2022-11-26 15:40:28
ᠬᠥᠬᠡᠬᠣᠲᠠ᠎ᠶᠢᠨ ᠮᠥᠩᠭᠥᠨ ᠭᠦᠢᠯᠭᠡᠭᠡᠨ᠎ᠦ ᠠᠯᠪᠠᠨ ᠭᠡᠷ᠎ᠡᠴᠡ ᠣᠢᠯᠠᠭᠠᠭᠰᠠᠨ ᠵᠢᠡᠷ᠂ ᠮᠥᠩᠭᠥᠨ ᠭᠦᠢᠯᠭᠡᠭᠡᠨ᠎ᠦ ᠦᠢᠯᠡᠴᠢᠯᠡᠭᠡ᠎ᠶᠢ ᠪᠠᠢᠩᠭᠤ ᠪᠠᠲᠤᠯᠠᠬᠤ᠎ᠶᠢᠨ ᠬᠠᠮᠲᠤ᠂ ᠨᠠᠰᠤᠲᠠᠢᠴᠤᠳ ᠵᠡᠷᠭᠡ ᠭᠣᠣᠯᠳᠠᠯᠭ᠎ᠠ᠎ᠲᠠᠢ ᠬᠥᠮᠥᠰ ᠪᠠ ᠵᠢᠵᠢᠭ᠌ ᠪᠠᠭ᠎ᠠ ᠠᠵᠤ ᠠᠬᠤᠢᠯᠠᠯ᠂ ᠬᠤᠪᠢ᠎ᠶᠢᠨ ᠦᠢᠯᠡᠳᠪᠦᠷᠢ ᠬᠤᠳᠠᠯᠳᠤᠭᠠᠨ᠎ᠤ ᠡᠷᠦᠭᠡ᠂ ᠠᠮᠢᠳᠤᠯᠢᠭ᠋᠎ᠢᠶᠠᠷ ᠠᠵᠢᠯ ᠣᠯᠣᠭᠰᠠᠳ ᠵᠡᠷᠭᠡ ᠤᠨᠴᠠᠭᠠᠢ ᠬᠠᠮᠳᠤ ᠨᠡᠢᠳᠡ ᠵᠢᠨ ᠮᠥᠩᠭᠥᠨ ᠭᠦᠢᠯᠭᠡᠭᠡᠨ᠎ᠦ ᠦᠢᠯᠡᠴᠢᠯᠡᠭᠡ ᠵᠢ ᠪᠠᠲᠤᠯᠠᠵᠤ᠂ ᠠᠵᠢᠯ᠎ᠢᠶᠠᠨ ᠰᠡᠷᠭᠦᠭᠡᠵᠦ ᠵᠠᠬ᠎ᠠ ᠳᠡᠯᠭᠡᠭᠦᠷ᠎ᠢᠶᠡᠨ ᠰᠡᠷᠭᠦᠭᠡᠬᠦ᠎ᠳᠦ ᠨᠠᠩ ᠰᠠᠢᠨ ᠦᠢᠯᠡᠴᠢᠯᠡᠵᠤ᠂ ᠦᠢᠯᠡᠳᠪᠦᠷᠢᠯᠡᠯ ᠬᠤᠳᠠᠯᠳᠤᠭ᠎ᠠ᠎ᠶᠢ ᠰᠡᠷᠭᠦᠭᠡᠬᠦ ᠪᠡᠯᠡ ᠮᠥᠩᠭᠥ᠎ᠶᠢᠨ ᠬᠡᠷᠡᠭᠴᠡᠭᠡ᠂ ᠠᠵᠤ ᠦᠢᠯᠡᠰ᠎ᠦᠨ ᠬᠡᠯᠬᠢᠶ᠎ᠡ᠎ᠶᠢ ᠬᠠᠪᠰᠤᠷᠬᠤ᠂ ᠬᠠᠩᠭᠠᠯᠭ᠎ᠠ᠎ᠶᠢᠨ ᠬᠡᠯᠬᠢᠶ᠎ᠡ᠎ᠶᠢᠨ ᠠᠵᠤ ᠠᠬᠤᠢᠯᠠᠯ᠎ᠤᠨ ᠬᠦᠴᠢᠷᠳᠡᠯ᠎ᠢ ᠰᠢᠢᠳᠪᠦᠷᠢᠯᠡᠬᠦ ᠵᠢᠨ ᠲᠦᠯᠦᠭᠡ᠂ ᠬᠥᠬᠡᠬᠣᠲᠠ᠎ᠶᠢᠨ ᠠᠷᠠᠳ᠎ᠤᠨ ᠵᠠᠰᠠᠭ᠎ᠤᠨ ᠣᠷᠳᠣᠨ ᠨᠢ ᠠᠷᠠᠳ᠎ᠤᠨ ᠪᠠᠩᠬᠢ᠎ᠶᠢᠨ ᠬᠥᠬᠡᠬᠣᠲᠠ᠎ᠶᠢᠨ ᠲᠥᠪ ᠰᠠᠯᠪᠤᠷᠢ ᠪᠠᠩᠬᠢ᠂ ᠥᠪᠥᠷ ᠮᠣᠩᠭᠣᠯ᠎ᠤᠨ ᠪᠠᠩᠬᠢ ᠪᠠ ᠳᠠᠭᠠᠳᠬᠠᠯ᠎ᠤᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ ᠲᠠᠢ ᠬᠠᠮᠲᠤᠷᠠᠨ ᠮᠥᠩᠭᠥᠨ ᠭᠦᠢᠯᠭᠡᠭᠡᠨ᠎ᠦ ᠲᠣᠣᠷ ᠴᠡᠭ᠎ᠤᠨ ᠡᠵᠡᠩᠨᠡᠯᠲᠡ᠎ᠶᠢ ᠯᠠᠪᠳᠠᠭᠤᠨ ᠪᠥᠭᠡᠳ ᠡᠮᠬᠢ ᠵᠢᠷᠤᠮ᠎ᠲᠠᠢ᠎ᠪᠠᠷ ᠰᠡᠷᠭᠦᠭᠡᠬᠦ ᠮᠡᠳᠡᠭᠳᠡᠯ᠎ᠢ ᠳᠠᠷᠤᠮᠠᠯᠯᠠᠨ ᠲᠠᠷᠬᠠᠭᠠᠪᠠ᠂ ᠯᠠᠪᠳᠠᠭᠤᠨ᠎ᠢᠶᠠᠷ᠂ ᠡᠮᠬᠢ ᠵᠢᠷᠤᠮ᠎ᠲᠠᠢ᠂ ᠢᠳᠡᠪᠬᠢ ᠵᠠᠷᠴᠢᠮ ᠶᠤᠰᠤᠭᠠᠷ ᠬᠢᠵᠢᠭ᠌᠎ᠦᠨ ᠪᠠᠢᠳᠠᠯ᠎ᠢ ᠰᠡᠷᠭᠡᠢᠯᠡᠨ ᠡᠵᠡᠮᠳᠡᠬᠦ ᠪᠠ ᠮᠥᠩᠭᠥᠨ ᠭᠦᠢᠯᠭᠡᠭᠡᠨ᠎ᠦ ᠦᠢᠯᠡᠴᠢᠯᠡᠭᠡᠨ᠎ᠦ ᠪᠠᠲᠤᠯᠠᠭ᠎ᠠ᠎ᠶᠢ ᠨᠢᠭᠡᠳᠦᠯᠲᠡᠢ ᠲᠥᠯᠥᠪᠵᠢᠭᠦᠯᠵᠤ᠂ ᠠᠦ᠋ᠲ᠋ᠣ᠋ ᠵᠣᠭᠣᠰ ᠬᠠᠳᠠᠭᠠᠯᠠᠵᠤ ᠭᠠᠷᠭᠠᠬᠤ ᠮᠠᠰᠢᠨ ᠪᠠ ᠣᠶᠤᠨᠴᠢ ᠴᠤᠡᠭᠬᠤᠪᠴᠢ ᠵᠡᠷᠭᠡ ᠬᠦᠷᠦᠯᠴᠡᠬᠦ ᠦᠭᠡᠢ ᠮᠥᠩᠭᠥᠨ ᠭᠦᠢᠯᠭᠡᠭᠡᠨ᠎ᠦ ᠦᠢᠯᠡᠴᠢᠯᠡᠭᠡᠨ᠎ᠦ ᠮᠠᠰᠢᠨ ᠪᠠᠭᠠᠵᠢ ᠶᠢᠨ ᠡᠵᠡᠩᠨᠡᠯᠲᠡ ᠬᠠᠮᠢᠶᠠᠷᠤᠯᠲᠠ᠎ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠴᠤᠡᠭᠬᠤᠪᠴᠢ᠎ᠶᠢᠨ ᠲᠣᠣᠷ ᠴᠡᠭ᠎ᠦᠨ ᠦᠢᠯᠡᠴᠢᠯᠡᠭᠡ᠎ᠶᠢ ᠠᠯᠬᠤᠮ ᠠᠯᠬᠤᠮ᠎ᠢᠶᠠᠷ ᠡᠮᠬᠢ ᠵᠢᠷᠤᠮ᠎ᠲᠠᠢ᠎ᠪᠠᠷ ᠰᠡᠷᠭᠦᠭᠡᠨ᠎ᠡ᠂ ᠬᠢᠵᠢᠭ᠌᠎ᠦᠨ ᠪᠠᠢᠳᠠᠯ᠎ᠢ ᠰᠡᠷᠭᠡᠢᠯᠡᠨ ᠡᠵᠡᠮᠳᠡᠬᠦ ᠠᠷᠭ᠎ᠠ ᠬᠡᠮᠵᠢᠶ᠎ᠡ᠎ᠶᠢ ᠪᠦᠲᠦᠮᠵᠢᠲᠡᠶ ᠨᠠᠢᠳᠠᠪᠤᠷᠢᠵᠢᠭᠤᠯᠤᠭᠰᠠᠨ ᠤᠷᠢᠲᠠᠯ ᠳᠣᠣᠷ᠎ᠠ᠂ ᠤᠷᠢᠳᠠᠪᠠᠷ ᠨᠡᠭᠡᠭᠡᠵᠦ ᠪᠣᠯᠬᠤ᠎ᠶᠢ ᠤᠷᠢᠳᠠᠪᠠᠷ ᠨᠡᠭᠡᠭᠡᠬᠦ ᠵᠢ ᠵᠣᠷᠢᠭ᠍ᠵᠢᠭᠤᠯᠬᠤ᠂ ᠨᠡᠭᠡᠭᠡᠬᠦ ᠶᠣᠰᠣᠲᠠᠢ ᠪᠦᠬᠦᠨ᠎ᠢ ᠨᠡᠭᠡᠭᠡᠵᠤ᠂ ᠲᠣᠣᠷ ᠴᠡᠭ᠎ᠦᠨ ᠡᠵᠡᠩᠨᠡᠬᠦ ᠴᠠᠭ ᠪᠣᠯᠣᠨ ᠠᠵᠢᠯᠲᠠᠨ᠎ᠤ ᠲᠣᠭ᠎ᠠ᠎ᠶᠢ ᠵᠦᠢ ᠵᠣᠬᠢᠰᠲᠠᠢ ᠲᠣᠬᠢᠷᠠᠭᠤᠯᠵᠤ᠂ ᠴᠠᠭ ᠲᠤᠬᠠᠢ ᠳ᠋ᠤᠨᠢ ᠰᠦᠯᠵᠢᠶ᠎ᠠ᠂ APP ᠪᠠᠢᠴᠠᠭᠠᠨ ᠯᠠᠪᠯᠠᠬᠤ ᠵᠡᠷᠭᠡ ᠠᠷᠭ᠎ᠠ ᠮᠠᠶᠢᠭ᠋᠎ᠢᠶᠠᠷ ᠰᠦᠯᠵᠢᠶᠡᠨ ᠴᠡᠭ᠎ᠦᠨ ᠡᠵᠡᠩᠨᠡᠯᠲᠡ᠎ᠶᠢᠨ ᠪᠠᠢᠳᠠᠯ᠎ᠢ ᠭᠠᠳᠠᠭ᠍ᠰᠢ ᠨᠡᠢᠲᠡᠯᠡᠬᠦ ᠬᠡᠷᠡᠭᠳᠠᠢ ᠬᠡᠪᠡ᠃
11 ᠰᠠᠷ᠎ᠠ᠎ᠶᠢᠨ 25 ᠤ ᠦᠳᠡ ᠪᠣᠯᠲᠠᠯ᠎ᠠ᠂ ᠬᠥᠬᠡᠬᠣᠲᠠ᠎ᠶᠢᠨ ᠳᠥᠷᠪᠡᠨ ᠲᠣᠭᠣᠷᠢᠭ᠋᠎ᠤᠨ ᠦᠢᠯᠡᠳᠪᠦᠷᠢ ᠬᠤᠳᠠᠯᠳᠤᠭᠠᠨ᠎ᠤ ᠪᠠᠩᠬᠢ᠂ ᠲᠠᠷᠢᠶᠠᠯᠠᠩ᠎ᠤᠨ ᠪᠠᠩᠬᠢ᠂ ᠳᠤᠮᠳᠠᠳᠤ ᠤᠯᠤᠰ᠎ᠤᠨ ᠪᠠᠩᠬᠢ᠂ ᠪᠦᠲᠦᠭᠡᠨ ᠪᠠᠢᠭᠤᠯᠤᠯᠲᠠ᠎ᠶᠢᠨ ᠪᠠᠩᠬᠢ ᠵᠢᠴᠢ ᠥᠪᠥᠷ ᠮᠣᠩᠭᠣᠯ ᠪᠠᠩᠬᠢ᠂ ᠮᠧᠩ ᠱᠠᠩ ᠪᠠᠩᠬᠢ᠂ ᠵᠢᠨ ᠬᠥ ᠬᠦᠳᠡᠭᠡ ᠲᠤᠰᠬᠤᠨ᠎ᠤ ᠬᠤᠳᠠᠯᠳᠤᠭᠠᠨ᠎ᠤ ᠪᠠᠩᠬᠢ᠎ᠶᠢᠨ 28 ᠲᠣᠣᠷ ᠴᠡᠭ ᠨᠢ ᠭᠠᠳᠠᠭ᠍ᠰᠢ ᠡᠵᠡᠩᠨᠡᠵᠤ᠂ ᠴᠣᠩᠬᠣᠪᠴᠢ᠎ᠶᠢᠨ ᠦᠢᠯᠡᠴᠢᠯᠡᠭᠡ ᠵᠢ ᠬᠠᠩᠭᠠᠵᠤ᠂ ᠣᠢᠷ᠎ᠠ᠎ᠳᠤ ᠡᠯ᠎ᠡ ᠪᠠᠩᠬᠢ᠎ᠶᠢᠨ 45 ᠲᠣᠣᠷ ᠴᠡᠭ ᠨᠢ ᠵᠠᠯᠭᠠᠭ᠎ᠠ᠎ᠪᠠᠷ ᠡᠵᠡᠩᠨᠡᠯᠲᠡ᠎ᠪᠡᠨ ᠰᠡᠷᠭᠦᠭᠡᠬᠦ ᠪᠡᠷ ᠪᠤᠢ᠃ ᠣᠳᠣᠬᠠᠨ᠎ᠳᠤ ᠶᠠᠭ ᠠᠵᠢᠯᠲᠠᠨ ᠲᠣᠬᠢᠷᠠᠭᠤᠯᠬᠤ᠂ ᠲᠠᠯᠠᠪᠤᠷ ᠭᠠᠵᠠᠷ᠎ᠢ ᠠᠷᠢᠭᠤᠳᠬᠠᠬᠤ᠂ ᠠᠷᠤ ᠲᠠᠯ᠎ᠠ᠎ᠶᠢᠨ ᠪᠠᠲᠤᠯᠠᠭ᠎ᠠ᠂ ᠬᠢᠵᠢᠭ᠌᠎ᠤᠨ ᠪᠠᠢᠳᠠᠯ᠎ᠢ ᠰᠡᠷᠭᠡᠢᠯᠡᠨ ᠡᠵᠡᠮᠳᠡᠬᠦ ᠠᠵᠢᠯ᠎ᠢ ᠵᠣᠯᠭᠠᠭᠤᠯᠬᠤ ᠵᠡᠷᠭᠡ ᠠᠵᠢᠯ᠎ᠢ ᠥᠷᠨᠢᠭᠦᠯᠵᠦ ᠪᠣᠶ᠃ ᠳᠠᠷᠠᠭ᠎ᠠ᠎ᠪᠠᠷ ᠬᠢᠵᠢᠭ᠌᠎ᠦᠨ ᠪᠠᠢᠳᠠᠯ᠎ᠢ ᠰᠡᠷᠭᠡᠢᠯᠡᠨ ᠡᠵᠡᠮᠳᠡᠬᠦ ᠪᠠᠢᠳᠠᠯ᠎ᠢ ᠦᠨᠳᠦᠰᠦᠯᠡᠨ ᠪᠠᠰᠠ ᠨᠠᠩ ᠣᠯᠠᠨ ᠲᠣᠣᠷ ᠴᠡᠭ᠎ᠢ ᠰᠡᠷᠭᠦᠭᠡᠵᠦ ᠬᠥᠮᠥᠨ᠎ᠦ ᠬᠦᠴᠦᠨ᠎ᠦ ᠴᠤᠡᠭᠬᠤᠪᠴᠢ᠎ᠶᠢᠨ ᠦᠢᠯᠡᠴᠢᠯᠡᠭᠡ ᠵᠢ ᠬᠠᠩᠭᠠᠨ᠎ᠠ᠃
ᠡᠭᠦᠨ᠎ᠡᠴᠡ ᠭᠠᠳᠠᠨ᠎ᠠ᠂ ᠲᠣᠰ ᠡᠭᠡᠯᠵᠢ᠎ᠶᠢᠨ ᠬᠢᠵᠢᠭ᠌᠎ᠦᠨ ᠪᠠᠢᠳᠠᠯ ᠭᠠᠷᠤᠭᠰᠠᠨ᠎ᠠᠴᠠ ᠨᠠᠭᠠᠰᠢ ᠬᠥᠬᠡᠬᠣᠲᠠ᠎ᠶᠢᠨ ᠡᠯ᠎ᠡ ᠮᠥᠩᠭᠥᠨ ᠭᠦᠢᠯᠭᠡᠭᠡᠨ᠎ᠦ ᠪᠠᠢᠭᠤᠯᠤᠮᠵᠢ ᠰᠦᠯᠵᠢᠶᠡᠨ ᠳᠡᠭᠡᠷᠡᠬᠢ ᠪᠥᠬᠥ ᠲᠠᠯ᠎ᠠ᠎ᠶᠢᠨ ᠦᠢᠯᠡᠴᠢᠯᠡᠭᠡ᠂ ᠰᠦᠯᠵᠢᠶᠡᠨ ᠭᠠᠳᠠᠨᠠᠬᠢ ᠪᠠᠴᠢᠮ ᠪᠠᠢᠳᠠᠯ᠎ᠢ ᠠᠷᠭᠠᠴᠠᠭᠠᠬᠤ ᠦᠢᠯᠡᠴᠢᠯᠡᠭᠡ᠎ᠪᠡᠷ ᠳᠠᠮᠵᠢᠨ᠂ ᠠᠵᠢᠯ᠎ᠢᠶᠠᠨ ᠲᠠᠰᠤᠯᠳᠠᠭᠤᠯᠬᠤ ᠦᠭᠡᠢ᠂ ᠲᠤᠬᠠᠢᠯᠠᠭᠰᠠᠨ ᠠᠵᠢᠯ᠎ᠢᠶᠠᠨ ᠲᠠᠰᠤᠯᠳᠠᠭᠤᠯᠬᠤ ᠦᠭᠡᠢ ᠪᠠᠢᠬᠤ᠎ᠶᠢ ᠪᠡᠶᠡᠯᠡᠭᠦᠯᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠴᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃