ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠮᠡᠳᠡᠭᠡᠯᠡᠯ

2022-11-26 12:35:12

ᠵᠣᠬᠢᠶᠠᠭ᠍ᠴᠢ᠄ ᠪᠠᠢ ᠰᠡᠴᠡᠨ ᠣᠩᠱᠢᠭ᠍ᠰᠠᠨ ᠣᠳᠠᠭ᠎ᠠ᠄ 3

ᠣᠳᠣᠬᠠᠨ᠎ᠤ ᠪᠥᠬᠥ᠌ ᠣᠷᠣᠨ᠎ᠤ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠬᠠᠮᠢᠶ᠎ᠠ ᠪᠥᠬᠥᠶ ᠪᠠᠢᠳᠠᠯ᠎ᠳᠤ ᠴᠢᠭ᠌ᠯᠡᠭᠦᠯᠦᠨ᠂ ᠨᠡᠢᠭᠡᠮ᠎ᠦᠨ ᠠᠪᠤᠷᠠᠨ ᠲᠤᠰᠠᠯᠠᠯᠳᠠ ᠵᠢᠨ ᠦᠨᠳᠦᠰᠦᠨ ᠵᠦᠶ᠋ᠯ᠎ᠢ ᠪᠠᠲᠤᠯᠠᠬᠤ ᠦᠶ᠋ᠯᠡᠳᠦᠯ᠎ᠢ ᠭᠦᠶ᠋ᠴᠡᠳ ᠪᠠᠳᠠᠷᠠᠭᠤᠯᠬᠤ᠎ᠶ᠋ᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠬᠣᠯᠪᠣᠭ᠍ᠳᠠᠯ ᠪᠥᠬᠥᠶ ᠪᠠᠢᠷᠢᠯᠠᠭᠤᠯᠤᠯᠲᠠ ᠶᠣᠰᠣᠭᠠᠷ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ ᠂ ᠡᠳ᠋᠎ᠦᠨ ᠵᠠᠰᠠᠭ᠎ᠤᠨ ᠲᠢᠩᠬᠢᠮ 《ᠮᠡᠳᠡᠭ᠌ᠳᠡᠯ》 ᠳᠠᠷᠤᠮᠠᠯᠯᠠᠨ ᠲᠠᠷᠬᠠᠭᠠᠵᠤ᠂ ᠬᠦᠴᠢᠷᠳᠡᠯᠲᠡᠶ ᠣᠯᠠᠨ ᠲᠦᠮᠡᠨ᠎ᠢ ᠠᠪᠤᠷᠠᠨ ᠲᠤᠰᠠᠯᠠᠬᠤ 1.3 ᠳ᠋ᠦᠩᠱᠢᠭᠤᠷ ᠲᠥᠭᠥᠷᠢᠭ᠎ᠦᠨ ᠨᠥᠬᠥᠪᠥᠷᠢ ᠮᠥᠩᠭᠥ᠎ᠶ᠋ᠢ ᠪᠠᠴᠢᠮ ᠪᠠᠭᠤᠯᠭᠠᠵᠤ᠂ ᠬᠢᠵᠢᠭ᠎ᠦᠨ ᠪᠠᠢᠳᠠᠯ᠎ᠳᠤ ᠨᠥᠯᠥᠭᠡᠯᠡᠭ᠌ᠳᠡᠭ᠌ᠰᠡᠨ ᠵᠡᠷᠭᠡ ᠬᠦᠴᠢᠷᠳᠡᠯᠲᠡᠶ ᠣᠯᠠᠨ ᠲᠦᠮᠡᠨ᠎ᠦ ᠦᠨᠳᠦᠰᠦᠨ ᠠᠮᠢᠳᠤᠷᠠᠯ᠎ᠤᠨ ᠬᠡᠷᠡᠭ᠌ᠴᠡᠭᠡ ᠱᠠᠭᠠᠷᠳᠠᠯᠭ᠎ᠠ᠎ᠶ᠋ᠢ ᠦᠨᠡᠨ ᠬᠦ᠌ ᠪᠠᠳᠤᠯᠠᠵᠣ ᠪᠠᠢᠨ᠎ᠠ᠃

《ᠮᠡᠳᠡᠭᠳᠡᠯ》 ᠎ᠢ᠋ ᠦᠨᠳᠦᠰᠦᠯᠡᠪᠡᠯ᠂ ᠲᠣᠰ ᠤᠳᠠᠭᠠᠨ᠎ᠤ ᠪᠠᠯᠠ ᠮᠥᠩᠭᠥ᠎ᠶ᠋ᠢ ᠬᠢᠵᠢᠭ᠎ᠦᠨ ᠪᠠᠢᠳᠠᠯ ᠪᠡ ᠭᠠᠮᠰᠢᠭ᠎ᠤᠨ ᠪᠠᠢᠳᠠᠯ ᠳ᠋ᠤ ᠨᠦᠯᠦᠭᠡᠯᠡᠭᠳᠡᠭᠰᠡᠨ ᠵᠡᠷᠭᠡ ᠬᠦᠴᠢᠷᠳᠡᠯ᠎ᠳᠦ ᠲᠤᠯᠭᠠᠷᠠᠭ᠍ᠰᠠᠨ ᠣᠯᠠᠨ ᠲᠦᠮᠡᠨ᠎ᠦ ᠦᠨᠳᠦᠰᠦᠨ ᠠᠮᠢᠳᠤᠷᠠᠯ᠎ᠤᠨ ᠠᠪᠤᠷᠠᠨ ᠲᠤᠰᠠᠯᠠᠯᠲᠠ᠂ ᠪᠠᠴᠢᠮ ᠬᠦᠴᠢᠷᠳᠡᠯ᠎ᠲᠠᠢ ᠬᠦᠮᠦᠰ᠎ᠤᠨ ᠨᠡᠢᠭᠡᠮ᠎ᠦᠨ ᠠᠪᠤᠷᠠᠨ ᠲᠤᠰᠠᠯᠠᠯᠲᠠ ᠪᠠ ᠬᠦᠴᠢᠷᠳᠡᠯᠲᠡᠶ ᠣᠯᠠᠨ ᠲᠦᠮᠡᠨ᠎ᠦ ᠦᠨ᠎ᠡ ᠬᠠᠩᠰᠢ᠎ᠶ᠋ᠢᠨ ᠲᠦᠷ ᠴᠠᠭ᠎ᠤᠨ ᠨᠥᠬᠥᠪᠥᠷᠢ ᠵᠡᠷᠭᠡ ᠪᠠᠲᠤᠯᠠᠭ᠎ᠠ᠎ᠶ᠋ᠢᠨ ᠴᠢᠨᠠᠷᠲᠠᠶ ᠵᠠᠷᠤᠯᠭ᠎ᠠ᠎ᠳᠤ ᠨᠢᠭᠡᠳᠦᠯᠲᠡᠶ ᠲᠥᠯᠥᠪᠯᠡᠨ ᠬᠡᠷᠡᠭ᠌ᠯᠡᠨ᠎ᠡ᠃ ᠡᠯ᠎ᠡ ᠭᠠᠵᠠᠷ᠎ᠤᠨ᠎ᠬᠢᠨ ᠬᠦᠴᠢᠷᠳᠡᠯᠲᠡᠶ ᠣᠯᠠᠨ ᠲᠦᠮᠡᠨ᠎ᠦ ᠦᠨᠳᠦᠰᠦᠨ ᠠᠮᠢᠳᠤᠷᠠᠯ᠎ᠢ ᠪᠠᠲᠤᠯᠠᠬᠤ᠎ᠶ᠋ᠢ ᠦᠷᠭᠦᠯᠵᠢᠯᠡᠨ ᠴᠢᠩᠭᠠᠳᠬᠠᠵᠤ᠂ 《ᠠᠪᠤᠷᠠᠪᠠᠰᠤ ᠵᠣᠬᠢᠬᠤ᠎ᠶ᠋ᠢ ᠴᠢᠳᠠᠬᠤ᠎ᠶ᠋ᠢᠨ ᠬᠢᠷᠢ᠎ᠪᠡᠷ ᠠᠪᠤᠷᠬᠠᠸ᠋᠂ ᠨᠠᠷᠢᠯᠢᠭ ᠣᠨᠣᠴᠠᠳᠠᠢ ᠠᠪᠤᠷᠠᠨ ᠲᠤᠰᠠᠯᠠᠬᠤ》 ᠵᠠᠷᠴᠢᠮ᠎ᠢ ᠪᠠᠷᠢᠮᠲᠠᠯᠠᠵᠤ᠂ ᠬᠦᠴᠢᠷᠳᠡᠯᠲᠡᠶ ᠣᠯᠠᠨ ᠲᠦᠮᠡᠨ᠎ᠦ ᠭᠡᠨᠡᠳᠲᠡ᠎ᠶ᠋ᠢᠨ ᠴᠢᠨᠠᠷᠲᠠᠶ᠂ ᠲᠤᠯᠭᠠᠮ ᠴᠢᠨᠠᠷᠲᠠᠶ ᠠᠮᠢᠳᠤᠷᠠᠯ᠎ᠤᠨ ᠠᠰᠠᠭᠤᠳᠠᠯ᠎ᠢ ᠥᠨᠳᠥᠷ ᠪᠦᠲᠦᠮᠵᠢᠲᠡᠶ ᠲᠣᠬᠢᠲᠠᠶ ᠱᠢᠶ᠋ᠳᠪᠦᠷᠢᠯᠡᠵᠦ᠍᠂ ᠨᠥᠬᠥᠴᠡᠯ᠎ᠳᠦ ᠨᠡᠢᠴᠡᠬᠦ᠌ ᠬᠦᠴᠢᠷᠳᠡᠯᠲᠡᠶ ᠣᠯᠠᠨ ᠲᠦᠮᠡᠨ᠎ᠢ ᠴᠠᠭ ᠲᠤᠬᠠᠶ᠎ᠳᠤᠨᠢ ᠨᠠᠭᠠᠳᠤ ᠵᠠᠬ᠎ᠠ᠎ᠶ᠋ᠢᠨ ᠠᠮᠢᠳᠤᠷᠠᠯ᠎ᠤᠨ ᠪᠠᠲᠤᠯᠠᠭ᠎ᠠ ᠂ ᠣᠨᠴᠠ ᠬᠦᠴᠢᠷᠳᠡᠯᠲᠡᠶ ᠬᠥᠮᠦᠰ᠎ᠢ ᠠᠰᠠᠷᠠᠨ ᠲᠡᠵᠢᠭᠡᠬᠦ᠌ ᠂ ᠲᠦᠷ ᠴᠠᠭ᠎ᠤᠨ ᠠᠪᠤᠷᠠᠨ ᠲᠤᠰᠠᠯᠠᠬᠤ ᠵᠡᠷᠭᠡ ᠦᠨᠳᠦᠰᠦᠨ ᠵᠦᠶ᠋ᠯ᠎ᠢ ᠪᠠᠳᠤᠯᠠᠬᠤ᠎ᠳᠤ ᠣᠷᠣᠭᠤᠯᠤᠨ᠎ᠠ᠃ ᠬᠦᠨᠳᠦ ᠶᠡᠬᠡ ᠬᠦᠴᠢᠷᠳᠡᠯ᠎ᠳᠦ ᠲᠤᠯᠭᠠᠷᠠᠭ᠍ᠰᠠᠳ ᠎ᠢ 《ᠠᠰ ᠲᠤᠨᠢ ᠵᠥᠪᠯᠡᠬᠦ᠌》᠂ 《ᠨᠢᠭᠡ ᠬᠡᠷᠡᠭ᠎ᠲᠦ ᠨᠢᠭᠡ ᠠᠷᠭ᠎ᠠ ᠪᠣᠳᠣᠯᠭ᠎ᠠ ᠠᠪᠬᠤ》 ᠬᠡᠯᠪᠡᠷᠢ ᠪᠡᠷ ᠠᠪᠤᠷᠠᠨ ᠲᠤᠰᠠᠯᠠᠬᠤ ᠲᠦᠪᠱᠢᠨ᠎ᠢᠶᠡᠨ ᠳᠡᠭᠡᠭ᠌ᠰᠢᠯᠡᠭᠦᠯᠦᠨ᠎ᠡ᠃ ᠪᠦᠳᠦᠮᠵᠢᠳᠠᠢ ᠠᠷᠭ᠎ᠠ ᠬᠡᠮᠵᠢᠶ᠎ᠡ ᠠᠪᠴᠤ᠌ ᠂ ᠡᠯ᠎ᠡ ᠲᠥᠷᠥᠯ᠎ᠦᠨ ᠠᠪᠤᠷᠠᠨ ᠲᠤᠰᠠᠯᠠᠬᠤ ᠪᠠᠲᠤᠯᠠᠭ᠎ᠠ᠎ᠶ᠋ᠢᠨ ᠪᠡᠯᠡ ᠮᠥᠩᠭᠥ᠎ᠶ᠋ᠢ ᠴᠠᠭ ᠲᠤᠬᠠᠶ᠎ᠳᠤᠨᠢ ᠲᠣᠭ᠎ᠠ᠎ᠶᠤᠰᠤᠭᠠᠷ ᠬᠦᠢᠴᠡᠳ ᠣᠯᠭᠣᠨ᠎ᠠ᠃ ᠪᠠᠷᠠᠭᠠᠨ᠎ᠤ ᠦᠨ᠎ᠡ᠎ᠶ᠋ᠢᠨ ᠬᠤᠪᠢᠷᠠᠯᠲᠠ᠎ᠶ᠋ᠢ ᠨᠢᠭ᠍ᠲᠠ ᠠᠩᠬᠠᠷᠴᠤ᠌᠂ ᠱᠠᠲᠤᠴᠢ ᠴᠢᠨᠠᠷᠲᠠᠶ ᠪᠡᠷ ᠦᠨ᠎ᠡ ᠬᠠᠩᠰᠢ᠎ᠶ᠋ᠢ ᠲᠣᠬᠢᠷᠠᠭᠤᠯᠬᠤ ᠲᠦᠷ ᠴᠠᠭ᠎ᠤᠨ ᠨᠥᠬᠥᠪᠥᠷᠢ᠎ᠶ᠋ᠢᠨ ᠬᠣᠯᠪᠣᠭ᠍ᠳᠠᠯ ᠪᠦᠬᠦᠢ ᠲᠥᠷᠥ᠎ᠶ᠋ᠢᠨ ᠪᠣᠳᠣᠯᠭ᠎ᠠ᠎ᠶ᠋ᠢ ᠰᠠᠢᠲᠤᠷ ᠨᠠᠢᠳᠠᠪᠤᠷᠢᠵᠢᠭᠤᠯᠵᠤ᠂ ᠨᠠᠭᠠᠳᠤ ᠵᠠᠬ᠎ᠠ᠎ᠶ᠋ᠢᠨ ᠪᠠᠲᠤᠯᠠᠭ᠎ᠠ ᠬᠦᠷᠲᠡᠬᠦ᠌ ᠨᠦᠭᠦᠴᠡᠯ᠎ᠳ᠋ᠤ ᠤᠢᠷᠠᠲᠣᠭᠰᠠᠨ ᠬᠥᠮᠦᠨ ᠠᠮᠠ᠎ᠶ᠋ᠢ ᠨᠦᠬᠦᠪᠦᠷᠢ ᠣᠯᠭᠣᠬᠤ ᠬᠡᠪᠴᠢᠶᠡᠨ᠎ᠳᠦ ᠣᠷᠣᠭᠤᠯᠤᠨ᠎ᠠ᠃

《ᠮᠡᠳᠡᠭᠳᠡᠯ》 ᠳ᠋ᠤ ᠂ ᠡᠯ᠎ᠡ ᠭᠠᠵᠠᠷ᠎ᠤᠨ ᠡᠳ᠋᠎ᠦᠨ ᠵᠠᠰᠠᠭ᠂ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ ᠬᠢᠨ ᠬᠠᠮᠵᠢᠯᠴᠠᠭ᠎ᠠ᠎ᠪᠠᠨ ᠴᠢᠩᠭᠠᠳᠭᠠᠵᠤ᠂ ᠪᠡᠯᠡ ᠮᠥᠩᠭᠥ᠎ᠶ᠋ᠢ ᠴᠠᠭ ᠲᠤᠬᠠᠶ᠎ᠳᠤᠨᠢ ᠬᠣᠱᠢᠭᠤ ᠱᠢᠶᠠᠨ (ᠬᠤᠳᠠ᠂ ᠲᠤᠭᠤᠷᠢᠭ) ᠳ᠋ᠤ ᠪᠠᠭᠤᠯᠭᠠᠬᠤ ᠬᠡᠷᠡᠭᠳᠠᠢ᠃ ᠬᠦᠴᠢᠷᠳᠡᠯᠲᠡᠶ ᠣᠯᠠᠨ ᠲᠦᠮᠡᠨ᠎ᠢ ᠠᠪᠤᠷᠠᠨ ᠲᠤᠰᠠᠯᠠᠬᠤ ᠨᠥᠬᠥᠪᠥᠷᠢ ᠮᠥᠩᠭᠥ᠎ᠶ᠋ᠢᠨ ᠬᠡᠷᠡᠭ᠌ᠯᠡᠯᠲᠡ ᠬᠠᠮᠢᠶᠠᠷᠤᠯᠲᠠ᠎ᠶ᠋ᠢ ᠴᠢᠩᠭᠠᠳᠭᠠᠵᠤ ᠂ ᠬᠡᠷᠡᠭ᠌ᠯᠡᠯᠲᠡ᠎ᠶ᠋ᠢᠨ ᠦᠷ᠎ᠡ ᠠᠱᠢᠭ᠎ᠢ ᠳᠡᠭᠡᠭ᠌ᠰᠢᠯᠡᠭᠦᠯᠦᠨ ᠂ ᠰᠠᠢᠨ ᠶᠠᠪᠤᠳᠠᠯ ᠪᠤᠳᠠᠳᠤ ᠶᠠᠪᠤᠳᠠᠯ ᠎ᠢᠶᠡᠷ ᠦᠨᠡᠨ ᠬᠦ᠌ ᠣᠯᠠᠨ ᠲᠦᠮᠡᠨ᠎ᠤ ᠰᠡᠳᠭᠢᠯ᠎ᠢ ᠲᠤᠯᠠᠭᠠᠴᠠᠭᠤᠯᠵᠤ᠂ ᠬᠦᠴᠢᠷᠳᠡᠯᠲᠡᠶ ᠣᠯᠠᠨ ᠲᠦᠮᠡᠨ᠎ᠦ ᠬᠦᠷᠲᠡᠮᠵᠢ᠎ᠶ᠋ᠢᠨ ᠲᠥᠷᠥᠭ᠌ᠳᠡᠯ᠂ ᠵᠢᠷᠭᠠᠯᠲᠤ ᠲᠥᠷᠥᠭ᠌ᠳᠡᠯ᠂ ᠠᠮᠤᠷ ᠲᠦᠪᠱᠢᠨ᠎ᠦ ᠲᠥᠷᠥᠭ᠌ᠳᠡᠯ᠎ᠢ ᠦᠨᠡᠨ ᠬᠦ᠌ ᠳᠡᠭᠡᠭ᠌ᠰᠢᠯᠡᠭᠦᠯᠬᠦ᠌ ᠬᠡᠷᠡᠭᠳᠡᠢ ᠭᠡᠵᠦ ᠴᠢᠬᠤᠯᠠᠴᠢᠯᠠᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠠᠨᠠᠷ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面