ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠮᠡᠳᠡᠭᠡᠯᠡᠯ

2022-11-26 20:42:28

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

11 ᠰᠠᠷ᠎ᠠ ᠵᠢᠨ 26᠎ᠤ ᠡᠳᠦᠷ᠂ ᠬᠦᠬᠡᠬᠤᠲᠠ ᠳ᠋ᠤ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ 80 ᠳ᠋ᠤᠭᠠᠷ ᠲᠠᠯᠠᠪᠠᠢ ᠰᠤᠨᠢᠨ ᠮᠡᠳᠡᠭᠡ ᠨᠡᠢᠲᠡᠯᠡᠬᠦ ᠬᠤᠷᠠᠯ ᠬᠢᠵᠦ᠂ ᠬᠦᠬᠡᠬᠤᠲᠠ ᠵᠢᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠤᠪᠴᠢᠶᠠᠨ᠎ᠤ ᠨᠠᠮ᠎ᠤᠨ ᠳᠤᠭᠤᠢᠯᠠᠩ᠎ᠤᠨ ᠭᠡᠰᠢᠭᠦᠨ᠂ ᠳᠡᠳ᠋ ᠲᠤᠪᠴᠢᠶᠠᠨ ᠳᠠᠷᠤᠭ᠎ᠠ ᠸᠧᠢ ᠵᠧᠩ ᠮᠤᠤ ᠬᠤᠷᠠᠯ ᠳᠡᠭᠡᠷ᠎ᠡ ᠲᠠᠨᠢᠯᠴᠠᠭᠤᠯᠬᠤ ᠳ᠋ᠠᠭᠠᠨ᠄

11 ᠰᠠᠷ᠎ᠠ ᠵᠢᠨ 25᠎ᠤ ᠡᠳᠦᠷ ᠡᠴᠡ《ᠬᠦᠬᠡᠬᠤᠲᠠ ᠵᠢᠨ ᠮᠡᠳᠡᠭᠦᠯᠦᠯᠲᠡ ᠳᠠᠩᠰᠠᠯᠠᠯᠲᠠ》 ᠪᠢᠴᠢᠯ ᠫᠷᠤᠭ᠌ᠷᠠᠮ᠎ᠢ ᠡᠬᠢᠯᠡᠨ ᠠᠵᠢᠯᠯᠠᠭᠤᠯᠵᠠᠢ᠃ ᠭᠠᠳᠠᠨ᠎ᠠ ᠭᠠᠵᠠᠷ ᠡᠴᠡ ᠬᠦᠬᠡᠬᠤᠲᠠ ᠳ᠋ᠤ ᠢᠷᠡᠬᠦ ᠪᠦᠬᠦᠢᠯᠡ ᠬᠦᠮᠦᠰ ᠮᠡᠳᠡᠭᠦᠯᠦᠨ ᠲᠠᠩᠰᠠᠯᠠᠭᠤᠯᠬᠤ ᠬᠡᠷᠡᠭᠲᠡᠢ᠃ ᠮᠡᠳᠡᠭᠦᠯᠦᠨ ᠲᠠᠩᠰᠠᠯᠠᠭᠤᠯᠬᠤ ᠦᠶ᠎ᠡ ᠳ᠋ᠡᠭᠡᠨ 《ᠬᠦᠬᠡᠬᠤᠲᠠ ᠵᠢᠨ ᠮᠡᠳᠡᠭᠦᠯᠦᠯᠲᠡ ᠳᠠᠩᠰᠠᠯᠠᠯᠲᠠ》ᠵᠢᠨ ᠮᠡᠷᠭᠡᠨ ᠴᠤᠬᠤᠷ᠎ᠢ ᠰᠢᠷᠪᠢᠵᠦ ᠪᠢᠴᠢᠯ ᠫᠷᠤᠭ᠌ᠷᠠᠮ ᠳ᠋ᠤ ᠤᠷᠤᠭᠠᠳ᠂《 ᠬᠦᠬᠡᠬᠤᠲᠠ ᠳ᠋ᠤ ᠢᠷᠡᠵᠦ ᠪᠤᠢ ᠬᠦᠮᠦᠰ ᠮᠡᠳᠡᠭᠦᠯᠦᠨ ᠲᠠᠩᠰᠠᠯᠠᠭᠤᠯᠬᠤ》 ᠭᠡᠳᠡᠭ ᠬᠡᠰᠡᠭ᠎ᠢ ᠲᠤᠪᠰᠢᠵᠤ᠂ ᠦᠨᠡᠨ ᠨᠡᠷ᠎ᠡ᠂ ᠪᠡᠶ᠎ᠡ ᠵᠢᠨ ᠦᠨᠡᠮᠯᠡᠯ᠎ᠤᠨ ᠳ᠋ᠤᠭᠠᠷ᠂ ᠭᠠᠷ ᠤᠲᠠᠰᠤᠨ᠎ᠤ ᠳ᠋ᠤᠭᠠᠷ᠂ ᠵᠠᠮ ᠬᠠᠷᠢᠯᠴᠠᠭᠠᠨ᠎ᠤ ᠪᠠᠭᠠᠵᠢ ᠵᠢᠨ ᠬᠡᠯᠪᠡᠷᠢ᠂ ᠮᠤᠷᠳᠠᠭᠰᠠᠨ ᠭᠠᠵᠠᠷ᠂ ᠬᠦᠷᠦᠭᠰᠡᠨ ᠭᠠᠵᠠᠷ᠂ ᠬᠦᠬᠡᠬᠤᠲᠠ ᠳ᠋ᠤ ᠢᠷᠡᠭᠰᠡᠨ ᠴᠠᠭ ᠵᠡᠷᠭᠡ ᠮᠡᠳᠡᠭᠡ ᠵᠠᠩᠬᠢ ᠪᠠᠨ ᠲᠠᠭᠯᠠᠨ᠎ᠠ᠃ ᠳᠠᠷᠠᠭ᠎ᠠ ᠨᠢ《ᠲᠤᠰ ᠬᠦᠮᠦᠨ᠎ᠤ ᠠᠮᠠᠯᠠᠯᠲᠠ ᠵᠢᠨ ᠬᠡᠯᠡᠯᠴᠡᠭᠡᠷ 》 ᠎ᠤᠨ ᠡᠮᠦᠨ᠎ᠠ ᠰᠤᠩᠭᠤᠨ ᠭᠤᠬᠠᠳᠠᠵᠤ᠂ ᠮᠡᠳᠡᠭᠦᠯᠦᠯᠲᠡ ᠲᠠᠩᠰᠠᠯᠠᠭᠤᠯᠤᠯᠲᠠ ᠪᠠᠨ ᠲᠤᠰᠢᠶᠠᠨ᠎ᠠ᠃

11 ᠰᠠᠷ᠎ᠠ ᠵᠢᠨ 25᠎ᠤ ᠡᠳᠦᠷ᠂ ᠬᠦᠬᠡᠬᠤᠲᠠ ᠵᠢᠨ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ ᠠᠵᠢᠯ᠎ᠤᠨ ᠵᠢᠯᠤᠭᠤᠳᠬᠤ ᠭᠠᠵᠠᠷ᠎ᠤᠨ ᠬᠢᠨ ᠤᠳᠤᠬᠢ ᠬᠢᠵᠢᠭ᠎ᠤᠨ ᠪᠠᠢᠳᠠᠯ᠎ᠢ ᠦᠨᠳᠦᠰᠦᠯᠡᠨ᠂ ᠳᠠᠷᠤᠢ ᠲᠦᠷᠭᠡᠨ ᠲᠤᠬᠢᠷᠠᠭᠤᠯᠤᠯᠲᠠ ᠬᠢᠵᠦ 2022 ᠤᠨ ᠎ᠤ 142 ᠳ᠋ᠤᠭᠠᠷ ᠲᠤᠭᠠᠲᠤ ᠠᠯᠪᠠᠨ ᠵᠠᠷᠯᠠᠯ᠎ᠢ ᠨᠡᠢᠲᠡᠯᠡᠵᠡᠢ᠃ ᠠᠯᠪᠠᠨ ᠵᠠᠷᠯᠠᠯ᠎ᠤᠨ ᠱᠠᠭᠠᠷᠳᠠᠯᠭ᠎ᠠ ᠳ᠋ᠤ᠂ ᠬᠦᠬᠡᠬᠤᠲᠠ ᠳ᠋ᠤ ᠢᠷᠡᠬᠦ ᠬᠦᠮᠦᠰ ᠬᠦᠬᠡᠬᠤᠲᠠ ᠎ᠵᠢᠨ ᠨᠢᠰᠭᠡᠯ᠎ᠤᠨ ᠪᠠᠭᠤᠳᠠᠯ᠂ ᠭᠠᠯᠲᠤ ᠲᠡᠷᠭᠡᠨ ᠦᠷᠲᠡᠭᠡ ᠪᠠ ᠵᠠᠰᠠᠮᠠᠯ ᠵᠠᠮ᠎ᠤᠨ ᠰᠢᠯᠭᠠᠨ ᠪᠠᠢᠴᠠᠭᠠᠯᠲᠠ ᠵᠢᠨ ᠴᠡᠭ ᠲᠤ᠌ ᠬᠦᠷᠬᠦ ᠳ᠋ᠤ《ᠬᠦᠬᠡᠬᠤᠲᠠ ᠵᠢᠨ ᠮᠡᠳᠡᠭᠦᠯᠦᠯᠲᠡ ᠳᠠᠩᠰᠠᠯᠠᠯᠲᠠ》᠎ᠵᠢᠨ ᠦᠷ᠎ᠡ ᠳ᠋ᠦᠩ᠎ᠢ ᠰᠢᠯᠭᠠᠵᠤ᠂ 48 ᠴᠠᠭ᠎ᠤᠨ ᠳᠤᠲᠤᠷᠠᠬᠢ 1 ᠤᠳᠠᠭᠠᠨ᠎ᠤ ᠪᠦᠭᠡᠮ ᠬᠦᠴᠢᠯ᠎ᠤᠨ ᠪᠠᠢᠴᠠᠭᠠᠯᠲᠠ᠎ᠵᠢᠨ ᠪᠢᠯᠢᠭ ᠴᠢᠨᠠᠷ᠎ᠤᠨ ᠭᠡᠷᠡᠴᠢᠯᠡᠯ᠂ 《ᠬᠦᠬᠡᠬᠤᠲᠠ ᠵᠢᠨ ᠺᠤᠳ᠋》᠎ᠤᠨ ᠨᠤᠭᠤᠭᠠᠨ ᠺᠤᠳ᠋᠎ᠢ ᠰᠢᠯᠭᠠᠵᠤ᠂ ᠬᠦᠷᠦᠭᠰᠡᠨ ᠳᠠᠷᠤᠢ ᠵᠢᠨ ᠪᠦᠭᠡᠮ ᠬᠦᠴᠢᠯ᠎ᠤᠨ ᠦᠯᠢᠭᠡᠷ ᠠᠪᠤᠨ᠎ᠠ ᠭᠡᠵᠡᠢ᠃

ᠢᠷᠡᠯᠳᠡ᠄ ᠲᠡᠭᠦᠯᠢᠯᠲᠡ ᠬᠠᠮ ᠵᠠᠭᠤᠴᠢᠯᠠᠭᠤᠷ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠴᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面