ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠮᠡᠳᠡᠭᠡᠯᠡᠯ

2022-11-28 14:48:21

ᠵᠣᠬᠢᠶᠠᠭ᠍ᠴᠢ᠄ ᠲᠡᠭᠦᠰᠪᠢᠯᠢᠭ ᠣᠩᠱᠢᠭ᠍ᠰᠠᠨ ᠣᠳᠠᠭ᠎ᠠ᠄ 3

ᠤᠷᠠᠳ᠎ᠤᠨ ᠡᠮᠦᠨᠡᠲᠦ ᠬᠣᠰᠢᠭᠤᠨ᠎ᠤ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ ᠡᠮᠦᠨ᠎ᠡ ᠹᠷᠣᠨᠲ᠎ᠲᠤ ᠨᠢᠭᠡᠨ ᠬᠤᠤᠰ ᠡᠴᠢᠭᠡ ᠬᠦᠦ ᠬᠣᠶᠠᠭᠤᠯᠠ ᠪᠠᠢᠳᠠᠭ᠂ ᠬᠡᠳᠦᠢᠪᠡᠷ ᠡᠴᠢᠭᠡ ᠬᠦᠦ ᠪᠤᠯᠪᠠᠴᠤ ᠠᠭᠤᠯᠵᠠᠬᠤ ᠨᠢ ᠮᠠᠰᠢ ᠴᠦᠭᠡᠨ ᠪᠠᠢᠳᠠᠭ᠂ ᠲᠡᠳᠡᠨ᠎ᠳᠦ ᠨᠢᠭᠡ ᠬᠠᠮᠲᠤ᠎ᠶᠢᠨ ᠪᠡᠶ᠎ᠡ᠎ᠶᠢᠨ ᠭᠠᠷᠤᠯ᠎ᠲᠠᠶ᠂ ᠲᠡᠷᠡ ᠨᠢ ᠳᠠᠷᠤᠶ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ ᠠᠵᠢᠯᠲᠠᠨ ᠪᠣᠯᠤᠨ᠎ᠠ᠃

ᠡᠴᠢᠭᠡ ᠨᠢ ᠸᠠᠩ ᠰᠢ ᠪᠣᠯ ᠤᠷᠠᠳ᠎ᠤᠨ ᠡᠮᠦᠨᠡᠲᠦ ᠬᠣᠰᠢᠭᠤᠨ᠎ᠤ ᠮᠢᠩᠭᠠᠨ ᠪᠠᠯᠭᠠᠰᠤᠨ᠎ᠤ ᠺᠠᠳ᠋ᠷ᠂ ᠬᠦᠦ ᠨᠢ ᠸᠠᠩ ᠸᠧᠶ ᠶᠤᠸᠠᠨ ᠪᠣᠯ ᠤᠷᠠᠳ᠎ᠤᠨ ᠡᠮᠦᠨᠡᠲᠦ ᠬᠣᠰᠢᠭᠤᠨ᠎ᠤ ᠵᠠᠮ ᠬᠠᠷᠢᠯᠴᠠᠭᠠᠨ᠎ᠤ ᠬᠠᠮᠢᠶᠠᠷᠤᠯᠲᠠ᠎ᠶᠢᠨ ᠶᠡᠬᠡ ᠠᠩᠭᠢ᠎ᠶᠢᠨ ᠵᠠᠰᠠᠮᠠᠯ ᠵᠠᠮ᠎ᠤᠨ ᠴᠠᠭᠳᠠᠨ ᠲᠣᠭᠣᠷᠢᠬᠤ ᠨᠢᠭᠡᠳᠦᠭᠡᠷ ᠳᠤᠮᠳᠠ ᠠᠩᠭᠢ᠎ᠶᠢᠨ ᠲᠤᠰᠠᠯᠠᠬᠤ ᠴᠠᠭᠳᠠᠭ᠎ᠠ ᠪᠣᠯᠤᠨ᠎ᠠ᠃ ᠡᠴᠢᠭᠡ ᠨᠢ ᠳᠠᠩᠰᠠᠯᠠᠬᠤ᠂ ᠪᠡᠶ᠎ᠡ᠎ᠶᠢᠨ ᠬᠠᠯᠠᠭᠤᠨ᠎ᠢ ᠬᠡᠮᠵᠢᠬᠦ᠂ ᠡᠷᠡᠬᠦᠯ ᠮᠡᠨᠳᠤ ᠵᠢᠨ ᠺᠣᠳ᠋᠎ᠢ ᠪᠠᠢᠴᠠᠭᠠᠨ ᠰᠢᠯᠭᠠᠬᠤ ᠵᠡᠷᠭᠡ᠎ᠶᠢ ᠬᠠᠷᠢᠭᠤᠴᠠᠵᠤ᠂ ᠬᠦᠦ ᠨᠢ ᠨᠠᠭᠠᠰᠢ ᠴᠠᠭᠠᠰᠢ ᠶᠠᠪᠤᠬᠤ ᠮᠠᠰᠢᠨ ᠲᠡᠷᠭᠡ᠎ᠶᠢ ᠪᠠᠢᠴᠠᠭᠠᠬᠤ ᠪᠠ ᠵᠢᠯᠣᠭᠣᠳᠴᠤ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ ᠠᠵᠢᠯ᠎ᠳᠤ ᠬᠠᠮᠵᠢᠯᠴᠠᠵᠤ᠂ ᠡᠴᠢᠭᠡ ᠬᠦᠦ ᠬᠣᠶᠠᠭᠤᠯᠠ ᠬᠠᠮᠲᠤ᠎ᠪᠠᠷ ᠤᠯᠠᠨ ᠲᠦᠮᠡᠨ᠎ᠦ ᠠᠮᠤᠷ ᠲᠦᠪᠰᠢᠨ᠎ᠢ ᠬᠠᠮᠠᠭᠠᠯᠠᠬᠤ᠎ᠶᠢᠨ ᠲᠥᠯᠥᠭᠡ ᠶᠠᠭᠠᠷᠠᠯᠳᠠᠢ ᠠᠵᠢᠯᠯᠠᠨ᠎ᠠ᠃

ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ ᠬᠤᠭᠤᠴᠠᠭᠠᠨ᠎ᠳᠤ᠂ ᠲᠣᠭᠲᠠᠭᠠᠯ ᠶᠣᠰᠣᠭᠠᠷ ᠸᠠᠩ ᠸᠧᠶ ᠶᠤᠸᠠᠨ ᠨᠢᠭᠡ ᠭᠠᠷᠠᠭ ᠲᠤ᠌ ᠨᠢᠭᠡ ᠡᠳᠦᠷ ᠠᠮᠠᠷᠠᠵᠤ ᠪᠣᠯᠤᠨ᠎ᠠ᠂ ᠭᠡᠪᠡᠴᠦ ᠣᠯᠠᠩᠬᠢ ᠦᠶ᠎ᠠ᠎ᠳᠤ ᠬᠡᠳᠦᠨ ᠭᠠᠷᠠᠭ ᠶᠠᠭᠠᠷᠠᠭᠠᠳ ᠭᠡᠷ ᠲᠡᠭᠡᠨ ᠴᠤ᠌ ᠬᠠᠷᠢᠬᠤ ᠵᠠᠪ ᠦᠭᠡᠢ᠃ ᠸᠠᠩ ᠰᠢ᠎ᠶᠢᠨ ᠠᠵᠢᠯᠯᠠᠵᠤ ᠪᠠᠢᠭ᠎ᠠ ᠮᠢᠩᠭᠠᠨ ᠪᠠᠯᠭᠠᠰᠤ᠎ᠨᠢ ᠤᠷᠠᠳ᠎ᠤᠨ ᠡᠮᠦᠨᠡᠲᠦ ᠬᠣᠰᠢᠭᠤᠨ᠎ᠤ ᠵᠡᠭᠦᠨ ᠬᠠᠭᠠᠯᠭ᠎ᠠ ᠪᠣᠯᠤᠭᠰᠠᠨ᠎ᠤ ᠬᠤᠪᠢ᠎ᠳᠤ᠂ ᠬᠢᠵᠢᠭ᠎ᠦᠨ ᠪᠠᠢᠳᠠᠯ᠎ᠢ ᠪᠠᠢᠩᠭᠤᠵᠢᠭᠤᠯᠤᠨ ᠰᠡᠷᠭᠡᠢᠯᠡᠨ ᠡᠵᠡᠮᠳᠡᠬᠦ ᠡᠭᠦᠷᠭᠡ ᠨᠡᠯᠢᠶᠡᠳ ᠬᠦᠨᠳᠦ ᠪᠠᠢᠳᠠᠭ᠂ ᠬᠡᠳᠦᠢᠪᠡᠷ ᠨᠢᠭᠡ ᠭᠠᠷᠠᠭ᠎ᠲᠤ 2 ᠡᠳᠦᠷ ᠠᠮᠠᠷᠠᠬᠤ ᠪᠣᠯᠪᠠᠴᠤ ᠰᠡᠷᠭᠡᠢᠯᠡᠨ ᠡᠵᠡᠮᠳᠡᠬᠦ ᠠᠵᠢᠯ᠎ᠢ ᠥᠷᠨᠢᠭᠦᠯᠦᠭᠰᠡᠨ᠎ᠡᠴᠡ ᠨᠠᠭᠠᠰᠢ᠂ ᠪᠠᠷᠤᠭ ᠠᠮᠠᠷᠠᠵᠤ ᠥᠩᠭᠡᠷᠡᠭᠰᠡᠨ ᠥᠬᠡᠶ ᠶᠤᠮ᠃ ᠲᠡᠢᠮᠦ᠎ᠡᠴᠡ ᠨᠢᠭᠡ ᠭᠡᠷ᠎ᠦᠨ ᠬᠥᠮᠦᠰ ᠪᠤᠯᠪᠠᠴᠤ ᠠᠭᠤᠯᠵᠠᠬᠤ ᠵᠠᠪᠰᠢᠶᠠᠨ ᠴᠦᠬᠡᠨ᠃

ᠦᠨᠡᠨ᠎ᠳᠡᠭᠡᠨ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ ᠠᠵᠢᠯ᠎ᠢ ᠥᠷᠨᠢᠭᠦᠯᠦᠭᠰᠡᠨ᠎ᠡᠴᠡ ᠨᠠᠭᠠᠰᠢ᠂ ᠸᠠᠩ ᠰᠢ᠂ ᠸᠠᠩ ᠸᠧᠢ ᠶᠤᠸᠠᠨ ᠡᠴᠢᠭᠡ ᠬᠥᠦ ᠮᠡᠲᠦ ᠢᠩᠭᠢᠵᠦ ᠦᠭᠡ ᠳᠠᠭᠤᠨ ᠦᠭᠡᠢ᠎ᠪᠡᠷ ᠦᠪᠡᠷ᠎ᠤᠨ ᠠᠵᠢᠯ᠎ᠤᠨ ᠪᠠᠢᠷᠢ ᠪᠠᠨ ᠪᠠᠳᠤ ᠰᠠᠬᠢᠵᠤ ᠵᠢᠳᠬᠦᠵᠤ ᠪᠠᠢᠭ᠎ᠠ ᠬᠥᠮᠦᠨ ᠮᠠᠰᠢ ᠤᠯᠠᠨ ᠪᠠᠢᠨ᠎ᠠ᠂ ᠮᠥᠨ᠎ᠴᠦ ᠡᠢᠨ᠎ᠬᠦ ᠨᠠᠮ᠎ᠳᠠᠭᠠᠨ ᠦᠨᠡᠨᠴᠢ ᠰᠢᠳᠤᠷᠭᠤ᠂ ᠠᠷᠠᠳ ᠲᠦᠮᠡᠨ᠎ᠳᠡᠭᠡᠨ ᠦᠨᠡᠨᠴᠢ ᠰᠢᠳᠤᠷᠭᠤ᠂ ᠳᠤᠷᠠᠲᠠᠶ᠎ᠠ ᠬᠤᠪᠢ ᠨᠡᠮᠡᠷᠢ ᠦᠵᠡᠭᠦᠯᠬᠦ ᠬᠥᠮᠦᠨ ᠪᠠᠢᠬᠰᠠᠨ ᠬᠤᠢᠨ᠎ᠠ᠂ ᠮᠠᠨ᠎ᠤ ᠭᠡᠷ ᠣᠷᠣᠨ ᠰᠠᠶᠢ ᠠᠮᠤᠷ ᠠᠮᠤᠭᠤᠯᠠᠩ᠂ ᠵᠣᠯ ᠵᠢᠷᠭᠠᠯ᠎ᠲᠠᠶ ᠪᠤᠯᠵᠤ ᠴᠢᠳᠠᠨ᠎ᠠ᠃ ᠪᠢᠳᠡ ᠡᠳᠡᠭᠡᠷ ᠬᠠᠢᠷᠠᠯᠠᠯᠳᠠᠢ ᠬᠥᠮᠦᠰ᠎ᠲᠦ ᠬᠦᠨᠳᠦᠳᠬᠡᠯ ᠳᠡᠪᠰᠢᠭᠦᠯᠦᠶ᠎ᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠴᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面