ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠮᠡᠳᠡᠭᠡᠯᠡᠯ

2022-11-26 12:29:12

ᠵᠣᠬᠢᠶᠠᠭ᠍ᠴᠢ᠄ ᠼᠦᠢ ᠨᠠᠨ ᠣᠩᠱᠢᠭ᠍ᠰᠠᠨ ᠣᠳᠠᠭ᠎ᠠ᠄ 3

ᠰᠤᠷᠪᠤᠯᠵᠢᠯᠠᠭ᠍ᠴᠢ ᠥᠪᠡᠷᠲᠡᠭᠡᠨ ᠵᠠᠰᠠᠬᠤ ᠣᠷᠣᠨ ᠎ᠤ ᠨᠠᠮ ᠎ᠤᠨ ᠬᠣᠷᠢᠶᠠᠨ ᠎ᠤ ᠱᠢᠭᠤᠳ ᠬᠠᠷᠢᠶ᠎ᠠ ᠪᠠᠢᠭᠤᠯᠭ᠎ᠠ ᠎ᠶ᠋ᠢᠨ ᠠᠵᠢᠯ ᠎ᠤᠨ ᠬᠣᠷᠢᠶ᠎ᠠ ᠡᠴᠨ ᠣᠢᠯᠠᠭᠠᠭ᠍ᠰᠠᠨ ᠎ᠢᠶᠠᠷ᠂ ᠥᠪᠡᠷᠲᠡᠭᠡᠨ ᠵᠠᠰᠠᠬᠤ ᠣᠷᠣᠨ ᠎ᠤ ᠨᠠᠮ ᠎ᠤᠨ ᠬᠣᠷᠢᠶᠠᠨ ᠎ᠤ ᠪᠠᠢᠩᠭᠤ ᠎ᠶ᠋ᠢᠨ ᠬᠣᠷᠢᠶᠠᠨ ᠎ᠤ ᠬᠤᠷᠠᠯ ᠵᠢᠴᠢ ᠥᠪᠡᠷᠲᠡᠭᠡᠨ ᠵᠠᠰᠠᠬᠤ ᠣᠷᠣᠨ ᠎ᠤ ᠬᠢᠵᠢᠭ ᠎ᠦᠨ ᠪᠠᠢᠳᠠᠯ ᠎ᠢ ᠠᠷᠭᠠᠴᠠᠭᠠᠬᠤ ᠠᠵᠢᠯ ᠎ᠤᠨ ᠤᠳᠤᠷᠢᠳᠭᠤ ᠳᠤᠭᠤᠢᠯᠠᠩ ᠎ᠤᠨ ᠬᠤᠷᠠᠯ ᠎ᠤᠨ ᠱᠠᠭᠠᠷᠳᠠᠯᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠎ᠤ ᠨᠠᠮ ᠎ᠤᠨ ᠬᠣᠷᠢᠶᠠᠨ ᠎ᠤ ᠱᠢᠭᠤᠳ ᠬᠠᠷᠢᠶ᠎ᠠ ᠪᠠᠢᠭᠤᠯᠭ᠎ᠠ ᠎ᠶ᠋ᠢᠨ ᠠᠵᠢᠯ ᠎ᠤᠨ ᠬᠣᠷᠢᠶ᠎ᠠ ᠦᠳᠲᠡᠷ ᠲᠦᠷᠭᠡᠨ ᠬᠥᠳᠡᠯᠦᠯᠴᠡᠵᠦ᠍᠂ ᠨᠠᠷᠢᠨ ᠨᠢᠮᠪᠠᠶ ᠵᠣᠬᠢᠶᠠᠨ ᠪᠠᠢᠭᠤᠯᠵᠤ᠂ 《ᠬᠤᠤᠰ ᠨᠡᠷ᠎ᠡ ᠮᠡᠳᠡᠭᠦᠯᠬᠦ᠌》 ᠣᠯᠠᠨ ᠲᠦᠮᠡᠨ ᠎ᠳᠦ ᠪᠣᠳᠠᠲᠤ ᠶᠠᠪᠤᠳᠠᠯ ᠬᠢᠵᠦ᠍ ᠥᠭ᠌ᠭᠦ ᠠᠴᠢᠶᠠᠯᠠᠪᠤᠷᠢ ᠵᠢ ᠪᠦᠲᠦᠮᠵᠢᠲᠡᠢ ᠠᠰᠢᠭᠯᠠᠨ᠂ ᠨᠠᠮ ᠎ᠤᠨ ᠵᠣᠬᠢᠶᠠᠨ ᠪᠠᠢᠭᠤᠯᠤᠯᠲᠠ ᠎ᠶ᠋ᠢᠨ ᠬᠠᠷᠢᠴᠠᠭ᠎ᠠ ᠨᠢ ᠠᠵᠢᠯ ᠎ᠤᠨ ᠬᠣᠷᠢᠶ᠎ᠠ ᠎ᠳᠤ ᠬᠠᠷᠢᠶᠠᠯᠠᠭᠳᠠᠬᠤ ᠨᠡᠢᠭᠡᠮ ᠲᠣᠭᠣᠷᠢᠭ ᠎ᠢ ᠳᠠᠭᠠᠭᠠᠴᠢᠯᠠᠨ ᠬᠠᠷᠢᠯᠴᠠᠬᠤ ᠡᠭᠦᠷᠭᠡ ᠎ᠲᠡᠶ ᠥᠪᠡᠷᠲᠡᠭᠡᠨ ᠵᠠᠰᠠᠬᠤ ᠣᠷᠣᠨ ᠎ᠤ ᠱᠢᠭᠤᠳ ᠬᠠᠷᠢᠶ᠎ᠠ ᠪᠠᠢᠭᠤᠯᠭ᠎ᠠ᠂ ᠥᠪᠡᠷᠲᠡᠭᠡᠨ ᠵᠠᠰᠠᠬᠤ ᠣᠷᠣᠨ ᠎ᠳᠤ ᠰᠠᠭᠤᠭ᠎ᠠ ᠲᠥᠪ ᠎ᠦᠨ ᠨᠢᠭᠡᠴᠢ ᠪᠣᠯᠤᠨ ᠠᠵᠤ ᠠᠬᠤᠢᠯᠠᠯ ᠵᠡᠷᠭᠡ 138 ᠪᠠᠢᠭᠤᠯᠭ᠎ᠠ ᠨᠢᠭᠡᠴᠢ ᠵᠢᠨ 289 ᠨᠠᠮ ᠎ᠤᠨ ᠭᠡᠱᠢᠭᠦᠨ ᠺᠠᠳ᠋ᠷ ᠎ᠢ ᠱᠢᠯᠵᠢᠭᠦᠯᠦᠨ ᠨᠡᠢᠭᠡᠮ ᠲᠣᠭᠣᠷᠢᠭ (ᠰᠠᠭᠤᠭᠠᠯᠢ ᠠᠷᠠᠳ ᠎ᠤᠨ ᠲᠣᠭᠣᠷᠢᠭ) ᠲᠦ᠍ ᠭᠦᠨᠵᠡᠭᠡᠢᠷᠡᠭᠦᠯᠵᠦ ᠬᠢᠵᠢᠭ ᠎ᠦᠨ ᠪᠠᠢᠳᠠᠯ ᠎ᠢ ᠰᠡᠷᠭᠡᠢᠯᠡᠨ ᠡᠵᠡᠮᠳᠡᠬᠦ᠌ ᠠᠵᠢᠯ ᠎ᠢ ᠥᠷᠨᠢᠭᠦᠯᠪᠡ᠃

ᠣᠢᠯᠠᠭᠠᠭ᠍ᠰᠠᠨ ᠎ᠢᠶᠠᠷ᠂ ᠥᠪᠡᠷᠲᠡᠭᠡᠨ ᠵᠠᠰᠠᠬᠤ ᠣᠷᠣᠨ ᠎ᠤ ᠨᠠᠮ ᠎ᠤᠨ ᠬᠣᠷᠢᠶᠠᠨ ᠎ᠤ ᠱᠢᠭᠤᠳ ᠬᠠᠷᠢᠶ᠎ᠠ ᠪᠠᠢᠭᠤᠯᠭ᠎ᠠ ᠎ᠶ᠋ᠢᠨ ᠠᠵᠢᠯ ᠎ᠤᠨ ᠬᠣᠷᠢᠶ᠎ᠠ 《ᠥᠪᠡᠷᠲᠡᠭᠡᠨ ᠵᠠᠰᠠᠬᠤ ᠣᠷᠣᠨ ᠎ᠤ ᠱᠢᠭᠤᠳ ᠬᠠᠷᠢᠶ᠎ᠠ ᠪᠠᠢᠭᠤᠯᠭ᠎ᠠ ᠵᠢᠨ ᠡᠯ᠎ᠡ ᠨᠢᠭᠡᠴᠢ ᠎ᠶ᠋ᠢ ᠵᠣᠬᠢᠶᠠᠨ ᠪᠠᠢᠭᠤᠯᠵᠤ ᠬᠥᠬᠡᠬᠣᠲᠠ ᠲᠠᠢ ᠤᠯᠠᠮ ᠨᠢᠭᠡ ᠠᠯᠬᠤᠮ ᠬᠠᠮᠵᠢᠯᠴᠠᠠ ᠬᠢᠵᠢᠭ ᠎ᠦᠨ ᠪᠠᠢᠳᠠᠯ ᠎ᠢ ᠰᠡᠷᠭᠡᠢᠯᠡᠨ ᠡᠵᠡᠮᠳᠡᠬᠦ᠌ ᠠᠵᠢᠯ ᠎ᠢ ᠰᠠᠢᠲᠤᠷ ᠬᠢᠬᠦ᠌ ᠲᠤᠬᠠᠶ ᠮᠡᠳᠡᠭ᠌ᠳᠡᠯ》 ᠢ᠋ ᠴᠠᠭ ᠲᠤᠬᠠᠶ ᠎ᠳᠤᠨᠢ ᠳᠠᠷᠤᠮᠠᠯᠯᠠᠨ ᠲᠠᠷᠬᠠᠭᠠᠵᠤ᠂ ᠣᠷᠣᠨ ᠎ᠤ ᠱᠢᠭᠤᠳ ᠬᠠᠷᠢᠶ᠎ᠠ ᠨᠢᠭᠡᠴᠢ ᠎ᠶ᠋ᠢᠨ ᠬᠢᠨ᠎ᠢ ᠤᠯᠤᠰ ᠲᠥᠷᠥ ᠎ᠶ᠋ᠢᠨ ᠬᠡᠪ ᠪᠤᠯᠪᠠᠰᠤᠷᠠᠯ᠎ᠢᠶᠠᠷ ᠥᠨᠳᠥᠷ᠂ ᠵᠣᠬᠢᠴᠠᠭᠤᠯᠬᠤ ᠴᠢᠳᠠᠪᠤᠷᠢ ᠎ᠪᠠᠷ ᠴᠢᠩᠭ᠎ᠠ᠂ ᠣᠯᠠᠨ ᠲᠦᠮᠡᠨᠴᠢ ᠠᠵᠢᠯ ᠎ᠳᠤ ᠪᠣᠯᠪᠠᠰᠤᠷᠠᠩᠭᠤᠶ ᠭᠠᠵᠠᠷ ᠎ᠤᠨ ᠲᠠᠰ ᠎ᠤᠨ ᠺᠠᠳ᠋ᠷ ᠎ᠢ ᠲᠣᠮᠢᠯᠠᠨ ᠳᠠᠭᠠᠭᠠᠴᠢᠯᠠᠨ ᠬᠠᠷᠢᠯᠴᠠᠬᠤ ᠨᠡᠢᠭᠡᠮ ᠲᠣᠭᠣᠷᠢᠭ (ᠰᠠᠭᠤᠭᠠᠯᠢ ᠠᠷᠠᠳ ᠎ᠤᠨ ᠲᠣᠭᠣᠷᠢᠭ ) ᠲᠦ᠍ ᠲᠦᠷᠭᠡᠨ ᠪᠠᠭᠤᠯᠭᠠᠵᠤ᠂ ᠬᠢᠵᠢᠭ ᠎ᠦᠨ ᠪᠠᠢᠳᠠᠯ ᠎ᠢ ᠰᠡᠷᠭᠡᠢᠯᠡᠨ ᠡᠵᠡᠮᠳᠡᠬᠦ᠌ ᠠᠵᠢᠯ ᠎ᠢ ᠬᠠᠮᠵᠢᠨ ᠥᠷᠨᠢᠭᠦᠯᠬᠦ᠌ ᠬᠡᠷᠡᠭ᠌ᠲᠡᠶ ᠭᠡᠵᠦ᠍ ᠱᠠᠭᠠᠷᠳᠠᠪᠠ᠃ ᠰᠢᠯᠵᠢᠭᠦᠯᠦᠨ ᠲᠤᠮᠢᠯᠠᠭᠰᠠᠨ ᠬᠥᠮᠦᠰ ᠎ᠢ ᠵᠣᠬᠢᠶᠠᠨ ᠪᠠᠢᠭᠤᠯᠵᠤ ᠬᠠᠮᠢᠶᠠᠷᠬᠤ ᠠᠵᠢᠯ ᠎ᠢ ᠴᠢᠩᠭᠠᠳᠭᠠᠬᠤ ᠎ᠶ᠋ᠢᠨ ᠲᠥᠯᠥᠭᠡ᠂ ᠣᠷᠣᠨ ᠎ᠤ ᠱᠢᠭᠤᠳ ᠬᠠᠷᠢᠶ᠎ᠠ ᠪᠠᠢᠭᠤᠯᠭ᠎ᠠ ᠎ᠶ᠋ᠢᠨ ᠳᠠᠭᠠᠭᠠᠴᠢᠯᠠᠨ ᠬᠠᠷᠢᠯᠴᠠᠬᠤ ᠨᠡᠢᠭᠡᠮ ᠲᠣᠭᠣᠷᠢᠭ (ᠰᠠᠭᠤᠭᠠᠯᠢ ᠠᠷᠠᠳ ᠎ᠤᠨ ᠲᠣᠭᠣᠷᠢᠭ) ᠤ᠋ᠨ ᠬᠢᠵᠢᠭ ᠎ᠦᠨ ᠪᠠᠢᠳᠠᠯ ᠎ᠢ ᠰᠡᠷᠭᠡᠢᠯᠡᠨ ᠡᠵᠡᠮᠳᠡᠬᠦ᠌ ᠠᠵᠢᠯ ᠎ᠳᠤ ᠲᠣᠮᠢᠯᠠᠨ ᠰᠠᠭᠤᠯᠭᠠᠭ᠍ᠰᠠᠨ ᠨᠠᠮ ᠎ᠤᠨ ᠭᠡᠱᠢᠭᠦᠨ ᠺᠠᠳ᠋ᠷᠴᠤᠳ ᠎ᠤᠨ ᠮᠡᠳᠡᠭᠡ ᠵᠠᠩᠭᠢ ᠎ᠶ᠋ᠢᠨ ᠲᠠᠩᠰᠠ ᠎ᠶ᠋ᠢ ᠴᠠᠭ ᠲᠤᠬᠠᠶ ᠎ᠳᠤᠨᠢ ᠪᠠᠢᠭᠤᠯᠤᠭ᠍ᠰᠠᠨ ᠪᠥᠭᠡᠳ ᠬᠥᠬᠡᠬᠣᠲᠠ ᠎ᠶ᠋ᠢᠨ ᠵᠠᠰᠠᠭ ᠵᠠᠬᠢᠷᠭᠠᠨ ᠎ᠤ ᠬᠤᠪᠢᠶᠠᠷᠢᠯᠠᠯ ᠶᠣᠰᠣᠭᠠᠷ᠂ ᠱᠢᠨ᠎ᠡ ᠬᠣᠲᠠ ᠲᠤᠭᠤᠷᠢᠭ᠂ ᠬᠣᠲᠣᠩ ᠠᠷᠠᠳ᠎ᠤᠨ ᠲᠤᠭᠤᠷᠢᠭ᠂ ᠢᠦᠢᠴᠢᠤᠸᠠᠨ ᠲᠤᠭᠤᠷᠢᠭ᠂ ᠰᠠᠢᠬᠠᠨ ᠲᠤᠭᠤᠷᠢᠭ ᠵᠡᠷᠭᠡ ᠳᠥᠷᠪᠡᠨ ᠲᠣᠭᠣᠷᠢᠭ ᠬᠤᠪᠢᠶᠠᠨ ᠨᠢᠭᠡᠳᠦᠯᠲᠡᠶ ᠬᠠᠮᠢᠶᠠᠷᠴᠤ᠌᠂ ᠲᠣᠭ᠎ᠠ ᠲᠣᠳᠣᠷᠬᠠᠶ᠂ ᠪᠠᠢᠳᠠᠯ ᠲᠣᠳᠣᠷᠬᠠᠶ᠂ ᠲᠣᠭ᠎ᠠ ᠪᠠᠷᠢᠮᠲᠠ ᠣᠨᠣᠪᠴᠢᠲᠠᠶ ᠪᠠᠢᠬᠤ ᠵᠢ ᠪᠠᠳᠤᠯᠠᠪᠠ᠃

ᠲᠤᠮᠢᠯᠠᠨ ᠰᠠᠭᠤᠯᠭᠠᠭᠰᠠᠨ ᠺᠠᠳ᠋ᠷ ᠦᠨᠳᠦᠰᠦᠨ ᠱᠠᠲᠤᠨ ᠎ᠳᠤ ᠦᠨᠡᠨ ᠬᠦ᠌ ᠭᠦᠨᠵᠡᠭᠡᠢᠷᠡᠵᠦ᠂ ᠰᠠᠨᠠᠭᠠᠴᠢᠯᠠᠭ᠎ᠠ ᠎ᠠᠴᠠ ᠎ᠪᠠᠨ ᠤᠷᠤᠯᠴᠠᠵᠤ᠂ ᠲᠤᠱᠢᠶᠠᠯ ᠬᠠᠷᠢᠭᠤᠴᠠᠯᠭ᠎ᠠ ᠪᠠᠨ ᠲᠣᠳᠣᠷᠬᠠᠢ ᠤᠢᠯᠠᠭᠠᠵᠤ᠂ ᠡᠭᠦᠷᠭᠡ ᠬᠠᠷᠢᠭᠤᠴᠠᠯᠭ᠎ᠠ ᠎ᠪᠠᠨ ᠭᠦᠢᠴᠡᠳᠭᠡᠬᠦ ᠎ᠶᠢ ᠪᠠᠲᠤᠯᠠᠬᠤ ᠵᠢᠨ ᠲᠦᠯᠦᠭᠡ᠂ ᠥᠪᠡᠷᠲᠡᠭᠡᠨ ᠵᠠᠰᠠᠬᠤ ᠣᠷᠣᠨ ᠎ᠤ ᠨᠠᠮ ᠎ᠤᠨ ᠬᠣᠷᠢᠶᠠᠨ ᠎ᠤ ᠱᠢᠭᠤᠳ ᠬᠠᠷᠢᠶ᠎ᠠ ᠪᠠᠢᠭᠤᠯᠭ᠎ᠠ ᠎ᠶ᠋ᠢᠨ ᠠᠵᠢᠯ ᠎ᠤᠨ ᠬᠣᠷᠢᠶ᠎ᠠ 《ᠥᠪᠡᠷᠲᠡᠭᠡᠨ ᠵᠠᠰᠠᠬᠤ ᠣᠷᠣᠨ ᠎ᠤ ᠱᠢᠭᠤᠳ ᠬᠠᠷᠢᠶ᠎ᠠ ᠪᠠᠢᠭᠤᠯᠭ᠎ᠠ ᠎ᠶ᠋ᠢᠨ ᠳᠠᠭᠠᠭᠠᠴᠢᠯᠠᠨ ᠬᠠᠷᠢᠯᠴᠠᠬᠤ ᠨᠡᠢᠭᠡᠮ ᠲᠣᠭᠣᠷᠢᠭ (ᠰᠠᠭᠤᠭᠠᠯᠢ ᠠᠷᠠᠳ ᠎ᠤᠨ ᠲᠣᠭᠣᠷᠢᠭ) ᠲᠦ᠍ ᠲᠣᠮᠢᠯᠠᠨ ᠰᠠᠭᠤᠯᠭᠠᠬᠤ ᠺᠠᠳ᠋ᠷ ᠎ᠤᠨ ᠠᠵᠢᠯ ᠎ᠤᠨ ᠡᠭᠦᠷᠭᠡ ᠬᠠᠷᠢᠭᠤᠴᠠᠯᠭ᠎ᠠ》 ᠶ᠋ᠢ ᠲᠣᠭ᠍ᠲᠠᠭᠠᠵᠤ᠂ 7 ᠵᠦᠶ᠋ᠯ ᠎ᠦᠨ ᠠᠵᠢᠯ ᠎ᠤᠨ ᠠᠭᠤᠯᠭ᠎ᠠ ᠎ᠶ᠋ᠢ ᠲᠣᠳᠣᠷᠬᠠᠢᠯᠠᠬᠤ ᠵᠢᠨ ᠬᠠᠮᠲᠤ ᠳᠠᠭᠠᠭᠠᠴᠢᠯᠠᠨ ᠬᠠᠷᠢᠯᠴᠠᠬᠤ ᠰᠠᠭᠤᠭᠠᠯᠢ ᠠᠷᠠᠳ ᠎ᠤᠨ ᠲᠣᠭᠣᠷᠢᠭ ᠎ᠤᠨ ᠦᠨᠳᠦᠰᠦᠨ ᠪᠠᠢᠳᠠᠯ ᠎ᠢ ᠲᠣᠳᠣᠷᠬᠠᠶ ᠣᠢᠯᠠᠭᠠᠬᠤ᠂ ᠳᠠᠭᠠᠭᠠᠴᠢᠯᠠᠨ ᠬᠠᠷᠢᠯᠴᠠᠬᠤ ᠨᠡᠢᠭᠡᠮ ᠲᠤᠭᠤᠷᠢᠭ (ᠰᠠᠭᠤᠭᠠᠯᠢ ᠠᠷᠠᠳ ᠎ᠤᠨ ᠲᠣᠭᠣᠷᠢᠭ) ᠲᠡᠬᠢ ᠠᠵᠢᠯ ᠎ᠤᠨ ᠪᠠᠢᠷᠢ ᠎ᠳᠠᠭᠠᠨ ᠪᠤᠴᠠᠭᠠᠳᠤᠶ ᠣᠷᠣᠨ ᠎ᠤ ᠱᠢᠭᠤᠳ ᠬᠠᠷᠢᠶ᠎ᠠ ᠪᠠᠢᠭᠤᠯᠭ᠎ᠠ ᠎ᠶ᠋ᠢᠨ ᠨᠠᠮ ᠎ᠤᠨ ᠭᠡᠱᠢᠭᠦᠨ ᠺᠠᠳ᠋ᠷᠴᠤᠳ ᠎ᠤᠨ ᠬᠢᠵᠢᠭ ᠎ᠦᠨ ᠪᠠᠢᠳᠠᠯ ᠎ᠢ ᠰᠡᠷᠭᠡᠢᠯᠡᠨ ᠡᠵᠡᠮᠳᠡᠬᠦ᠌ ᠰᠠᠢᠨ ᠳᠤᠷ᠎ᠠ ᠎ᠶ᠋ᠢᠨ ᠦᠶ᠋ᠯᠡᠴᠢᠯᠡᠭᠡ ᠎ᠳᠦ ᠣᠷᠣᠯᠴᠠᠬᠤ ᠵᠢ ᠵᠣᠬᠢᠶᠠᠨ ᠪᠠᠢᠭᠤᠯᠤᠨ ᠳᠠᠢᠴᠢᠯᠠᠬᠤ ᠪᠠ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ ᠳ᠋ᠤ ᠤᠷᠤᠯᠴᠠᠭᠰᠠᠨ ᠪᠠᠢᠳᠠᠯ᠎ᠢ ᠤᠢᠯᠠᠭᠠᠨ ᠡᠵᠡᠮᠱᠢᠵᠦ᠂ ᠳᠠᠭᠠᠭᠠᠴᠢᠯᠠᠨ ᠬᠠᠷᠢᠯᠴᠠᠬᠤ ᠨᠡᠢᠭᠡᠮ ᠲᠣᠭᠣᠷᠢᠭ (ᠰᠠᠭᠤᠭᠠᠯᠢ ᠠᠷᠠᠳ ᠎ᠤᠨ ᠲᠣᠭᠣᠷᠢᠭ) ᠲᠠᠢ ᠬᠠᠮᠵᠢᠯᠴᠠᠨ ᠰᠡᠷᠭᠡᠢᠯᠡᠨ ᠡᠵᠡᠮᠳᠡᠬᠦ᠌ ᠡᠳ᠋ ᠪᠣᠳᠠᠰ ᠎ᠢ ᠱᠢᠢᠳᠪᠦᠷᠢᠯᠡᠬᠦ᠂ ᠣᠯᠠᠨ ᠲᠦᠮᠡᠨ ᠎ᠦ ᠬᠡᠷᠡᠭ᠌ᠴᠡᠭᠡ ᠱᠠᠭᠠᠷᠳᠠᠯᠭ᠎ᠠ ᠎ᠶ᠋ᠢ ᠣᠨᠣᠴᠠᠲᠠᠶ ᠵᠣᠯᠭᠠᠭᠤᠯᠤᠨ ᠱᠢᠶ᠋ᠳᠪᠦᠷᠢᠯᠡᠬᠦ᠂ ᠣᠯᠠᠨ ᠲᠦᠮᠡᠨ ᠎ᠢ ᠵᠣᠬᠢᠶᠠᠨ ᠪᠠᠢᠭᠤᠯᠵᠤ ᠣᠯᠠᠨ ᠎ᠢᠶᠠᠷ ᠎ᠢᠶᠠᠨ ᠰᠡᠷᠭᠡᠢᠯᠡᠵᠦ ᠣᠯᠠᠨ ᠎ᠢᠶᠠᠷ ᠎ᠢᠶᠠᠨ ᠵᠠᠰᠠᠬᠤ ᠵᠢ ᠳᠠᠢᠴᠢᠯᠠᠬᠤ ᠵᠡᠷᠭᠡ ᠡᠭᠦᠷᠭᠡ ᠬᠠᠷᠢᠭᠤᠴᠠᠯᠭ᠎ᠠ ᠎ᠳᠤ ᠲᠣᠳᠣᠷᠬᠠᠶ ᠱᠠᠭᠠᠷᠳᠠᠯᠭ᠎ᠠ ᠳᠤᠷᠠᠳᠪᠠ᠃

ᠲᠣᠮᠢᠯᠠᠨ ᠰᠠᠭᠤᠯᠭᠠᠬᠤ ᠬᠥᠮᠦᠰ ᠎ᠦᠨ ᠬᠢᠨᠠᠯᠲᠠ ᠬᠠᠮᠢᠶᠠᠷᠤᠯᠲᠠ ᠎ᠶ᠋ᠢ ᠴᠢᠩᠭᠠᠳᠭᠠᠵᠤ᠂ ᠰᠠᠬᠢᠯᠭ᠎ᠠ ᠪᠠᠲᠤ ᠶᠣᠰᠣ ᠲᠦᠷᠢᠮ ᠎ᠢ ᠦᠨᠡᠨ ᠬᠦ᠌ ᠠᠳᠭᠤᠵᠤ᠂ ᠲᠣᠭ᠍ᠲᠠᠭᠠᠵᠤ᠂ ᠴᠢᠩᠳᠠᠯᠠᠬᠤ ᠎ᠶ᠋ᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠎ᠤ ᠨᠠᠮ ᠎ᠤᠨ ᠬᠣᠷᠢᠶᠠᠨ ᠎ᠤ ᠱᠢᠭᠤᠳ ᠬᠠᠷᠢᠶ᠎ᠠ ᠪᠠᠢᠭᠤᠯᠭ᠎ᠠ ᠎ᠶ᠋ᠢᠨ ᠠᠵᠢᠯ ᠎ᠤᠨ ᠬᠣᠷᠢᠶ᠎ᠠ ᠎ᠠᠴᠠ ᠪᠠᠰᠠ ᠬᠢᠵᠢᠭ ᠎ᠦᠨ ᠪᠠᠢᠳᠠᠯ ᠎ᠢ ᠰᠡᠷᠭᠡᠢᠯᠡᠨ ᠡᠵᠡᠮᠳᠡᠬᠦ᠌ 《ᠲᠤᠯᠤᠭ᠎ᠠ ᠵᠢ ᠴᠢᠩᠭ᠎ᠠ ᠴᠠᠭᠠᠵᠠᠯᠠᠬᠤ》 ᠰᠠᠬᠢᠯᠭ᠎ᠠ ᠪᠠᠲᠤ ᠎ᠶ᠋ᠢᠨ ᠱᠠᠭᠠᠷᠳᠠᠯᠭ᠎ᠠ ᠎ᠶ᠋ᠢ ᠲᠣᠳᠣᠷᠬᠠᠢᠯᠠᠪᠠ᠃ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠠᠵᠢᠯ ᠎ᠤᠨ ᠵᠥᠪᠯᠡᠯ ᠰᠠᠬᠢᠯᠭ᠎ᠠ ᠪᠠᠲᠤ ᠪᠠᠢᠴᠠᠭᠠᠬᠤ ᠬᠢᠨᠠᠯᠲᠠ ᠲᠠᠯᠪᠢᠬᠤ ᠳᠤᠭᠤᠢᠯᠠᠩ ᠪᠠᠢᠭᠤᠯᠵᠤ᠂ 《ᠮᠡᠳᠡᠭᠳᠡᠯ ᠪᠠᠭᠤᠯᠭᠠᠬᠤ ᠦᠭᠡᠢ᠂ ᠴᠢᠮᠡᠭᠡ ᠦᠭᠬᠦ ᠦᠭᠡᠢ ᠂ ᠬᠠᠷᠢᠭᠤ ᠮᠡᠳᠡᠬᠦᠯᠦᠯᠳᠡ ᠵᠢ ᠰᠤᠨᠤᠰᠬᠤ ᠦᠭᠡᠢ᠂ ᠪᠠᠷ᠎ᠠ ᠪᠤᠯᠭᠠᠨ ᠵᠤᠴᠢᠯᠠᠭᠤᠯᠬᠤ ᠦᠭᠡᠢ ᠂ ᠦᠨᠳᠦᠰᠦᠨ ᠱᠠᠳᠤᠨ ᠳ᠋ᠤ ᠰᠢᠭᠤᠳ ᠬᠦᠷᠬᠦ᠂ ᠠᠬᠤᠢ ᠲᠠᠯᠠᠪᠠᠢ ᠳ᠋ᠤ ᠰᠢᠭᠤᠳ ᠤᠷᠤᠬᠤ》 ᠠᠷᠭ᠎ᠠ ᠬᠡᠯᠪᠡᠷᠢ ᠎ᠶ᠋ᠢ ᠠᠪᠴᠤ᠌᠂ ᠨᠠᠮ ᠎ᠤᠨ ᠭᠡᠱᠢᠭᠦᠨ ᠺᠠᠳ᠋ᠷᠴᠤᠳ ᠨᠡᠢᠭᠡᠮ ᠲᠣᠭᠣᠷᠢᠭ (ᠰᠠᠭᠤᠭᠠᠯᠢ ᠠᠷᠠᠳ ᠎ᠤᠨ ᠲᠣᠭᠣᠷᠢᠭ ) ᠲᠦ᠍ ᠭᠦᠨᠵᠡᠭᠡᠢᠷᠡᠨ ᠬᠢᠵᠢᠭ ᠎ᠦᠨ ᠪᠠᠢᠳᠠᠯ ᠎ᠢ ᠰᠡᠷᠭᠡᠢᠯᠡᠨ ᠡᠵᠡᠮᠳᠡᠬᠦ᠌ ᠪᠦᠬᠦ᠌ ᠶᠠᠪᠤᠴᠠ ᠎ᠳᠤ ᠬᠢᠨᠠᠯᠲᠠ ᠲᠠᠯᠪᠢᠵᠤ᠂ 《ᠴᠡᠭ ᠎ᠡᠴᠡ ᠴᠡᠭ ᠎ᠲᠦ ᠬᠦᠷᠬᠦ᠌》 ᠪᠢᠲᠡᠭᠦᠮᠵᠢᠯᠡᠭ᠌ᠰᠡᠨ ᠬᠠᠮᠢᠶᠠᠷᠤᠯᠲᠠ ᠎ᠶ᠋ᠢᠨ ᠱᠠᠭᠠᠷᠳᠠᠯᠭ᠎ᠠ ᠎ᠶ᠋ᠢ ᠨᠠᠢᠳᠠᠪᠤᠷᠢᠵᠢᠭᠤᠯᠤᠭ᠍ᠰᠠᠨ ᠪᠠᠢᠳᠠᠯ ᠎ᠢ ᠢᠯᠡ ᠎ᠪᠡᠷ ᠪᠠᠢᠴᠠᠭᠠᠵᠤ ᠨᠢᠭᠤᠴᠠ ᠎ᠪᠠᠷ ᠰᠤᠷᠪᠤᠯᠵᠢᠯᠠᠵᠤ᠂ ᠢᠯᠡᠷᠡᠭᠦᠯᠦᠭ᠌ᠰᠡᠨ ᠠᠰᠠᠭᠤᠳᠠᠯ ᠎ᠳᠤ ᠲᠥᠪ ᠴᠢᠩᠭ᠎ᠠ ᠎ᠪᠠᠷ ᠬᠢᠨᠠᠯᠲᠠ ᠲᠠᠯᠪᠢᠵᠤ ᠰᠠᠬᠢᠯᠭ᠎ᠠ ᠪᠠᠲᠤ ᠵᠢ ᠬᠡᠷᠡᠭ᠌ᠵᠢᠭᠦᠯᠪᠡ᠃ ᠡᠭᠦᠨ᠎ᠦ ᠬᠠᠮᠲᠤ᠂ ᠪᠠᠰᠠ ᠣᠷᠣᠨ ᠎ᠤ ᠱᠢᠭᠤᠳ ᠬᠠᠷᠢᠶ᠎ᠠ ᠪᠠᠢᠭᠤᠯᠭ᠎ᠠ ᠎ᠶ᠋ᠢᠨ ᠨᠠᠮ ᠎ᠤᠨ ᠭᠡᠱᠢᠭᠦᠨ ᠺᠠᠳ᠋ᠷ ᠎ᠢ ᠨᠡᠢᠭᠡᠮ ᠲᠣᠭᠣᠷᠢᠭ᠎ᠲᠤ ᠭᠦᠨᠵᠡᠭᠡᠢᠷᠡᠭᠦᠯᠵᠦ ᠬᠢᠵᠢᠭ ᠎ᠦᠨ ᠪᠠᠢᠳᠠᠯ ᠎ᠢ ᠰᠡᠷᠭᠡᠢᠯᠡᠨ ᠡᠵᠡᠮᠳᠡᠬᠦ᠌ ᠠᠵᠢᠯ ᠎ᠢ ᠠᠬᠢᠭᠤᠯᠬᠤ ᠳᠤᠭᠤᠢᠯᠠᠩ ᠎ᠢ ᠪᠠᠢᠭᠤᠯᠬᠤ ᠵᠢᠨ ᠵᠡᠷᠭᠡ ᠪᠡᠷ ᠲᠦᠷ ᠴᠠᠭ ᠎ᠤᠨ ᠨᠠᠮ ᠎ᠤᠨ ᠬᠣᠷᠢᠶ᠎ᠠ ᠎ᠶ᠋ᠢ ᠪᠠᠢᠭᠤᠯᠵᠤ᠂ ᠳᠠᠭᠠᠭᠠᠴᠢᠯᠠᠨ ᠬᠠᠷᠢᠯᠴᠠᠬᠤ ᠠᠵᠢᠯ ᠬᠠᠮᠢᠭ᠎ᠠ ᠬᠦᠷᠳᠡᠯ᠎ᠡ ᠦᠷᠬᠦᠯᠵᠢᠯᠡᠪᠡᠯ ᠨᠠᠮ ᠎ᠤᠨ ᠪᠠᠢᠭᠤᠯᠤᠯᠲᠠ ᠲᠡᠨᠳᠡ ᠬᠦᠷᠳᠡᠯ᠎ᠡ ᠪᠠᠢᠬᠤ ᠵᠢ ᠪᠠᠳᠤᠯᠠᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠠᠨᠠᠷ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面