ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠮᠡᠳᠡᠭᠡᠯᠡᠯ

2022-11-28 17:16:59

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

11 ᠰᠠᠷ᠎ᠠ᠎ᠶ᠋ᠢᠨ 23 ᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠠᠢᠩᠭᠤ᠎ᠶ᠋ᠢᠨ ᠭᠡᠱᠢᠭᠦᠨ᠂ ᠬᠦᠬᠡᠬᠤᠳᠠ᠎ᠶ᠋ᠢᠨ ᠨᠠᠮ᠎ᠤᠨ ᠬᠣᠷᠢᠶᠠᠨ᠎ᠤ ᠱᠦᠵᠢ ᠪᠦᠦ ᠭᠠᠩ ᠨᠡᠢᠭᠡᠮ᠎ᠤᠨ ᠲᠠᠯ᠎ᠠ ᠎ᠳᠤ ᠡᠪᠡᠳᠴᠢᠨ᠎ᠦ ᠵᠢᠱ᠌ᠢᠶ᠎ᠡ ᠦᠭᠡᠢ ᠪᠤᠯᠭᠠᠬᠤ ᠳᠠᠢᠴᠢᠯᠠᠯᠲᠠ᠎ᠶ᠋ᠢᠨ ᠬᠤᠷᠠᠯ᠎ᠢ ᠡᠷᠭᠢᠯᠡᠨ ᠬᠤᠷᠠᠯᠳᠤᠭᠤᠯᠵᠤ᠂ ᠪᠥᠬᠥ᠌ ᠬᠣᠲᠠ᠎ᠶ᠋ᠢᠨ ᠡᠯ᠎ᠡ ᠱᠠᠲᠤ ᠡᠯ᠎ᠡ ᠰᠠᠯᠠᠭ᠎ᠠ ᠮᠥᠴᠢᠷ᠎ᠦᠨ ᠬᠢᠨ᠎ᠢ ᠡᠪᠡᠳᠴᠢᠨ᠎ᠦ ᠵᠢᠱ᠌ᠢᠶ᠎ᠡ ᠦᠭᠡᠢ ᠪᠤᠯᠭᠠᠬᠤ ᠬᠠᠷᠠᠯᠲᠠ᠎ᠪᠠᠨ ᠲᠣᠭ᠍ᠲᠠᠭᠠᠵᠤ᠂ ᠢᠲᠡᠭᠡᠯ ᠵᠣᠷᠢᠭ᠎ᠢᠶᠠᠨ ᠪᠠᠲᠤᠳᠭᠠᠵᠤ᠂ ᠬᠦᠴᠢᠷ᠎ᠢ ᠳᠤᠭᠤᠯᠤᠨ ᠪᠡᠷᠬᠡ᠎ᠶ᠋ᠢ ᠳᠠᠪᠠᠵᠤ᠂ ᠨᠢᠭᠡ ᠯᠡ ᠵᠣᠷᠢᠭ᠎ᠢᠶᠠᠷ ᠨᠡᠢᠭᠡᠮ᠎ᠦᠨ ᠲᠠᠯ᠎ᠠ᠎ᠳᠤ ᠡᠪᠡᠳᠴᠢᠨ᠎ᠦ ᠵᠢᠱ᠌ᠢᠶ᠎ᠡ ᠦᠭᠡᠢ ᠪᠤᠯᠭᠠᠬᠤ ᠪᠣᠭᠣᠮᠲᠠ ᠱᠢᠪᠲᠤᠯᠬᠤ ᠳᠠᠢᠯᠠᠯᠳᠤᠭᠠᠨ᠎ᠤ ᠢᠯᠠᠯᠲᠠ᠎ᠶ᠋ᠢ ᠤᠯᠬᠤ ᠬᠡᠷᠡᠭ᠌ᠲᠡᠶ ᠭᠡᠵᠦ᠍ ᠱᠠᠭᠠᠷᠳᠠᠪᠠ᠃

ᠬᠤᠷᠠᠯ᠎ᠠᠴᠠ᠂ ᠱᠢᠨ᠎ᠡ ᠲᠢᠲᠢᠮᠯᠢᠭ ᠠᠭᠤᠰᠭᠢᠨ ᠦᠷᠪᠢᠰᠦᠯ ᠎ᠦᠨ ᠬᠢᠵᠢᠭ ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠥᠪᠥᠷ ᠮᠣᠩᠭᠣᠯ᠎ᠤᠨ ᠠᠵᠢᠯ᠎ᠤᠨ ᠳᠤᠭᠤᠢᠯᠠᠩ᠎ᠤᠨ ᠨᠠᠷᠢᠨ ᠬᠢᠨᠠᠮᠠᠭᠠᠶ ᠵᠢᠯᠣᠭᠣᠳᠣᠯᠭ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠱᠢᠭᠤᠳ ᠵᠢᠯᠣᠭᠣᠳᠣᠯᠭ᠎ᠠ ᠳᠤᠤᠷ᠎ᠠ᠂ ᠬᠦᠬᠡᠬᠤᠳᠠ᠎ᠶ᠋ᠢᠨ ᠠᠷᠠᠳ ᠲᠦᠮᠡᠨ ᠪᠣᠯᠤᠨ ᠥᠷᠭᠡᠨ ᠣᠯᠠᠨ ᠺᠠᠳ᠋ᠷ ᠠᠵᠢᠯᠲᠠᠨ᠎ᠤ ᠬᠠᠮᠲᠤ᠎ᠶ᠋ᠢᠨ ᠴᠢᠷᠮᠠᠢᠯᠭ᠎ᠠ᠎ᠪᠠᠷ ᠳᠡᠮᠵᠢᠨ᠂ ᠬᠦᠬᠡᠬᠤᠳᠠ᠎ᠶ᠋ᠢᠨ ᠬᠢᠵᠢᠭ᠎ᠦᠨ ᠪᠠᠢᠳᠠᠯ ᠪᠠᠭᠤᠷᠠᠬᠤ ᠬᠠᠨᠳᠤᠰᠢ᠎ᠲᠠᠶ ᠪᠣᠯᠵᠣ᠂ ᠶᠡᠷᠦᠩᠬᠡᠶ ᠲᠠᠭᠠᠷᠢᠯᠲᠠ ᠬᠢᠬᠦ᠌᠂ ᠱᠢᠶ᠋ᠳᠪᠦᠷᠢᠲᠦ ᠳᠠᠢᠯᠠᠯᠳᠤᠭᠠᠨ ᠬᠢᠵᠦ᠍ ᠱᠢᠶ᠋ᠳᠪᠦᠷᠢᠲᠦ ᠢᠯᠠᠯᠲᠠ ᠤᠯᠬᠤ ᠵᠠᠩᠭᠢᠯᠠᠭ᠎ᠠ᠎ᠶ᠋ᠢᠨ ᠴᠠᠭ ᠦᠶ᠎ᠡ᠎ᠳᠦ ᠣᠷᠣᠵᠤ᠂ ᠪᠣᠭᠣᠮᠲᠠ ᠱᠢᠪᠲᠤᠯᠬᠤ ᠬᠠᠨᠳᠤᠰᠢ ᠪᠣᠯᠤᠨ ᠡᠷᠴᠢ ᠵᠣᠷᠢᠭ᠎ᠢᠶᠠᠷ᠂ ᠰᠠᠷ᠎ᠠ᠎ᠶ᠋ᠢᠨ ᠰᠡᠭᠦᠯᠴᠢ᠎ᠪᠡᠷ ᠨᠡᠢᠭᠡᠮ᠎ᠦᠨ ᠲᠠᠯ᠎ᠠ ᠎ᠳᠤ ᠡᠪᠡᠳᠴᠢᠨ᠎ᠦ ᠵᠢᠱ᠌ᠢᠶ᠎ᠡ ᠦᠭᠡᠢ ᠪᠤᠯᠭᠠᠬᠤ ᠬᠠᠷᠠᠯᠲᠠ᠎ᠶ᠋ᠢ ᠪᠡᠶᠡᠯᠡᠭᠦᠯᠬᠦ᠌᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠶ᠃ ᠭᠣᠣᠯᠳᠠᠯᠭ᠎ᠠ ᠎ᠶ᠋ᠢ ᠳᠤᠪᠤᠢ᠌ᠯᠭᠠᠵᠤ᠂ ᠠᠵᠢᠯ᠎ᠤᠨ ᠨᠠᠢᠳᠠᠪᠤᠷᠢᠵᠢᠭᠤᠯᠤᠯᠲᠠ᠎ᠶ᠋ᠢ ᠴᠢᠩᠭ᠎ᠠ ᠠᠳᠭᠤᠵᠤ᠂ ᠦᠨᠳᠦᠷ ᠲᠦᠭ᠌ᠰᠢᠭᠦᠷᠢᠲᠡᠢ ᠣᠷᠣᠨ᠂ ᠲᠤᠤᠷ᠎ᠠ ᠲᠦᠭ᠌ᠰᠢᠭᠦᠷᠢᠲᠠᠢ ᠣᠷᠣᠨ ᠪᠣᠯᠤᠨ ᠭᠣᠣᠯᠳᠠᠯᠭ᠎ᠠ᠎ᠲᠠᠶ ᠬᠥᠮᠦᠰ᠎ᠢ ᠨᠡᠢᠭᠡᠮ᠎ᠦᠨ ᠲᠠᠯ᠎ᠠ᠎ᠳᠤ ᠡᠪᠡᠳᠴᠢᠨ᠎ᠦ ᠵᠢᠱ᠌ᠢᠶ᠎ᠡ ᠦᠭᠡᠢ ᠪᠤᠯᠭᠠᠬᠤ ᠠᠵᠢᠯ᠎ᠤᠨ ᠭᠣᠣᠯᠳᠠᠯᠭ᠎ᠠ᠎ᠶ᠋ᠢᠨ ᠳᠣᠲᠣᠷᠠᠬᠢ ᠭᠣᠣᠯᠳᠠᠯᠭ᠎ᠠ ᠪᠣᠯᠭᠠᠬᠤ ᠬᠡᠷᠡᠭ᠌ᠲᠡᠢ᠃ ᠡᠯ᠎ᠡ ᠭᠠᠵᠠᠷ ᠣᠷᠣᠨ᠎ᠤ᠎ᠬᠢᠨ ᠲᠤᠰᠠᠭᠠᠷᠯᠠᠨ ᠱᠢᠯᠵᠢᠭᠦᠯᠦᠨ ᠲᠡᠭᠡᠭᠡᠪᠦᠷᠢᠯᠡᠬᠦ᠌ ᠴᠠᠭ᠎ᠤᠨ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠵᠦ᠍᠂ ᠣᠨᠣᠪᠴᠢᠲᠠᠶ ᠮᠠᠭᠠᠳᠯᠠᠨ ᠲᠣᠭ᠍ᠲᠠᠭᠠᠵᠤ᠂ ᠲᠦᠷᠭᠡᠨ ᠱᠢᠯᠵᠢᠭᠦᠯᠦᠨ ᠲᠤᠰᠠᠭᠠᠷᠯᠠᠬᠤ ᠬᠡᠷᠡᠭ᠌ᠲᠡᠶ᠃ ᠦᠨᠳᠦᠷ ᠲᠦᠭ᠌ᠰᠢᠭᠦᠷᠢᠲᠡᠢ ᠣᠷᠣᠨ᠂ ᠲᠤᠤᠷ᠎ᠠ ᠲᠦᠭ᠌ᠰᠢᠭᠦᠷᠢᠲᠠᠢ ᠣᠷᠣᠨ ᠎ᠤ ᠰᠡᠷᠭᠡᠢᠯᠡᠨ ᠡᠵᠡᠮᠳᠡᠬᠦ᠌ ᠱᠠᠭᠠᠷᠳᠠᠯᠭ᠎ᠠ᠎ᠶ᠋ᠢ ᠴᠢᠩᠭ᠎ᠠ ᠨᠠᠢᠳᠠᠪᠤᠷᠢᠵᠢᠭᠤᠯᠵᠤ ᠂ ᠬᠠᠯᠳᠠᠪᠤᠷᠢᠯᠠᠬᠤ ᠲᠦᠭ᠌ᠰᠢᠭᠦᠷᠢ᠎ᠶ᠋ᠢ ᠦᠨᠡᠨ ᠬᠦ᠌ ᠬᠣᠷᠢᠭ᠍ᠯᠠᠨ ᠲᠠᠰᠤᠯᠬᠤ ᠬᠡᠷᠡᠭ᠌ᠲᠡᠶ᠃ ᠴᠢᠩᠭᠡᠯᠢᠭ᠎ᠡᠴᠡ ᠭᠠᠷᠤᠬ᠍ᠰᠠᠨ᠂ ᠲᠤᠰᠠᠭᠠᠷᠯᠠᠯᠳᠠ ᠎ᠠᠴᠠ ᠭᠠᠷᠤᠬ᠍ᠰᠠᠨ᠂ ᠭᠠᠳᠠᠭ᠍ᠰᠢ ᠭᠠᠷᠴᠤ᠌ ᠪᠤᠴᠠᠵᠤ ᠢᠷᠡᠭ᠌ᠰᠡᠨ ᠬᠥᠮᠦᠰ᠎ᠲᠦ ᠬᠤᠢᠳᠤᠬᠢ ᠬᠠᠮᠢᠶᠠᠷᠤᠯᠲᠠ᠎ᠶ᠋ᠢ ᠴᠢᠩᠭᠠᠳᠭᠠᠵᠤ᠂ ᠬᠡᠷ᠎ᠲᠡᠬᠡᠨ ᠡᠷᠡᠭᠦᠯ ᠮᠡᠨᠳᠦ᠍᠎ᠶ᠋ᠢᠨ ᠬᠢᠨᠠᠨ ᠬᠡᠮᠵᠢᠯᠲᠡ ᠬᠢᠬᠦ᠌ ᠂ ᠬᠡᠷ᠎ᠲᠡᠬᠡᠨ ᠲᠤᠰᠠᠭᠠᠷᠯᠠᠬᠤ ᠵᠡᠷᠭᠡ ᠰᠡᠷᠭᠡᠢᠯᠡᠨ ᠡᠵᠡᠮᠳᠡᠬᠦ᠌ ᠠᠷᠭ᠎ᠠ ᠬᠡᠮᠵᠢᠶ᠎ᠡ᠎ᠶ᠋ᠢ ᠰᠠᠢᠲᠤᠷ ᠨᠠᠢᠳᠠᠪᠤᠷᠢᠵᠢᠭᠤᠯᠬᠤ ᠬᠡᠷᠡᠭ᠌ᠲᠡᠶ᠃ ᠪᠢᠲᠡᠭᠦᠮᠵᠢᠯᠡᠭ᠌ᠰᠡᠨ ᠬᠠᠮᠢᠶᠠᠷᠤᠯᠲᠠ᠎ᠶ᠋ᠢᠨ ᠭᠣᠣᠯᠳᠠᠯᠭ᠎ᠠ᠎ᠲᠠᠶ ᠬᠥᠮᠦᠰ ᠎ᠢ ᠦᠨᠡᠨ ᠬᠦ᠌ ᠪᠢᠲᠡᠭᠦᠮᠵᠢᠯᠡᠭ᠌ᠰᠡᠨ᠂ ᠴᠢᠩᠭ᠎ᠠ ᠪᠢᠲᠡᠭᠦᠮᠵᠢᠯᠡᠭ᠌ᠰᠡᠨ ᠪᠠᠢᠬᠤ ᠬᠡᠷᠡᠭ᠌ᠲᠡᠶ᠃ ᠬᠣᠲᠠ᠎ᠶ᠋ᠢᠨ ᠳᠥᠷᠪᠡᠨ ᠲᠣᠭᠣᠷᠢᠭ᠎ᠤᠨ ᠬᠢᠨ ᠭᠤᠤᠯ ᠴᠣᠭ᠍ᠴᠠ᠎ᠶ᠋ᠢᠨ ᠬᠠᠷᠢᠭᠤᠴᠠᠯᠭ᠎ᠠ᠎ᠶ᠋ᠢ ᠰᠠᠢᠲᠤᠷ ᠨᠠᠢᠳᠠᠪᠦᠷᠢᠵᠢᠭᠤᠯᠵᠦ᠍᠂ ᠡᠭᠦᠷᠭᠡ᠎ᠶ᠋ᠢ ᠵᠡᠭᠡᠯᠢ ᠭᠤᠳᠤᠮᠵᠢ ᠂ ᠰᠠᠭᠤᠭᠠᠯᠢ ᠲᠣᠭᠣᠷᠢᠭ᠂ ᠠᠰᠠᠷ ᠪᠦᠬᠦᠨ᠎ᠳᠦ ᠨᠠᠷᠢᠯᠢᠭ᠍ᠵᠢᠭᠤᠯᠵᠤ᠂ ᠬᠠᠷᠢᠭᠤᠴᠠᠯᠭ᠎ᠠ᠎ᠶ᠋ᠢ ᠬᠥᠮᠦᠨ ᠨᠢᠭᠡᠪᠦᠷᠢ᠎ᠳᠦ ᠬᠦᠷᠲᠡᠯ᠎ᠡ ᠨᠠᠢᠳᠠᠪᠤᠷᠢᠵᠢᠭᠤᠯᠬᠤ ᠬᠡᠷᠡᠭ᠌ᠲᠡᠶ᠃ ᠪᠤᠰᠤᠳ ᠬᠣᠱᠢᠭᠤ ᠱᠢᠶᠠᠨ ᠰᠡᠷᠭᠡᠢᠯᠡᠯᠲᠡ᠎ᠶ᠋ᠢᠨ ᠱᠤᠭᠤᠮ᠎ᠢᠶᠠᠨ ᠰᠠᠢᠲᠤᠷ ᠰᠠᠬᠢᠵᠤ᠂ 《ᠳᠥᠷᠪᠡᠨ ᠡᠷᠲᠡ》 ᠶ᠋ᠢᠨ ᠱᠠᠭᠠᠷᠳᠠᠯᠭ᠎ᠠ᠎ᠶ᠋ᠢ ᠨᠠᠢᠳᠠᠪᠤᠷᠢᠵᠢᠭᠤᠯᠤᠨ᠂ ᠬᠢᠵᠢᠭ᠎ᠦᠨ ᠪᠠᠢᠳᠠᠯ᠎ᠢ ᠣᠯᠵᠤ ᠮᠡᠳᠡᠮᠡᠭ᠌ᠴᠡ ᠡᠷᠡᠰ ᠱᠢᠭᠤᠷᠬᠠᠶ ᠎ᠪᠠᠷ ᠲᠦᠷᠭᠡᠨ ᠬᠣᠭ ᠥᠬᠡᠶ ᠠᠷᠢᠯᠭᠠᠬᠤ ᠬᠡᠷᠡᠭ᠌ᠲᠡᠶ᠃ ᠥᠷᠭᠡᠨ ᠣᠯᠠᠨ ᠳᠠᠭᠠᠭᠠᠴᠢᠯᠠᠨ ᠬᠠᠷᠢᠯᠴᠠᠬᠤ ᠺᠠᠳ᠋ᠷ ᠡᠮᠦᠨ᠎ᠡ ᠹᠷᠣᠨᠲ᠎ᠲᠤ ᠲᠤᠱᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠵᠦ᠍᠂ ᠡᠯ᠎ᠡ ᠵᠦᠶ᠋ᠯ᠎ᠦᠨ ᠦᠶ᠋ᠯᠡᠴᠢᠯᠡᠭᠡ ᠪᠠᠲᠤᠯᠠᠭ᠎ᠠ᠎ᠶ᠋ᠢᠨ ᠠᠵᠢᠯ᠎ᠢ ᠦᠨᠡᠨ ᠬᠦ᠌ ᠰᠠᠢᠲᠤᠷ ᠬᠢᠵᠦ᠍᠂ ᠣᠯᠠᠨ ᠲᠦᠮᠡᠨ᠎ᠢ ᠳᠠᠢᠴᠢᠯᠠᠵᠤ ᠂ ᠣᠯᠠᠨ᠎ᠢᠶᠠᠷ᠎ᠢᠶᠠᠨ ᠰᠡᠷᠭᠡᠢᠯᠡᠵᠦ᠍ ᠣᠯᠠᠨ᠎ᠢᠶᠠᠷ᠎ᠢᠶᠠᠨ ᠡᠵᠡᠮᠳᠡᠵᠦ᠍ ᠂ ᠪᠦᠭᠦᠳᠡᠭᠡᠷ ᠡᠪᠡᠳᠴᠢᠨ ᠎ᠦ ᠵᠢᠱ᠌ᠢᠶ᠎ᠡ ᠎ᠶ᠋ᠢ ᠦᠭᠡᠢ ᠪᠤᠯᠭᠠᠬᠤ ᠪᠣᠭᠣᠮᠲᠠ ᠱᠢᠪᠲᠤᠯᠬᠤ ᠬᠦᠴᠦᠷᠬᠡᠭ ᠶᠡᠬᠡ ᠬᠠᠮᠲᠤᠷᠠᠯ ᠬᠦᠴᠦᠨ᠎ᠢ ᠪᠦᠷᠢᠯᠳᠦᠭᠦᠯᠬᠦ᠌ ᠬᠡᠷᠡᠭ᠌ᠲᠡᠶ ᠭᠡᠵᠦ᠍ ᠱᠠᠭᠠᠷᠳᠠᠪᠠ᠃

( ᠢᠷᠡᠯᠳᠡ᠄ ᠬᠦᠬᠡᠬᠤᠳᠠ ᠎ᠶ᠋ᠢᠨ ᠡᠳᠦᠷ ᠎ᠦᠨ ᠰᠤᠨᠢᠨ )

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠠᠨᠠᠷ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面