2022-11-27 17:43:17
ᠣᠢᠷ᠎ᠠ ᠶ᠋ᠢᠨ ᠬᠤᠭᠤᠴᠠᠭᠠᠨ ᠤ ᠴᠢᠷᠮᠠᠢᠯᠭ᠎ᠠ ᠪᠠᠷ ᠬᠥᠬᠡᠬᠣᠲᠠ ᠶ᠋ᠢᠨ ᠬᠢᠵᠢᠭ ᠦᠨ ᠪᠠᠢᠳᠠᠯᠤᠨ ᠬᠠᠨᠳᠤᠰᠢ ᠰᠠᠢᠵᠢᠷᠠᠵᠤ᠂ ᠰᠡᠷᠭᠡᠢᠯᠡᠨ ᠡᠵᠡᠮᠳᠡᠬᠦ᠌ ᠠᠵᠢᠯ ᠢᠳᠡᠪᠬᠢᠲᠡᠶ ᠬᠤᠪᠢᠷᠠᠯᠲᠠ ᠭᠠᠷᠴᠦ ᠦᠷ᠎ᠡ ᠪᠦᠲᠦᠮᠵᠢ ᠤᠯᠪᠠ᠃ 11 ᠰᠠᠷᠠᠶ᠋ᠢᠨ 23ᠤ ᠡᠳᠦᠷ᠂ ᠰᠤᠷᠪᠤᠯᠵᠢᠯᠠᠭ᠍ᠴᠢ ᠪᠥᠭᠡᠮ ᠬᠦᠴᠢᠯ ᠦᠨ ᠪᠠᠢᠴᠠᠭᠠᠯᠲᠠ ᠂ ᠰᠢᠯᠵᠢᠬᠦᠯᠦᠨ ᠲᠤᠰᠠᠭᠠᠷᠯᠠᠬᠤ᠂ ᠲᠦᠭ᠌ᠰᠢᠭᠦᠷᠢᠳᠡᠢ ᠣᠷᠣᠨ ᠢ ᠬᠠᠮᠢᠶᠠᠷᠤᠨ ᠡᠵᠡᠮᠳᠡᠬᠦ᠌ ᠪᠠ ᠱᠢᠨ᠎ᠡ ᠲᠢᠲᠢᠮᠯᠢᠭ ᠠᠭᠤᠰᠭᠢᠨ ᠦᠷᠪᠢᠰᠦᠯ ᠳᠦ ᠬᠠᠯᠳᠠᠪᠤᠷᠢᠯᠠᠭ᠍ᠳᠠᠭ᠍ᠰᠠᠳ ᠡᠳᠡᠭᠡᠷᠡᠵᠦ᠍ ᠡᠮᠨᠡᠯᠭᠡ(ᠴᠢᠩᠭᠡᠯᠢᠭ ᠡᠮᠨᠡᠯᠭᠡ ᠵᠢᠨ ᠬᠤᠷᠢᠶ᠎ᠠ) ᠡᠴᠡ ᠭᠠᠷᠤᠭ᠍ᠰᠠᠨᠤ ᠳᠠᠷᠠᠭ᠎ᠠ ᠬᠡᠷᠲᠡᠬᠡᠨ ᠰᠠᠭᠤᠵᠤ ᠡᠷᠡᠭᠦᠯ ᠮᠡᠨᠳᠦ᠍ ᠶ᠋ᠢᠨ ᠬᠢᠨᠠᠨ ᠬᠡᠮᠵᠢᠯᠳᠡ ᠬᠢᠬᠦᠳᠦ ᠠᠩᠬᠠᠷᠬᠤ ᠵᠦᠶ᠋ᠯ ᠵᠡᠷᠭᠡ ᠠᠰᠠᠭᠤᠳᠠᠯ ᠤᠨ ᠲᠤᠭᠤᠷᠢᠨ ᠳ᠋ᠤ ᠥᠪᠡᠷᠲᠡᠭᠡᠨ ᠵᠠᠰᠠᠬᠤ ᠣᠷᠣᠨᠤ ᠶᠡᠷᠦᠩᠬᠡᠢᠯᠡᠭ᠌ᠰᠡᠨ ᠡᠪᠡᠳᠴᠢᠨ ᠡᠮᠭᠡᠭ ᠢ ᠰᠡᠷᠭᠡᠢᠯᠡᠨ ᠡᠵᠡᠮᠳᠡᠬᠦ᠌ ᠲᠥᠪᠦᠨ ᠬᠠᠯᠳᠠᠪᠤᠷᠢᠲᠤ ᠡᠪᠡᠳᠴᠢᠨ ᠢ ᠰᠡᠷᠭᠡᠢᠯᠡᠨ ᠡᠵᠡᠮᠳᠡᠬᠦ ᠭᠠᠵᠠᠷ ᠤᠨ ᠳᠡᠳ᠋ ᠳᠠᠷᠤᠭ᠎ᠠ᠂ ᠳᠡᠳ᠋ ᠡᠷᠬᠢᠯᠡᠭ᠌ᠴᠢ ᠡᠮᠴᠢ ᠵᠢᠶᠠᠩ ᠱᠢᠶᠤᠤ ᠹᠸᠩ᠂ ᠬᠥᠬᠡᠬᠣᠲᠠᠶ᠋ᠢᠨ ᠡᠪᠡᠳᠴᠢᠨ ᠡᠮᠭᠡᠭ ᠢ ᠰᠡᠷᠭᠡᠢᠯᠡᠨ ᠡᠵᠡᠮᠳᠡᠬᠦ᠌ ᠲᠥᠪ ᠦᠨ ᠲᠤᠰᠭᠠᠶ ᠮᠡᠷᠭᠡᠵᠢᠯᠲᠡᠨ ᠦ ᠳᠤᠭᠤᠢᠯᠠᠩ ᠤᠨ ᠪᠦᠷᠢᠯᠳᠦᠬᠦᠨ ᠯᠦ᠍ ᠽᠸ ᠢᠦᠶ ᠶ᠋ᠢ ᠰᠤᠷᠪᠤᠯᠵᠢᠯᠠᠪᠠ᠃
ᠵᠢᠶᠠᠩ ᠱᠢᠶᠤᠤ ᠹᠸᠩ᠂ ᠠᠷᠭ᠎ᠠ ᠴᠢᠨᠠᠷᠲᠠᠢ ᠬᠥᠮᠦᠰ ᠢ ᠳᠠᠷᠤᠶ ᠲᠦᠷᠭᠡᠨ ᠲᠣᠭ᠍ᠲᠠᠭ᠍ᠰᠠᠨ ᠡᠮᠴᠢᠯᠡᠭᠡᠨ ᠦ ᠪᠠᠢᠭᠤᠯᠤᠮᠵᠢ (ᠴᠢᠩᠭᠡᠯᠢᠭ ᠡᠮᠨᠡᠯᠭᠡ ᠵᠢᠨ ᠬᠤᠷᠢᠶ᠎ᠠ)ᠳ᠋ᠤ ᠱᠢᠯᠵᠢᠭᠦᠯᠦᠨ ᠲᠤᠰᠠᠭᠠᠷᠯᠠᠨ ᠡᠮᠴᠢᠯᠡᠵᠦ᠍᠂ ᠨᠢᠭ᠍ᠲᠠ ᠣᠢᠷᠠᠲᠤᠭ᠍ᠰᠠᠳ ᠢ ᠴᠠᠭ ᠲᠤᠬᠠᠶ ᠳᠤᠨᠢ ᠲᠤᠰᠠᠭᠠᠷᠯᠠᠬᠤ ᠭᠠᠵᠠᠷ᠎ᠲᠤ ᠱᠢᠯᠵᠢᠭᠦᠯᠦᠨ ᠲᠥᠪᠯᠡᠷᠡᠭᠦᠯᠦᠨ ᠠᠨᠠᠭᠠᠬᠤ ᠤᠬᠠᠭᠠᠨ ᠤ ᠠᠵᠢᠭ᠍ᠯᠠᠯᠲᠠ ᠬᠢᠯᠭᠡᠬᠦ᠌ ᠨᠢ ᠡᠷᠬᠢᠨ ᠲᠣᠭᠣᠷᠢᠨᠤ ᠪᠠᠨ ᠬᠥᠮᠦᠰᠢ ᠬᠠᠮᠠᠭᠠᠯᠠᠵᠤ ᠪᠠᠢᠭ᠎ᠠ ᠶᠠᠪᠤᠳᠠᠯ ᠮᠥᠨ᠂ ᠪᠠᠰᠠ ᠴᠤ᠌ ᠨᠡᠢᠭᠡᠮ ᠲᠣᠭᠣᠷᠢᠭᠲᠤ ᠤᠯᠠᠮ ᠲᠡᠷᠬᠠᠨ ᠲᠡᠯᠭᠡᠷᠡᠵᠤ ᠬᠠᠯᠳᠠᠪᠤᠷᠢᠯᠠᠬᠤ ᠵᠢ ᠬᠣᠷᠢᠭ᠍ᠯᠠᠬᠤ ᠵᠠᠩᠭᠢᠯᠠᠭ᠎ᠠ ᠪᠤᠯᠤᠨ᠎ᠠ᠃ ᠦᠨᠳᠦᠷ ᠲᠦᠭ᠌ᠰᠢᠭᠦᠷᠢᠳᠡᠢ ᠰᠠᠭᠤᠭᠠᠯᠢ ᠠᠷᠠᠳ ᠤᠨ ᠲᠤᠭᠤᠷᠢᠭ ᠡᠴᠡ 《ᠭᠠᠷᠬᠤ》 ᠵᠢ ᠭᠣᠣᠯᠳᠠᠯᠭ᠎ᠠ ᠲᠠᠶ ᠬᠠᠮᠢᠶᠠᠷᠴᠤ᠌᠂ ᠪᠢᠲᠡᠭᠦᠮᠵᠢᠯᠡᠭᠰᠡᠨ ᠬᠠᠮᠢᠶᠠᠷᠤᠯᠲᠠ ᠡᠴᠡ ᠲᠡᠷᠰᠯᠡᠬᠦ ᠪᠠ ᠬᠢᠵᠢᠭ ᠦᠨ ᠪᠠᠢᠳᠠᠯ ᠭᠠᠳᠠᠭ᠍ᠰᠢ ᠲᠠᠷᠬᠠᠨ ᠳᠡᠯᠭᠡᠷᠡᠬᠦ ᠶ᠋ᠢ ᠴᠢᠩᠭ᠎ᠠ ᠰᠡᠷᠭᠡᠢᠯᠡᠬᠦ ᠪᠦᠭᠡᠳ ᠳᠤᠤᠷ᠎ᠠ ᠲᠦᠭ᠌ᠰᠢᠭᠦᠷᠢᠳᠡᠢ ᠰᠠᠭᠤᠭᠠᠯᠢ ᠠᠷᠠᠳ ᠤᠨ ᠲᠤᠭᠤᠷᠢᠭᠳ᠋ᠤ 《ᠣᠷᠣᠬᠤ》 ᠵᠢ ᠭᠣᠣᠯᠳᠠᠯᠭ᠎ᠠ ᠲᠠᠶ ᠬᠠᠮᠢᠶᠠᠷᠴᠤ᠌᠂ ᠺᠣᠳ᠋ ᠱᠢᠷᠪᠢᠬᠦ᠌᠂ ᠺᠣᠳ᠋ ᠱᠢᠯᠭᠠᠬᠤ᠂ ᠪᠡᠶ᠎ᠡ ᠶ᠋ᠢᠨ ᠬᠠᠯᠠᠭᠤᠨᠢ ᠬᠡᠮᠵᠢᠬᠦ᠌ ᠵᠡᠷᠭᠡ ᠠᠷᠭ᠎ᠠ ᠬᠡᠮᠵᠢᠶ᠎ᠡ ᠶ᠋ᠢ ᠴᠢᠩᠭ᠎ᠠ ᠨᠠᠢᠳᠠᠪᠤᠷᠢᠵᠢᠭᠤᠯᠬᠤ ᠬᠡᠷᠡᠭ᠌ᠲᠡᠢ ᠭᠡᠵᠦ ᠢᠯᠡᠷᠭᠡᠢᠯᠡᠪᠡ᠃《ᠪᠥᠭᠡᠮ ᠬᠦᠴᠢᠯ ᠦᠨ ᠪᠠᠢᠴᠠᠭᠠᠯᠲᠠᠨᠢ ᠮᠥᠨ ᠯᠡ ᠣᠳᠣᠬᠠᠨ ᠤ ᠬᠠᠯᠳᠠᠪᠤᠷᠢᠯᠠᠭ᠍ᠰᠠᠳ ᠢ ᠰᠠᠨᠠᠭᠠᠴᠢᠯᠠᠭ᠎ᠠ ᠲᠠᠢ ᠪᠡᠷ ᠢᠯᠡᠷᠡᠭᠦᠯᠬᠦ᠌ ᠬᠠᠮᠤᠭᠤᠨ ᠭᠤᠤᠯ ᠠᠷᠭ᠎ᠠ ᠪᠣᠯᠤᠨ᠎ᠠ᠂ ᠬᠡᠷ ᠦᠨ ᠬᠥᠮᠦᠰ ᠦᠨ ᠵᠢᠡᠨ ᠠᠮᠤᠷ ᠲᠦᠪᠱᠢᠨ ᠦ ᠲᠥᠯᠥᠭᠡ᠂ ᠰᠠᠨᠠᠭᠠᠴᠢᠯᠠᠭ᠎ᠠ ᠡᠴᠡᠪᠠᠨ ᠱᠠᠭᠠᠷᠳᠠᠯᠭ᠎ᠠ ᠶᠣᠰᠣᠭᠠᠷ ᠪᠥᠭᠡᠮ ᠬᠦᠴᠢᠯ ᠦᠨ ᠪᠠᠢᠴᠠᠭᠠᠯᠲᠠ ᠳᠤ ᠤᠰᠤᠯᠳᠠᠯ ᠦᠭᠡᠢ ᠣᠷᠣᠯᠴᠠᠭᠠᠷᠠᠶ》 ᠭᠡᠵᠦ᠍ ᠵᠢᠶᠠᠩ ᠱᠢᠶᠤᠤ ᠹᠧᠩ ᠰᠠᠨᠠᠭᠤᠯᠪᠠ᠃
ᠯᠦ᠍ ᠽᠸ ᠢᠦᠶ ᠵᠢᠨ ᠲᠠᠨᠢᠯᠴᠠᠭᠤᠯᠤᠭᠰᠠᠨ ᠵᠢᠡᠷ᠂ ᠱᠢᠨ᠎ᠡ ᠲᠢᠲᠢᠮᠯᠢᠭ ᠠᠭᠤᠰᠭᠢᠨ ᠦᠷᠪᠢᠰᠦᠯ ᠳᠦ ᠬᠠᠯᠳᠠᠪᠤᠷᠢᠯᠠᠭ᠍ᠳᠠᠭ᠍ᠰᠠᠳ ᠡᠳᠡᠭᠡᠷᠡᠵᠦ᠍ ᠡᠮᠨᠡᠯᠭᠡ (ᠴᠢᠩᠭᠡᠯᠢᠭ ᠡᠮᠨᠡᠯᠭᠡ ᠵᠢᠨ ᠬᠤᠷᠢᠶ᠎ᠠ) ᠡᠴᠡ ᠭᠠᠷᠤᠭ᠍ᠰᠠᠨ ᠤ ᠳᠠᠷᠠᠭ᠎ᠠ᠂ ᠬᠠᠷᠢᠴᠠᠩᠭᠤᠶ ᠪᠠᠷ ᠪᠡᠶ᠎ᠡ ᠪᠡᠨ ᠳᠠᠭᠠᠭᠠᠵᠤ᠂ ᠰᠠᠯᠬᠢ ᠰᠠᠢᠨ ᠨᠡᠪᠲᠡᠷᠡᠬᠦ᠌ ᠦᠷᠦᠭᠡ ᠵᠢ ᠰᠣᠩᠭᠣᠨ ᠲᠤᠰᠠᠭᠠᠷ ᠰᠠᠭᠤᠵᠤ᠂ ᠠᠯᠢ ᠴᠢᠳᠠᠬᠤ ᠪᠠᠷ ᠬᠡᠷ ᠪᠦᠯᠢ ᠶ᠋ᠢᠨ ᠪᠤᠰᠤᠳ ᠪᠦᠷᠢᠯᠳᠦᠬᠦᠨ ᠲᠡᠶ ᠠᠮᠢᠳᠤᠷᠠᠯ ᠤᠨ ᠬᠡᠷᠡᠭ᠌ᠰᠡᠯ ᠵᠢᠡᠨ ᠬᠠᠮᠲᠤ ᠬᠡᠷᠡᠭ᠌ᠯᠡᠬᠦ᠌ ᠥᠬᠡᠶ ᠪᠠᠢᠬᠤ ᠬᠡᠷᠡᠭ᠌ᠲᠡᠶ᠃ ᠰᠡᠷᠭᠡᠢᠯᠡᠨ ᠡᠵᠡᠮᠳᠡᠬᠦ᠌ ᠱᠠᠭᠠᠷᠳᠠᠯᠭ᠎ᠠ ᠶ᠋ᠢ ᠦᠨᠳᠦᠰᠦᠯᠡᠨ ᠪᠥᠭᠡᠮ ᠬᠦᠴᠢᠯ ᠦᠨ ᠪᠠᠢᠴᠠᠭᠠᠯᠲᠠ ᠶ᠋ᠢ ᠬᠠᠮᠵᠢᠯᠴᠠᠨ ᠪᠡᠶᠡᠯᠡᠭᠦᠯᠬᠦ᠌ ᠬᠡᠷᠡᠭ᠌ᠲᠡᠶ᠂ ᠬᠡᠷᠪᠡ ᠬᠠᠯᠠᠭᠤᠷᠠᠬᠤ᠂ ᠬᠠᠭᠤᠷᠠᠶᠪᠠᠷ ᠬᠠᠨᠢᠶᠠᠯᠭᠠᠬᠤ᠂ ᠲᠠᠮᠢᠷᠳᠠᠬᠤ᠂ ᠬᠣᠭᠣᠯᠠᠶ ᠡᠪᠡᠳᠬᠦ᠌ ᠵᠡᠷᠭᠡ ᠡᠪᠡᠳᠴᠢᠨ ᠦ ᠢᠯᠡᠷᠡᠯ ᠭᠠᠷᠪᠠᠯ ᠲᠡᠷᠡ ᠳᠠᠷᠤᠶ ᠳᠤᠨᠢ ᠨᠡᠢᠭᠡᠮ ᠲᠣᠭᠣᠷᠢᠭ ᠲᠠᠭᠠᠨ ᠮᠡᠳᠡᠭᠦᠯᠬᠦ᠌ ᠬᠡᠷᠡᠭ᠌ᠲᠡᠶ᠃ ᠡᠭᠦᠨ ᠡᠴᠡ ᠭᠠᠳᠠᠨ᠎ᠠ᠂ ᠬᠡᠷ ᠲᠡᠭᠡᠨ ᠰᠠᠭᠤᠵᠤ ᠡᠷᠡᠭᠦᠯ ᠮᠡᠨᠳᠦ᠍ ᠶ᠋ᠢᠨ ᠬᠢᠨᠠᠨ ᠬᠡᠮᠵᠢᠯᠳᠡ ᠬᠢᠬᠦ ᠬᠤᠭᠤᠴᠠᠭᠠᠨ ᠳᠠᠭᠠᠨ᠂ ᠴᠢᠬᠤᠯᠠ ᠦᠭᠡᠢ ᠪᠤᠯ ᠭᠠᠳᠠᠭ᠍ᠰᠢ ᠭᠠᠷᠬᠤ ᠥᠬᠡᠶ ᠪᠠᠢᠬᠤ ᠶ᠋ᠢ ᠴᠢᠩᠭ᠎ᠠ ᠨᠠᠢᠳᠠᠪᠤᠷᠢᠵᠢᠭᠤᠯᠬᠤ ᠬᠡᠷᠡᠭ᠌ᠲᠡᠶ᠃ ᠬᠡᠷᠪᠡ ᠡᠪᠡᠳᠴᠢᠨ ᠦᠵᠡᠭᠦᠯᠬᠦ᠌ ᠵᠡᠷᠭᠡ ᠣᠨᠴᠠᠭᠠᠶ ᠪᠠᠢᠳᠠᠯ ᠲᠤᠤᠷ᠎ᠠ ᠡᠷᠬᠡᠪᠰᠢ ᠭᠠᠳᠠᠭ᠍ᠰᠢ ᠭᠠᠷᠪᠠᠯ ᠬᠤᠪᠢ ᠬᠥᠮᠦᠨ ᠦ ᠰᠡᠷᠭᠡᠢᠯᠡᠯᠲᠡ ᠬᠠᠮᠠᠭᠠᠯᠠᠯᠲᠠ ᠪᠠᠨ ᠰᠠᠢᠲᠤᠷ ᠬᠢᠵᠦ᠍᠂ N95/KN95 ᠠᠮᠠᠪᠴᠢ ᠵᠢ ᠳᠦᠷᠢᠮᠵᠢᠭᠦᠨ ᠵᠡᠭᠦᠵᠦ᠍᠂ ᠣᠯᠠᠨ ᠨᠡᠢᠲᠡ ᠶ᠋ᠢᠨ ᠵᠠᠮ ᠬᠠᠷᠢᠯᠴᠠᠭᠠᠨ ᠤ ᠪᠠᠭᠠᠵᠢ ᠳᠤ ᠰᠠᠭᠤᠬᠤ ᠠᠴᠠ ᠵᠠᠢᠯᠠᠰᠭᠢᠬᠦ᠌ ᠬᠡᠷᠡᠭ᠌ᠲᠡᠶ ᠬᠡᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃