ ᠡᠷᠦᠬᠡ᠎ᠳᠦ ᠳᠡᠭᠡᠷ᠎ᠡ ᠳᠤᠷᠠᠳᠤᠭ᠍ᠰᠠᠨ ᠲᠣᠭ᠍ᠲᠠᠭᠠᠯ᠎ᠠᠴᠠ ᠵᠥᠷᠢᠴᠡᠭ᠌ᠰᠡᠨ᠂ ᠬᠠᠤᠯᠢ᠎ᠠᠴᠠ ᠵᠥᠷᠢᠴᠡᠭ᠌ᠰᠡᠨ ᠦᠢᠯᠡ ᠠᠵᠢᠯᠯᠠᠭ᠎ᠠ᠎ᠲᠠᠶ ᠪᠠᠢᠪᠠᠯ᠂ ᠣᠯᠵᠤ ᠮᠡᠳᠡᠪᠡᠯ ᠴᠢᠩᠭ᠎ᠠ ᠪᠠᠢᠴᠠᠭᠠᠨ ᠱᠢᠶ᠋ᠳᠪᠦᠷᠢᠯᠡᠬᠦ᠌᠎ᠶᠢᠨ ᠬᠠᠮᠲᠤ ᠵᠠᠭᠤᠴᠢᠯᠠᠭᠤᠷ᠎ᠢᠶᠠᠷ ᠢᠯᠡ ᠨᠡᠢᠲᠡᠯᠡᠬᠦ᠌ ᠬᠡᠷᠡᠭ᠌ᠲᠡᠶ᠃ ᠪᠠᠢᠴᠠᠭᠠᠯᠲᠠ᠎ᠶᠢ ᠬᠦᠯᠢᠶᠡᠬᠦ᠌ ᠥᠬᠡᠶ᠂ ᠠᠯᠪᠠᠨ ᠶᠠᠪᠤᠳᠠᠯ᠎ᠢ ᠬᠠᠷᠱᠢᠯᠠᠭ᠍ᠰᠠᠨ ᠪᠠᠢᠪᠠᠯ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠ ᠠᠮᠤᠷ᠎ᠢ ᠬᠠᠮᠠᠭᠠᠯᠠᠬᠤ ᠱᠢᠢᠳᠭᠡᠯ ᠲᠣᠷᠭᠠᠭᠤᠯᠢ ᠥᠭ᠌ᠬᠦ ᠬᠠᠮᠢᠶ᠎ᠠ ᠪᠥᠬᠥᠶ ᠬᠠᠤᠯᠢ ᠴᠠᠭᠠᠵᠠ ᠬᠠᠤᠯᠢ ᠲᠣᠭ᠍ᠲᠠᠭᠠᠯ᠎ᠢ ᠦᠨᠳᠦᠰᠦᠯᠡᠨ᠂ ᠬᠠᠤᠯᠢ ᠶᠣᠰᠣᠭᠠᠷ ᠠᠯᠪᠠᠳᠠᠯᠭ᠎ᠠ᠎ᠶᠢᠨ ᠠᠷᠭ᠎ᠠ ᠬᠡᠮᠵᠢᠶ᠎ᠡ ᠠᠪᠴᠤ᠌᠂ ᠦᠶ᠋ᠯᠡ ᠪᠠᠢᠳᠠᠯ᠎ᠨᠢ ᠬᠦᠨᠳᠦ ᠨᠣᠴᠢᠲᠠᠶ ᠪᠣᠯ ᠬᠠᠤᠯᠢ ᠶᠣᠰᠣᠭᠠᠷ ᠬᠠᠤᠯᠢ᠎ᠶᠢᠨ ᠬᠠᠷᠢᠭᠤᠴᠠᠯᠭ᠎ᠠ ᠨᠡᠬᠡᠮᠵᠢᠯᠡᠨ᠎ᠡ᠃
ᠵᠢᠷᠭᠤᠭ᠎ᠠ᠂ ᠦᠷᠭᠡᠨ ᠤᠯᠠᠨ ᠬᠤᠳᠠ ᠵᠢᠨ ᠠᠷᠠᠳ ᠪᠠᠰᠠ ᠦᠪᠡᠷ᠎ᠤᠨ ᠰᠠᠨᠠᠭᠠᠴᠢᠯᠠᠭ᠎ᠠ ᠡᠴᠡ ᠪᠡᠨ ᠬᠠᠮᠢᠶ᠎ᠠ ᠪᠦᠭᠦᠢ ᠳᠤᠭᠳᠠᠭᠠᠯ᠎ᠢ ᠵᠢᠷᠤᠮᠯᠠᠵᠤ᠂ ᠳᠤᠭᠳᠠᠭᠠᠯ ᠵᠦᠷᠢᠴᠡᠭᠰᠡᠳ᠎ᠢ ᠢᠳᠡᠪᠭᠢᠳᠠᠢ ᠢᠯᠡᠴᠢᠯᠡᠨ ᠮᠡᠳᠡᠭᠦᠯᠵᠤ ᠪᠤᠯᠤᠨ᠎ᠠ᠃ ᠢᠯᠡᠴᠢᠯᠡᠨ ᠮᠡᠳᠡᠭᠦᠯᠭᠦ ᠤᠳᠠᠰᠦ᠄ 12345᠂ 12319 ᠃
ᠲᠤᠰ ᠠᠯᠪᠠᠨ ᠵᠠᠷ᠎ᠢ ᠨᠡᠢᠲᠡᠯᠡᠭ᠌ᠰᠡᠨ ᠡᠳᠦᠷ᠎ᠡᠴᠡ ᠡᠬᠢᠯᠡᠵᠦ᠍ ᠬᠡᠷᠡᠭ᠌ᠵᠢᠭᠦᠯᠦᠨ᠎ᠡ᠃
ᠬᠥᠬᠡᠬᠣᠲᠠ᠎ᠶᠢᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠵᠢᠯᠣᠭᠣᠳᠭᠤ ᠭᠠᠵᠠᠷ 2022 ᠣᠨ᠎ᠤ 11 ᠰᠠᠷ᠎ᠠ᠎ᠶᠢᠨ 25 ᠤ ᠡᠳᠦᠷ
ᠢᠷᠡᠯᠳᠠ᠄ ᠬᠥᠬᠡᠬᠣᠲᠠ ᠵᠢᠨ ᠱᠢᠨ᠎ᠡ ᠲᠢᠳᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠵᠢᠯᠣᠭᠣᠳᠭᠤ ᠭᠠᠵᠠᠷ
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃