ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠮᠡᠳᠡᠭᠡᠯᠡᠯ

2022-11-29 20:10:53

ᠵᠣᠬᠢᠶᠠᠭ᠍ᠴᠢ᠄ ᠼᠠᠢ ᠬᠤᠡᠭ ᠣᠩᠱᠢᠭ᠍ᠰᠠᠨ ᠣᠳᠠᠭ᠎ᠠ᠄ 3

ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ ᠬᠤᠪᠢ᠎ᠶ᠋ᠢᠨ ᠦᠶ᠋ᠯᠡᠳᠪᠦᠷᠢ ᠬᠤᠳᠠᠯᠳᠤᠭᠠᠨ᠎ᠤ ᠡᠷᠦᠬᠡ᠎ᠶ᠋ᠢᠨ ᠬᠢᠵᠢᠭ ᠎ᠦᠨ ᠨᠥᠯᠥᠭᠡ ᠎ᠶ᠋ᠢ ᠢᠯᠡᠨ ᠳᠠᠪᠠᠵᠤ ᠂ ᠠᠯᠢ ᠲᠦᠷᠭᠡᠨ᠎ᠢᠶᠡᠷ ᠠᠵᠢᠯ ᠎ᠢᠶᠠᠨ ᠰᠡᠷᠭᠦᠭᠡᠵᠦ᠍ ᠦᠶ᠋ᠯᠡᠳᠪᠦᠷᠢᠯᠡᠯ᠎ᠢᠶᠡᠨ ᠰᠡᠷᠭᠦᠭᠡᠬᠦ᠌᠎ᠶ᠋ᠢ ᠳᠡᠮᠵᠢᠬᠦ᠌ 7 ᠵᠦᠶ᠋ᠯ᠎ᠦᠨ ᠠᠷᠭ᠎ᠠ ᠬᠡᠮᠵᠢᠶ᠎ᠡ᠎ᠶ᠋ᠢ ᠰᠤᠳᠤᠯᠤᠨ ᠲᠣᠭ᠍ᠲᠠᠭᠠᠵᠤ᠂ ᠬᠤᠪᠢ᠎ᠶ᠋ᠢᠨ ᠦᠶ᠋ᠯᠡᠳᠪᠦᠷᠢ ᠬᠤᠳᠠᠯᠳᠤᠭᠠᠨ᠎ᠤ ᠡᠷᠦᠬᠡ᠎ᠶ᠋ᠢᠨ ᠬᠦᠴᠢᠷᠳᠡᠯ᠎ᠢ᠎ᠱᠢᠶ᠋ᠳᠪᠦᠷᠢᠯᠡᠵᠦ᠍᠂ ᠲᠡᠳᠡᠨ ᠤ᠋ ᠠᠵᠢᠯ᠎ᠢᠶᠠᠨ ᠰᠡᠷᠭᠦᠭᠡᠵᠦ᠍ ᠦᠶ᠋ᠯᠡᠳᠪᠦᠷᠢᠯᠡᠯ᠎ᠢᠶᠡᠨ ᠰᠡᠷᠭᠦᠭᠡᠬᠦ᠌᠎ᠳᠦ ᠬᠦᠴᠦᠨ ᠨᠡᠮᠡᠷᠢᠯᠡᠵᠦ ᠪᠠᠢᠨ᠎ᠠ᠃

ᠡᠭᠦᠨ ᠳ᠋ᠦ᠂ 7 ᠵᠦᠶ᠋ᠯ᠎ᠦᠨ ᠠᠷᠭ᠎ᠠ ᠬᠡᠮᠵᠢᠶ᠎ᠡ ᠳ᠋ᠦ ᠭᠤᠤᠯᠳᠠᠭᠤ᠂ ᠬᠤᠪᠢ᠎ᠶ᠋ᠢᠨ ᠦᠶ᠋ᠯᠡᠳᠪᠦᠷᠢ ᠬᠤᠳᠠᠯᠳᠤᠭᠠᠨ᠎ᠤ ᠡᠷᠦᠬᠡ᠎ᠶ᠋ᠢᠨ ᠵᠠᠬ᠎ᠠ ᠳᠡᠯᠭᠡᠭᠦᠷ᠎ᠲᠦ ᠣᠷᠣᠬᠤ᠎ᠶ᠋ᠢ ᠵᠥᠪᠱᠢᠶᠡᠷᠡᠬᠦ᠌ ᠂ ᠢᠲᠡᠭᠡᠮᠵᠢ᠎ᠪᠡᠨ ᠰᠡᠷᠭᠦᠭᠡᠬᠦ᠌ ᠵᠦᠶ᠋ᠯᠡᠰ᠎ᠢ ᠰᠦᠯᠵᠢᠶᠡᠨ ᠳᠡᠭᠡᠷ᠎ᠡ ᠭᠦᠶ᠋ᠴᠡᠳᠭᠡᠬᠦ᠌᠎ᠶ᠋ᠢ ᠪᠥᠬᠥ᠌ ᠲᠠᠯ᠎ᠠ᠎ᠪᠠᠷ ᠬᠡᠷᠡᠭ᠌ᠵᠢᠭᠦᠯᠬᠦ᠌᠎ᠶ᠋ᠢᠨ ᠬᠠᠮᠲᠤ᠂ ᠴᠠᠭ ᠬᠢᠵᠠᠭᠠᠷᠯᠠᠨ ᠭᠦᠶ᠋ᠴᠡᠳᠭᠡᠬᠦ᠌ ᠂ ᠰᠠᠨᠠᠭᠠᠴᠢᠯᠠᠭ᠎ᠠ᠎ᠠᠴᠠ᠎ᠪᠠᠨ ᠬᠠᠪᠰᠤᠷᠤᠨ ᠭᠦᠶ᠋ᠴᠡᠳᠭᠡᠬᠦ᠌᠎ᠶ᠋ᠢ ᠱᠠᠭᠠᠷᠳᠠᠨ᠎ᠠ ; ᠬᠢᠵᠢᠭ᠎ᠦᠨ ᠪᠠᠢᠳᠠᠯ᠎ᠠᠴᠠ ᠪᠣᠯᠵᠣ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠎ᠦᠨ ᠬᠢᠨᠠᠨ ᠣᠯᠭᠣᠭ᠍ᠰᠠᠨ ᠵᠥᠪᠱᠢᠶᠡᠷᠡᠯ᠎ᠦᠨ ᠦᠨᠡᠮᠯᠡᠯ᠎ᠦᠨ ᠬᠤᠭᠤᠴᠠᠭ᠎ᠠ᠎ᠨᠢ ᠲᠤᠯᠤᠭ᠍ᠰᠠᠨ ᠬᠤᠪᠢ᠎ᠶ᠋ᠢᠨ ᠦᠶ᠋ᠯᠡᠳᠪᠦᠷᠢ ᠬᠤᠳᠠᠯᠳᠤᠭᠠᠨ᠎ᠤ ᠡᠷᠦᠬᠡ᠂ ᠡᠯ᠎ᠡ ᠭᠠᠵᠠᠷ ᠣᠷᠣᠨ᠎ᠤ ᠪᠥᠬᠥ᠌ ᠣᠷᠣᠨ ᠪᠦᠰᠡ 《 ᠳᠤᠤᠷ᠎ᠠ ᠲᠦᠭᠰᠢᠭᠦᠷᠢᠲᠦ 》 ᠭᠠᠵᠠᠷ ᠣᠷᠣᠨ ᠪᠤᠯᠤᠭᠰᠠᠨ᠎ᠤ ᠳᠠᠷᠠᠭᠠᠬᠢ 60 ᠡᠳᠦᠷ ᠤ᠋ᠨ ᠳᠤᠲᠤᠷ᠎ᠠ ᠬᠠᠮᠢᠶ᠎ᠠ ᠪᠥᠬᠥᠶ ᠭᠠᠷᠳᠠᠮ ᠶ᠋ᠢᠡᠨ ᠨᠥᠬᠥᠨ ᠭᠦᠶ᠋ᠴᠡᠳᠭᠡᠵᠦ᠍ ᠪᠣᠯᠤᠨ᠎ᠠ; ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠬᠤᠭᠤᠴᠠᠭᠠᠨ᠎ᠳᠤ ᠠᠷᠠᠳ ᠣᠯᠠᠨ᠎ᠤ ᠡᠷᠡᠭᠦᠯ ᠮᠡᠨᠳᠦ ᠪᠠ ᠡᠳ᠋ ᠬᠥᠷᠥᠩᠭᠡ᠎ᠶ᠋ᠢᠨ ᠠᠮᠤᠷ ᠲᠦᠪᠱᠢᠨ᠎ᠦ ᠬᠦᠷᠢᠶᠡᠨ᠎ᠳᠦ ᠬᠣᠯᠪᠣᠭ᠍ᠳᠠᠬᠤ᠎ᠠᠴᠠ ᠭᠠᠳᠠᠨ᠎ᠠ ᠂ ᠬᠠᠤᠯᠢ᠎ᠠᠴᠠ ᠵᠥᠷᠢᠴᠡᠭ᠌ᠰᠡᠨ ᠠᠵᠢᠯᠯᠠᠭ᠎ᠠ᠎ᠶ᠋ᠢᠨ ᠬᠤᠤᠷ ᠬᠥᠨᠥᠭᠡᠯ᠎ᠦᠨ ᠦᠷ᠎ᠡ ᠳ᠋ᠦᠩ᠎ᠨᠢ ᠬᠥᠩᠭᠡᠪᠲᠦᠷ ᠮᠥᠷᠲᠡᠭᠡᠨ ᠴᠠᠭ ᠲᠤᠬᠠᠶ᠎ᠳᠤᠨᠢ ᠵᠠᠯᠠᠷᠠᠭᠤᠯᠤᠭᠰᠠᠨ ᠬᠤᠪᠢ᠎ᠶ᠋ᠢᠨ ᠦᠶ᠋ᠯᠡᠳᠪᠦᠷᠢ ᠬᠤᠳᠠᠯᠳᠤᠭᠠᠨ᠎ᠤ ᠡᠷᠦᠬᠡ᠎ᠳ᠋ᠦ ᠬᠠᠤᠯᠢ ᠶᠣᠰᠣᠭᠠᠷ 《ᠠᠩᠬ᠎ᠠ ᠤᠳᠠᠭ᠎ᠠ ᠲᠣᠷᠭᠠᠬᠤ ᠥᠬᠡᠶ 》 ᠪᠠᠢᠬᠤ ᠠᠷᠭ᠎ᠠ ᠬᠡᠮᠵᠢᠶ᠎ᠡ ᠵᠢ ᠬᠡᠷᠡᠭᠵᠢᠭᠦᠯᠵᠦ ᠪᠣᠯᠤᠨ᠎ᠠ; ᠥᠪᠡᠷᠲᠡᠭᠡᠨ ᠵᠠᠰᠠᠬᠤ ᠣᠷᠣᠨ᠎ᠤ ᠳᠣᠲᠣᠷᠠᠬᠢ ᠬᠤᠪᠢ᠎ᠶ᠋ᠢᠨ ᠦᠶ᠋ᠯᠡᠳᠪᠦᠷᠢ ᠬᠤᠳᠠᠯᠳᠤᠭᠠᠨ᠎ᠤ ᠡᠷᠦᠬᠡ᠎ᠶ᠋ᠢᠨ ᠨᠠᠢᠳᠠᠭ᠍ᠰᠠᠨ ᠬᠡᠮᠵᠢᠯᠲᠡ᠎ᠶ᠋ᠢᠨ ᠪᠠᠭᠠᠵᠢ ᠬᠡᠷᠡᠭ᠌ᠰᠡᠯ᠎ᠢ ᠱᠢᠯᠭᠠᠨ ᠲᠣᠭ᠍ᠲᠠᠭᠠᠵᠤ ᠬᠠᠷᠭᠤᠭᠤᠯᠬᠤ ᠂ ᠦᠶ᠋ᠯᠡᠳᠬᠦᠨ᠎ᠦ ᠶᠠᠰᠤ ᠴᠢᠨᠠᠷ᠎ᠢ ᠱᠢᠯᠭᠠᠨ ᠪᠠᠢᠴᠠᠭᠠᠵᠤ ᠬᠢᠨᠠᠨ ᠬᠡᠮᠵᠢᠬᠦ᠌ ᠂ ᠣᠨᠴᠠ ᠲᠥᠷᠥᠯ᠎ᠦᠨ ᠲᠥᠬᠥᠭᠡᠷᠦᠮᠵᠢ᠎ᠶ᠋ᠢ ᠱᠢᠯᠭᠠᠨ ᠪᠠᠢᠴᠠᠭᠠᠬᠤ ᠵᠡᠷᠭᠡ ᠡᠵᠡᠩᠨᠡᠯᠲᠡ᠎ᠶ᠋ᠢᠨ ᠴᠢᠨᠠᠷᠲᠠᠶ ᠰᠦᠶ᠋ᠳᠭᠡᠯ ᠬᠤᠷᠢᠶᠠᠬᠤ ᠪᠠᠷᠢᠮᠵᠢᠶ᠎ᠠ ᠵᠢ ᠣᠲᠣ᠎ᠶ᠋ᠢᠨ ᠬᠡᠷᠡᠭ᠌ᠵᠢᠭᠦᠯᠵᠦ᠍ ᠪᠠᠢᠭ᠎ᠠ ᠪᠠᠷᠢᠮᠵᠢᠶ᠎ᠠ᠎ᠶ᠋ᠢᠨ 50% ᠪᠣᠯᠲᠠᠯ᠎ᠠ ᠪᠠᠭᠤᠷᠠᠭᠤᠯᠤᠨ᠎ᠠ; ᠠᠵᠤ ᠠᠬᠤᠢᠯᠠᠯ᠎ᠳᠤ ᠠᠱᠢᠭ ᠬᠦᠷᠲᠡᠭᠡᠬᠦ᠌ ᠡᠯ᠎ᠡ ᠵᠦᠶ᠋ᠯ᠎ᠦᠨ ᠲᠥᠷᠥ᠎ᠶ᠋ᠢᠨ ᠪᠣᠳᠣᠯᠭ᠎ᠠ᠎ᠶ᠋ᠢ ᠨᠠᠢᠳᠠᠪᠤᠷᠢᠵᠢᠭᠤᠯᠬᠤ ᠥᠬᠡᠶ ᠂ ᠲᠣᠭ᠍ᠲᠠᠭᠠᠯ ᠶᠣᠰᠣᠭᠠᠷ ᠰᠦᠶ᠋ᠳᠭᠡᠯ ᠬᠤᠷᠢᠶᠠᠬᠤ ᠪᠠᠷᠢᠮᠵᠢᠶ᠎ᠠ᠎ᠶ᠋ᠢ ᠪᠠᠭᠤᠷᠠᠭᠤᠯᠬᠤ ᠥᠬᠡᠶ ᠂ ᠬᠢᠵᠢᠭ᠎ᠦᠨ ᠪᠠᠢᠳᠠᠯ᠎ᠢ ᠠᠱᠢᠭ᠍ᠯᠠᠨ ᠳᠤᠷ᠎ᠠ᠎ᠪᠠᠷ᠎ᠢᠶᠠᠨ ᠰᠦᠶ᠋ᠳᠭᠡᠯ ᠬᠤᠷᠢᠶᠠᠬᠤ ᠲᠥᠷᠥᠯ ᠵᠦᠶ᠋ᠯ ᠭᠠᠷᠭᠠᠬᠤ ᠵᠡᠷᠭᠡ ᠦᠶ᠋ᠯᠡ ᠠᠵᠢᠯᠯᠠᠭ᠎ᠠ᠎ᠶ᠋ᠢ ᠴᠢᠩᠭ᠎ᠠ ᠪᠠᠢᠴᠠᠭᠠᠨ ᠱᠢᠶ᠋ᠳᠪᠦᠷᠢᠯᠡᠨ᠎ᠡ᠃ ᠴᠠᠬᠢᠯᠭᠠᠨ ᠱᠢᠯᠵᠢᠭᠦᠯᠦᠨ ᠬᠠᠩᠭᠠᠬᠤ ᠭᠣᠭ᠍ᠴᠣᠭ᠎ᠠ᠎ᠶ᠋ᠢᠨ ᠬᠠᠤᠯᠢ᠎ᠠᠴᠠ ᠵᠥᠷᠢᠴᠡᠨ ᠦᠨ᠎ᠡ ᠨᠡᠮᠡᠬᠦ᠌ ᠦᠢᠯᠡ ᠠᠵᠢᠯᠯᠠᠭ᠎ᠠ᠎ᠶ᠋ᠢ ᠪᠠᠢᠴᠠᠭᠠᠨ ᠱᠢᠶ᠋ᠳᠪᠦᠷᠢᠯᠡᠬᠦ᠌ ᠡᠷᠴᠢᠮ ᠢ᠋ ᠴᠢᠡᠭᠭᠠᠳᠬᠠᠨ᠎ᠠ; ᠬᠤᠪᠢ᠎ᠶ᠋ᠢᠨ ᠦᠶ᠋ᠯᠡᠳᠪᠦᠷᠢ ᠬᠤᠳᠠᠯᠳᠤᠭᠠᠨ᠎ᠤ ᠡᠷᠦᠬᠡ ᠪᠡᠷ ᠪᠠᠢᠴᠠᠭᠠᠨ ᠰᠤᠷᠪᠤᠯᠵᠢᠯᠠᠵᠤ ᠂ ᠲᠡᠳᠡᠨ᠎ᠢ ᠬᠠᠪᠰᠤᠷᠤᠨ ᠪᠣᠳᠠᠲᠠᠶ ᠬᠦᠴᠢᠷᠳᠡᠯ ᠪᠠ ᠠᠰᠠᠭᠤᠳᠠᠯ᠎ᠢ ᠨᠢ ᠱᠢᠶ᠋ᠳᠪᠦᠷᠢᠯᠡᠵᠦ᠍ ᠦᠭᠭᠦᠨ᠎ᠡ ; ᠡᠯ᠎ᠡ ᠱᠠᠲᠤᠨ᠎ᠤ ᠪᠠᠭ᠎ᠠ ᠵᠢᠵᠢᠭ ᠠᠵᠤ ᠠᠬᠤᠢᠯᠠᠯ ᠂ ᠬᠤᠪᠢ ᠶ᠋ᠢᠨ ᠦᠢᠯᠡᠳᠪᠤᠷᠢ ᠬᠤᠳᠠᠯᠳᠤᠭᠠᠨ ᠤ᠋ ᠡᠷᠦᠬᠡ ᠂ ᠲᠤᠰᠬᠠᠢ ᠵᠠᠬ᠎ᠠ ᠳᠡᠯᠭᠡᠭᠦᠷ ᠤ᠋ᠨ ᠨᠠᠮ᠎ᠤᠨ ᠪᠠᠢᠭᠤᠯᠤᠯᠲᠠ᠎ᠶ᠋ᠢᠨ ᠠᠵᠢᠯ᠎ᠤᠨ ᠪᠠᠢᠭᠤᠯᠤᠮᠵᠢ ᠵᠢ ᠬᠤᠪᠢᠳᠠᠨ ᠬᠠᠮᠢᠶᠠᠷᠴᠤ ᠪᠠᠢᠭ᠎ᠠ ᠤᠳᠤᠷᠢᠳᠤᠯᠭ᠎ᠠ ᠪᠣᠯᠤᠨ ᠨᠠᠮ᠎ᠤᠨ ᠪᠠᠢᠭᠤᠯᠤᠯᠲᠠ᠎ᠶ᠋ᠢᠨ ᠵᠢᠭᠠᠨ ᠵᠢᠯᠣᠭᠣᠳᠣᠭ᠍ᠴᠢ ᠡᠴᠡ ᠬᠤᠪᠢ᠎ᠶ᠋ᠢᠨ ᠦᠶ᠋ᠯᠡᠳᠪᠦᠷᠢ ᠬᠤᠳᠠᠯᠳᠤᠭᠠᠨ᠎ᠤ ᠡᠷᠦᠬᠡ᠎ᠲᠡᠶ ᠢᠳᠡᠪᠬᠢᠲᠡᠢ ᠬᠠᠷᠢᠯᠴᠠᠨ ᠰᠠᠢᠲᠤᠷ ᠦᠶ᠋ᠯᠡᠴᠢᠯᠡᠵᠦ᠍ ᠂ ᠲᠡᠳᠡᠨ᠎ᠳᠦ ᠬᠠᠤᠯᠢ ᠴᠠᠭᠠᠵᠠ ᠲᠥᠷᠥ᠎ᠶ᠋ᠢᠨ ᠪᠣᠳᠣᠯᠭ᠎ᠠ ᠂ ᠵᠠᠬ᠎ᠠ ᠳᠡᠯᠭᠡᠭᠦᠷ᠎ᠦᠨ ᠬᠠᠩᠭᠠᠯᠭ᠎ᠠ ᠬᠡᠷᠡᠭ᠌ᠴᠡᠭᠡ ᠂ ᠠᠵᠢᠯᠴᠢᠨ ᠤᠷᠢᠵᠤ ᠬᠡᠷᠡᠭ᠌ᠯᠡᠬᠦ᠌ ᠂ ᠠᠵᠢᠯ ᠦᠢᠯᠡᠰ ᠪᠤᠰᠬᠠᠬᠤ ᠪᠤᠯᠪᠠᠰᠤᠷᠠᠯ ᠵᠡᠷᠭᠡ ᠮᠡᠳᠡᠭᠡ ᠵᠠᠩᠭᠢ᠎ᠶ᠋ᠢᠨ ᠦᠶ᠋ᠯᠡᠴᠢᠯᠡᠭᠡ ᠬᠠᠩᠭᠠᠵᠤ ᠂ ᠨᠢᠭᠡᠳ ᠨᠢᠭᠡ᠎ᠪᠡᠷ ᠠᠰᠠᠭᠤᠳᠠᠯ᠎ᠢ ᠱᠢᠶ᠋ᠳᠪᠦᠷᠢᠯᠡᠵᠦ ᠦᠭᠬᠦ ᠬᠡᠷᠡᠭ᠌ᠲᠡᠶ ᠵᠡᠷᠭᠡ ᠠᠭᠤᠯᠭ᠎ᠠ ᠵᠢ ᠬᠠᠮᠤᠷᠤᠭᠰᠠᠨ ᠪᠠᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面