ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠮᠡᠳᠡᠭᠡᠯᠡᠯ

2022-11-25 21:25:40

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠲᠣᠰ ᠡᠭᠡᠯᠵᠢ᠎ᠶᠢᠨ ᠬᠢᠵᠢᠭ᠌᠎ᠦᠨ ᠪᠠᠢᠳᠠᠯ ᠡᠭᠦᠰᠦᠭᠰᠡᠨ᠎ᠡᠴᠡ ᠨᠠᠭᠠᠰᠢ᠂ ᠥᠪᠡᠷᠲᠡᠭᠡᠨ ᠵᠠᠰᠠᠬᠤ ᠣᠷᠣᠨ᠎ᠤ ᠤᠳᠬ᠎ᠠ ᠤᠷᠠᠯᠢᠭ᠋᠎ᠤᠨ ᠬᠢᠨ᠎ᠦ ᠬᠣᠯᠪᠣᠭ᠎ᠠ ᠡᠴᠡ ᠪᠥᠬᠥ ᠣᠷᠣᠨ᠎ᠤ ᠤᠳᠬ᠎ᠠ ᠤᠷᠠᠯᠢᠭ᠋᠎ᠤᠨ ᠬᠢᠨ᠎ᠳᠦ ᠰᠠᠨᠠᠭᠠᠴᠢᠯᠠᠭ᠎ᠠ ᠭᠠᠷᠭᠠᠵᠤ ᠂ ᠥᠷᠭᠡᠨ ᠣᠯᠠᠨ ᠤᠳᠬ᠎ᠠ ᠤᠷᠠᠯᠢᠭ᠋᠎ᠤᠨ ᠠᠵᠢᠯᠲᠠᠳ᠎ᠢ 《ᠤᠷᠠᠯᠢᠭ》 ᠵᠢᠡᠷ 《ᠬᠢᠵᠢᠭ᠌》᠎ᠢ ᠡᠰᠡᠷᠭᠦᠴᠡᠬᠦ ᠵᠢ ᠤᠷᠢᠶᠠᠯᠠᠪᠠ᠃ ᠡᠯ᠎ᠡ ᠤᠳᠬ᠎ᠠ ᠤᠷᠠᠯᠢᠭ᠍ᠴᠢᠳ᠎ᠤᠨ ᠨᠡᠢᠭᠡᠮᠯᠢᠭ ᠵᠢᠴᠢ 12 ᠠᠢᠮᠠᠭ ᠬᠤᠳᠠ᠎ᠶᠢᠨ ᠤᠳᠬ᠎ᠠ ᠤᠷᠠᠯᠢᠭ᠋᠎ᠤᠨ ᠬᠢᠨ᠎ᠦ ᠬᠣᠯᠪᠣᠭ᠎ᠠ ᠦᠳᠲᠡᠷ ᠲᠦᠷᠭᠡᠨ ᠬᠥᠳᠡᠯᠦᠯᠴᠡᠵᠦ᠂ ᠢᠳᠡᠪᠬᠢᠲᠡᠢ᠎ᠪᠡᠷ ᠴᠤᠤᠷᠢᠶᠠᠲᠤᠨ ᠲᠠᠭᠠᠵᠦ᠂ ᠥᠷᠭᠡᠨ ᠤᠯᠠᠨ ᠤᠳᠬ᠎ᠠ ᠤᠷᠠᠯᠢᠭ᠋᠎ᠤᠨ ᠠᠵᠢᠯᠲᠠᠳ ᠬᠢᠵᠢᠭ᠌᠎ᠦᠨ ᠪᠠᠢᠳᠠᠯ᠎ᠢ ᠰᠡᠷᠭᠡᠢᠯᠡᠨ ᠡᠵᠡᠮᠳᠡᠬᠦ ᠨᠢᠭᠡᠳᠦᠭᠡᠷ ᠹᠷᠣᠨᠲ᠎ᠲᠤ ᠠᠩᠬᠠᠷᠤᠯ᠎ᠢᠶᠠᠨ ᠲᠥᠪᠯᠡᠷᠡᠭᠦᠯᠵᠦ᠂ ᠭᠦᠨᠴᠡ᠎ᠲᠠᠢ᠂ ᠰᠡᠳᠬᠢᠯᠭᠡ ᠳᠠᠢ ᠤᠷᠠᠯᠢᠭ᠋᠎ᠤᠨ ᠪᠦᠲᠦᠭᠡᠯ᠎ᠢ ᠦᠯᠡᠮᠵᠢ ᠤᠯᠠᠨ᠎ᠢᠶᠠᠷ ᠵᠣᠬᠢᠶᠠᠨ ᠪᠦᠲᠦᠭᠡᠵᠡᠢ᠃

ᠣᠳᠣᠬᠠᠨ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠤᠳᠬ᠎ᠠ ᠤᠷᠠᠯᠢᠭ᠋᠎ᠤᠨ ᠬᠢᠨ᠎ᠦ ᠬᠣᠯᠪᠣᠭ᠎ᠠ ᠬᠢᠵᠢᠭ᠌᠎ᠢ ᠡᠰᠡᠷᠭᠦᠴᠡᠬᠦ ᠰᠡᠳᠦᠪᠲᠦ ᠪᠦᠲᠦᠭᠡᠯ ᠨᠡᠢ᠍ᠢᠳᠡ 2248 ᠭᠥᠯᠢᠶᠡᠨ ᠠᠪᠤᠪᠠ᠃ ᠡᠭᠦᠨ᠎ᠳᠦ ᠡᠯ᠎ᠡ ᠤᠳᠬ᠎ᠠ ᠤᠷᠠᠯᠢᠭ᠍ᠴᠢᠳ᠎ᠤᠨ ᠨᠡᠢᠭᠡᠮᠯᠢᠭ 1619 ᠪᠦᠲᠦᠭᠡᠯ ᠡᠯᠰᠡᠵᠦ᠂ ᠡᠯ᠎ᠡ ᠠᠢᠮᠠᠭ ᠬᠤᠳᠠ᠎ᠶᠢᠨ ᠤᠳᠬ᠎ᠠ ᠤᠷᠠᠯᠢᠭ᠋᠎ᠤᠨ ᠬᠢᠨ᠎ᠦ ᠬᠣᠯᠪᠣᠭ᠎ᠠ 629 ᠪᠦᠲᠦᠭᠡᠯ ᠡᠯᠰᠡᠵᠡᠢ᠃ ᠡᠭᠦᠨ᠎ᠦ ᠳᠣᠲᠣᠷ᠎ᠠ ᠠ᠋ᠴᠠ 《ᠬᠠᠮᠲᠤ ᠳ᠋ᠠᠭᠠᠨ》 ᠂ 《ᠬᠠᠷᠠᠭᠳᠠᠰᠢ ᠦᠭᠡᠢ ᠬᠠᠴᠠᠷ》᠂ 《ᠪᠢᠳᠡ ᠠᠶᠤᠬᠤ ᠦᠭᠡᠢ》᠂ 《ᠬᠠᠪᠤᠷ ᠢᠷᠡᠨ᠎ᠡ》᠂ 《ᠬᠢᠵᠢᠭ᠌ ᠢ᠋ ᠰᠡᠷᠭᠡᠢᠯᠡᠬᠦ ᠳᠠᠭᠤᠤ》 ᠵᠡᠷᠭᠡ ᠳᠠᠭᠤᠤ᠂ 《ᠪᠥᠭᠡᠮ ᠬᠦᠴᠢᠯ ᠢ᠋ ᠪᠠᠢᠴᠠᠭᠠᠭ᠍ᠴᠢ᠎ᠳᠤ ᠬᠦᠨᠳᠦᠳᠬᠡᠯ ᠳᠡᠪᠰᠢᠭᠦᠯᠦᠶ᠎ᠡ》᠂ 《ᠬᠢᠵᠢᠭ᠌ ᠢ᠋ ᠡᠰᠡᠷᠭᠦᠴᠡᠭᠰᠡᠨ ᠰᠤᠯᠠ ᠲᠡᠮᠳᠡᠭᠯᠡᠯ (ᠮᠥᠴᠡᠯᠭᠡ ᠰᠢᠯᠦᠭ)》᠂ 《ᠳᠠᠭᠤᠨ ᠦᠭᠡᠢ ᠬᠠᠮᠠᠭᠠᠯᠠᠭ᠍ᠴᠢ᠎ᠳᠤ ᠬᠦᠨᠳᠦᠳᠬᠡᠯ ᠳᠡᠪᠰᠢᠭᠦᠯᠦᠶ᠎ᠡ》 ᠂ 《ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠶ᠎ᠠ》 ᠵᠡᠷᠭᠡ ᠰᠢᠯᠦᠭ᠂ 《ᠬᠥᠳᠡᠯᠦᠩᠭᠦᠢ ᠪᠡᠷ ᠲᠡᠭ ᠪᠤᠯᠭᠠᠬᠤ ᠲᠤᠬᠠᠢ ᠪᠢ ᠬᠡᠯᠡᠶ᠎ᠠ》 ᠵᠡᠷᠭᠡ ᠳᠠᠭᠤᠷᠢᠯᠢᠭ᠋ ᠵᠢᠴᠢ ᠤᠷᠠᠨ ᠵᠢᠷᠤᠭ᠂ ᠤᠷᠠᠨ ᠪᠢᠴᠢᠯᠭᠡ᠂ ᠬᠡᠷᠡᠯ ᠵᠢᠷᠤᠭ᠂ ᠰᠢᠯᠦᠭ ᠵᠡᠷᠭᠡ ᠤᠷᠠᠯᠢᠭ᠋᠎ᠤᠨ ᠲᠥᠷᠥᠯ᠎ᠦᠨ ᠰᠢᠯᠢᠳᠡᠭ ᠪᠦᠲᠦᠭᠡᠯ᠎ᠦᠳ ᠳᠤᠳᠤᠷᠠᠵᠤ᠂ ᠮᠠᠨ᠎ᠤ ᠣᠷᠣᠨ᠎ᠤ ᠬᠢᠵᠢᠭ᠌᠎ᠦᠨ ᠪᠠᠢᠳᠠᠯ ᠢ᠋ ᠰᠡᠷᠭᠡᠢᠯᠡᠨ ᠡᠵᠡᠮᠳᠡᠬᠦ᠎ᠳᠦ ᠬᠦᠴᠦᠷᠬᠡᠭ ᠶᠡᠬᠡ ᠣᠶᠤᠨ ᠰᠠᠨᠠᠭᠠᠨ᠎ᠤ ᠬᠦᠴᠦᠨ ᠢ᠋ ᠨᠢᠭ᠍ᠲᠠᠷᠠᠭᠤᠯᠤᠭᠰᠠᠨ ᠪᠠᠢᠨ᠎ᠠ᠃

ᠬᠢᠵᠢᠭ᠌᠎ᠦᠨ ᠪᠠᠢᠳᠠᠯ᠎ᠢ ᠰᠡᠷᠭᠡᠢᠯᠡᠨ ᠡᠵᠡᠮᠳᠡᠵᠦ ᠪᠠᠢᠭ᠎ᠠ ᠪᠠᠢᠳᠠᠯ᠎ᠤᠨ ᠡᠮᠦᠨ᠎ᠠ ᠥᠪᠥᠷ ᠮᠣᠩᠭᠣᠯ᠎ᠤᠨ ᠤᠳᠬ᠎ᠠ ᠤᠷᠠᠯᠢᠭ᠋᠎ᠤᠨ ᠠᠵᠢᠯᠲᠠᠳ ᠡᠬᠦᠷᠭᠡ ᠬᠠᠷᠢᠭᠤᠴᠠᠯᠭ᠎ᠠ ᠪᠠᠨ ᠪᠠᠳᠤ ᠰᠠᠬᠢᠨ ᠰᠤᠶᠤᠯ᠎ᠤᠨ ᠦᠢᠯᠡᠴᠢᠯᠡᠭᠡ ᠪᠡᠨ ᠳᠠᠰᠤᠷᠠᠰᠢ ᠦᠭᠡᠢ ᠦᠷᠬᠦᠯᠵᠢᠯᠡᠬᠦᠯᠵᠦ᠂ ᠰᠢᠯᠢᠳᠡᠭ ᠪᠦᠲᠦᠭᠡᠯ᠎ᠢᠶᠡᠷ᠎ᠢᠶᠡᠨ ᠠᠷᠠᠳ ᠣᠯᠠᠨ᠎ᠤ ᠣᠶᠤᠨ ᠰᠠᠨᠠᠭ᠎ᠠ ᠰᠣᠶᠣᠯ᠎ᠤᠨ ᠠᠮᠢᠳᠤᠷᠠᠯ᠎ᠢ ᠪᠠᠶᠠᠯᠢᠭ᠍ᠵᠢᠭᠤᠯᠤᠭᠰᠠᠨ᠎ᠢᠶᠠᠷ ᠪᠠᠷᠠᠬᠤ ᠦᠭᠡᠢ᠂ ᠪᠠᠰᠠ ᠪᠣᠳᠠᠲᠤ ᠠᠵᠢᠯᠯᠠᠭ᠎ᠠ᠎ᠪᠠᠷ᠎ᠢᠶᠠᠨ ᠤᠳᠬ᠎ᠠ ᠤᠷᠠᠯᠢᠭ᠋᠎ᠤᠨ ᠠᠵᠢᠯᠲᠠᠳ᠎ᠤᠨ ᠡᠭᠦᠷᠭᠡ ᠬᠠᠷᠢᠭᠤᠴᠠᠯᠭ᠎ᠠ᠎ᠶᠢ ᠲᠠᠢᠯᠪᠤᠷᠢᠯᠠᠭᠰᠠᠨ ᠪᠠᠢᠨ᠎ᠠ ᠃

ᠢᠷᠡᠯᠳᠡ ᠄ ᠤᠮᠠᠷᠠᠲᠤ ᠵᠢᠨ ᠰᠦᠯᠵᠢᠶ᠎ᠠ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面