2022-11-25 21:23:30
ᠬᠥᠬᠡᠬᠣᠲᠠ ᠵᠢᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠵᠢᠯᠣᠭᠣᠳᠭᠤ ᠭᠠᠵᠠᠷ᠎ᠤᠨ ᠬᠥᠬᠡᠬᠣᠲᠠ᠎ᠳᠤ ᠣᠷᠣᠵᠤ ᠢᠷᠡᠬᠦ᠌ ᠬᠥᠮᠦᠰ᠎ᠦᠨ ᠡᠷᠡᠭᠦᠯ ᠮᠡᠨᠳᠦ᠍᠎ᠶ᠋ᠢᠨ ᠬᠠᠮᠢᠶᠠᠷᠤᠯᠲᠠ᠎ᠶ᠋ᠢ ᠤᠯᠠᠮ ᠨᠢᠭᠡ ᠠᠯᠬᠤᠮ ᠰᠠᠢᠲᠤᠷ ᠬᠢᠬᠦ᠌ ᠲᠤᠬᠠᠶ ᠠᠯᠪᠠᠨ ᠵᠠᠷᠯᠠᠯ
( 2022 ᠣᠨ᠎ᠤ 142 ᠳ᠋ᠤᠭᠠᠷ )
ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ 20 ᠵᠤᠷᠪᠤᠰ ᠠᠷᠭ᠎ᠠ ᠬᠡᠮᠵᠢᠶ᠎ᠡ᠎ᠶ᠋ᠢ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠬᠥᠬᠡᠬᠣᠲᠠ᠎ᠳᠤ ᠣᠷᠣᠵᠤ ᠢᠷᠡᠬᠦ᠌ (ᠪᠤᠴᠠᠬᠤ)ᠬᠥᠮᠦᠰ᠎ᠦᠨ ᠡᠷᠡᠭᠦᠯ ᠮᠡᠨᠳᠦ᠍᠎ᠶ᠋ᠢᠨ ᠬᠠᠮᠢᠶᠠᠷᠤᠯᠲᠠ᠎ᠶ᠋ᠢ ᠦᠷᠭᠦᠯᠵᠢᠯᠡᠨ ᠴᠢᠩᠭᠠᠳᠭᠠᠵᠤ᠂ ᠬᠥᠮᠦᠰ᠎ᠦᠨ ᠠᠮᠤᠷ ᠲᠦᠪᠱᠢᠨ ᠡᠮᠬᠢ ᠵᠢᠷᠤᠮ᠎ᠲᠠᠶ᠎ᠪᠠᠷ ᠱᠢᠯᠵᠢᠬᠦ᠌ ᠪᠠ ᠪᠠᠷᠠᠭᠠᠨ᠎ᠤ ᠭᠦᠶ᠋ᠯᠭᠡᠭᠡ᠎ᠶ᠋ᠢᠨ ᠥᠨᠳᠥᠷ ᠪᠦᠲᠦᠮᠵᠢᠲᠡᠶ ᠰᠠᠭᠠᠳ ᠥᠬᠡᠶ ᠨᠡᠪᠲᠡᠷᠡᠬᠦ᠌᠎ᠶ᠋ᠢ ᠦᠨᠡᠨ ᠬᠦ᠌ ᠪᠠᠲᠤᠯᠠᠬᠤ᠎ᠶ᠋ᠢᠨ ᠲᠥᠯᠥᠭᠡ᠂ ᠣᠲᠣ ᠬᠣᠯᠪᠣᠭ᠍ᠳᠠᠯ ᠪᠥᠬᠥᠶ ᠤᠴᠢᠷ᠎ᠢ ᠳᠤᠤᠷᠠᠬᠢ ᠮᠡᠲᠦ ᠵᠠᠷᠯᠠᠶ᠎ᠠ᠄
ᠨᠢᠭᠡ᠂ ᠬᠥᠬᠡᠬᠣᠲᠠ᠎ᠳᠤ ᠣᠷᠣᠬᠤ(ᠪᠤᠴᠠᠬᠤ)ᠬᠥᠮᠦᠰ ᠡᠷᠬᠡᠪᠰᠢ ᠤᠷᠢᠳᠴᠢᠯᠠᠨ ᠮᠡᠳᠡᠭᠦᠯᠦᠨ ᠳᠠᠩᠰᠠᠯᠠᠭᠤᠯᠵᠤ (《ᠬᠥᠬᠡᠬᠣᠲᠠ᠎ᠶ᠋ᠢᠨ ᠮᠡᠳᠡᠭᠦᠯᠦᠨ ᠳᠠᠩᠰᠠᠯᠠᠭᠤᠯᠬᠤ 》 ᠵᠢᠵᠢᠭ ᠫᠷᠦ᠍ᠭᠷᠡᠮ)᠂ ᠬᠥᠬᠡᠬᠣᠲᠠ᠎ᠳᠤ ᠣᠷᠣᠬᠤ (ᠪᠤᠴᠠᠬᠤ)ᠦᠶ᠎ᠡ᠎ᠳᠦ ᠮᠡᠳᠡᠭᠦᠯᠦᠨ ᠳᠠᠡᠭᠰᠠᠯᠠᠭᠤᠯᠵᠤ ᠬᠢᠨᠠᠨ ᠬᠠᠷᠭᠤᠭᠤᠯᠤᠭ᠍ᠰᠠᠨ ᠦᠷ᠎ᠡ ᠳ᠋ᠦᠩ᠂ 48 ᠴᠠᠭ᠎ᠤᠨ ᠳᠣᠲᠣᠷᠡᠬᠢ 1 ᠤᠳᠠᠭ᠎ᠠ ᠵᠢᠨ ᠪᠥᠭᠡᠮ ᠬᠦᠴᠢᠯ᠎ᠦᠨ ᠪᠠᠢᠴᠠᠭᠠᠯᠲᠡ᠎ᠵᠢᠨ ᠪᠢᠯᠢᠭ ᠴᠢᠨᠠᠷ᠎ᠤᠨ ᠭᠡᠷᠡᠴᠢᠯᠡᠭᠡ᠂ 《ᠬᠥᠬᠡᠬᠣᠲᠠ᠎ᠶ᠋ᠢᠨ ᠺᠣᠳ᠋》᠎ᠤᠨ ᠨᠣᠭᠣᠭᠠᠨ ᠺᠣᠳ᠋᠎ᠢ ᠪᠠᠢᠴᠠᠭᠠᠵᠤ᠂ ᠭᠦᠷᠦᠭᠰᠡᠨ ᠭᠠᠵᠠᠷ᠎ᠤᠨ ᠪᠥᠭᠡᠮ ᠬᠦᠴᠢᠯ᠎ᠦᠨ ᠥᠯᠢᠭᠡᠷ ᠠᠪᠤᠭᠤᠯᠬᠤ ᠬᠡᠷᠡᠭ᠌ᠲᠡᠶ᠃
ᠬᠣᠶᠠᠷ᠂ ᠬᠥᠬᠡᠬᠣᠲᠠ᠎ᠳᠤ ᠣᠷᠣᠭ᠍ᠰᠠᠨ᠎ᠤ ᠳᠠᠷᠠᠭ᠎ᠠ 《ᠭᠤᠷᠪᠠᠨ ᠡᠳᠦᠷ ᠭᠤᠷᠪᠠᠨ ᠪᠠᠢᠴᠠᠭᠠᠯᠲᠠ ᠬᠢᠬᠦ᠌》 (ᠭᠦᠭᠡᠬᠤᠳᠠ᠎ᠳᠦ ᠭᠦᠷᠦᠭᠰᠡᠨ᠎ᠤ ᠳᠠᠷᠠᠭᠠᠭᠢ 《ᠭᠦᠷᠦᠭᠰᠡᠨ ᠭᠠᠵᠠᠷ᠎ᠤᠨ ᠪᠠᠢᠴᠠᠭᠠᠯᠳᠠ》 ᠵᠢ ᠠᠡᠭᠬᠠᠳᠤᠭᠠᠷ ᠤᠳᠠᠭ᠎ᠠ ᠳᠦ ᠪᠤᠳᠤᠵᠤ᠂ ᠳᠤᠰ ᠳᠤᠰ 24 ᠴᠠᠭ᠎ᠤᠨ ᠳᠠᠷᠠᠭ᠎ᠠ 2᠂ 3 ᠳ᠋ᠤᠭᠠᠷ ᠤᠳᠠᠭ᠎ᠠ ᠵᠢᠨ ᠪᠦᠭᠡᠮ ᠭᠦᠴᠢᠯ᠎ᠤᠨ ᠪᠠᠢᠴᠠᠭᠠᠯᠳᠠ ᠭᠢᠨ᠎ᠠ)᠎ᠶ᠋ᠢ ᠴᠢᠩᠭ᠎ᠠ ᠬᠡᠷᠡᠭ᠌ᠵᠢᠭᠦᠯᠦᠨ᠎ᠡ᠂ ᠡᠨᠡ ᠬᠤᠭᠤᠴᠠᠭᠠᠨ᠎ᠳᠤ ᠴᠢᠬᠤᠯᠠ ᠪᠢᠰᠢ ᠪᠤᠯ ᠭᠠᠳᠠᠭ᠍ᠰᠢ ᠭᠠᠷᠬᠤ ᠥᠬᠡᠶ᠂ ᠪᠤᠰᠤᠳ ᠲᠠᠢ ᠬᠠᠮᠲᠤ ᠬᠣᠭᠣᠯᠠᠯᠠᠬᠤ ᠥᠬᠡᠶ᠂ ᠴᠤᠭ᠍ᠯᠠᠷᠠᠬᠤ ᠥᠬᠡᠶ᠂ ᠣᠯᠠᠨ ᠨᠡᠢᠲᠡ᠎ᠶ᠋ᠢᠨ ᠵᠠᠮ ᠬᠠᠷᠢᠯᠴᠠᠭᠠᠨ᠎ᠤ ᠪᠠᠭᠠᠵᠢ᠎ᠳᠤ ᠰᠠᠭᠤᠬᠤ ᠥᠬᠡᠶ᠂ ᠬᠥᠮᠦᠨ ᠣᠯᠠᠨ ᠴᠤᠭ᠍ᠯᠠᠷᠠᠬᠤ ᠲᠠᠯᠠᠪᠤᠷ᠎ᠲᠤ ᠣᠴᠢᠬᠤ ᠥᠬᠡᠶ᠃ ᠱᠠᠭᠠᠷᠳᠠᠯᠭ᠎ᠠ ᠶᠣᠰᠣᠭᠠᠷ ᠪᠥᠭᠡᠮ ᠬᠦᠴᠢᠯ᠎ᠦᠨ ᠪᠠᠢᠴᠠᠭᠠᠯᠲᠠ ᠬᠢᠭ᠌ᠰᠡᠨ ᠥᠬᠡᠶ᠎ᠪᠡᠷ《ᠬᠥᠬᠡᠬᠣᠲᠠ᠎ᠶ᠋ᠢᠨ ᠺᠣᠳ᠋》 ᠨᠢ ᠰᠠᠨᠠᠭᠤᠯᠤᠮᠵᠢ ᠢᠯᠡᠷᠡᠭᠰᠡᠨ ᠪᠠᠢᠪᠠᠯ᠂ ᠰᠠᠨᠠᠭᠠᠴᠢᠯᠠᠭ᠎ᠠ᠎ᠠᠴᠠ᠎ᠪᠠᠨ ᠱᠢᠯᠭᠠᠨ ᠪᠠᠢᠴᠠᠭᠠᠭ᠍ᠰᠠᠨ᠎ᠤ ᠳᠠᠷᠠᠭ᠎ᠠ ᠰᠠᠨᠠᠭᠤᠯᠤᠮᠵᠢ ᠵᠢᠨ ᠴᠣᠩᠬᠣ᠎ᠶ᠋ᠢ ᠬᠠᠭᠠᠨ᠎ᠠ᠃
ᠭᠤᠷᠪᠠ᠂ ᠣᠢᠷ᠎ᠠ᠎ᠶ᠋ᠢᠨ 7 ᠡᠳᠦᠷ ᠦᠨᠳᠦᠷ ᠲᠦᠭ᠌ᠰᠢᠭᠦᠷᠢᠲᠡᠶ ᠣᠷᠣᠨ᠎ᠳᠤ ᠵᠢᠭᠤᠯᠴᠢᠯᠠᠨ ᠰᠠᠭᠤᠭ᠍ᠰᠠᠨ ᠲᠡᠦᠬᠡ᠎ᠲᠡᠶ ᠬᠥᠮᠦᠰ(ᠠᠴᠢᠶᠠᠨ᠎ᠤ ᠮᠠᠱᠢᠨ᠎ᠤ ᠵᠢᠯᠣᠭᠣᠴᠢ ᠪᠠ ᠠᠶᠠᠨᠴᠢᠳ ᠪᠠᠭ᠍ᠲᠠᠬᠤ ᠥᠬᠡᠶ)᠂ ᠬᠥᠬᠡᠬᠣᠲᠠ᠎ᠳᠤ ᠣᠷᠣᠵᠤ (ᠪᠤᠴᠠᠵᠤ)ᠢᠷᠡᠭ᠌ᠰᠡᠨ᠎ᠦ ᠳᠠᠷᠠᠭ᠎ᠠ《7 ᠡᠳᠦᠷ ᠬᠡᠷ᠎ᠲᠡᠬᠡᠨ ᠰᠠᠭᠤᠵᠤ ᠲᠤᠰᠠᠭᠠᠷᠯᠠᠬᠤ》 ᠵᠢ ᠴᠢᠩᠭ᠎ᠠ ᠬᠡᠷᠡᠭ᠌ᠵᠢᠭᠦᠯᠵᠦ᠍᠂ ᠬᠡᠷ᠎ᠲᠡᠬᠡᠨ ᠲᠤᠰᠠᠭᠠᠷᠯᠠᠬᠤ ᠨᠥᠬᠥᠴᠡᠯ ᠦᠭᠡᠢ ᠪᠣᠯ ᠲᠥᠪᠯᠡᠷᠡᠭᠦᠯᠦᠨ ᠲᠤᠰᠠᠭᠠᠷᠯᠠᠵᠤ᠂ ᠡᠨᠡ ᠬᠤᠭᠤᠴᠠᠭᠠᠨ᠎ᠳᠤ ᠺᠣᠳ᠋ ᠣᠯᠭᠣᠵᠤ ᠬᠠᠮᠢᠶᠠᠷᠤᠨ᠂ ᠭᠠᠳᠠᠭ᠍ᠰᠢ ᠭᠠᠷᠴᠤ᠌ ᠪᠣᠯᠬᠤ ᠥᠬᠡᠶ᠃ 7 ᠡᠳᠦᠷ ᠤ᠋ᠨ ᠳᠤᠳᠤᠷ᠎ᠠ ᠦᠨᠳᠦᠷ ᠲᠦᠭ᠌ᠰᠢᠭᠦᠷᠢᠲᠡᠶ ᠣᠷᠣᠨ᠎ᠤ ᠪᠠᠢᠭ᠎ᠠ ᠬᠣᠱᠢᠭᠤ(ᠱᠢᠶᠠᠨ᠂ ᠲᠣᠭᠣᠷᠢᠭ)᠎ᠶ᠋ᠢᠨ ᠪᠤᠰᠤᠳ ᠭᠠᠵᠠᠷ ᠣᠷᠣᠨ᠎ᠳᠤ ᠵᠢᠭᠤᠯᠴᠢᠯᠠᠨ ᠰᠠᠭᠤᠭ᠍ᠰᠠᠨ ᠲᠡᠦᠬᠡ᠎ᠲᠡᠶ ᠬᠥᠮᠦᠰ(ᠠᠴᠢᠶᠠᠨ᠎ᠤ ᠮᠠᠱᠢᠨ᠎ᠤ ᠵᠢᠯᠣᠭᠣᠴᠢ ᠪᠠ ᠠᠶᠠᠨᠴᠢᠳ ᠪᠠᠭ᠍ᠲᠠᠬᠤ ᠥᠬᠡᠶ)᠂ ᠬᠥᠬᠡᠬᠣᠲᠠ᠎ᠳᠤ ᠣᠷᠣᠵᠤ(ᠪᠤᠴᠠᠵᠤ)ᠢᠷᠡᠭ᠌ᠰᠡᠨ᠎ᠦ ᠳᠠᠷᠠᠭ᠎ᠠ 《5 ᠡᠳᠦᠷ᠎ᠦᠨ ᠬᠡᠷ ᠪᠦᠯᠢ᠎ᠶ᠋ᠢᠨ ᠡᠷᠡᠭᠦᠯ ᠮᠡᠨᠳᠦ᠍᠎ᠶ᠋ᠢᠨ ᠬᠢᠨᠠᠨ ᠬᠡᠮᠵᠢᠯᠲᠡ》 ᠶ᠋ᠢ ᠴᠢᠩᠭ᠎ᠠ ᠬᠡᠷᠡᠭ᠌ᠵᠢᠭᠦᠯᠵᠦ᠍᠂ ᠡᠨᠡ ᠬᠤᠭᠤᠴᠠᠭᠠᠨ᠎ᠳᠤ ᠴᠢᠬᠤᠯᠠ ᠪᠢᠰᠢ ᠪᠤᠯ ᠭᠠᠳᠠᠭ᠍ᠰᠢ ᠭᠠᠷᠴᠤ᠌ ᠪᠣᠯᠬᠤ ᠥᠬᠡᠶ᠃
ᠳᠥᠷᠪᠡ᠂ ᠪᠠᠷᠠᠭᠠᠨ᠎ᠤ ᠲᠡᠷᠭᠡ᠎ᠶ᠋ᠢᠨ ᠵᠢᠯᠣᠭᠣᠴᠢ ᠬᠥᠬᠡᠬᠣᠲᠠ᠎ᠳᠤ ᠣᠷᠣᠬᠤ ᠦᠶᠡᠰ᠂ ᠪᠥᠬᠥ᠌ ᠶᠠᠪᠤᠴᠠ᠎ᠳᠤ ᠲᠡᠷᠭᠡᠨ᠎ᠡᠴᠡ ᠪᠠᠭᠤᠬᠤ ᠥᠬᠡᠶ᠂ ᠴᠡᠭ᠎ᠡᠴᠡ ᠴᠡᠭ᠎ᠲᠦ᠍ ᠪᠢᠲᠡᠭᠦᠮᠵᠢᠯᠡᠭᠰᠡᠨ ᠴᠠᠭᠠᠷᠢᠭᠲᠦ ᠲᠡᠭᠡᠭᠡᠪᠦᠷᠢᠯᠡᠵᠦ᠍᠂ ᠬᠣᠲᠠ᠎ᠶ᠋ᠢᠨ ᠬᠡᠪᠴᠢᠶᠡᠨ᠎ᠳᠦ ᠳᠤᠷ᠎ᠠ᠎ᠪᠠᠷ᠎ᠢᠶᠠᠨ ᠵᠣᠭ᠍ᠰᠣᠬᠤ ᠥᠬᠡᠶ᠂ ᠡᠳ᠋ ᠪᠠᠷᠠᠭ᠎ᠠ᠎ᠶ᠋ᠢ ᠳᠠᠷᠤᠶ ᠠᠴᠢᠵᠤ (ᠪᠠᠭᠤᠯᠭᠠᠵᠤ)ᠳᠠᠷᠤᠶ ᠶᠠᠪᠤᠭᠤᠯᠤᠨ᠎ᠠ᠃ ᠬᠥᠬᠡᠬᠣᠲᠠ᠎ᠠᠴᠠ ᠰᠠᠯᠬᠤ ᠦᠶ᠎ᠡ᠎ᠳᠦ᠂ 24 ᠴᠠᠭ᠎ᠤᠨ ᠳᠣᠲᠣᠷ᠎ᠠ ᠨᠢᠭᠡ ᠤᠳᠠᠭᠠᠨ᠎ᠤ ᠪᠥᠭᠡᠮ ᠬᠦᠴᠢᠯ᠎ᠦᠨ ᠪᠠᠢᠴᠠᠭᠠᠯᠲᠠ᠎ᠶ᠋ᠢᠨ ᠪᠢᠯᠢᠭ ᠴᠢᠨᠠᠷᠲᠠᠶ ᠦᠷ᠎ᠡ ᠳ᠋ᠦᠩ᠎ᠢ ᠪᠠᠢᠴᠠᠭᠠᠨ ᠱᠢᠯᠭᠠᠨ᠎ᠠ᠂ ᠬᠥᠬᠡᠬᠣᠲᠠ᠎ᠶ᠋ᠢᠨ ᠺᠣᠳ᠋ ᠨᠣᠭᠣᠭᠠᠨ ᠺᠣᠳ᠋᠂ ᠪᠡᠭᠡᠵᠢᠩ ᠵᠦᠭ ᠠᠶᠠᠯᠠᠬᠤ ᠠᠴᠢᠶᠠᠨ᠎ᠤ ᠮᠠᠱᠢᠨ ᠲᠡᠷᠭᠡᠨ᠎ᠦ ᠵᠢᠯᠣᠭᠣᠴᠢ ᠵᠡᠷᠭᠡ᠎ᠳᠦᠨᠢ ᠪᠡᠭᠡᠵᠢᠩ᠎ᠦᠨ ᠡᠷᠡᠭᠦᠯ ᠮᠡᠨᠳᠦ᠍᠎ᠶ᠋ᠢᠨ ᠺᠣᠳ᠋᠎ᠢ ᠪᠠᠢᠴᠠᠭᠠᠨ ᠱᠢᠯᠭᠠᠵᠤ᠂ ᠬᠤᠪᠢ ᠬᠥᠮᠦᠨ᠎ᠦ ᠮᠡᠳᠡᠭᠡ ᠵᠠᠩᠭᠢ᠎ᠶ᠋ᠢ ᠳᠡᠩᠰᠡᠯᠡᠨ᠎ᠡ᠃
ᠲᠣᠰ ᠠᠯᠪᠠᠨ ᠵᠠᠷᠯᠠᠯ᠎ᠢ ᠨᠡᠢᠲᠡᠯᠡᠭ᠌ᠰᠡᠨ ᠡᠳᠦᠷ᠎ᠡᠴᠡ ᠡᠬᠢᠯᠡᠨ ᠬᠡᠷᠡᠭ᠌ᠵᠢᠭᠦᠯᠵᠦ᠍᠂ ᠬᠢᠵᠢᠭ᠎ᠦᠨ ᠪᠠᠢᠳᠠᠯ ᠪᠠ ᠬᠢᠵᠢᠭ᠎ᠢ ᠰᠡᠷᠭᠡᠢᠯᠡᠬᠦ᠌ ᠠᠵᠢᠯ᠎ᠤᠨ ᠱᠠᠭᠠᠷᠳᠠᠯᠭ᠎ᠠ᠎ᠶ᠋ᠢ ᠦᠨᠳᠦᠰᠦᠯᠡᠨ ᠬᠥᠳᠡᠯᠦᠩᠭᠦᠶ᠎ᠪᠡᠷ ᠲᠣᠬᠢᠷᠠᠭᠤᠯᠤᠯᠲᠠ ᠬᠢᠨ᠎ᠠ᠃
ᠬᠥᠬᠡᠬᠣᠲᠠ ᠵᠢᠨ ᠱᠢᠨ᠎ᠡ ᠲᠢᠲᠢᠮᠯᠢᠭ ᠠᠭᠤᠰᠭᠢᠨ ᠦᠷᠪᠢᠰᠦᠯ ᠦᠨ ᠬᠢᠵᠢᠭ ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ ᠤᠨ ᠵᠢᠯᠣᠭᠣᠳᠭᠤ ᠭᠠᠵᠠᠷ 2022 ᠣᠨ᠎ᠤ 11 ᠰᠠᠷ᠎ᠠ᠎ᠶ᠋ᠢᠨ 25 ᠤ ᠡᠳᠦᠷ
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃