2022-11-26 14:50:51
ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ ᠮᠥᠨ ᠬᠦ᠌ ᠬᠦᠨᠳᠦ ᠬᠡᠴᠡᠭᠦᠦ ᠨᠠᠷᠢᠨ ᠪᠤᠳᠤᠯᠢᠶᠠᠨᠲᠠᠶ ᠪᠠᠢᠨ᠎ᠠ᠃ ᠡᠯ᠎ᠡ ᠭᠠᠵᠠᠷ᠎ᠤᠨ᠎ᠬᠢᠨ ᠨᠠᠮ᠎ᠤᠨ ᠲᠥᠪ ᠬᠣᠷᠢᠶᠠᠨ᠎ᠤ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠲᠤᠭᠤᠱᠢᠯᠠᠭᠤᠯᠵᠤ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠠᠵᠢᠯ᠎ᠢ ᠥᠨᠳᠥᠷ ᠪᠦᠲᠦᠮᠵᠢᠲᠡᠶ ᠨᠢᠭᠡᠳᠦᠯᠲᠡᠶ ᠲᠥᠯᠥᠪᠵᠢᠭᠦᠯᠬᠦ᠌᠎ᠶ᠋ᠢ ᠰᠠᠢᠲᠤᠷ ᠠᠳᠭᠤᠵᠤ᠂ ᠠᠷᠭ᠎ᠠ ᠪᠦᠬᠦᠨ᠎ᠢ ᠰᠦᠪᠡᠭ᠌ᠴᠢᠯᠡᠨ᠂ ᠠᠷᠠᠳ ᠲᠦᠮᠡᠨ᠎ᠦ ᠠᠮᠢ ᠨᠠᠰᠤᠨ᠎ᠤ ᠠᠮᠤᠷ ᠲᠦᠪᠱᠢᠨ ᠪᠠ ᠪᠡᠶ᠎ᠡ ᠮᠠᠬᠠᠪᠣᠳ᠎ᠤᠨ ᠡᠷᠡᠭᠦᠯ ᠮᠡᠨᠳᠦ᠍᠎ᠶ᠋ᠢ ᠬᠠᠮᠤᠭ᠎ᠤᠨ ᠶᠡᠬᠡ ᠬᠡᠮᠵᠢᠶ᠎ᠡ᠎ᠪᠡᠷ ᠬᠠᠮᠠᠭᠠᠯᠠᠬᠤ᠎ᠪᠠᠷ ᠴᠢᠷᠮᠠᠢᠵᠤ᠂ ᠠᠵᠤ ᠠᠬᠤᠶ ᠨᠡᠢᠭᠡᠮ᠎ᠦᠨ ᠬᠥᠭ᠌ᠵᠢᠯᠲᠡ᠎ᠳᠦ ᠦᠵᠡᠭᠦᠯᠬᠦ᠌ ᠬᠢᠵᠢᠭ᠎ᠦᠨ ᠨᠥᠯᠥᠭᠡ᠎ᠶ᠋ᠢ ᠬᠠᠮᠤᠭ᠎ᠤᠨ ᠶᠡᠬᠡ ᠬᠡᠮᠵᠢᠶ᠎ᠡ᠎ᠪᠡᠷ ᠪᠠᠭᠠᠰᠭᠠᠵᠤ ᠪᠠᠢᠨ᠎ᠠ᠃
ᠠᠷᠠᠳ ᠤᠯᠠᠨ᠎ᠤ ᠦᠢᠯᠡᠳᠪᠦᠷᠢᠯᠡᠯ ᠠᠮᠢᠳᠤᠷᠠᠯ᠎ᠤᠨ ᠦᠢᠯᠡᠴᠢᠯᠡᠭᠡᠨ᠎ᠦ ᠪᠠᠲᠤᠯᠠᠭ᠎ᠠ᠎ᠶ᠋ᠢ ᠪᠦᠬᠦ᠌ ᠬᠦᠴᠦᠨ᠎ᠢᠶᠡᠷ᠎ᠢᠶᠡᠨ ᠰᠠᠢᠲᠤᠷ ᠬᠢᠪᠡ
ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠢ ᠤᠯᠠᠮ ᠴᠢᠨᠠᠭ᠍ᠰᠢᠳᠠ ᠱᠢᠯᠢᠳᠡᠭ᠌ᠵᠢᠭᠦᠯᠬᠦ᠌ ᠬᠣᠷᠢᠨ ᠵᠦᠢᠯ ᠤ᠋ᠨ ᠠᠷᠭ᠎ᠠ ᠬᠡᠮᠵᠢᠶ᠎ᠡ᠎ᠶ᠋ᠢ ᠨᠡᠢᠲᠡᠯᠡᠭ᠌ᠰᠡᠨ᠎ᠦ ᠳᠠᠷᠠᠭ᠎ᠠ᠂ ᠡᠯ᠎ᠡ ᠭᠠᠵᠠᠷ᠎ᠤᠨ᠎ᠬᠢᠨ ᠲᠤᠭᠤᠱᠢᠯᠠᠭᠤᠯᠤᠨ ᠨᠠᠢᠳᠠᠪᠤᠷᠢᠵᠢᠭᠤᠯᠬᠤ ᠳᠤᠮᠳᠠ᠎ᠪᠠᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠱᠢᠨᠵᠢᠯᠡᠬᠦ᠌ ᠤᠬᠠᠭᠠᠨᠴᠢ ᠴᠢᠨᠠᠷ᠂ ᠣᠨᠣᠪᠴᠢᠲᠤ ᠴᠢᠨᠠᠷ᠎ᠢ ᠴᠢᠷᠮᠠᠢᠨ ᠳᠡᠭᠡᠭ᠌ᠰᠢᠯᠡᠭᠦᠯᠪᠡ᠃
ᠠᠠᡁᠦᠶ᠋ᠢ ᠵᠢᠨ ᠡᡁᠸᠹᠸᠢ ᠵᠢᠨ ᠪᠦᠦ ᠡᡁᠸ ᠲᠣᠭᠣᠷᠢᠭ ᠤ᠋ᠨ ᠹᠠᠩ ᠰᠢᠩ ᠲᠦᠷᠭᠡᠨ ᠤ᠋ ᠵᠠᠰᠠᠮᠠᠯ ᠵᠠᠮ ᠤ᠋ᠨ ᠤᠷᠤᠴᠠ ᠳ᠋ᠤ᠂ ᠭᠠᠳᠠᠷ ᠭᠠᠵᠠᠷ ᠤ᠋ᠨ ᠫᠠᠢᠰᠠ᠎ᠲᠠᠶ ᠲᠤᠮᠤ ᠪᠠᠷᠠᠭᠠᠨ ᠤ᠋ ᠲᠡᠷᠭᠡ ᠲᠤᠬᠠᠢ᠎ᠶ᠋ᠢᠨ ᠲᠠᠯᠠᠪᠠᠢ ᠵᠢᠨ ᠠᠵᠢᠯᠲᠠᠳ ᠤ᠋ᠨ ᠵᠢᠯᠤᠭᠤᠲᠤᠯᠭ᠎ᠠ ᠳᠣᠣᠷ᠎ᠠ ᠲᠡᠷᠭᠡᠨ ᠵᠣᠭ᠍ᠰᠣᠭᠠᠯ᠎ᠳᠤ ᠣᠷᠣᠵᠤ᠂ ᠵᠢᠷᠤᠵᠤ ᠲᠣᠭ᠍ᠲᠠᠭᠠᠭ᠍ᠰᠠᠨ ᠭᠠᠵᠠᠷ᠎ᠲᠤ ᠵᠣᠭ᠍ᠰᠣᠨ᠎ᠠ᠃
ᠹᠠᠩ ᠱᠢᠩ ᠲᠦᠷᠭᠡᠨ᠎ᠦ ᠵᠠᠮ᠎ᠤᠨ ᠠᠭᠤᠯᠵᠠᠷ᠎ᠤᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠴᠡᠭ᠎ᠦᠨ ᠬᠠᠷᠢᠭᠤᠴᠠᠯᠭᠠᠲᠠᠨ ᠱᠸᠨ ᠶᠦᠩ ᠦ᠋᠂ ᠪᠦᠬᠦ᠌ ᠬᠤᠳᠠ᠎ᠶ᠋ᠢᠨ ᠪᠤᠢ ᠪᠦᠬᠦᠢ ᠲᠦᠷᠭᠡᠨ᠎ᠦ ᠵᠠᠮ᠎ᠤᠨ ᠠᠭᠤᠯᠵᠠᠷ᠎ᠲᠤ ᠾᠸᠹᠸᠢ ᠬᠤᠳᠠ᠎ᠳᠤ ᠣᠷᠣᠵᠤ ᠢᠷᠡᠬᠦ᠌(ᠪᠤᠴᠠᠬᠤ)ᠪᠠᠷᠠᠭᠠᠨ ᠤ᠋ ᠮᠠᠰᠢᠨ ᠲᠡᠷᠭᠡ ᠳ᠋ᠤ ᠪᠦᠬᠦ᠌ ᠶᠠᠪᠤᠴᠠ᠎ᠶ᠋ᠢᠨ ᠪᠢᠲᠡᠭᠦᠮᠵᠢᠯᠡᠭ᠌ᠰᠡᠨ ᠬᠠᠮᠢᠶᠠᠷᠤᠯᠲᠠ᠎ᠶ᠋ᠢ ᠬᠡᠷᠡᠭ᠌ᠵᠢᠭᠦᠯᠵᠦ᠍᠂ ᠠᠴᠢᠶᠠᠨ᠎ᠤ ᠮᠠᠱᠢᠨ ᠲᠡᠷᠭᠡᠨ᠎ᠦ ᠵᠢᠯᠣᠭᠣᠴᠢ ᠵᠠᠮ᠎ᠤᠨ ᠠᠭᠤᠯᠵᠠᠷ᠎ᠲᠤ ᠪᠥᠭᠡᠮ ᠬᠦᠴᠢᠯ᠎ᠦᠨ ᠪᠠᠢᠴᠠᠭᠠᠯᠲᠠ᠂ ᠮᠡᠳᠡᠭᠡ ᠵᠠᠩᠭᠢ᠎ᠶ᠋ᠢ ᠳᠠᠩᠰᠠᠯᠠᠭ᠍ᠰᠠᠨ᠎ᠤ ᠳᠠᠷᠠᠭ᠎ᠠ᠂ ᠬᠣᠯᠪᠣᠭ᠍ᠳᠠᠯ ᠪᠦᠬᠦᠢ ᠠᠵᠤ ᠠᠬᠤᠢᠯᠠᠯ᠎ᠡᠴᠡ ᠠᠴᠢᠶᠠᠨ᠎ᠤ ᠮᠠᠱᠢᠨ ᠲᠡᠷᠭᠡ᠎ᠶ᠋ᠢ ᠵᠣᠷᠢᠭ᠍ᠰᠠᠨ ᠭᠠᠵᠠᠷ᠎ᠲᠤᠨᠢ《ᠨᠢᠭᠡ ᠨᠢᠭᠡ ᠪᠡᠷ ᠬᠠᠷᠢᠯᠴᠠᠵᠤ ᠬᠦᠷᠭᠡᠬᠦ》᠎ᠶᠢ ᠬᠦᠳᠦᠯᠥᠨ ᠳᠠᠭᠠᠭᠤᠯᠵᠤ᠂ ᠪᠠᠷᠠᠭ᠎ᠠ᠎ᠶ᠋ᠢ ᠠᠴᠢᠶᠠᠯᠠᠵᠤ ᠪᠠᠭᠤᠯᠭᠠᠵᠤ ᠳᠠᠭᠤᠰᠤᠭ᠍ᠰᠠᠨ᠎ᠤ ᠳᠠᠷᠠᠭ᠎ᠠ᠂ ᠬᠣᠯᠪᠣᠭ᠍ᠳᠠᠯ ᠪᠦᠬᠦᠢ ᠠᠵᠤ ᠠᠬᠤᠢᠯᠠᠯ᠎ᠡᠴᠡ ᠵᠠᠮ᠎ᠤᠨ ᠠᠭᠤᠯᠵᠠᠷ᠎ᠲᠤ ᠬᠦᠷᠴᠦ᠍ ᠾᠸᠹᠸᠢ ᠡᠴᠡ ᠭᠠᠷᠬᠤ᠎ᠶ᠋ᠢ ᠪᠠᠲᠤᠯᠠᠵᠤ᠂ ᠵᠠᠮ ᠬᠠᠷᠢᠯᠴᠠᠭᠠᠨ᠎ᠤ ᠰᠠᠭᠠᠳ ᠦᠭᠡᠢ ᠨᠡᠪᠲᠡᠷᠡᠬᠦ᠌᠎ᠶ᠋ᠢ ᠪᠠᠲᠤᠯᠠᠪᠠ᠃
ᠣᠢᠷ᠎ᠠ᠎ᠶ᠋ᠢᠨ ᠬᠤᠭᠤᠴᠠᠭᠠᠨ᠎ᠳᠤ ᠬᠢᠵᠢᠭ᠎ᠦᠨ ᠪᠠᠢᠳᠠᠯ ᠣᠯᠠᠨ ᠭᠠᠵᠠᠷ᠎ᠲᠤ ᠲᠠᠷᠬᠠᠵᠠᠢ᠂ ᠬᠢᠵᠢᠭ᠎ᠦᠨ ᠪᠠᠢᠳᠠᠯ᠎ᠳᠤ ᠨᠥᠯᠥᠭᠡᠯᠡᠭ᠌ᠳᠡᠭ᠌ᠰᠡᠨ ᠭᠠᠵᠠᠷ ᠣᠷᠣᠨ᠎ᠤ ᠠᠷᠠᠳ᠎ᠤᠨ ᠠᠮᠢᠳᠤᠷᠠᠯ᠎ᠤᠨ ᠴᠢᠬᠤᠯᠠ ᠲᠠᠸᠠᠷ᠎ᠤᠨ ᠬᠠᠩᠭᠠᠯᠭ᠎ᠠ᠎ᠶᠢ ᠭᠦᠶ᠋ᠴᠡᠳ᠂ ᠦᠨ᠎ᠡ ᠬᠠᠩᠰᠢ᠎ᠶᠢ ᠲᠣᠭ᠍ᠲᠠᠭᠤᠨ ᠪᠠᠢᠯᠭᠠᠬᠤ᠎ᠶ᠋ᠢ ᠰᠠᠢᠲᠤᠷ ᠪᠠᠲᠤᠯᠠᠬᠤ᠎ᠨᠢ ᠮᠠᠰᠢ ᠴᠢᠬᠤᠯᠠ ᠶᠤᠮ᠃ 《ᠢᠳᠡᠱᠢᠨ ᠨᠣᠭᠣᠭ᠎ᠠ ᠬᠤᠳᠠᠯᠳᠤᠨ ᠠᠪᠬᠤ᠎ᠳᠤ ᠬᠦᠴᠢᠷ》᠂ ᠰᠦᠯᠵᠢᠶᠡᠨ ᠳᠡᠭᠡᠷ᠎ᠡ ᠬᠤᠳᠠᠯᠳᠤᠨ ᠠᠪᠬᠤ ᠬᠠᠩᠭᠠᠯᠭ᠎ᠠ ᠬᠦᠷᠦᠯᠴᠡᠬᠦ᠌ ᠥᠬᠡᠶ ᠪᠠᠢᠬᠤ ᠵᠡᠷᠭᠡ ᠠᠰᠠᠭᠤᠳᠠᠯ᠎ᠳᠤ ᠴᠢᠭ᠌ᠯᠡᠭᠦᠯᠦᠨ᠂ ᠴᠦᠩᠴᠢᠩ ᠬᠣᠲᠠ᠎ᠶ᠋ᠢᠨ᠎ᠬᠢᠨ ᠬᠠᠩᠭᠠᠯᠭ᠎ᠠ᠎ᠶ᠋ᠢ ᠪᠠᠲᠤᠯᠠᠬᠤ ᠠᠵᠤ ᠠᠬᠤᠢᠯᠠᠯ᠎ᠢ ᠵᠣᠬᠢᠶᠠᠨ ᠪᠠᠢᠭᠤᠯᠵᠤ ᠵᠢᠵᠢᠭ᠌ᠯᠡᠨ ᠬᠤᠳᠠᠯᠳᠤᠬᠤ ᠴᠢᠳᠠᠮᠵᠢ᠎ᠶ᠋ᠢ ᠡᠮᠦᠨᠡᠰᠢᠯᠡᠭᠦᠯᠵᠦ᠂ ᠰᠠᠭᠤᠭᠠᠯᠢ ᠠᠷᠠᠳ᠎ᠤᠨ ᠲᠣᠭᠣᠷᠢᠭ᠎ᠤᠨ ᠡᠭᠦᠳᠡᠨ᠎ᠳᠦ ᠲᠦᠷ ᠴᠠᠭ᠎ᠤᠨ ᠬᠠᠩᠭᠠᠯᠭ᠎ᠠ᠎ᠶ᠋ᠢ ᠪᠠᠲᠤᠯᠠᠬᠤ ᠲᠣᠭ᠍ᠲᠠᠮᠠᠯ ᠴᠡᠭ᠂ ᠡᠳ᠋ ᠪᠣᠳᠠᠰ᠎ᠤᠨ ᠳᠠᠮᠵᠢᠭᠤᠯᠬᠤ ᠥᠷᠲᠡᠭᠡ᠂ ᠨᠡᠭᠦᠳᠡᠯ ᠬᠠᠩᠭᠠᠯᠭ᠎ᠠ᠎ᠶ᠋ᠢ ᠪᠠᠲᠤᠯᠠᠬᠤ ᠲᠡᠷᠭᠡ ᠲᠣᠬᠢᠷᠠᠭᠤᠯᠬᠤ ᠵᠡᠷᠭᠡ ᠠᠷᠭ᠎ᠠ ᠬᠡᠯᠪᠡᠷᠢ᠎ᠪᠡᠷ ᠳᠠᠮᠵᠢᠭᠤᠯᠤᠨ᠂ ᠠᠮᠢᠳᠤᠷᠠᠯ᠎ᠤᠨ ᠡᠳ᠋ ᠪᠣᠳᠠᠰ᠎ᠤᠨ ᠬᠠᠩᠭᠠᠯᠭ᠎ᠠ᠎ᠶ᠋ᠢ ᠪᠠᠲᠤᠯᠠᠪᠠ᠃ ᠬᠤᠳᠠᠯᠳᠤᠭᠠᠨ᠎ᠤ ᠶᠠᠪᠤᠳᠠᠯ᠎ᠤᠨ ᠶᠠᠮᠤᠨ᠎ᠤ ᠬᠡᠷᠡᠭ᠌ᠯᠡᠭᠡ᠎ᠶ᠋ᠢ ᠠᠬᠢᠭᠤᠯᠬᠤ ᠵᠤᠷᠭᠠᠨ᠎ᠤ ᠳᠡᠳ᠋ ᠳᠠᠷᠤᠭ᠎ᠠ ᠠᠨ ᠪᠦᠦ ᠵᠢᠶᠦ᠋ᠨ᠂ ᠬᠤᠳᠠᠯᠳᠤᠭᠠᠨ᠎ᠤ ᠶᠠᠪᠤᠳᠠᠯ᠎ᠤᠨ ᠶᠠᠮᠤᠨ ᠵᠠᠬ᠎ᠠ ᠳᠡᠯᠭᠡᠭᠦᠷ᠎ᠦᠨ ᠬᠢᠨᠠᠨ ᠬᠡᠮᠵᠢᠯᠲᠡ ᠪᠠ ᠲᠥᠰᠦᠭᠡᠯᠡᠵᠦ᠍ ᠤᠷᠢᠳᠴᠢᠯᠠᠨ ᠰᠡᠷᠡᠮᠵᠢᠯᠡᠭᠦᠯᠬᠦ᠌᠎ᠶ᠋ᠢ ᠦᠷᠭᠦᠯᠵᠢᠯᠡᠨ ᠴᠢᠩᠭᠠᠳᠭᠠᠵᠤ᠂ ᠮᠢᠬᠠᠨ᠎ᠤ ᠵᠦᠶ᠋ᠯ᠎ᠦᠨ ᠨᠥᠭᠡᠴᠡ᠎ᠶ᠋ᠢ ᠴᠠᠭ ᠲᠤᠬᠠᠶ᠎ᠳᠤᠨᠢ ᠣᠷᠣᠭᠤᠯᠤᠨ᠎ᠠ; ᠡᠴᠤᠰ ᠤ᠋ᠨ ᠭᠡᠯᠬᠢᠶ᠎ᠠ ᠵᠢᠨ ᠳᠣᠭᠢᠷᠠᠭᠤᠯᠤᠨ ᠬᠦᠷᠭᠡᠬᠦ᠌ ᠬᠦᠴᠦᠨ ᠭᠦᠶ᠋ᠴᠡᠳ ᠪᠠᠢᠬᠤ᠎ᠶ᠋ᠢ ᠪᠠᠲᠤᠯᠠᠵᠤ᠂ ᠪᠢᠲᠡᠭᠦᠮᠵᠢᠯᠡᠨ ᠡᠵᠡᠮᠳᠡᠵᠦ᠍ ᠲᠤᠰᠠᠭᠠᠷᠯᠠᠵᠤ ᠪᠠᠢᠭ᠎ᠠ ᠰᠠᠭᠤᠭᠠᠯᠢ ᠠᠷᠠᠳ᠎ᠤᠨ ᠦᠨᠳᠦᠰᠦᠨ ᠠᠮᠢᠳᠤᠷᠠᠯ᠎ᠤᠨ ᠬᠡᠷᠡᠭ᠌ᠴᠡᠭᠡ᠎ᠶ᠋ᠢ ᠬᠠᠩᠭᠠᠨ᠎ᠠ ᠭᠡᠵᠤ ᠢᠯᠡᠳᠭᠡᠪᠡ᠃
ᠤᠯᠠᠨ ᠠᠷᠭ᠎ᠠ ᠬᠡᠮᠵᠢᠶ᠎ᠡ᠎ᠶ᠋ᠢ ᠵᠡᠷᠭᠡ᠎ᠪᠡᠷ ᠬᠡᠷᠡᠭ᠌ᠯᠡᠵᠦ᠍ ᠵᠠᠬ᠎ᠠ ᠳᠡᠯᠭᠡᠭᠦᠷ᠎ᠦᠨ ᠭᠣᠣᠯ ᠴᠣᠭ᠍ᠴᠠ᠎ᠶ᠋ᠢ ᠲᠣᠭ᠍ᠲᠠᠪᠤᠷᠢᠵᠢᠭᠤᠯᠪᠠ
1.6 ᠳ᠋ᠦᠩᠱᠢᠭᠤᠷ ᠭᠠᠷᠤᠶ ᠡᠷᠦᠬᠡ ᠵᠠᠬ᠎ᠠ ᠳᠡᠯᠭᠡᠭᠦᠷ᠎ᠦᠨ ᠭᠤᠤᠯ ᠴᠣᠭ᠍ᠴᠠ ᠪᠣᠯ ᠠᠵᠤ ᠠᠬᠤᠶ᠎ᠶ᠋ᠢᠨ ᠬᠥᠭ᠌ᠵᠢᠯᠲᠡ᠎ᠶ᠋ᠢᠨ ᠠᠮᠢᠳᠤᠯᠢᠭ ᠬᠦᠴᠦᠨ ᠮᠥᠨ᠃ ᠬᠢᠵᠢᠭ᠎ᠦᠨ ᠪᠠᠢᠳᠠᠯ ᠳᠣᠣᠷ᠎ᠠ᠂ ᠵᠠᠬ᠎ᠠ ᠳᠡᠯᠭᠡᠭᠦᠷ᠎ᠦᠨ ᠭᠣᠣᠯ ᠴᠣᠭ᠍ᠴᠠ᠎ᠶ᠋ᠢ ᠲᠣᠭ᠍ᠲᠠᠪᠤᠷᠢᠵᠢᠭᠤᠯᠬᠤ ᠨᠢ ᠣᠳᠣᠬᠠᠨ᠎ᠤ ᠠᠵᠤ ᠠᠬᠤᠢ᠎ᠶ᠋ᠢᠨ ᠠᠵᠢᠯ᠎ᠢ ᠲᠣᠭ᠍ᠲᠠᠭᠤᠨ ᠪᠠᠢᠯᠭᠠᠬᠤ ᠵᠢᠨ ᠵᠠᠩᠭᠢᠯᠠᠭ᠎ᠠ ᠪᠣᠯᠪᠠ᠃ ᠣᠢᠷ᠎ᠠ᠎ᠳᠤ᠂ ᠱᠠᠨᠰᠢ᠎ᠶ᠋ᠢᠨ ᠰᠢ ᠠᠨ᠎ᠤ ᠯᠢᠶᠠᠨ ᠬᠣ᠌ ᠲᠣᠭᠣᠷᠢᠭ᠎ᠤᠨ ᠯᠢᠶᠠᠨ ᠬᠤ᠌ ᠵᠠᠮ᠎ᠤᠨ ᠳ᠋ᠢ ᠰᠠᠨ ᠵᠢᠢ ᠴᠠᠶ ᠤᠮᠳᠠᠭᠠᠨ᠎ᠤ ᠳᠡᠯᠭᠡᠭᠦᠷ᠎ᠦᠨ ᠡᠵᠡᠨ ᠵᠦ᠍ ᠨᠠᠨ ᠢᠳᠡᠭᠡᠨ᠎ᠦ ᠡᠵᠡᠩᠨᠡᠯᠲᠡ᠎ᠶ᠋ᠢᠨ ᠵᠥᠪᠱᠢᠶᠡᠷᠡᠯ᠎ᠦᠨ ᠦᠨᠡᠮᠯᠡᠯ᠎ᠢ ᠣᠯᠵᠠᠶ᠃《ᠰᠦᠯᠵᠢᠶᠡᠨ ᠳᠡᠭᠡᠷ᠎ᠡ ᠭᠤᠶᠤᠴᠢᠯᠠᠬᠤ᠎ᠡᠴᠡ ᠠᠪᠤᠭᠠᠳ ᠤᠷᠢᠳᠴᠢᠯᠠᠨ ᠪᠣᠯᠵᠣᠭ᠍ᠰᠠᠨ ᠠᠯᠤᠰ᠎ᠡᠴᠡ ᠬᠠᠢᠨ ᠱᠢᠨᠵᠢᠯᠡᠬᠦ᠌ ᠬᠦᠷᠲᠡᠯ᠎ᠡ᠂ ᠳᠠᠬᠢᠭᠠᠳ ᠦᠨᠡᠮᠯᠡᠯ ᠠᠪᠬᠤ ᠬᠦᠷᠲᠡᠯ᠎ᠡ ᠪᠥᠬᠥ᠌ ᠶᠠᠪᠤᠴᠠ᠎ᠳᠤ ᠵᠥᠪᠬᠡᠨ ᠨᠢᠭᠡ ᠯᠡ ᠡᠳᠦᠷ᠎ᠦᠨ ᠴᠠᠭ ᠵᠠᠷᠤᠴᠠᠭᠤᠯᠵᠤ᠂ ᠦᠨᠡᠮᠯᠡᠯ ᠭᠦᠶ᠋ᠴᠡᠳᠭᠡᠬᠦ᠌ ᠴᠠᠭ ᠶᠡᠬᠡᠪᠡᠷ ᠪᠣᠭᠣᠨᠢᠰᠴᠠᠢ》ᠭᠡᠵᠦ᠍ ᠵᠦ᠍ ᠨᠠᠨ ᠬᠡᠯᠡᠪᠡ᠃ ᠲᠦᠷᠢᠮ᠎ᠦᠨ ᠴᠢᠨᠠᠷᠲᠠᠢ ᠠᠷᠠᠯᠵᠢᠶᠠᠨ᠎ᠤ ᠥᠪᠡᠷ᠎ᠦᠨ ᠦᠷᠳᠡᠭ᠎ᠢ ᠪᠠᠭᠤᠷᠠᠭᠤᠯᠬᠤ᠎ᠶ᠋ᠢᠨ ᠲᠥᠯᠥᠭᠡ᠂ ᠱᠠᠨᠰᠢ ᠮᠤᠵᠢ ᠲᠦᠷᠦᠭᠦᠬᠡᠨ ᠵᠠᠬ᠎ᠠ ᠳᠡᠯᠭᠡᠭᠦᠷ᠎ᠦᠨ ᠭᠣᠣᠯ ᠴᠣᠭ᠍ᠴᠠ᠎ᠶ᠋ᠢᠨ ᠵᠠᠬ᠎ᠠ ᠳᠡᠯᠭᠡᠭᠦᠷ᠎ᠲᠦ ᠣᠷᠣᠬᠤ᠎ᠶ᠋ᠢ ᠵᠥᠪᠱᠢᠶᠡᠷᠡᠬᠦ᠌ ᠥᠪᠡᠷ᠎ᠦᠨ ᠦᠷᠳᠡᠭ᠎ᠢ ᠪᠠᠭᠤᠷᠠᠭᠤᠯᠬᠤ᠂ ᠵᠠᠬ᠎ᠠ ᠳᠡᠯᠭᠡᠭᠦᠷ᠎ᠦᠨ ᠭᠣᠣᠯ ᠴᠣᠭ᠍ᠴᠠ᠎ᠶ᠋ᠢᠨ ᠡᠵᠡᠩᠨᠡᠯᠲᠡ᠎ᠶ᠋ᠢᠨ ᠳᠠᠷᠤᠭᠠᠰᠤ᠎ᠶ᠋ᠢ ᠬᠥᠩᠭᠡᠷᠡᠭᠦᠯᠬᠦ᠌᠂ ᠵᠠᠬ᠎ᠠ ᠳᠡᠯᠭᠡᠭᠦᠷ᠎ᠦᠨ ᠭᠣᠣᠯ ᠴᠣᠭ᠍ᠴᠠ᠎ᠶ᠋ᠢᠨ ᠠᠵᠢᠯ ᠶᠠᠪᠤᠳᠠᠯ ᠭᠦᠢᠴᠡᠳᠭᠡᠬᠦ᠌ ᠥᠪᠡᠷ᠎ᠦᠨ ᠦᠷᠳᠡᠭ᠎ᠢ ᠪᠠᠭᠤᠷᠠᠭᠤᠯᠬᠤ ᠵᠡᠷᠭᠡ 5 ᠲᠠᠯ᠎ᠠ᠎ᠪᠠᠷ 50 ᠵᠦᠢᠯ᠎ᠦᠨ ᠠᠷᠭ᠎ᠠ ᠬᠡᠮᠵᠢᠶ᠎ᠡ ᠲᠣᠭ᠍ᠲᠠᠭᠠᠵᠤ᠂ ᠵᠠᠬ᠎ᠠ ᠳᠡᠯᠭᠡᠭᠦᠷ᠎ᠦᠨ ᠭᠣᠣᠯ ᠴᠣᠭ᠍ᠴᠠ᠎ᠶ᠋ᠢᠨ ᠬᠦᠴᠢᠷ᠎ᠢ ᠰᠦᠷᠦᠨ ᠤᠷᠤᠭ᠍ᠰᠢᠯᠠᠬᠤ᠂ ᠬᠥᠭ᠌ᠵᠢᠨ ᠪᠤᠵᠠᠭᠠᠢ᠌ᠷᠠᠬᠤ᠎ᠳᠤ ᠬᠥᠳᠡᠯᠭᠡᠬᠦ᠌ ᠬᠦᠴᠦᠨ ᠨᠡᠮᠡᠷᠢᠯᠡᠪᠡ᠃ ᠠᠵᠤ ᠦᠢᠯᠡᠰ᠎ᠦᠨ ᠬᠡᠯᠬᠢᠶ᠎ᠡ ᠬᠠᠩᠭᠠᠯᠭ᠎ᠠ᠎ᠶ᠋ᠢᠨ ᠬᠡᠯᠬᠢᠶ᠎ᠡ᠎ᠶ᠋ᠢ ᠪᠠᠲᠤᠯᠠᠬᠤ ᠪᠣᠯ ᠵᠠᠬ᠎ᠠ ᠳᠡᠯᠭᠡᠭᠦᠷ᠎ᠦᠨ ᠭᠣᠣᠯ ᠴᠣᠭ᠍ᠴᠠ᠎ᠶ᠋ᠢ ᠪᠠᠲᠤᠯᠠᠬᠤ ᠰᠠᠭᠤᠷᠢ ᠪᠣᠯᠤᠨ᠎ᠠ᠃ ᠣᠳᠣᠬᠠᠨ᠎ᠳᠤ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠᠢᠳᠠᠯ ᠬᠦᠨᠳᠦ ᠬᠡᠴᠡᠭᠦᠦ ᠨᠠᠷᠢᠨ ᠪᠤᠳᠤᠯᠢᠶᠠᠨᠲᠠᠶ ᠪᠠᠢᠵᠤ᠂ ᠪᠠᠷᠠᠭᠠᠨ᠎ᠤ ᠭᠦᠶ᠋ᠯᠭᠡᠭᠡᠨ᠎ᠤ ᠰᠠᠭᠠᠳ ᠥᠬᠡᠶ ᠨᠡᠪᠲᠡᠷᠡᠬᠦ᠌᠎ᠶ᠋ᠢ ᠪᠠᠲᠤᠯᠠᠬᠤ᠎ᠨᠢ ᠠᠵᠤ ᠦᠶ᠋ᠯᠡᠰ᠎ᠦᠨ ᠬᠡᠯᠬᠢᠶ᠎ᠡ ᠬᠠᠩᠭᠠᠯᠭ᠎ᠠ᠎ᠶ᠋ᠢᠨ ᠬᠡᠯᠬᠢᠶ᠎ᠡ᠎ᠶ᠋ᠢ ᠪᠠᠲᠤᠯᠠᠬᠤ ᠵᠠᠩᠭᠢᠯᠠᠭ᠎ᠠ᠎ᠶ᠋ᠢᠨ ᠭᠣᠭ᠍ᠴᠣᠭ᠎ᠠ ᠪᠣᠯᠤᠨ᠎ᠠ᠃ 《ᠵᠠᠬ᠎ᠠ ᠳᠡᠯᠭᠡᠭᠦᠷ᠎ᠦᠨ ᠭᠣᠣᠯ ᠴᠣᠭ᠍ᠴᠠ ᠢᠯᠠᠩᠭᠤᠶ᠎ᠠ ᠳᠤᠮᠳᠠ ᠪᠠᠭ᠎ᠠ ᠵᠢᠵᠢᠭ ᠠᠵᠤ ᠠᠬᠤᠢᠯᠠᠯ ᠨᠢ ᠠᠵᠤ ᠠᠬᠤᠢᠯᠠᠯ᠎ᠢ ᠲᠤᠰᠠᠯᠠᠵᠤ ᠬᠦᠴᠢᠷᠳᠡᠯ᠎ᠢ ᠨᠢ ᠱᠢᠢᠳᠪᠦᠷᠢᠯᠡᠬᠦ᠌ ᠲᠦᠷᠦ᠍᠎ᠶ᠋ᠢᠨ ᠪᠤᠳᠤᠯᠭ᠎ᠠ᠎ᠶ᠋ᠢ ᠪᠣᠳᠠᠲᠠᠢ᠎ᠳᠤ ᠨᠠᠢᠳᠠᠪᠤᠷᠢᠵᠢᠭᠤᠯᠬᠤ᠎ᠶ᠋ᠢ ᠨᠡᠩ ᠢᠯᠡᠭᠦᠦ ᠬᠦᠰᠡᠵᠦ᠍ ᠪᠠᠢᠨ᠎ᠠ᠂ ᠡᠯ᠎ᠡ ᠭᠠᠵᠠᠷ᠎ᠤᠨ ᠬᠢᠨ ᠠᠵᠤ ᠠᠬᠤᠢᠯᠠᠯ᠎ᠢ ᠲᠤᠰᠠᠯᠠᠵᠤ ᠬᠦᠴᠢᠷᠳᠡᠯ᠎ᠢ ᠨᠢ ᠱᠢᠢᠳᠪᠦᠷᠢᠯᠡᠬᠦ᠌ ᠲᠦᠷᠦ᠍᠎ᠶ᠋ᠢᠨ ᠪᠤᠳᠤᠯᠭ᠎ᠠ᠎ᠶ᠋ᠢ ᠲᠠᠬᠢᠨ ᠨᠠᠷᠢᠯᠢᠬ᠍ᠵᠢᠭᠤᠯᠵᠤ ᠲᠠᠬᠢᠨ ᠨᠠᠢᠳᠠᠪᠤᠷᠢᠵᠢᠭᠤᠯᠬᠤ᠎ᠶ᠋ᠢ ᠲᠦᠷᠭᠡᠳᠭᠡᠨ ᠠᠬᠢᠭᠤᠯᠵᠤ᠂ ᠠᠵᠤ ᠦᠢᠯᠡᠰ᠎ᠦᠨ ᠬᠡᠯᠬᠢᠶ᠎ᠡ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠲᠣᠭ᠍ᠲᠠᠭᠤᠨ ᠰᠠᠭᠠᠳ ᠦᠭᠡᠢ ᠨᠡᠪᠲᠡᠷᠡᠬᠦ᠌᠎ᠶ᠋ᠢ ᠪᠠᠲᠤᠯᠠᠵᠤ᠂ ᠵᠠᠬ᠎ᠠ ᠳᠡᠯᠭᠡᠭᠦᠷ᠎ᠦᠨ ᠭᠣᠣᠯ ᠴᠣᠭ᠍ᠴᠠ᠎ᠶ᠋ᠢᠨ ᠬᠦᠴᠢᠷᠳᠡᠯ᠎ᠢ ᠱᠢᠢᠳᠪᠦᠷᠢᠯᠡᠵᠦ ᠬᠦᠴᠦᠨ ᠨᠡᠮᠡᠷᠢᠯᠡᠬᠦ ᠨᠢ ᠠᠵᠤ ᠠᠬᠤᠢ᠎ᠶ᠋ᠢᠨ ᠦᠨᠳᠦᠰᠦᠨ ᠪᠠᠢᠳᠠᠯ᠎ᠢ ᠨᠡᠩ ᠰᠠᠢᠲᠤᠷ ᠲᠣᠭ᠍ᠲᠠᠪᠤᠷᠢᠵᠢᠭᠤᠯᠬᠤ ᠪᠣᠯᠤᠨ᠎ᠠ》ᠭᠡᠵᠦ᠍ ᠲᠦᠷᠦ᠍᠎ᠶ᠋ᠢᠨ ᠶᠠᠪᠤᠳᠠᠯ᠎ᠤᠨ ᠬᠣᠷᠢᠶᠠᠨ᠎ᠤ ᠬᠥᠭ᠌ᠵᠢᠯᠲᠡ᠎ᠶ᠋ᠢᠨ ᠰᠤᠳᠤᠯᠭᠠᠨ᠎ᠤ ᠲᠥᠪ᠎ᠦᠨ ᠰᠤᠳᠤᠯᠤᠭ᠍ᠴᠢ ᠯᠦᠩ ᠬᠠᠢ ᠪᠥᠸᠧ ᠬᠡᠯᠡᠪᠡ᠃
ᠠᠵᠤ ᠠᠬᠤᠢ᠎ᠶ᠋ᠢᠨ ᠤᠯᠠᠮ ᠴᠢᠨᠠᠭ᠍ᠰᠢᠳᠠ ᠲᠣᠭ᠍ᠲᠠᠭᠤᠨ᠎ᠢᠶᠠᠷ ᠬᠥᠭ᠌ᠵᠢᠬᠦ᠌᠎ᠶ᠋ᠢ ᠠᠬᠢᠭᠤᠯᠤᠨ᠎ᠠ
ᠭᠤᠸᠠᠩᠰᠢ᠎ᠶ᠋ᠢᠨ ᠬᠦᠢ ᠫᠢᠩ ᠬᠤᠳᠠ᠎ᠶ᠋ᠢᠨ ᠳ᠋ᠠ ᠲᠸᠩ ᠱᠢᠶᠠ ᠤᠰᠤᠨ ᠠᠱᠢᠭ᠍ᠯᠠᠯᠲᠠ᠎ᠶ᠋ᠢᠨ ᠬᠦᠢᠰᠦ ᠪᠠᠷᠢᠯᠭ᠎ᠠ᠎ᠶ᠋ᠢᠨ ᠪᠠᠷᠠᠭᠤᠨ ᠡᠷᠭᠢ᠎ᠳᠡᠬᠢ ᠦᠢᠯᠡᠳᠪᠦᠷᠢ᠎ᠶ᠋ᠢᠨ ᠬᠠᠱᠢᠯᠭ᠎ᠠ᠎ᠶ᠋ᠢᠨ ᠪᠠᠷᠢᠯᠭ᠎ᠠ᠎ᠶ᠋ᠢᠨ ᠲᠤᠬᠠᠢ᠎ᠶ᠋ᠢᠨ ᠲᠠᠯᠠᠪᠠᠢ᠎ᠳᠤ᠂ ᠮᠢᠩᠭ᠎ᠠ ᠭᠠᠷᠤᠢ ᠪᠠᠷᠢᠯᠭ᠎ᠠ᠎ᠶ᠋ᠢᠨ ᠠᠵᠢᠯᠳᠠᠨ ᠪᠠᠷᠢᠯᠭ᠎ᠠ᠎ᠶ᠋ᠢᠨ ᠠᠵᠢᠯ᠎ᠢᠶᠠᠨ ᠠᠮᠵᠢᠭᠤᠯᠤᠨ ᠬᠢᠵᠦ᠍ ᠪᠠᠢᠯ᠎ᠠ᠃ 《ᠢᠨᠵᠸᠨ᠋ᠸᠷᠢᠩ ᠨᠢ ᠡᠨᠡ ᠵᠢᠯ᠎ᠦᠨ ᠪᠥᠲᠥᠭᠡᠨ ᠪᠠᠢᠭᠤᠯᠤᠯᠲᠠ᠎ᠶ᠋ᠢᠨ ᠶᠡᠷᠦᠩᠬᠡᠶ ᠪᠠᠯᠠ ᠣᠷᠣᠭᠤᠯᠤᠯᠲᠠ᠎ᠶ᠋ᠢᠨ 80% ᠵᠢ ᠪᠡᠶᠡᠯᠡᠭᠦᠯᠵᠦ᠍᠂ 2023 ᠣᠨ᠎ᠤ ᠡᠴᠦᠰ᠎ᠲᠦ ᠳᠠᠭᠤᠰᠭᠠᠬᠤ᠎ᠪᠠᠷ ᠲᠥᠯᠥᠪᠯᠡᠵᠦ᠍ ᠪᠠᠢᠨ᠎ᠠ》ᠭᠡᠵᠦ ᠭᠤᠸᠠᠩᠰᠢ᠎ᠶ᠋ᠢᠨ ᠳ᠋ᠠ ᠲᠧᠩ ᠱᠢᠶᠠ ᠤᠰᠤᠨ ᠠᠱᠢᠭ᠍ᠯᠠᠯᠲᠠ᠎ᠶ᠋ᠢᠨ ᠬᠦᠢᠰᠦ ᠪᠠᠷᠢᠯᠭ᠎ᠠ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠬᠡᠯᠲᠡᠰ᠎ᠦᠨ ᠡᠷᠬᠢᠯᠡᠭ᠌ᠴᠢ ᠱᠢᠶᠧ ᠵᠶ᠋ᠢ ᠠᠨ ᠬᠡᠯᠡᠪᠡ᠃
ᠭᠠᠳᠠᠭᠠᠳᠤ ᠠᠷᠠᠯᠵᠢᠶ᠎ᠠ᠎ᠶ᠋ᠢ ᠲᠤᠭᠳᠠᠭᠤᠨ ᠪᠠᠢᠯᠭᠠᠬᠤ ᠪᠤᠯ ᠨᠡᠮᠡᠭᠳᠡᠯ᠎ᠢ ᠲᠤᠭᠳᠠᠭᠤᠨ ᠪᠠᠢᠯᠭᠠᠬᠤ ᠵᠢᠨ ᠴᠢᠬᠤᠯᠠ ᠲᠤᠯᠭᠠᠭᠤᠷᠢᠯᠠᠯ ᠮᠥᠨ᠃ ᠭᠠᠳᠠᠭᠠᠳᠤ ᠣᠷᠣᠭᠤᠯᠤᠯᠲᠠ ᠭᠠᠷᠭᠠᠯᠲᠠ᠎ᠶ᠋ᠢᠨ ᠲᠣᠭ᠍ᠲᠠᠭᠤᠨ ᠪᠠᠢᠳᠠᠯ᠎ᠢ ᠪᠠᠲᠤᠯᠠᠵᠤ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠬᠠᠷᠠᠯᠲᠠ ᠡᠭᠦᠷᠭᠡ᠎ᠶ᠋ᠢ ᠪᠡᠶᠡᠯᠡᠭᠦᠯᠬᠦ᠌᠎ᠶ᠋ᠢᠨ ᠲᠥᠯᠥᠭᠡ᠂ ᠾᠸᠪᠸᠢ ᠵᠢᠨ ᠬᠤᠳᠠᠯᠳᠤᠭᠠᠨ᠎ᠤ ᠶᠠᠪᠤᠳᠠᠯ᠎ᠤᠨ ᠰᠠᠯᠠᠭ᠎ᠠ ᠮᠥᠴᠢᠷ ᠭᠠᠳᠠᠭᠠᠳᠤ ᠭᠠᠷᠭᠠᠯᠲᠠ᠎ᠶ᠋ᠢᠨ ᠢᠲᠡᠭᠡᠮᠵᠢ᠎ᠶ᠋ᠢᠨ ᠳᠠᠭᠠᠳᠭᠠᠯ᠎ᠤᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠭᠠᠳᠠᠭᠠᠳᠤ ᠭᠠᠷᠭᠠᠯᠲᠠ᠎ᠶ᠋ᠢᠨ ᠢᠲᠡᠭᠡᠮᠵᠢ᠎ᠶ᠋ᠢᠨ ᠪᠠᠲᠤᠯᠠᠪᠤᠷᠢ᠎ᠶ᠋ᠢᠨ ᠪᠦᠷᠬᠦᠴᠡ᠎ᠶ᠋ᠢ ᠤᠯᠠᠮ ᠴᠢᠨᠠᠭ᠍ᠰᠢᠳᠠ ᠥᠷᠭᠡᠳᠭᠡᠵᠦ᠍᠂ ᠳᠤᠮᠳᠠ ᠪᠠᠭ᠎ᠠ ᠵᠢᠵᠢᠭ ᠠᠵᠤ ᠠᠬᠤᠢᠯᠠᠯ ᠲᠡᠢᠰᠢ ᠬᠡᠯᠪᠡᠢᠯᠭᠡᠵᠦ᠍᠂ ᠭᠠᠳᠠᠭᠠᠳᠤ ᠠᠷᠠᠯᠵᠢᠶᠠᠨ᠎ᠤ ᠠᠵᠤ ᠠᠬᠤᠢᠯᠠᠯ᠎ᠤᠨ《ᠵᠠᠬᠢᠶᠠᠯᠠᠭ᠎ᠠ ᠪᠠᠢᠭᠰᠠᠨ ᠴᠤ᠌ ᠬᠦᠯᠢᠶᠡᠨ ᠠᠪᠬᠤ ᠵᠣᠷᠢᠭ ᠦᠭᠡᠢ᠂ ᠵᠠᠬᠢᠶᠠᠯᠠᠭ᠎ᠠ ᠪᠠᠢᠭᠰᠠᠨ ᠴᠤ᠌ ᠲᠤᠰᠬᠤ ᠴᠢᠳᠠᠪᠦᠷᠢ ᠦᠭᠡᠢ》 ᠪᠠᠢᠬᠤ ᠬᠦᠴᠢᠷᠳᠡᠯ᠎ᠢ ᠱᠢᠢᠳᠪᠦᠷᠢᠯᠡᠪᠡ᠃
《ᠬᠢᠵᠢᠭ᠎ᠦᠨ ᠪᠠᠢᠳᠠᠯ᠂ ᠳᠡᠯᠡᠬᠡᠶ᠎ᠶ᠋ᠢᠨ ᠪᠠᠢᠳᠠᠯ᠎ᠤᠨ ᠬᠤᠪᠢᠷᠠᠯᠲᠠ ᠵᠡᠷᠭᠡ᠎ᠶ᠋ᠢᠨ ᠨᠥᠯᠥᠭᠡ᠎ᠡᠴᠡ ᠪᠣᠯᠵᠣ᠂ ᠣᠨᠴᠠ ᠵᠠᠷᠢᠮ ᠬᠡᠷᠡᠭ᠌ᠯᠡᠭ᠌ᠴᠢ ᠲᠣᠭᠠᠴᠠᠭ᠎ᠠ ᠬᠢᠬᠦ᠌᠎ᠶ᠋ᠢᠨ ᠠᠷᠭ᠎ᠠ ᠥᠬᠡᠶ ᠪᠣᠯᠵᠣ᠂ ᠭᠠᠳᠠᠭᠠᠳᠤ ᠭᠠᠷᠭᠠᠯᠲᠠ᠎ᠶ᠋ᠢᠨ ᠢᠲᠡᠭᠡᠮᠵᠢ᠎ᠶ᠋ᠢᠨ ᠳᠠᠭᠠᠳᠭᠠᠯ᠎ᠤᠨ ᠺᠣᠮᠫᠠᠨᠢ ᠪᠢᠳᠡᠨ᠎ᠳᠦ ᠰᠠᠨᠠᠭᠤᠯᠭ᠎ᠠ ᠳᠤᠷᠠᠳᠤᠭ᠍ᠰᠠᠨ ᠪᠥᠭᠡᠳ ᠮᠠᠰᠢ ᠣᠬᠣᠷᠬᠠᠨ ᠬᠤᠭᠤᠴᠠᠭᠠᠨ᠎ᠳᠤ ᠬᠡᠷᠡᠭ᠎ᠢ ᠭᠥᠯᠢᠶᠡᠨ ᠠᠪᠴᠤ᠌ ᠱᠢᠶ᠋ᠳᠪᠦᠷᠢᠯᠡᠵᠦ᠂ ᠴᠠᠭ ᠲᠤᠬᠠᠶ᠎ᠳᠤᠨᠢ ᠳᠥᠯᠥᠵᠦ᠍ ᠲᠠᠩᠰᠠᠨ᠎ᠳᠤ ᠣᠷᠣᠭᠤᠯᠤᠨ᠂ ᠠᠵᠤ ᠠᠬᠤᠢᠯᠠᠯ᠎ᠤᠨ ᠪᠡᠯᠡᠨ ᠵᠣᠭᠣᠰ᠎ᠤᠨ ᠭᠦᠶ᠋ᠯᠭᠡᠭᠡ ᠪᠠᠴᠢᠮ ᠪᠠᠢᠬᠤ ᠪᠠᠢᠳᠠᠯ᠎ᠢ ᠨᠠᠮᠳᠠᠭᠤᠯᠪᠠ》ᠭᠡᠵᠦ᠍ ᠱ᠌ᠢ ᠵᠢᠶᠠ ᠵᠤᠸᠠᠩ᠎ᠤᠨ ᠴᠧᠨ᠎ᠲᠡᠶ ᠱᠦᠬᠦᠬᠦ ᠴᠠᠭᠠᠰᠤᠨ ᠤ᠋ ᠬᠢᠵᠠᠭᠠᠷᠲᠤ ᠺᠣᠮᠫᠠᠨᠢ᠎ᠶ᠋ᠢᠨ ᠶᠡᠷᠦᠩᠬᠡᠢ ᠳᠠᠭᠠᠭᠠᠮᠠᠯ ᠯᠢ ᠺᠦᠢ ᠬᠡᠯᠡᠪᠡ᠃
ᠤᠯᠤᠰ᠎ᠤᠨ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠎ᠦᠨ ᠰᠣᠨᠢᠨ ᠮᠡᠳᠡᠭᠡᠨ᠎ᠦ ᠥᠭᠦᠯᠡᠭ᠌ᠴᠢ ᠮᠸᠩ ᠸᠧᠶ᠂ ᠠᠵᠤ ᠠᠬᠤᠶ᠎ᠶ᠋ᠢ ᠲᠣᠭ᠍ᠳᠠᠭᠤᠨ ᠪᠠᠢᠯᠭᠠᠬᠤ ᠠᠯᠢ ᠣᠯᠠᠨ ᠲᠥᠷᠥ᠎ᠶ᠋ᠢᠨ ᠪᠣᠳᠣᠯᠭ᠎ᠠ ᠪᠠ ᠵᠠᠯᠭᠠᠮᠵᠢ ᠠᠷᠭ᠎ᠠ ᠬᠡᠮᠵᠢᠶ᠎ᠡ᠎ᠶ᠋ᠢ ᠲᠦᠷᠭᠡᠨ ᠨᠠᠢᠳᠠᠪᠤᠷᠢᠵᠢᠭᠤᠯᠵᠤ ᠦᠷ᠎ᠡ ᠪᠦᠲᠦᠮᠵᠢ ᠤᠯᠬᠤ ᠵᠢᠴᠢ ᠲᠥᠷᠥ᠎ᠶ᠋ᠢᠨ ᠪᠣᠳᠣᠯᠭ᠎ᠠ᠎ᠶ᠋ᠢᠨ ᠴᠢᠨᠠᠷᠲᠠᠶ ᠨᠡᠭᠡᠭᠡᠨ ᠬᠥᠭ᠌ᠵᠢᠭᠦᠯᠬᠦ᠌ ᠴᠢᠨᠠᠷᠲᠠᠶ ᠮᠥᠩᠭᠥᠨ ᠭᠦᠶ᠋ᠯᠭᠡᠭᠡᠨ᠎ᠦ ᠪᠠᠭᠠᠵᠢ᠂ ᠲᠥᠬᠥᠭᠡᠷᠦᠮᠵᠢ᠎ᠶ᠋ᠢ ᠱᠢᠨᠡᠳᠭᠡᠨ ᠥᠭᠡᠷᠡᠴᠢᠯᠡᠬᠦ᠌ ᠲᠤᠰᠭᠠᠶ ᠵᠦᠶ᠋ᠯ᠎ᠦᠨ ᠳᠠᠬᠢᠨ ᠵᠢᠭᠡᠯᠡᠯᠭᠡ ᠪᠠ ᠡᠳ᠋᠎ᠦᠨ ᠵᠠᠰᠠᠭ ᠡᠴᠡ ᠬᠦᠦ ᠮᠦᠩᠭᠦ᠎ᠶᠢ ᠨᠢ ᠤᠷᠤᠯᠠᠨ ᠦᠭᠬᠦ ᠵᠡᠷᠭᠡ ᠠᠯᠢ ᠣᠯᠠᠨ ᠠᠷᠭ᠎ᠠ ᠬᠡᠮᠵᠢᠶ᠎ᠡ ᠨᠢ ᠳᠥᠷᠪᠡᠳᠦᠭᠡᠷ ᠤᠯᠠᠷᠢᠯ᠎ᠳᠤ ᠲᠥᠪᠯᠡᠷᠡᠩᠭᠦᠶ᠎ᠪᠡᠷ ᠦᠷ᠎ᠡ ᠪᠦᠲᠦᠮᠵᠢ ᠣᠯᠵᠤ᠂ ᠲᠤᠭᠳᠠᠭᠤᠨ᠎ᠤ ᠲᠤᠮᠳᠠ ᠰᠠᠢᠵᠢᠷᠠᠬᠤ ᠰᠠᠭᠤᠷᠢ ᠲᠠᠰᠤᠷᠠᠯᠲᠠ ᠥᠬᠡᠶ ᠪᠡᠬᠢᠵᠢᠵᠦ ᠪᠠᠢᠨ᠎ᠠ ᠭᠡᠵᠦ ᠢᠯᠡᠳᠭᠡᠪᠡ᠃
(ᠱᠢᠨᠬᠤᠸᠠ ᠬᠣᠷᠢᠶᠠᠨ᠎ᠤ ᠪᠡᠭᠡᠵᠢᠩ᠎ᠦᠨ 11 ᠰᠠᠷ᠎ᠠ᠎ᠶ᠋ᠢᠨ 24 ᠤ᠋ ᠴᠠᠬᠢᠯᠭᠠᠨ ᠮᠡᠳᠡᠭᠡ ᠡᠴᠡ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠴᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃