ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠮᠡᠳᠡᠭᠡᠯᠡᠯ

2022-11-28 14:06:00

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠠᠯᠳᠠᠨ ᠨᠠᠮᠤᠷ ᠤᠳᠴᠤ ᠬᠠᠬᠢᠷ ᠡᠪᠦᠯ ᠰᠠᠭᠠᠳᠠᠬᠤ ᠵᠢ ᠳᠠᠭᠠᠯᠳᠤᠨ᠂ ᠮᠠᠨ᠎ᠤ ᠣᠷᠣᠨ᠎ᠤ ᠲᠣᠰ ᠡᠭᠡᠯᠵᠢ᠎ᠶ᠋ᠢᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ ᠨᠢᠭᠡᠨᠲᠡ ᠰᠠᠷ᠎ᠠ ᠭᠠᠷᠤᠶ᠎ᠶ᠋ᠢᠨ ᠬᠤᠭᠤᠴᠠᠭ᠎ᠠ ᠦᠷᠬᠦᠯᠵᠢᠯᠡᠯ᠎ᠡ᠃ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠰᠠᠷ᠎ᠠ ᠭᠠᠷᠤᠢ᠎ᠶ᠋ᠢᠨ ᠬᠤᠭᠤᠴᠠᠭᠠᠨ᠎ᠳᠤ᠂ ᠪᠦᠬᠦ᠌ ᠣᠷᠣᠨ᠎ᠤ ᠠᠰᠠᠷᠠᠮᠵᠢ ᠵᠢᠨ ᠱᠠᠩᠨᠠᠯᠳᠤ ᠰᠤᠭᠤᠯᠤᠭ᠎ᠠ ᠵᠢᠨ ᠬᠢᠨ ᠪᠤᠳᠠᠳᠤ ᠠᠵᠢᠯᠯᠠᠭ᠎ᠠ ᠪᠠᠷ ᠠᠮᠠᠯᠠᠯᠲᠠ ᠪᠠᠨ ᠦᠢᠯᠡᠳᠦᠯᠭᠡᠵᠢᠭᠦᠯᠵᠦ᠍᠂ ᠪᠣᠳᠠᠲᠠᠢ ᠠᠵᠢᠯᠯᠠᠬᠤ ᠎ᠪᠠᠷ ᠡᠭᠦᠷᠭᠡᠯᠡᠯ ᠎ᠢᠶᠡᠨ ᠢᠯᠡᠷᠡᠭᠦᠯᠵᠦ᠍᠂ ᠬᠢᠵᠢᠭ᠎ᠦᠨ ᠦᠷᠪᠢᠰᠦᠨ ᠳᠡᠯᠭᠡᠷᠡᠬᠦ᠌ ᠵᠠᠮ᠎ᠢ ᠪᠦᠲᠦᠮᠵᠢᠲᠡᠢ ᠲᠠᠰᠤᠯᠬᠤ᠂ ᠪᠦᠬᠦ᠌ ᠣᠷᠣᠨ᠎ᠤ ᠥᠷᠭᠡᠨ ᠤᠯᠠᠨ ᠠᠷᠠᠳ ᠲᠦᠮᠡᠨ᠎ᠦ ᠠᠮᠢ ᠨᠠᠰᠤᠨ᠎ᠤ ᠠᠮᠤᠷ ᠲᠦᠪᠱᠢᠨ ᠪᠣᠯᠤᠨ ᠪᠡᠶ᠎ᠡ ᠮᠠᠬᠠᠪᠣᠳ᠎ᠤᠨ ᠡᠷᠡᠭᠦᠯ ᠮᠡᠨᠳᠦ᠍᠎ᠶ᠋ᠢ ᠬᠠᠮᠠᠭᠠᠯᠠᠬᠤ᠎ᠳᠤ ᠦᠪᠡᠷ᠎ᠤᠨ ᠬᠦᠴᠦᠨ ᠵᠢᠡᠨ ᠬᠠᠷᠠᠮ ᠦᠬᠡᠢ ᠨᠡᠮᠡᠷᠢᠯᠡᠵᠥ᠂ ᠬᠥᠮᠦᠰ᠎ᠦᠨ ᠰᠡᠳᠭᠢᠯ᠎ᠢ ᠬᠥᠳᠡᠯᠭᠡᠮ᠎ᠡ ᠮᠠᠰᠢ ᠤᠯᠠᠨ ᠭᠱᠠᠨ ᠵᠠᠪᠳᠤᠨ ᠳᠡᠮᠳᠡᠭᠯᠡᠭᠳᠡᠯ᠎ᠡ᠃

ᠥᠪᠡᠷᠲᠡᠭᠡᠨ ᠵᠠᠰᠠᠬᠤ ᠣᠷᠣᠨ᠎ᠤ ᠠᠰᠠᠷᠠᠮᠵᠢ ᠵᠢᠨ ᠱᠠᠩᠨᠠᠯᠳᠤ ᠰᠤᠭᠤᠯᠤᠭ᠎ᠠ ᠵᠢᠨ ᠲᠥᠪ᠄ ᠬᠢᠵᠢᠭ᠎ᠦᠨ ᠪᠠᠢᠳᠠᠯ ᠳᠤᠤᠷᠠᠬᠢ ᠪᠠᠳᠤ ᠰᠠᠬᠢᠶ᠎ᠠ᠂ ᠠᠵᠢᠯ᠎ᠤᠨ ᠪᠠᠢᠷᠢ ᠳᠡᠭᠡᠷᠡᠬᠢ ᠬᠠᠷᠢᠭᠤᠴᠠᠯᠭ᠎ᠠ ᠡᠭᠦᠷᠭᠡᠯᠡᠯ

ᠥᠪᠥᠷ ᠮᠣᠩᠭᠣᠯ᠎ᠤᠨ ᠲᠣᠰ ᠡᠭᠡᠯᠵᠢ᠎ᠶ᠋ᠢᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ ᠮᠠᠰᠢ ᠱᠢᠷᠦᠭᠦᠨ ᠪᠠᠢᠵᠥ᠂ ᠰᠡᠷᠭᠡᠢᠯᠡᠨ ᠡᠵᠡᠮᠳᠡᠬᠦ᠌ ᠠᠵᠢᠯ᠎ᠨᠢ ᠴᠠᠭ ᠢᠮᠠᠭ᠍ᠲᠠ ᠪᠥᠬᠥ᠌ ᠠᠰᠠᠷᠠᠮᠵᠢ ᠵᠢᠨ ᠱᠠᠩᠨᠠᠯᠳᠤ ᠰᠤᠭᠤᠯᠤᠭ᠎ᠠ ᠵᠢᠨ ᠠᠵᠢᠯᠳᠠᠨ᠎ᠤ ᠰᠡᠳᠭᠢᠯ᠎ᠦᠨ ᠬᠥᠪᠴᠢ᠎ᠶ᠋ᠢ ᠴᠢᠪᠬᠠᠳᠠᠪᠠ᠃ ᠬᠢᠵᠢᠭ᠎ᠦᠨ ᠪᠠᠢᠳᠠᠯ ᠡᠴᠡ ᠪᠣᠯᠤᠭ᠍ᠰᠠᠨ ᠠᠶᠤᠯ ᠲᠦᠭ᠌ᠰᠢᠭᠦᠷᠢ᠎ᠶ᠋ᠢ ᠪᠦᠲᠦᠮᠵᠢᠲᠡᠶ ᠡᠵᠡᠮᠳᠡᠬᠦ᠎ᠶ᠋ᠢᠨ ᠲᠥᠯᠥᠭᠡ᠂ ᠥᠪᠥᠷ ᠮᠣᠩᠭᠣᠯ᠎ᠤᠨ ᠠᠰᠠᠷᠠᠮᠵᠢ ᠵᠢᠨ ᠱᠠᠩᠨᠠᠯᠳᠤ ᠰᠤᠭᠤᠯᠤᠭ᠎ᠠ ᠵᠢᠨ ᠲᠥᠪ᠎ᠦᠨ ᠨᠠᠮ᠎ᠤᠨ ᠡᠭᠦᠷ ᠦᠳᠲᠡᠷ ᠲᠦᠷᠭᠡᠨ ᠪᠠᠢᠷᠢᠯᠠᠭᠤᠯᠤᠯᠲᠠ ᠬᠢᠵᠦ᠍᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌᠂ ᠠᠮᠤᠷ ᠲᠦᠪᠱᠢᠨ᠎ᠢᠶᠡᠷ ᠱᠠᠩᠨᠠᠯ ᠡᠬᠢᠯᠡᠭᠦᠯᠬᠦ᠌᠂ ᠱᠠᠩᠨᠠᠯᠲᠤ ᠰᠤᠭᠤᠯᠤᠭ᠎ᠠ ᠪᠣᠷᠣᠯᠠᠭᠤᠯᠬᠤ ᠲᠤᠬᠠᠢᠯᠠᠭ᠍ᠰᠠᠨ ᠠᠵᠢᠯ᠎ᠢ ᠪᠠᠳᠤᠯᠠᠬᠤ ᠵᠡᠷᠭᠡ ᠭᠤᠷᠪᠠᠨ ᠭᠤᠤᠯ ᠡᠭᠦᠷᠭᠡ᠎ᠶ᠋ᠢᠨ ᠲᠣᠭᠣᠷᠢᠨ᠎ᠳᠤ ᠠᠵᠢᠯ᠎ᠢᠶᠠᠨ ᠥᠷᠨᠢᠭᠦᠯᠵᠦ᠍᠂ ᠲᠥᠪ᠎ᠦᠨ ᠤᠳᠤᠷᠢᠳᠭᠤ ᠺᠠᠳ᠋ᠷ ᠵᠢᠴᠢ ᠠᠵᠢᠯᠲᠠᠳ 24 ᠴᠠᠭ᠎ᠢᠶᠠᠷ ᠠᠵᠢᠯ᠎ᠤᠨ ᠪᠠᠢᠷᠢ᠎ᠪᠠᠨ ᠪᠠᠲᠤ ᠰᠠᠬᠢᠵᠤ᠂ ᠠᠮᠤᠷ ᠲᠦᠪᠱᠢᠨ᠎ᠢᠶᠡᠷ ᠱᠠᠩᠨᠠᠯ ᠡᠬᠢᠯᠡᠬᠦᠯᠬᠦ᠂ ᠱᠠᠩᠨᠠᠯᠲᠤ ᠰᠤᠭᠤᠯᠤᠭ᠎ᠠ ᠪᠣᠷᠣᠯᠠᠭᠤᠯᠬᠤ ᠲᠤᠬᠠᠢᠯᠠᠭ᠍ᠰᠠᠨ ᠠᠵᠢᠯ᠎ᠤᠨ ᠪᠠᠲᠤᠯᠠᠭ᠎ᠠ ᠳᠤᠮᠳᠠ ᠲᠤᠱᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠵᠦ᠍᠂ ᠬᠠᠷᠢᠭᠤᠴᠠᠯᠭ᠎ᠠ ᠡᠭᠦᠷᠭᠡᠯᠡᠨ ᠬᠤᠪᠢ ᠨᠡᠮᠡᠷᠢ ᠦᠵᠡᠭᠦᠯᠪᠡ᠃

ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠰᠠᠷ᠎ᠠ ᠭᠠᠷᠤᠶ᠎ᠶ᠋ᠢᠨ ᠬᠤᠭᠤᠴᠠᠭᠠᠨ᠎ᠳᠤ᠂ ᠲᠠᠳᠠ ᠪᠠᠢᠭᠤᠯᠭ᠎ᠠ ᠨᠢᠭᠡᠴᠢ᠎ᠪᠡᠨ ᠰᠠᠬᠢᠨ ᠰᠠᠭᠤᠵᠤ᠂ ᠲᠣᠭ᠎ᠠ ᠪᠠᠷᠢᠮᠲᠠ᠎ᠶ᠋ᠢᠨ ᠲᠥᠪ᠎ᠦᠨ ᠬᠡᠪ᠎ᠦᠨ ᠡᠷᠭᠢᠯᠲᠡ᠎ᠶ᠋ᠢ ᠪᠠᠲᠤᠯᠠᠬᠤ᠂ ᠠᠮᠤᠷ ᠲᠦᠪᠱᠢᠨ᠎ᠢᠶᠡᠷ ᠱᠠᠩᠨᠠᠯ ᠡᠬᠢᠯᠡᠬᠦᠯᠬᠦ ᠪᠠ ᠪᠣᠷᠣᠯᠠᠭᠤᠯᠬᠤ ᠱᠢᠰᠲ᠋ᠧᠮ᠎ᠢ ᠲᠣᠭ᠍ᠲᠠᠭᠤᠨ᠎ᠢᠶᠠᠷ ᠠᠵᠢᠯᠯᠠᠭᠤᠯᠬᠤ᠂ ᠪᠠᠢᠭᠤᠯᠭ᠎ᠠ᠎ᠶ᠋ᠢᠨ ᠲᠣᠮᠣ ᠠᠰᠠᠷ ᠲᠡᠬᠢ ᠪᠣᠶ ᠪᠥᠬᠥᠶ ᠲᠣᠨᠣᠭ ᠲᠥᠬᠥᠭᠡᠷᠦᠮᠵᠢ᠎ᠶ᠋ᠢ ᠪᠠᠢᠴᠠᠭᠠᠨ ᠵᠠᠰᠠᠬᠤ᠂ ᠠᠷᠠᠴᠢᠯᠠᠨ ᠬᠠᠮᠠᠭᠠᠯᠠᠬᠤ ᠵᠢᠴᠢ ᠤᠰᠤ ᠴᠠᠬᠢᠯᠭᠠᠨ ᠬᠠᠩᠭᠠᠬᠤ ᠪᠠᠲᠤᠯᠠᠭ᠎ᠠ ᠵᠡᠷᠭᠡ ᠠᠵᠢᠯ᠎ᠢ ᠰᠠᠢᠳᠤᠷ ᠬᠦᠢᠴᠡᠳᠬᠡᠪᠡ᠃ ᠡᠨᠡ ᠬᠤᠭᠤᠴᠠᠭᠠᠨ᠎ᠳᠤ᠂ ᠲᠥᠪ᠎ᠦᠨ ᠡᠷᠬᠢᠯᠡᠭ᠌ᠴᠢ ᠦ᠋ ᠵᠢᠶᠦ᠋ᠨ ᠱᠠᠩᠨᠠᠯ ᠡᠬᠢᠯᠡᠬᠦ᠌ ᠲᠤᠬᠠᠶ᠎ᠶ᠋ᠢᠨ ᠲᠠᠯᠠᠪᠠᠶ᠎ᠳᠤ ᠱᠠᠩᠨᠠᠯ ᠡᠬᠢᠯᠡᠬᠦ᠌ ᠠᠵᠢᠯ᠎ᠢ ᠵᠢᠯᠣᠭᠣᠳᠴᠤ᠌᠂ ᠠᠮᠤᠷ ᠲᠦᠪᠱᠢᠨ ᠵᠢᠡᠷ ᠱᠠᠩᠨᠠᠯ ᠡᠬᠢᠯᠡᠬᠦᠯᠬᠦ ᠠᠵᠢᠯ᠎ᠤᠨ ᠴᠢᠬᠤᠯᠠ ᠴᠢᠨᠠᠷ᠂ ᠲᠣᠭ᠎ᠠ ᠪᠠᠷᠢᠮᠲᠠ᠎ᠶ᠋ᠢᠨ ᠲᠥᠪ᠎ᠦᠨ ᠡᠯ᠎ᠡ ᠪᠣᠷᠣᠯᠠᠭᠤᠯᠭ᠎ᠠ᠎ᠶ᠋ᠢᠨ ᠱᠢᠰᠲ᠋ᠧᠮ᠎ᠦᠨ ᠠᠮᠤᠷ ᠲᠦᠪᠱᠢᠨ ᠲᠣᠭ᠍ᠲᠠᠭᠤᠨ ᠠᠵᠢᠯᠯᠠᠭᠠᠨ᠎ᠤ ᠵᠠᠩᠭᠢᠯᠠᠭ᠎ᠠ᠎ᠶ᠋ᠢᠨ ᠴᠢᠨᠠᠷ᠎ᠢ ᠤᠯᠠᠮ ᠴᠢᠨᠠᠬᠰᠢᠳᠠ ᠴᠢᠬᠤᠯᠠᠴᠢᠯᠠᠵᠤ᠂ ᠣᠯᠠᠨ᠎ᠢ ᠠᠮᠤᠷ ᠲᠦᠪᠱᠢᠨ᠎ᠦ ᠤᠬᠠᠮᠰᠠᠷ᠎ᠢᠶᠠᠨ ᠤᠯᠠᠮ ᠨᠢᠭᠡ ᠠᠯᠬᠤᠮ ᠳᠡᠭᠡᠭ᠌ᠰᠢᠯᠡᠭᠦᠯᠵᠦ᠍᠂ ᠠᠵᠢᠯᠯᠠᠭᠤᠯᠵᠤ ᠪᠠᠲᠤᠯᠠᠬᠤ ᠠᠵᠢᠯ᠎ᠢ ᠪᠦᠲᠦᠮᠵᠢᠲᠡᠶ ᠥᠷᠨᠢᠭᠦᠯᠬᠦ᠌ ᠬᠡᠷᠡᠭ᠌ᠲᠡᠶ ᠭᠡᠵᠦ᠍ ᠱᠠᠭᠠᠷᠳᠠᠪᠠ᠃

ᠬᠦᠬᠡᠬ᠍ᠤᠳᠠ ᠵᠢᠨ ᠠᠰᠠᠷᠠᠮᠵᠢ ᠵᠢᠨ ᠱᠠᠩᠨᠠᠯᠳᠤ ᠰᠤᠭᠤᠯᠤᠭ᠎ᠠ ᠵᠢᠨ ᠳᠦᠪ᠄ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠬᠠᠷᠢᠭᠤᠴᠠᠯᠭ᠎ᠠ᠎ᠶ᠋ᠢ ᠡᠷᠡᠰ ᠡᠭᠦᠷᠭᠡᠯᠡᠨ᠎ᠡ

ᠳᠡᠭᠡᠳᠦ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠᠢᠷᠢᠯᠠᠭᠤᠯᠤᠯᠲᠠ ᠵᠢᠴᠢ ᠱᠠᠭᠠᠷᠳᠠᠯᠭ᠎ᠠ ᠶᠣᠰᠣᠭᠠᠷ᠂ ᠬᠦᠬᠡᠬ᠍ᠤᠳᠠ ᠵᠢᠨ ᠠᠰᠠᠷᠠᠮᠵᠢ ᠵᠢᠨ ᠱᠠᠩᠨᠠᠯᠳᠤ ᠰᠤᠭᠤᠯᠤᠭ᠎ᠠ ᠵᠢᠨ ᠳᠦᠪ ᠎ᠦᠨ ᠨᠠᠮ᠎ᠤᠨ ᠡᠭᠦᠷ᠎ᠦᠨ ᠪᠦᠬᠦ᠌ ᠨᠠᠮ᠎ᠤᠨ ᠭᠡᠱᠢᠭᠦᠨ ᠵᠢᠴᠢ ᠺᠠᠳ᠋ᠷ ᠤᠯᠤᠰ ᠲᠦᠷᠦ᠍᠎ᠶ᠋ᠢᠨ ᠬᠠᠷᠢᠭᠤᠴᠠᠯᠭ᠎ᠠ᠎ᠪᠠᠨ ᠡᠷᠡᠰ ᠡᠭᠦᠷᠭᠡᠯᠡᠵᠦ᠍᠂ ᠰᠠᠨᠠᠭᠠᠴᠢᠯᠠᠭ᠎ᠠ ᠡᠴᠡ᠎ᠪᠠᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠡᠭᠦᠷᠭᠡ᠎ᠶ᠋ᠢ ᠪᠡᠶᠡᠯᠡᠭᠦᠯᠬᠦ᠌᠎ᠳ᠋ᠤ ᠭᠠᠪᠰᠢᠭᠠᠢᠯᠠᠪᠠ᠃ ᠬᠥᠬᠡᠬ᠍ᠣᠲᠠ᠎ᠶ᠋ᠢᠨ ᠲᠤᠰ ᠡᠭᠡᠯᠵᠢ᠎ᠶ᠋ᠢᠨ ᠬᠢᠵᠢᠭ᠎ᠦᠨ ᠪᠠᠢᠳᠠᠯ ᠡᠬᠦᠰᠦᠭᠰᠡᠨ ᠡᠴᠡ ᠨᠠᠭᠠᠰᠢ᠂ ᠳᠤᠰ ᠱᠠᠩᠨᠠᠯᠳᠤ ᠰᠤᠭᠤᠯᠤᠭ᠎ᠠ ᠵᠢᠨ ᠳᠦᠪ᠎ᠤᠨ ᠨᠠᠮ᠎ᠤᠨ ᠡᠭᠦᠷ᠎ᠦᠨ ᠱᠦᠵᠢ᠂ ᠡᠷᠬᠢᠯᠡᠭ᠌ᠴᠢ ᠸᠧᠢ ᠶᠠᠨ ᠹᠸᠩ ᠨᠠᠮ᠎ᠤᠨ ᠭᠡᠱᠢᠭᠦᠨ ᠺᠠᠳ᠋ᠷᠴᠤᠳ᠎ᠢ ᠳᠠᠭᠠᠭᠤᠯᠤᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠡᠮᠦᠨ᠎ᠡ ᠹᠷᠣᠨᠲ᠎ᠢ ᠪᠠᠲᠤ ᠰᠠᠬᠢᠵᠤ᠂ ᠪᠣᠳᠠᠲᠤ ᠠᠵᠢᠯᠯᠠᠭ᠎ᠠ᠎ᠪᠠᠷ᠎ᠢᠶᠠᠨ ᠠᠰᠠᠷᠠᠮᠵᠢ ᠵᠢᠨ ᠱᠠᠩᠨᠠᠯᠳᠤ ᠰᠤᠭᠤᠯᠤᠭ᠎ᠠ ᠵᠢᠨ ᠠᠵᠢᠯᠳᠠᠨ᠎ᠤ ᠬᠠᠷᠢᠭᠤᠴᠠᠯᠭ᠎ᠠ ᠡᠭᠦᠷᠭᠡᠯᠡᠯ ᠵᠢᠡᠨ ᠦᠢᠯᠡᠳᠦᠯᠭᠡᠵᠢᠭᠦᠯᠵᠡᠢ᠃

ᠬᠦᠬᠡᠬ᠍ᠤᠳᠠ ᠵᠢᠨ ᠠᠰᠠᠷᠠᠮᠵᠢ ᠵᠢᠨ ᠱᠠᠩᠨᠠᠯᠳᠤ ᠰᠤᠭᠤᠯᠤᠭ᠎ᠠ ᠵᠢᠨ ᠳᠦᠪ᠎ᠦᠨ ᠨᠠᠮ᠎ᠤᠨ ᠭᠡᠱᠢᠭᠦᠨ ᠺᠠᠳ᠋ᠷᠴᠤᠳ ᠰᠠᠭᠤᠭᠠᠯᠢ ᠠᠷᠠᠳ᠎ᠤᠨ ᠲᠣᠭᠣᠷᠢᠭ᠎ᠤᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠳᠤ ᠢᠳᠡᠪᠬᠢᠲᠡᠢ ᠣᠷᠣᠯᠴᠠᠵᠤ᠂ ᠪᠣᠳᠠᠲᠤ ᠠᠵᠢᠯᠯᠠᠭ᠎ᠠ ᠪᠠᠷ᠎ᠢᠶᠠᠨ ᠡᠪ ᠬᠠᠮᠲᠤ ᠨᠠᠮ᠎ᠤᠨ ᠭᠡᠱᠢᠭᠦᠨ᠎ᠦ ᠬᠣᠱᠢᠭᠤᠴᠢ ᠵᠢᠱ᠌ᠢᠶᠡᠴᠢ ᠦᠢᠯᠡᠳᠦᠯ᠎ᠢ ᠢᠯᠡᠷᠡᠭᠦᠯᠪᠡ᠃ ᠳᠤᠰ ᠠᠰᠠᠷᠠᠮᠵᠢ ᠵᠢᠨ ᠱᠠᠩᠨᠠᠯᠳᠤ ᠰᠤᠭᠤᠯᠤᠭ᠎ᠠ ᠵᠢᠨ ᠳᠦᠪ᠎ᠤᠨ ᠨᠠᠮ᠎ᠤᠨ ᠡᠭᠦᠷ᠎ᠦᠨ ᠱᠦᠵᠢ᠂ ᠡᠷᠬᠢᠯᠡᠭ᠌ᠴᠢ ᠸᠧᠢ ᠶᠠᠨ ᠹᠸᠩ᠂ ᠳᠡᠳ᠋ ᠡᠷᠬᠢᠯᠡᠭ᠌ᠴᠢ ᠭᠤᠤ ᠸᠸᠨ ᠶᠤᠸᠠᠨ ᠵᠡᠷᠭᠡ ᠪᠦᠬᠦ᠌ ᠨᠠᠮ᠎ᠤᠨ ᠭᠡᠱᠢᠭᠦᠨ ᠵᠢᠴᠢ ᠺᠠᠳ᠋ᠷᠴᠤᠳ ᠲᠤᠰ ᠲᠤᠰ ᠠᠵᠢᠯᠴᠢᠨ ᠲᠠᠷᠢᠶᠠᠴᠢᠨ ᠴᠡᠷᠢᠭ᠎ᠦᠨ ᠨᠡᠢᠭᠡᠮ ᠲᠣᠭᠣᠷᠢᠭ᠎ᠤᠨ ᠱᠧᠩ᠎ᠲᠡᠶ ᠶᠠ ᠶᠤᠸᠠᠨ ᠰᠠᠭᠤᠭᠠᠯᠢ ᠠᠷᠠᠳ᠎ᠤᠨ ᠪᠠᠭ᠎ᠠ ᠲᠣᠭᠣᠷᠢᠭ᠂ ᠬᠣᠲᠣᠩ ᠠᠷᠠᠳ᠎ᠤᠨ ᠲᠣᠭᠣᠷᠢᠭ᠎ᠤᠨ ᠵᠢᠨ ᠬᠠᠢ ᠨᠡᠢᠭᠡᠮ ᠲᠣᠭᠣᠷᠢᠭ᠎ᠤᠨ ᠲᠢᠶᠠᠨ ᠢᠦᠢ ᠽᠢ ᠶᠢᠦ ᠳ᠋ᠦ᠋ ᠰᠠᠭᠤᠭᠠᠯᠢ ᠠᠷᠠᠳ᠎ᠤᠨ ᠪᠠᠭ᠎ᠠ ᠲᠣᠭᠣᠷᠢᠭ ᠵᠡᠷᠭᠡ ᠭᠠᠵᠠᠷ᠎ᠲᠤ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠳᠤ ᠢᠳᠡᠪᠬᠢᠲᠡᠢ ᠣᠷᠣᠯᠴᠠᠪᠠ᠃ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠡᠮᠦᠨ᠎ᠡ ᠹᠷᠣᠨᠲ᠎ᠲᠤ ᠪᠠᠢᠭ᠎ᠠ ᠲᠡᠳᠡ ᠨᠢᠭᠡᠨᠲᠡ 30 ᠭᠠᠷᠤᠢ ᠡᠳᠦᠷ ᠦᠷᠭᠦᠯᠵᠢᠯᠡᠨ ᠲᠡᠮᠡᠴᠡᠵᠦ᠍᠂ ᠲᠡᠳᠡ ᠠᠵᠢᠯ᠎ᠤᠨ ᠪᠠᠢᠷᠢ ᠳᠡᠭᠡᠷ᠎ᠡ᠎ᠪᠡᠨ ᠢᠳᠡᠵᠦ᠍ ᠬᠣᠨᠣᠵᠤ᠂ ᠠᠷᠠᠳ ᠤᠯᠠᠨ᠎ᠳ᠋ᠤ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠡᠬᠢᠯᠡᠯᠲᠡ᠎ᠶ᠋ᠢ ᠬᠠᠮᠲᠤ᠎ᠪᠠᠷ ᠴᠣᠭ᠍ᠴᠠᠯᠠᠪᠠ᠃

ᠪᠤᠭᠤᠲᠤ ᠬᠣᠲᠠ ᠵᠢᠨ ᠠᠰᠠᠷᠠᠮᠵᠢ ᠵᠢᠨ ᠱᠠᠩᠨᠠᠯᠳᠤ ᠰᠤᠭᠤᠯᠤᠭ᠎ᠠ ᠵᠢᠨ ᠳᠦᠪ ᠄ ᠬᠢᠵᠢᠭ᠎ᠲᠡᠶ ᠲᠡᠮᠡᠴᠡᠬᠦ ᠲᠠᠷᠢᠶᠠᠴᠢᠳ᠎ᠢ ᠲᠤᠰᠠᠯᠠᠬᠤ ᠵᠢ ᠵᠡᠷᠬᠡ ᠳ᠋ᠤᠨᠢ ᠬᠠᠷᠠᠭᠠᠯᠵᠠᠵᠥ᠂ ᠬᠦᠴᠢᠷ ᠠᠰᠠᠭᠤᠳᠠᠯ᠎ᠢ ᠱᠢᠶ᠋ᠳᠪᠦᠷᠢᠯᠡᠵᠦ᠍ ᠪᠣᠳᠠᠲᠤ ᠶᠠᠪᠤᠳᠠᠯ ᠬᠢᠨ᠎ᠠ

ᠪᠤᠭᠤᠲᠤ ᠬᠣᠲᠠ᠎ᠳᠤ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ ᠡᠬᠦᠰᠦᠭᠰᠡᠨ ᠡᠴᠡ ᠨᠠᠭᠠᠰᠢ᠂ ᠪᠤᠭᠤᠲᠤ ᠬᠣᠲᠠ᠎ᠶ᠋ᠢᠨ ᠠᠰᠠᠷᠠᠮᠵᠢ ᠵᠢᠨ ᠱᠠᠩᠨᠠᠯᠳᠤ ᠰᠤᠭᠤᠯᠤᠭ᠎ᠠ ᠵᠢᠨ ᠲᠥᠪ᠎ᠦᠨ ᠨᠠᠮ᠎ᠤᠨ ᠭᠡᠱᠢᠭᠦᠨ ᠺᠠᠳ᠋ᠷ ᠠᠵᠢᠯᠲᠠᠳ ᠤᠷᠢᠶᠠᠯᠠᠭ᠎ᠠ᠎ᠶ᠋ᠢ ᠢᠳᠡᠪᠬᠢᠲᠡᠶ ᠴᠤᠤᠷᠢᠶᠠᠲᠤᠨ ᠳᠠᠭᠠᠵᠤ᠂ ᠰᠥᠷᠥᠨ ᠤᠷᠤᠭ᠍ᠰᠢᠯᠠᠵᠤ᠂ ᠬᠢᠵᠢᠭ᠎ᠲᠡᠶ ᠲᠡᠮᠡᠴᠡᠬᠦ᠌ ᠪᠠᠭᠠᠳᠤᠷ ᠪᠤᠯᠤᠨ ᠬᠤᠪᠢᠷᠠᠵᠤ᠂ ᠵᠣᠷᠢᠭ᠍ᠲᠠᠶ᠎ᠪᠠᠷ ᠬᠠᠷᠢᠭᠤᠴᠠᠯᠭ᠎ᠠ ᠡᠭᠦᠷᠭᠡᠯᠡᠵᠦ᠍᠂ ᠦᠷ᠎ᠤᠨ ᠵᠢᠬᠡᠬᠦᠨ ᠦᠳᠡᠰᠢ ᠵᠢᠨ ᠬᠦᠢᠳᠡᠨ ᠳ᠋ᠤ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠡᠮᠦᠨ᠎ᠡ ᠹᠷᠣᠨᠲ᠎ᠲᠤ ᠡᠷᠡᠯᠬᠡᠭ᠌ᠯᠡᠨ ᠲᠡᠮᠡᠴᠡᠪᠡ᠃ ᠲᠡᠳᠡᠨ᠎ᠦ ᠵᠠᠷᠢᠮ᠎ᠨᠢ ᠪᠥᠭᠡᠮ ᠬᠦᠴᠢᠯ᠎ᠦᠨ ᠪᠠᠢᠴᠠᠭᠠᠯᠲᠠ᠎ᠶ᠋ᠢᠨ ᠦᠶ᠋ᠯᠡᠴᠢᠯᠡᠭ᠌ᠴᠢ᠎ᠶ᠋ᠢᠨ ᠲᠤᠱᠢᠶᠠᠯ᠎ᠢ ᠡᠭᠦᠷᠭᠡᠯᠡᠵᠦ᠍᠂ ᠵᠠᠷᠢᠮ᠎ᠨᠢ ᠡᠮᠬᠢ ᠲᠢᠭᠯᠢᠮ᠎ᠢ ᠬᠠᠮᠠᠭᠠᠯᠠᠬᠤ ᠬᠠᠮᠢᠶᠠᠷᠤᠭ᠍ᠴᠢ᠎ᠶ᠋ᠢᠨ ᠲᠤᠱᠢᠶᠠᠯ᠎ᠢ ᠡᠭᠦᠷᠭᠡᠯᠡᠵᠦ᠍᠂ ᠵᠠᠷᠢᠮ᠎ᠨᠢ ᠰᠠᠭᠤᠭᠠᠯᠢ ᠠᠷᠠᠳ᠎ᠤᠨ ᠪᠠᠭ᠎ᠠ ᠲᠣᠭᠣᠷᠢᠭ᠎ᠤᠨ ᠬᠠᠮᠢᠶᠠᠷᠤᠯᠲᠠ᠎ᠶ᠋ᠢᠨ ᠬᠤᠷᠢᠭ᠎ᠠ ᠰᠠᠬᠢᠭ᠍ᠴᠢ᠎ᠶ᠋ᠢᠨ ᠲᠤᠱᠢᠶᠠᠯ᠎ᠢ ᠡᠭᠦᠷᠭᠡᠯᠡᠵᠦ᠍᠂ ᠵᠠᠷᠢᠮ᠎ᠨᠢ ᠰᠠᠭᠤᠭᠠᠯᠢ ᠠᠷᠠᠳ᠎ᠤᠨ ᠵᠠᠷᠤᠴᠠ᠎ᠨᠢ ᠪᠤᠯᠵᠤ ᠁ ᠪᠣᠳᠠᠲᠤ ᠠᠵᠢᠯᠯᠠᠭ᠎ᠠ᠎ᠪᠠᠷ᠎ᠢᠶᠠᠨ ᠠᠰᠠᠷᠠᠮᠵᠢ ᠵᠢᠨ ᠱᠠᠩᠨᠠᠯᠳᠤ ᠰᠤᠭᠤᠯᠤᠭ᠎ᠠ ᠵᠢᠨ ᠠᠵᠢᠯᠳᠠᠳ᠎ᠦᠨ《ᠠᠷᠠᠳ᠎ᠤᠨ ᠲᠥᠯᠥᠭᠡ ᠵᠢᠳᠬᠦᠵᠦ᠍᠂ ᠠᠷᠠᠳ ᠲᠦᠮᠡᠨ᠎ᠢ ᠬᠠᠢᠷᠠᠯᠠᠬᠤ 》 ᠣᠭ ᠰᠠᠨᠠᠭ᠎ᠠ ᠪᠠ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠢᠯᠠᠨ ᠲᠠᠢᠯᠪᠤᠷᠢᠯᠠᠵᠠᠶ᠃

ᠲᠣᠰ ᠤᠳᠠᠭᠠᠨ᠎ᠤ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ ᠵᠢᠴᠢ ᠳᠤᠯᠠᠭᠠᠨ᠎ᠤ ᠬᠡᠮᠵᠢᠶ᠎ᠡ ᠪᠠᠭᠤᠷᠠᠭ᠍ᠰᠠᠨ ᠨᠥᠯᠥᠭᠡ᠎ᠡᠴᠡ ᠪᠣᠯᠵᠣ᠂ ᠬᠣᠪᠣᠷ ᠱᠢᠷᠣᠶ᠎ᠶ᠋ᠢᠨ ᠳᠡᠭᠡᠳᠦ ᠱᠢᠨ᠎ᠡ ᠮᠡᠷᠭᠡᠵᠢᠯ᠎ᠦᠨ ᠲᠣᠭᠣᠷᠢᠭ᠎ᠤᠨ ᠸᠠᠨ ᠱᠦᠶ ᠴᠢᠤᠸᠠᠨ ᠪᠠᠯᠭᠠᠰᠤᠨ᠎ᠤ ᠵᠠᠭᠠᠭ ᠠᠢᠯ ᠲᠣᠰᠭᠣᠨ᠎ᠤ ᠠᠷᠠᠳ᠎ᠤᠨ ᠴᠠᠭᠠᠨ ᠨᠣᠭᠣᠭ᠎ᠠ᠂ ᠰᠣᠩᠭᠢᠨ᠎ᠠ᠂ ᠯᠤᠤᠪᠠᠩ ᠵᠡᠷᠭᠡ ᠶᠡᠬᠡ ᠬᠡᠮᠵᠢᠶᠡᠨ᠎ᠦ ᠲᠠᠷᠢᠶᠠᠯᠠᠩ ᠎ᠤᠨ ᠪᠦᠲᠦᠭᠡᠭ᠌ᠳᠡᠬᠦᠨ ᠎ᠦ ᠪᠣᠷᠣᠯᠠᠭᠤᠯᠭ᠎ᠠ ᠮᠠᠭᠤᠳᠠᠵᠤ᠂ ᠲᠠᠷᠢᠶᠠᠴᠢᠳ᠎ᠤᠨ ᠨᠠᠮᠤᠷ᠎ᠤᠨ ᠬᠤᠷᠢᠶᠠᠯᠲᠠ᠎ᠶ᠋ᠢ ᠬᠦᠨᠳᠦ ᠨᠣᠴᠢᠲᠠᠶ ᠨᠥᠯᠥᠭᠡᠯᠡᠪᠡ᠃ ᠪᠤᠭᠤᠲᠤ ᠬᠣᠲᠠ᠎ᠶ᠋ᠢᠨ ᠠᠰᠠᠷᠠᠮᠵᠢ ᠵᠢᠨ ᠱᠠᠩᠨᠠᠯᠳᠤ ᠰᠤᠭᠤᠯᠤᠭ᠎ᠠ ᠵᠢᠨ ᠲᠥᠪ᠎ᠦᠨ ᠨᠠᠮ᠎ᠤᠨ ᠡᠭᠦᠷ᠎ᠦᠨ ᠱᠦᠵᠢ᠂ ᠡᠷᠬᠢᠯᠡᠭ᠌ᠴᠢ ᠯᠢ ᠱᠢᠶᠤᠤ ᠭᠠᠩ᠎ᠤᠨ ᠪᠠᠢᠭ᠎ᠠ ᠬᠣᠲᠠ᠎ᠶ᠋ᠢᠨ ᠠᠷᠠᠳ᠎ᠤᠨ ᠶᠠᠪᠤᠳᠠᠯ᠎ᠤᠨ ᠲᠣᠪᠴᠢᠶ᠎ᠠ᠎ᠶ᠋ᠢᠨ ᠬᠣᠪᠣᠷ ᠱᠢᠷᠣᠶ᠎ᠶ᠋ᠢᠨ ᠳᠡᠭᠡᠳᠦ ᠱᠢᠨ᠎ᠡ ᠮᠡᠷᠬᠡᠵᠢᠯ᠎ᠤᠨ ᠲᠣᠭᠣᠷᠢᠭ᠎ᠤᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠠᠩᠭᠢ ᠶᠠᠭ ᠡᠨᠳᠡ ᠠᠵᠢᠯᠯᠠᠵᠤ ᠪᠠᠢᠯ᠎ᠠ᠃ ᠲᠠᠳᠠ ᠠᠵᠢᠯᠯᠠᠬᠤ ᠠᠩᠭᠢ᠎ᠶ᠋ᠢᠨ ᠪᠦᠷᠢᠯᠳᠦᠬᠦᠨ ᠲᠡᠶ ᠰᠠᠨᠠᠭᠠᠴᠢᠯᠠᠭ᠎ᠠ᠎ᠡᠴᠡ᠎ᠪᠠᠨ ᠬᠠᠮᠵᠢᠯᠴᠠᠨ ᠵᠢᠳᠬᠦᠯ ᠴᠢᠷᠮᠠᠢᠯᠭ᠎ᠠ ᠭᠠᠷᠭᠠᠵᠥ᠂ 《ᠨᠣᠭᠣᠭ᠎ᠠ ᠬᠤᠳᠠᠯᠳᠤᠭ᠍ᠴᠢ》ᠪᠤᠯᠤᠨ ᠬᠤᠪᠢᠯᠵᠥ᠂ ᠠᠯᠪᠠᠨ ᠵᠢᠷᠤᠮ᠎ᠤᠨ ᠪᠣᠷᠣᠯᠠᠭᠤᠯᠤᠭ᠍ᠴᠢ ᠪᠣᠯᠵᠣ᠂ ᠵᠠᠭᠠᠭ ᠠᠢᠯ ᠲᠣᠰᠭᠣᠨ᠎ᠤ ᠠᠷᠠᠳ᠎ᠤᠨ ᠵᠥᠪᠯᠡᠯ᠎ᠲᠡᠶ ᠠᠵᠢᠯ ᠵᠢᠡᠨ ᠵᠤᠯᠭᠠᠭᠤᠯᠤᠨ᠂ ᠲᠠᠷᠢᠶᠠᠯᠠᠩ᠎ᠤᠨ ᠪᠦᠲᠦᠭᠡᠭ᠌ᠳᠡᠬᠦᠨ᠎ᠦ ᠪᠣᠷᠣᠯᠠᠭᠤᠯᠭ᠎ᠠ ᠮᠠᠭᠤᠳᠠᠵᠤ ᠪᠠᠢᠭ᠎ᠠ ᠬᠠᠮᠢᠶ᠎ᠠ ᠪᠥᠬᠥᠶ ᠪᠠᠢᠳᠠᠯ᠎ᠢ ᠣᠢᠯᠠᠭᠠᠵᠤ᠂ ᠣᠯᠠᠨ ᠠᠷᠭ᠎ᠠ ᠵᠠᠮ᠎ᠢᠶᠠᠷ ᠬᠠᠷᠢᠯᠴᠠᠵᠤ᠂ ᠡᠯ᠎ᠡ ᠠᠷᠠᠳ᠎ᠤᠨ ᠶᠠᠪᠤᠳᠠᠯ᠎ᠤᠨ ᠬᠦᠷᠢᠶᠡᠨ᠎ᠦ ᠠᠵᠢᠯ ᠦᠶ᠋ᠯᠡᠰ᠎ᠦᠨ ᠨᠢᠭᠡᠴᠢ᠂ ᠨᠠᠰᠤᠵᠢᠯ᠎ᠤᠨ ᠠᠰᠠᠷᠠᠮᠵᠢ᠎ᠶ᠋ᠢᠨ ᠪᠠᠢᠭᠤᠯᠤᠮᠵᠢ᠂ ᠨᠡᠢᠭᠡᠮ᠎ᠦᠨ ᠵᠣᠬᠢᠶᠠᠨ ᠪᠠᠢᠭᠤᠯᠤᠯᠲᠠ ᠪᠣᠯᠤᠨ ᠥᠷᠭᠡᠨ ᠣᠯᠠᠨ ᠺᠠᠳ᠋ᠷ ᠣᠯᠠᠨ ᠲᠦᠮᠡᠨ᠎ᠢ ᠤᠷᠢᠶᠠᠯᠠᠨ ᠲᠠᠷᠢᠶᠠᠯᠠᠩ᠎ᠤᠨ ᠪᠦᠲᠦᠭᠡᠭ᠌ᠳᠡᠬᠦᠨ᠎ᠢ ᠢᠳᠡᠪᠬᠢᠲᠡᠶ ᠬᠤᠳᠠᠯᠳᠤᠨ ᠠᠪᠴᠤ᠌᠂ ᠪᠥᠬᠥ᠌ ᠬᠣᠲᠠ᠎ᠳᠤ ᠲᠠᠷᠢᠶᠠᠴᠢᠳ᠎ᠢ ᠲᠤᠰᠠᠯᠠᠬᠤ ᠬᠠᠯᠠᠭᠤᠨ ᠥᠷᠨᠢᠯᠲᠡ ᠭᠠᠷᠭᠠᠵᠤ᠂ ᠲᠣᠰᠭᠣᠨ᠎ᠤ ᠠᠷᠠᠳ᠎ᠤᠨ ᠮᠠᠭ᠍ᠲᠠᠭᠠᠯ ᠰᠠᠢᠱᠢᠶᠠᠯ ᠪᠠ ᠲᠠᠯᠠᠷᠬᠠᠯ᠎ᠢ ᠤᠯᠪᠠ᠃ ᠪᠤᠭᠤᠲᠤ᠎ᠶ᠋ᠢᠨ ᠠᠯᠪᠠᠨ ᠵᠢᠷᠤᠮ᠎ᠤᠨ ᠠᠵᠢᠯᠴᠢᠨ᠎ᠤ ᠨᠡᠢᠲᠡ᠎ᠶ᠋ᠢᠨ ᠠᠰᠠᠷᠠᠮᠵᠢ᠎ᠶ᠋ᠢᠨ ᠨᠡᠢᠭᠡᠮᠯᠢᠭ ᠵᠡᠷᠭᠡ ᠬᠠᠢᠷ᠎ᠠ ᠬᠠᠯᠠᠮᠵᠢ᠎ᠶ᠋ᠢᠨ ᠪᠠᠢᠭᠤᠯᠤᠮᠵᠢ ᠪᠣᠯᠤᠨ ᠣᠯᠠᠨ ᠬᠠᠢᠷ᠎ᠠ ᠬᠠᠯᠠᠮᠵᠢ᠎ᠶ᠋ᠢᠨ ᠠᠵᠤ ᠠᠬᠤᠢᠯᠠᠯ ᠴᠤ᠌ ᠬᠣᠲᠠ᠎ᠶ᠋ᠢᠨ ᠠᠷᠠᠳ᠎ᠤᠨ ᠶᠠᠪᠤᠳᠠᠯ᠎ᠤᠨ ᠲᠣᠪᠴᠢᠶ᠎ᠠ᠎ᠶ᠋ᠢᠨ ᠲᠠᠷᠢᠶᠠᠴᠢᠳ᠎ᠢ ᠲᠤᠰᠠᠯᠠᠬᠤ ᠰᠠᠨᠠᠭᠠᠴᠢᠯᠠᠭ᠎ᠠ᠎ᠶ᠋ᠢᠨ ᠪᠢᠴᠢᠭ᠎ᠢ ᠢᠳᠡᠪᠬᠢᠲᠡᠶ ᠴᠤᠤᠷᠢᠶᠠᠲᠤᠨ ᠳᠠᠭᠠᠵᠤ᠂ ᠬᠠᠢᠷ᠎ᠠ ᠬᠠᠯᠠᠮᠵᠢᠯᠠᠯ᠎ᠤᠨ ᠪᠤᠤᠬᠢᠶ᠎ᠠ ᠳᠠᠮᠵᠢᠭᠤᠯᠤᠨ᠂ ᠴᠠᠭᠠᠨ ᠨᠣᠭᠣᠭ᠎ᠠ ᠵᠡᠷᠭᠡ ᠪᠣᠷᠣᠯᠠᠭᠤᠯᠭ᠎ᠠ ᠮᠠᠭᠤᠲᠠᠶ ᠲᠠᠷᠢᠶᠠᠯᠠᠩ᠎ᠤᠨ ᠪᠦᠲᠦᠭᠡᠭ᠌ᠳᠡᠬᠦᠨ᠎ᠢ ᠢᠳᠡᠪᠬᠢᠲᠡᠶ ᠬᠤᠳᠠᠯᠳᠤᠨ ᠠᠪᠴᠤ᠌᠂ ᠬᠢᠵᠢᠭ᠎ᠦᠨ ᠪᠠᠢᠳᠠᠯ᠎ᠤᠨ ᠨᠥᠯᠥᠭᠡ᠎ᠡᠴᠡ ᠪᠣᠯᠵᠣ ᠢᠳᠡᠱᠢᠨ ᠨᠣᠭᠣᠭ᠎ᠠ ᠬᠤᠳᠠᠯᠳᠤᠨ ᠠᠪᠬᠤ᠎ᠳᠤ ᠳᠥᠭᠥᠮ ᠦᠭᠡᠢ ᠪᠠᠢᠬᠰᠠᠨ ᠵᠡᠭᠡᠯᠢ ᠭᠤᠳᠤᠮᠵᠢ ᠨᠡᠢᠭᠡᠮ ᠲᠣᠭᠣᠷᠢᠭ ᠨᠠᠰᠤᠵᠢᠯ᠎ᠤᠨ ᠠᠰᠠᠷᠠᠮᠵᠢ ᠪᠠ ᠪᠠᠲᠤᠯᠠᠭ᠎ᠠ᠎ᠶ᠋ᠢᠨ ᠪᠠᠢᠭᠤᠯᠤᠮᠵᠢ᠎ᠳᠤ ᠦᠨ᠎ᠡ ᠲᠥᠯᠥᠪᠦᠷᠢ ᠥᠬᠡᠶ᠎ᠪᠡᠷ ᠬᠠᠨᠳᠢᠪᠯᠠᠪᠠ᠃ ᠣᠳᠣᠬᠠᠨ ᠪᠣᠯᠲᠠᠯ᠎ᠠ᠂ ᠲᠣᠰᠭᠣᠨ᠎ᠤ ᠠᠷᠠᠳ᠎ᠲᠤ ᠨᠢᠬᠡᠨᠳᠡ 20 ᠭᠠᠷᠤᠶ ᠲᠦᠮᠡᠨ ᠵᠢᠩ᠎ᠤᠨ ᠨᠣᠭᠣᠭ᠎ᠠ ᠪᠤᠷᠤᠯᠠᠭᠤᠯᠵᠥ ᠥᠭ᠌ᠴᠡᠶ᠃

ᠤᠯᠠᠭᠠᠨᠴᠠᠪ ᠬᠣᠲᠠ᠎ᠶ᠋ᠢᠨ ᠠᠰᠠᠷᠠᠮᠵᠢ ᠵᠢᠨ ᠱᠠᠩᠨᠠᠯᠳᠤ ᠰᠤᠭᠤᠯᠤᠭ᠎ᠠ ᠵᠢᠨ ᠳᠦᠪ᠄ ᠵᠢᠵᠢᠭᠦᠷᠯᠡᠨ ᠰᠠᠬᠢᠵᠤ ᠡᠬᠦᠷᠬᠡᠯᠡᠯ ᠡᠬᠦᠷᠬᠡᠯᠡᠵᠥ᠂ ᠬᠠᠮᠲᠤ᠎ᠪᠠᠷ ᠬᠢᠵᠢᠭ᠎ᠲᠡᠶ ᠲᠡᠮᠡᠴᠡᠨ᠎ᠡ

ᠣᠢᠷ᠎ᠠ᠎ᠳᠤ᠂ ᠤᠯᠠᠭᠠᠨᠴᠠᠪ ᠬᠣᠲᠠ᠎ᠶ᠋ᠢᠨ ᠠᠰᠠᠷᠠᠮᠵᠢ ᠵᠢᠨ ᠱᠠᠩᠨᠠᠯᠳᠤ ᠰᠤᠭᠤᠯᠤᠭ᠎ᠠ ᠵᠢᠨ ᠲᠥᠪ ᠨᠡᠢᠭᠡᠮ ᠲᠣᠭᠣᠷᠢᠭ᠎ᠤᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠳᠠᠭᠠᠭᠠᠴᠢᠯᠠᠨ ᠬᠠᠷᠢᠯᠴᠠᠬᠤ ᠬᠠᠷᠢᠭᠤᠴᠠᠯᠭ᠎ᠠ᠎ᠶ᠋ᠢ ᠪᠥᠬᠥ᠌ ᠲᠠᠯ᠎ᠠ᠎ᠪᠠᠷ ᠨᠠᠢᠳᠠᠪᠤᠷᠢᠵᠢᠭᠤᠯᠵᠤ᠂ ᠲᠥᠪ᠎ᠦᠨ ᠡᠷᠬᠢᠯᠡᠭ᠌ᠴᠢ ᠸᠧᠩ ᠿᠢ ᠬᠣᠩ ᠨᠥᠬᠥᠷ ᠲᠡᠷᠡ ᠳᠠᠷᠤᠶ᠎ᠳᠤᠨᠢ ᠨᠠᠮ᠎ᠤᠨ ᠭᠡᠱᠢᠭᠦᠨ ᠺᠠᠳ᠋ᠷ ᠠᠵᠢᠯᠲᠠᠳ ᠵᠢᠡᠨ ᠵᠣᠬᠢᠶᠠᠨ ᠪᠠᠢᠭᠤᠯᠵᠤ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠳᠤ ᠪᠥᠬᠥ᠌ ᠬᠦᠴᠦᠨ᠎ᠢᠶᠡᠷ᠎ᠢᠶᠡᠨ ᠣᠷᠣᠯᠴᠠᠪᠠ᠃ ᠳᠠᠭᠠᠭᠠᠴᠢᠯᠠᠨ ᠬᠠᠷᠢᠯᠴᠠᠬᠤ ᠰᠠᠭᠤᠭᠠᠯᠢ ᠠᠷᠠᠳ᠎ᠤᠨ ᠪᠠᠭ᠎ᠠ ᠲᠣᠭᠣᠷᠢᠭ᠎ᠤᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠲᠣᠬᠢᠷᠠᠭᠤᠯᠤᠯᠲᠠ᠎ᠶ᠋ᠢ ᠦᠨᠳᠦᠰᠦᠯᠡᠨ᠂ ᠤᠯᠠᠭᠠᠨᠴᠠᠪ ᠬᠣᠲᠠ᠎ᠶ᠋ᠢᠨ ᠠᠰᠠᠷᠠᠮᠵᠢ ᠵᠢᠨ ᠱᠠᠩᠨᠠᠯᠳᠤ ᠰᠤᠭᠤᠯᠤᠭ᠎ᠠ ᠵᠢᠨ ᠲᠥᠪ ᠵᠢᠵᠢᠭᠦᠷᠯᠡᠬᠦ᠌ ᠬᠦᠰᠦᠨᠦᠭ᠌ᠲᠦ ᠭᠠᠷᠭᠠᠵᠥ᠂ ᠡᠳᠦᠷ ᠪᠦᠷᠢ ᠪᠠᠭ᠎ᠤᠨ ᠪᠦᠷᠢᠯᠳᠦᠬᠦᠨ ᠳᠠᠭᠠᠭᠤᠯᠵᠤ᠂ 4 ᠠᠵᠢᠯᠲᠠᠨ᠎ᠲᠠᠶ ᠬᠠᠮᠳᠤ ᠳᠠᠭᠠᠭᠠᠴᠢᠯᠠᠨ ᠬᠠᠷᠢᠯᠴᠠᠬᠤ ᠰᠠᠭᠤᠭᠠᠯᠢ ᠠᠷᠠᠳ᠎ᠤᠨ ᠪᠠᠭ᠎ᠠ ᠲᠣᠭᠣᠷᠢᠭ᠎ᠲᠤ ᠭᠦᠨᠵᠡᠭᠡᠢᠷᠡᠨ᠂ 24 ᠴᠠᠭ᠎ᠤᠨ ᠵᠢᠵᠢᠭᠦᠷᠯᠡᠬᠦ᠌ ᠱᠠᠭᠠᠷᠳᠠᠯᠭ᠎ᠠ᠎ᠶ᠋ᠢ ᠨᠠᠢᠳᠠᠪᠤᠷᠢᠵᠢᠭᠤᠯᠵᠤ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠬᠠᠷᠢᠭᠤᠴᠠᠯᠭ᠎ᠠ᠎ᠶ᠋ᠢ ᠬᠤᠪᠢ ᠬᠥᠮᠦᠨ᠎ᠳᠦ ᠬᠦᠷᠲᠡᠯ᠎ᠡ ᠲᠣᠳᠣᠷᠬᠠᠢᠯᠠᠵᠤ᠂ ᠪᠣᠳᠠᠲᠠᠶ᠎ᠳᠤ ᠨᠠᠢᠳᠠᠪᠤᠷᠢᠵᠢᠭᠤᠯᠪᠠ᠃

ᠰᠡᠷᠭᠡᠢᠯᠡᠨ ᠡᠵᠡᠮᠳᠡᠬᠦ᠌ ᠠᠷᠭ᠎ᠠ ᠬᠡᠮᠵᠢᠶ᠎ᠡ᠎ᠶ᠋ᠢ ᠨᠠᠢᠳᠠᠪᠤᠷᠢᠵᠢᠭᠤᠯᠵᠤ᠂ ᠠᠵᠢᠯᠲᠠᠨ᠎ᠤ ᠬᠠᠮᠢᠶᠠᠷᠤᠯᠲᠠ᠎ᠶ᠋ᠢ ᠴᠢᠩᠭᠠᠳᠭᠠᠪᠠ᠃ ᠨᠡᠢᠭᠡᠮ ᠎ᠦᠨ ᠲᠠᠯ᠎ᠠ ᠎ᠶ᠋ᠢᠨ ᠵᠤᠬᠰᠤᠩᠭᠤᠢ ᠬᠠᠮᠢᠶᠠᠷᠤᠯᠲᠠ᠎ᠶ᠋ᠢᠨ ᠱᠠᠭᠠᠷᠳᠠᠯᠭ᠎ᠠ᠎ᠶ᠋ᠢ ᠪᠥᠬᠥ᠌ ᠲᠠᠯ᠎ᠠ᠎ᠪᠠᠷ ᠨᠠᠢᠳᠠᠪᠤᠷᠢᠵᠢᠭᠤᠯᠵᠤ᠂ ᠰᠠᠭᠤᠭᠠᠯᠢ ᠲᠣᠭᠣᠷᠢᠭ ᠵᠢᠡᠷ ᠣᠷᠣᠵᠤ ᠭᠠᠷᠬᠤ ᠬᠤᠷᠢᠭ᠎ᠠ᠎ᠶ᠋ᠢ ᠴᠢᠩᠭ᠎ᠠ ᠰᠠᠬᠢᠵᠤ᠂ ᠰᠠᠭᠤᠭᠠᠯᠢ ᠲᠣᠭᠣᠷᠢᠭ᠎ᠢᠶᠠᠷ ᠣᠷᠣᠵᠤ ᠭᠠᠷᠬᠤ ᠬᠥᠮᠦᠰ᠎ᠲᠦ ᠡᠷᠡᠭᠦᠯ ᠮᠡᠨᠳᠦ᠍᠎ᠶ᠋ᠢᠨ ᠺᠣᠳ᠋᠂ ᠠᠶᠠᠯᠠᠯ᠎ᠤᠨ ᠺᠣᠳ᠋᠎ᠢ ᠪᠠᠢᠴᠠᠭᠠᠨ ᠱᠢᠯᠭᠠᠬᠤ ᠪᠠ ᠪᠡᠶ᠎ᠡ᠎ᠶ᠋ᠢᠨ ᠬᠠᠯᠠᠭᠤᠨ᠎ᠢ ᠨᠢ ᠬᠡᠮᠵᠢᠵᠦ᠍᠂ ᠨᠡᠪᠲᠡᠷᠡᠬᠦ᠌ ᠦᠨᠡᠮᠯᠡᠯ ᠥᠬᠡᠶ ᠬᠥᠮᠦᠰ ᠪᠠ ᠲᠡᠷᠭᠡ ᠬᠥᠰᠭᠡ᠎ᠶ᠋ᠢ ᠴᠠᠭ ᠲᠤᠬᠠᠶ᠎ᠳᠤᠨᠢ ᠢᠳᠭᠠᠨ ᠪᠤᠴᠠᠭᠠᠵᠤ᠂ ᠳᠠᠩᠰᠠᠯᠠᠭᠤᠯᠤᠭ᠍ᠰᠠᠨ ᠥᠬᠡᠶ ᠰᠠᠭᠤᠭᠠᠯᠢ ᠠᠷᠠᠳ᠎ᠢ ᠬᠠᠪᠰᠤᠷᠤᠨ ᠮᠦᠩᠬᠡ ᠰᠤᠪᠠᠭ᠎ᠤᠨ ᠡᠷᠡᠭᠦᠯ ᠮᠡᠨᠳᠦ᠍᠎ᠶ᠋ᠢᠨ ᠺᠣᠳ᠋᠎ᠢ ᠳᠠᠩᠰᠠᠯᠠᠭᠤᠯᠵᠤ᠂ ᠬᠢᠵᠢᠭ᠎ᠢ ᠰᠡᠷᠭᠡᠢᠯᠡᠬᠦ᠌ ᠬᠥᠮᠦᠰ᠎ᠢ ᠬᠠᠪᠰᠤᠷᠤᠨ ᠡᠳᠦᠷ ᠳᠤᠳᠤᠮ᠎ᠤᠨ ᠪᠥᠭᠡᠮ ᠬᠦᠴᠢᠯ᠎ᠦᠨ ᠪᠠᠢᠴᠠᠭᠠᠯᠳᠠ ᠵᠢᠨ ᠠᠵᠢᠯ᠎ᠢ ᠥᠷᠨᠢᠭᠦᠯᠵᠦ᠍᠂ ᠰᠠᠭᠤᠭᠠᠯᠢ ᠠᠷᠠᠳ᠎ᠤᠨ ᠭᠠᠳᠠᠭ᠍ᠰᠢ ᠭᠠᠷᠬᠤ ᠥᠬᠡᠶ ᠪᠠᠢᠬᠤ᠎ᠶ᠋ᠢ ᠢᠳᠭᠠᠨ᠂ ᠠᠮᠠᠪᠴᠢ ᠵᠡᠭᠦᠭ᠌ᠰᠡᠨ ᠥᠬᠡᠶ ᠬᠥᠮᠦᠰ᠎ᠢ ᠴᠠᠭ ᠲᠤᠬᠠᠶ᠎ᠳᠤᠨᠢ ᠠᠮᠠᠪᠴᠢ ᠵᠡᠭᠦᠬᠦ᠌ ᠬᠡᠷᠡᠭ᠌ᠲᠡᠶ ᠭᠡᠵᠦ᠍ ᠰᠠᠨᠠᠭᠤᠯᠪᠠ᠃ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠡᠴᠦᠰ᠎ᠦᠨ ᠰᠡᠷᠭᠡᠢᠯᠡᠯᠲᠡ᠎ᠶ᠋ᠢᠨ ᠱᠤᠭᠤᠮ᠎ᠢ ᠦᠨᠡᠨ ᠬᠦ᠌ ᠰᠠᠬᠢᠪᠠ᠃ ᠨᠡᠢᠭᠡᠮ ᠲᠣᠭᠣᠷᠢᠭ᠎ᠲᠠᠶ ᠬᠠᠮᠲᠤ᠎ᠪᠠᠷ ᠬᠣᠯᠪᠣᠭᠠᠯᠠᠨ ᠰᠡᠷᠭᠡᠢᠯᠡᠵᠦ᠍ ᠬᠣᠯᠪᠣᠭᠠᠯᠠᠨ ᠡᠵᠡᠮᠳᠡᠬᠦ᠌᠂ ᠤᠯᠠᠨ᠎ᠢᠶᠠᠷ᠎ᠢᠶᠠᠨ ᠰᠡᠷᠭᠡᠢᠯᠡᠵᠦ᠍ ᠤᠯᠠᠨ᠎ᠢᠶᠠᠷ᠎ᠢᠶᠠᠨ ᠡᠵᠡᠮᠳᠡᠬᠦ᠌ ᠬᠦᠴᠦᠷᠬᠡᠭ ᠶᠡᠬᠡ ᠬᠠᠮᠲᠤᠷᠠᠯ ᠬᠦᠴᠦᠨ᠎ᠢ ᠪᠦᠷᠢᠯᠳᠦᠭᠦᠯᠵᠦ᠍᠂ ᠰᠠᠭᠤᠭᠠᠯᠢ ᠠᠷᠠᠳ᠎ᠤᠨ ᠲᠣᠭᠣᠷᠢᠭ᠎ᠤᠨ ᠤᠯᠠᠨ ᠲᠦᠮᠡᠨ᠎ᠲᠡᠶ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ᠂ ᠴᠠᠭ᠎ᠤᠨ ᠪᠡᠷᠬᠡ᠎ᠶ᠋ᠢ ᠬᠠᠮᠲᠤ᠎ᠪᠠᠷ ᠲᠤᠭᠤᠯᠤᠨ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠬᠣᠷᠢᠭ᠍ᠯᠠᠯᠲᠠ᠎ᠶ᠋ᠢᠨ ᠳᠠᠢᠯᠠᠯᠳᠤᠭᠠᠨ᠎ᠤ ᠢᠯᠠᠯᠲᠠ᠎ᠶ᠋ᠢ ᠪᠦᠬᠦ᠌ ᠬᠦᠴᠦ᠍᠎ᠪᠡᠷ᠎ᠢᠶᠡᠨ ᠣᠯᠵᠤ᠂ ᠨᠡᠢᠭᠡᠮ ᠲᠣᠭᠣᠷᠢᠭ᠎ᠤᠨ 《ᠬᠢᠵᠢᠭ》ᠲᠠᠢ ᠲᠡᠮᠡᠴᠡᠬᠦ᠌ ᠰᠡᠷᠭᠡᠢᠯᠡᠯᠲᠡ᠎ᠶ᠋ᠢᠨ ᠱᠤᠭᠤᠮ᠎ᠢ ᠪᠠᠲᠤ ᠴᠣᠭ᠍ᠴᠠᠯᠠᠬᠤ᠎ᠳᠤ ᠴᠢᠬᠤᠯᠠ ᠬᠤᠪᠢ ᠨᠡᠮᠡᠷᠢ ᠦᠵᠡᠭᠦᠯᠵᠡᠢ᠃

ᠪᠠᠶᠠᠨᠨᠠᠭᠤᠷ ᠬᠤᠳᠠ᠎ᠶ᠋ᠢᠨ ᠠᠰᠠᠷᠠᠮᠵᠢ ᠵᠢᠨ ᠱᠠᠩᠨᠠᠯᠳᠤ ᠰᠤᠭᠤᠯᠤᠭ᠎ᠠ ᠵᠢᠨ ᠳᠦᠪ᠄ ᠰᠡᠳᠭᠢᠯ ᠨᠢᠭᠡᠳᠦᠨ ᠬᠢᠵᠢᠭ᠎ᠲᠡᠶ ᠲᠡᠮᠡᠴᠡᠵᠦ᠍᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌᠎ᠳᠦ ᠬᠦᠴᠦᠨ ᠨᠡᠮᠡᠷᠢᠯᠡᠨ᠎ᠡ

10 ᠰᠠᠷ᠎ᠠ᠎ᠶ᠋ᠢᠨ 24 ᠎ᠤ᠋ ᠡᠳᠦᠷ ᠵᠤᠬᠰᠤᠩᠭᠤᠢ ᠬᠠᠮᠢᠶᠠᠷᠤᠯᠳᠠ ᠬᠢᠭᠰᠡᠨ ᠡᠴᠡ ᠨᠠᠭᠠᠰᠢ᠂ ᠪᠠᠶᠠᠨᠨᠠᠭᠤᠷ ᠬᠣᠲᠠ᠎ᠶ᠋ᠢᠨ ᠯᠢᠨ ᠾᠧ ᠲᠣᠭᠣᠷᠢᠭ᠎ᠤᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠᠢᠳᠠᠯ ᠬᠦᠨᠳᠦ ᠨᠣᠴᠢᠲᠠᠶ ᠪᠣᠯᠪᠠ᠃ ᠨᠠᠮ᠎ᠤᠨ ᠡᠭᠦᠷ᠎ᠦᠨ ᠨᠠᠮ᠎ᠤᠨ ᠭᠡᠱᠢᠭᠦᠨ᠎ᠦ ᠬᠣᠱᠢᠭᠤᠴᠢ ᠵᠢᠱ᠌ᠢᠶᠡᠴᠢ ᠦᠶ᠋ᠯᠡᠳᠦᠯ᠎ᠢ ᠪᠠᠳᠠᠷᠠᠭᠤᠯᠵᠤ᠂ ᠳᠠᠭᠠᠭᠠᠴᠢᠯᠠᠨ ᠬᠠᠷᠢᠯᠴᠠᠬᠤ ᠨᠡᠢᠭᠡᠮ ᠲᠣᠭᠣᠷᠢᠭ᠎ᠤᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ ᠥᠷᠨᠢᠭᠦᠯᠬᠦ᠌᠎ᠳᠦ ᠬᠦᠴᠦᠨ ᠨᠡᠮᠡᠷᠢᠯᠡᠬᠦ᠌᠎ᠶ᠋ᠢᠨ ᠲᠥᠯᠥᠭᠡ᠂ ᠪᠠᠶᠠᠨᠨᠠᠭᠤᠷ ᠬᠣᠲᠠ᠎ᠶ᠋ᠢᠨ ᠠᠰᠠᠷᠠᠮᠵᠢ ᠵᠢᠨ ᠱᠠᠩᠨᠠᠯᠳᠤ ᠰᠤᠭᠤᠯᠤᠭ᠎ᠠ ᠵᠢᠨ ᠲᠥᠪ᠎ᠦᠨ ᠨᠠᠮ᠎ᠤᠨ ᠭᠡᠱᠢᠭᠦᠨ ᠺᠠᠳ᠋ᠷᠴᠤᠳ ᠤᠷᠢᠶᠠᠯᠠᠭ᠎ᠠ᠎ᠶ᠋ᠢ ᠴᠤᠤᠷᠢᠶᠠᠲᠤᠨ ᠳᠠᠭᠠᠵᠤ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠡᠮᠦᠨ᠎ᠡ ᠹᠷᠣᠨᠲ᠎ᠲᠤ ᠢᠳᠡᠪᠬᠢᠲᠡᠶ ᠣᠷᠣᠯᠴᠠᠵᠤ ᠂ ᠣᠳᠣᠬᠠᠨ᠎ᠤ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠡᠨᠡ ᠬᠦ᠌ ᠬᠠᠲᠠᠭᠤ ᠳᠠᠢᠯᠠᠯᠳᠤᠭᠠᠨ᠎ᠤ ᠢᠯᠠᠯᠲᠠ᠎ᠶ᠋ᠢ ᠡᠷᠡᠰ ᠲᠡᠮᠡᠴᠡᠨ ᠤᠯᠬᠤ᠎ᠶ᠋ᠢ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠪᠣᠳᠠᠲᠠᠶ ᠦᠶ᠋ᠯᠡᠳᠦᠯᠭᠡ ᠪᠣᠯᠭᠠᠪᠠ᠃

ᠪᠠᠶᠠᠨᠨᠠᠭᠤᠷ ᠬᠣᠲᠠ᠎ᠶ᠋ᠢᠨ ᠠᠰᠠᠷᠠᠮᠵᠢ ᠵᠢᠨ ᠱᠠᠩᠨᠠᠯᠳᠤ ᠰᠤᠭᠤᠯᠤᠭ᠎ᠠ ᠵᠢᠨ ᠲᠥᠪ᠎ᠦᠨ ᠨᠠᠮ᠎ᠤᠨ ᠭᠡᠱᠢᠭᠦᠨ ᠺᠠᠳ᠋ᠷᠴᠤᠳ ᠲᠣᠰ ᠪᠡᠶ᠎ᠡ᠎ᠶ᠋ᠢᠨ ᠬᠠᠮᠠᠭᠠᠯᠠᠯᠲᠠ᠎ᠪᠠᠨ ᠰᠠᠢᠲᠤᠷ ᠬᠢᠭ᠌ᠰᠡᠨ ᠤᠷᠢᠲᠠᠯ ᠳᠤᠤᠷ᠎ᠠ᠂ ᠨᠡᠢᠭᠡᠮ ᠲᠣᠭᠣᠷᠢᠭ᠎ᠤᠨ ᠰᠠᠭᠤᠭᠠᠯᠢ ᠠᠷᠠᠳ᠎ᠢ ᠬᠠᠪᠰᠤᠷᠤᠨ ᠪᠥᠭᠡᠮ ᠬᠦᠴᠢᠯ᠎ᠦᠨ ᠪᠠᠢᠴᠠᠭᠠᠯᠲᠠ᠎ᠶ᠋ᠢᠨ ᠤᠷᠢᠳᠴᠢᠯᠠᠨ ᠳᠠᠩᠰᠠᠯᠠᠬᠤ ᠺᠣᠳ᠋᠎ᠢ ᠲᠠᠭ᠍ᠯᠠᠵᠤ᠂ ᠪᠥᠭᠡᠮ ᠬᠦᠴᠢᠯ᠎ᠦᠨ ᠪᠠᠢᠴᠠᠭᠠᠯᠲᠠ ᠬᠢᠬᠦ ᠵᠡᠷᠭᠡ᠎ᠶ᠋ᠢ ᠵᠢᠭᠠᠨ ᠵᠢᠯᠣᠭᠣᠳᠪᠠ᠃ ᠡᠭᠦᠨ᠎ᠦ ᠬᠠᠮᠲᠤ᠂ ᠪᠠᠶᠠᠨᠨᠠᠭᠤᠷ ᠬᠣᠲᠠ᠎ᠶ᠋ᠢᠨ ᠬᠡᠰᠡᠭ ᠲᠦᠭ᠌ᠰᠢᠭᠦᠷᠢᠲᠡᠶ ᠣᠷᠣᠨ᠎ᠤ ᠬᠢᠵᠢᠭ᠎ᠲᠡᠶ ᠲᠡᠮᠡᠴᠡᠬᠦ᠌ ᠬᠦᠴᠦᠨ ᠬᠦᠷᠦᠯᠴᠡᠬᠦ᠌ ᠥᠬᠡᠶ ᠪᠠᠢᠬᠤ ᠠᠰᠠᠭᠤᠳᠠᠯ᠎ᠳᠤ ᠴᠢᠭ᠌ᠯᠡᠭᠦᠯᠦᠨ᠂ ᠳᠤᠰ ᠳᠦᠪ᠎ᠤᠨ ᠠᠵᠢᠯᠳᠠᠨ ᠬᠣᠲᠠ᠎ᠶ᠋ᠢᠨ ᠠᠷᠠᠳ᠎ᠤᠨ ᠶᠠᠪᠤᠳᠠᠯ᠎ᠤᠨ ᠲᠣᠪᠴᠢᠶ᠎ᠠ᠎ᠶ᠋ᠢᠨ ᠨᠠᠮ᠎ᠤᠨ ᠭᠡᠱᠢᠭᠦᠨ᠎ᠦ ᠬᠣᠱᠢᠭᠤᠴᠢ ᠠᠩᠭᠢ᠎ᠳᠤ ᠢᠳᠡᠪᠬᠢᠲᠡᠶ ᠣᠷᠣᠯᠴᠠᠵᠤ᠂ ᠵᠢᠨ ᠴᠢᠦ ᠬᠤᠸᠠ ᠴᠧᠩ B ᠲᠣᠭᠣᠷᠢᠭ ᠵᠡᠷᠭᠡ ᠥᠨᠳᠥᠷ ᠲᠦᠭ᠌ᠰᠢᠭᠦᠷᠢᠲᠡᠶ ᠣᠷᠣᠨ᠎ᠳᠤ ᠭᠦᠨᠵᠡᠭᠡᠢᠷᠡᠨ᠂ ᠨᠡᠢᠭᠡᠮ ᠲᠣᠭᠣᠷᠢᠭ᠎ᠲᠠᠶ ᠬᠠᠮᠵᠢᠯᠴᠠᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ ᠳ᠋ᠤ ᠭᠠᠪᠰᠢᠭᠠᠢᠯᠠᠪᠠ᠃

ᠱᠢᠯᠢ᠎ᠶ᠋ᠢᠨ ᠭᠤᠤᠯ ᠠᠢᠮᠠᠭ᠎ᠤᠨ ᠠᠰᠠᠷᠠᠮᠵᠢ ᠵᠢᠨ ᠱᠠᠩᠨᠠᠯᠳᠤ ᠰᠤᠭᠤᠯᠤᠭ᠎ᠠ ᠵᠢᠨ ᠳᠦᠪ᠄ ᠰᠡᠳᠭᠢᠯ ᠳᠡᠯᠪᠢᠨ ᠦᠶ᠋ᠯᠡᠴᠢᠯᠡᠵᠦ᠍᠂ ᠰᠠᠭᠤᠭᠠᠯᠢ ᠠᠷᠠᠳ᠎ᠤᠨ ᠬᠦᠷᠢᠶᠡᠯᠡᠯ᠎ᠢ ᠤᠯᠤᠨ᠎ᠠ

ᠲᠤᠰ ᠡᠭᠡᠯᠵᠢ᠎ᠶ᠋ᠢᠨ ᠬᠢᠵᠢᠭ᠎ᠦᠨ ᠪᠠᠢᠳᠠᠯ ᠡᠬᠦᠰᠦᠭᠰᠡᠨ ᠡᠴᠡ ᠨᠠᠭᠠᠰᠢ᠂ ᠱᠢᠯᠢ᠎ᠶ᠋ᠢᠨ ᠭᠣᠣᠯ ᠠᠢᠮᠠᠭ᠎ᠤᠨ ᠠᠰᠠᠷᠠᠮᠵᠢ ᠵᠢᠨ ᠱᠠᠩᠨᠠᠯᠳᠤ ᠰᠤᠭᠤᠯᠤᠭ᠎ᠠ ᠵᠢᠨ ᠲᠥᠪ ᠳᠠᠭᠠᠭᠠᠴᠢᠯᠠᠨ ᠬᠠᠷᠢᠯᠴᠠᠬᠤ ᠱᠢᠨ ᠾᠸ ᠰᠠᠭᠤᠭᠠᠯᠢ ᠠᠷᠠᠳ᠎ᠤᠨ ᠪᠠᠭ᠎ᠠ ᠲᠣᠭᠣᠷᠢᠭ᠎ᠤᠨ ᠵᠢᠵᠢᠭᠦᠷᠯᠡᠨ ᠰᠠᠬᠢᠬᠤ ᠴᠡᠭ ᠲᠤ᠌᠂ ᠠᠰᠠᠷᠠᠮᠵᠢ ᠵᠢᠨ ᠱᠠᠩᠨᠠᠯᠳᠤ ᠰᠤᠭᠤᠯᠤᠭ᠎ᠠ ᠵᠢᠨ ᠠᠵᠢᠯᠳᠠᠳ ᠬᠠᠯᠠᠭᠤᠨ ᠰᠡᠳᠭᠢᠯᠭᠡ ᠡᠪᠤᠷᠯᠡᠨ ᠰᠠᠭᠤᠭᠠᠯᠢ ᠠᠷᠠᠳ᠎ᠤᠨ ᠲᠣᠭᠣᠷᠢᠭ᠎ᠤᠨ ᠤᠯᠠᠨ ᠲᠦᠮᠡᠨ᠎ᠳᠦ ᠦᠢᠯᠡᠴᠢᠯᠡᠵᠦ᠍᠂ ᠰᠠᠭᠤᠭᠠᠯᠢ ᠠᠷᠠᠳ᠎ᠤᠨ ᠲᠣᠭᠣᠷᠢᠭ᠎ᠤᠨ ᠰᠠᠭᠤᠭᠠᠯᠢ ᠠᠷᠠᠳ᠎ᠤᠨ ᠠᠮᠢᠳᠤᠷᠠᠯ᠎ᠤᠨ ᠬᠡᠷᠡᠭ᠌ᠴᠡᠭᠡ᠎ᠶ᠋ᠢ ᠪᠦᠬᠦ᠌ ᠬᠦᠴᠦᠨ᠎ᠢᠶᠡᠷ᠎ᠢᠶᠡᠨ ᠪᠠᠲᠤᠯᠠᠵᠤ᠂ ᠰᠠᠭᠤᠭᠠᠯᠢ ᠠᠷᠠᠳ᠎ᠤᠨ ᠠᠮᠢ ᠨᠠᠰᠤ ᠡᠷᠡᠭᠦᠯ ᠮᠡᠨᠳᠦ᠍᠎ᠶ᠋ᠢ ᠬᠠᠮᠠᠭᠠᠯᠠᠨ᠎ᠠ᠃

ᠱᠢᠨ ᠾᠧ ᠰᠠᠭᠤᠭᠠᠯᠢ ᠠᠷᠠᠳ᠎ᠤᠨ ᠪᠠᠭ᠎ᠠ ᠲᠣᠭᠣᠷᠢᠭ᠎ᠲᠤ ᠣᠲᠣ 410 ᠱᠢᠬᠠᠮ ᠰᠠᠭᠤᠭᠠᠯᠢ ᠠᠷᠠᠳ ᠪᠣᠶ᠂ ᠬᠠᠭᠤᠴᠢᠨ ᠰᠠᠭᠤᠭᠠᠯᠢ ᠠᠷᠠᠳ᠎ᠤᠨ ᠲᠣᠭᠣᠷᠢᠭ ᠪᠠᠢᠵᠥ᠂ ᠨᠠᠰᠤᠲᠠᠶ ᠬᠥᠮᠦᠨ ᠣᠯᠠᠨ ᠪᠠᠢᠳᠠᠭ ᠪᠤᠯᠬᠤᠷ᠂ ᠰᠠᠭᠤᠭᠠᠯᠢ ᠠᠷᠠᠳ᠎ᠤᠨ ᠪᠠᠭ᠎ᠠ ᠲᠣᠭᠣᠷᠢᠭ᠎ᠢ ᠪᠢᠲᠡᠭᠦᠮᠵᠢᠯᠡᠨ ᠡᠵᠡᠮᠳᠡᠬᠦ᠌ ᠴᠠᠭ ᠥᠩᠭᠡᠷᠡᠬᠦ᠌᠎ᠶ᠋ᠢ ᠳᠠᠭᠠᠯᠳᠤᠨ᠂ ᠰᠠᠭᠤᠭᠠᠯᠢ ᠠᠷᠠᠳ᠎ᠲᠤ ᠡᠮ᠎ᠦᠨ ᠵᠦᠶ᠋ᠯ ᠳᠤᠲᠠᠭ᠍ᠳᠠᠬᠤ᠂ ᠨᠠᠰᠤᠲᠠᠶ ᠬᠥᠮᠦᠨ ᠡᠪᠡᠳᠴᠢᠨ ᠦᠵᠡᠭᠦᠯᠬᠦ᠌᠂ ᠵᠢᠷᠮᠦᠰᠦᠨ ᠡᠮᠡᠭ᠌ᠲᠡᠶ ᠬᠥᠩᠭᠡᠵᠢᠵᠦ᠍ ᠪᠠᠢᠴᠠᠭᠠᠬᠤ᠂ ᠨᠠᠰᠤᠲᠠᠶ ᠬᠥᠮᠦᠨ ᠵᠣᠭᠣᠰ ᠭᠠᠷᠭᠠᠨ ᠠᠪᠬᠤ᠂ ᠨᠡᠭᠦᠷᠡᠰᠦᠨ ᠬᠡᠶ᠎ᠶ᠋ᠢᠨ ᠰᠠᠪᠠ ᠬᠦᠷᠭᠡᠬᠦ᠌᠂ ᠠᠮᠢᠳᠤᠷᠠᠯ᠎ᠤᠨ ᠡᠳ᠋ ᠪᠣᠳᠠᠰ ᠳᠠᠮᠵᠢᠭᠤᠯᠤᠨ ᠲᠡᠭᠡᠭᠡᠪᠦᠷᠢᠯᠡᠬᠦ᠌ ᠵᠡᠷᠭᠡ ᠠᠳᠠᠯᠢ ᠪᠤᠰᠤ ᠬᠡᠮᠵᠢᠶᠡᠨ᠎ᠦ ᠠᠮᠢᠳᠤᠷᠠᠯ᠎ᠤᠨ ᠬᠡᠷᠡᠭ᠌ᠴᠡᠭᠡ ᠱᠠᠭᠠᠷᠳᠠᠯᠭ᠎ᠠ ᠵᠢᠴᠢ ᠡᠳ᠋ ᠪᠣᠳᠠᠰ ᠳᠤᠲᠠᠭ᠍ᠳᠠᠵᠤ ᠪᠠᠢᠬᠤ ᠦᠵᠡᠭ᠌ᠳᠡᠯ ᠢᠯᠡᠷᠡᠪᠠ᠃ ᠰᠠᠭᠤᠭᠠᠯᠢ ᠠᠷᠠᠳ ᠵᠥᠪᠬᠡᠨ ᠨᠢᠭᠡ ᠯᠡ ᠤᠲᠠᠰᠤ ᠠᠪᠬᠤ ᠳ᠋ᠤ᠂ ᠳᠠᠭᠠᠭᠠᠴᠢᠯᠠᠨ ᠬᠠᠷᠢᠯᠴᠠᠵᠤ ᠵᠢᠵᠢᠭᠦᠷᠯᠡᠨ ᠰᠠᠬᠢᠬᠤ ᠬᠥᠮᠦᠰ ᠳᠠᠷᠤᠶ ᠰᠠᠭᠤᠭᠠᠯᠢ ᠠᠷᠠᠳ᠎ᠤᠨ ᠬᠡᠷᠡᠭ᠌ᠴᠡᠭᠡ ᠱᠠᠭᠠᠷᠳᠠᠯᠭ᠎ᠠ᠎ᠶ᠋ᠢ ᠦᠨᠳᠦᠰᠦᠯᠡᠨ ᠲᠡᠷᠡ ᠳᠠᠷᠤᠶ᠎ᠳᠤᠨᠢ ᠬᠠᠯᠠᠮᠵᠢᠯᠠᠯ ᠪᠠ ᠦᠶ᠋ᠯᠡᠴᠢᠯᠡᠭᠡ ᠬᠦᠷᠭᠡᠭᠰᠡᠨ ᠪᠠᠢᠨ᠎ᠠ᠃

ᠡᠮᠴᠢ ᠰᠤᠪᠢᠯᠠᠭ᠍ᠴᠢᠳ ᠪᠣᠯᠤᠨ ᠵᠢᠵᠢᠭᠦᠷᠯᠡᠨ ᠰᠠᠬᠢᠵᠤ ᠪᠠᠢᠭ᠎ᠠ ᠬᠥᠮᠦᠰ᠎ᠦᠨ ᠬᠥᠯᠳᠡᠵᠦ᠍ ᠪᠡᠭᠡᠷᠡᠭ᠌ᠰᠡᠨ ᠬᠣᠶᠠᠷ ᠭᠠᠷ᠎ᠢ ᠦᠵᠡᠭᠡᠳ᠂ ᠱᠢᠨ ᠾᠧ ᠰᠠᠭᠤᠭᠠᠯᠢ ᠠᠷᠠᠳ᠎ᠤᠨ ᠪᠠᠭ᠎ᠠ ᠲᠣᠭᠣᠷᠢᠭ᠎ᠤᠨ ᠰᠠᠭᠤᠭᠠᠯᠢ ᠠᠷᠠᠳ ᠯᠣᠩᠬᠣᠨ ᠳ᠋ᠠᠭᠠᠨ ᠬᠠᠯᠠᠭᠤᠨ ᠤᠰᠤ ᠬᠢᠵᠥ ᠪᠥᠭᠡᠮ ᠬᠦᠴᠢᠯ᠎ᠦᠨ ᠥᠯᠢᠭᠡᠷ ᠠᠪᠬᠤ ᠲᠠᠢᠰᠠᠨ᠎ᠳᠤ ᠬᠦᠷᠭᠡᠵᠦ᠍᠂ ᠡᠮᠴᠢ ᠰᠤᠪᠢᠯᠠᠭ᠍ᠴᠢᠳ ᠪᠣᠯᠤᠨ ᠵᠢᠵᠢᠭᠦᠷᠯᠡᠨ ᠰᠠᠬᠢᠵᠤ ᠪᠠᠢᠭ᠎ᠠ ᠬᠥᠮᠦᠰ᠎ᠲᠦ ᠬᠠᠯᠠᠭᠤᠨ ᠳᠤᠯᠠᠭᠠᠨ᠎ᠢ ᠳᠠᠮᠵᠢᠭᠤᠯᠵᠤ᠂ ᠬᠠᠢᠷ᠎ᠠ ᠬᠠᠯᠠᠮᠵᠢ᠎ᠬᠦᠷᠬᠡᠪᠡ᠃ ᠡᠨᠡ ᠵᠢᠵᠢᠭ ᠶᠠᠪᠤᠳᠠᠯ ᠨᠢ ᠬᠠᠢᠷ᠎ᠠ ᠬᠠᠯᠠᠮᠵᠢ ᠵᠢᠨ ᠪᠤᠤᠬᠢᠶ᠎ᠠ ᠪᠣᠯᠬᠤ᠎ᠪᠠᠷ ᠪᠠᠷᠠᠬᠤ ᠥᠬᠡᠶ ᠨᠠᠩ ᠴᠤ᠌ ᠬᠢᠵᠢᠭ᠎ᠢ ᠢᠯᠡᠨ ᠳᠠᠪᠠᠬᠤ ᠡᠷᠡᠰ ᠵᠣᠷᠢᠭ ᠪᠠ ᠢᠲᠡᠭᠡᠯ ᠵᠣᠷᠢᠭ ᠮᠥᠨ ᠪᠠᠢᠵᠥ᠂ ᠱᠢᠯᠢ᠎ᠶ᠋ᠢᠨ ᠭᠤᠤᠯ ᠠᠢᠮᠠᠭ᠎ᠤᠨ ᠠᠰᠠᠷᠠᠮᠵᠢ ᠵᠢᠨ ᠱᠠᠩᠨᠠᠯᠳᠤ ᠰᠤᠭᠤᠯᠤᠭ᠎ᠠ ᠵᠢᠨ ᠪᠥᠬᠥ᠌ ᠠᠵᠢᠯᠲᠠᠳ᠎ᠤᠨ ᠬᠢᠵᠢᠭ᠎ᠤᠨ ᠪᠠᠢᠳᠠᠯ᠎ᠢ ᠰᠡᠷᠭᠡᠢᠯᠡᠬᠦ᠌ ᠡᠮᠦᠨ᠎ᠡ ᠹᠷᠣᠨᠲ᠎ᠢ ᠪᠠᠲᠤ ᠰᠠᠬᠢᠵᠤ᠂ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠬᠣᠷᠢᠭ᠍ᠯᠠᠯᠲᠠ᠎ᠶ᠋ᠢᠨ ᠳᠠᠢᠯᠠᠯᠳᠤᠭᠠᠨ᠎ᠤ ᠢᠯᠠᠯᠲᠠ᠎ᠶ᠋ᠢ ᠤᠯᠬᠤ᠎ᠳᠤ ᠠᠰᠠᠷᠠᠮᠵᠢ ᠵᠢᠨ ᠱᠠᠩᠨᠠᠯᠳᠤ ᠰᠤᠭᠤᠯᠤᠭ᠎ᠠ ᠵᠢᠨ ᠬᠢᠨ᠎ᠤ ᠬᠦᠴᠦᠨ ᠴᠢᠳᠠᠯ᠎ᠢᠶᠠᠨ ᠡᠷᠭᠦᠬᠦ᠌᠎ᠶ᠋ᠢ ᠵᠣᠷᠢᠭ᠍ᠵᠢᠭᠤᠯᠤᠬᠰᠠᠨ ᠪᠠᠢᠨ᠎ᠠ᠃

ᠦᠬ᠍ᠠᠢ ᠬᠣᠲᠠ᠎ᠶ᠋ᠢᠨ ᠠᠰᠠᠷᠠᠮᠵᠢ ᠵᠢᠨ ᠱᠠᠩᠨᠠᠯᠳᠤ ᠰᠤᠭᠤᠯᠤᠭ᠎ᠠ᠄ ᠥᠮᠴᠢᠲᠡᠨ ᠢᠳᠡᠪᠬᠢᠲᠡᠶ ᠠᠵᠢᠯᠯᠠᠵᠥ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌᠎ᠳᠦ ᠣᠷᠣᠯᠴᠠᠨ᠎ᠠ

ᠭᠡᠨᠡᠳᠲᠡ ᠡᠭᠦᠰᠦᠭ᠌ᠰᠡᠨ ᠬᠢᠵᠢᠭ ᠤ᠋ᠨ ᠪᠠᠢᠳᠠᠯ ᠨᠢ ᠦᠬ᠍ᠠᠶ ᠬᠣᠲᠠ ᠎ᠶ᠋ᠢᠨ ᠬᠢᠨ ᠢ᠋ 《ᠲᠦᠷ ᠵᠣᠭ᠍ᠰᠣᠭᠠᠬᠤ ᠳᠠᠷᠤᠪᠴᠢ》ᠶ᠋ᠢ ᠳᠠᠷᠤᠭᠤᠯᠪᠠ᠃ ᠵᠤᠬᠰᠤᠩᠭᠤᠢ ᠬᠠᠮᠢᠶᠠᠷᠤᠯᠲᠠ᠎ᠶ᠋ᠢᠨ ᠬᠤᠭᠤᠴᠠᠭᠠᠨ᠎ᠳᠤ ᠂ ᠦᠬ᠍ᠠᠶ ᠬᠣᠲᠠ᠎ᠶ᠋ᠢᠨ ᠠᠰᠠᠷᠠᠮᠵᠢ᠎ᠶ᠋ᠢᠨ ᠱᠠᠩᠨᠠᠯᠲᠤ ᠰᠤᠭᠤᠯᠤᠭ᠎ᠠ᠎ᠶ᠋ᠢᠨ ᠪᠣᠷᠣᠯᠠᠭᠤᠯᠭ᠎ᠠ᠎ᠶ᠋ᠢᠨ ᠡᠮᠤᠨ᠎ᠡ ᠹᠷᠣᠨᠲ᠎ᠤᠨ ᠥᠮᠴᠢᠲᠡᠨ ᠦᠬ᠍ᠠᠶ ᠬᠣᠲᠠ᠎ᠶ᠋ᠢᠨ ᠠᠰᠠᠷᠠᠮᠵᠢ᠎ᠶ᠋ᠢᠨ ᠱᠠᠩᠨᠠᠯᠲᠤ ᠰᠤᠭᠤᠯᠤᠭ᠎ᠠ᠎ᠶ᠋ᠢᠨ ᠲᠥᠪ᠎ᠦᠨ ᠳᠠᠭᠠᠭᠤᠯᠭ᠎ᠠ ᠳᠤᠤᠷ᠎ᠠ ᠡᠨᠡ ᠬᠦ᠌《ᠬᠢᠵᠢᠭ᠎ᠲᠡᠶ ᠲᠡᠮᠡᠴᠡᠬᠦ᠌》ᠳᠠᠢᠯᠠᠯᠳᠤᠭᠠᠨ᠎ᠳᠤ ᠢᠳᠡᠪᠬᠢᠳᠡᠢ ᠣᠷᠣᠯᠴᠠᠵᠤ᠂ ᠪᠣᠳᠠᠲᠤ ᠠᠵᠢᠯᠯᠠᠭ᠎ᠠ ᠪᠠᠷ᠎ᠢᠶᠠᠨ ᠠᠰᠠᠷᠠᠮᠵᠢ᠎ᠶ᠋ᠢᠨ ᠱᠠᠩᠨᠠᠯᠲᠤ ᠰᠤᠭᠤᠯᠤᠭ᠎ᠠ᠎ᠶ᠋ᠢᠨ ᠢᠳᠡᠪᠬᠢ ᠬᠦᠴᠦᠨ᠎ᠢ ᠳᠠᠮᠵᠢᠭᠤᠯᠪᠠ᠃

ᠦᠬ᠍ᠠᠶ ᠬᠣᠲᠠ᠎ᠶ᠋ᠢᠨ ᠬᠠᠲᠤᠨ ᠭᠤᠤᠯ᠎ᠤᠨ ᠪᠠᠷᠠᠭᠤᠨ ᠵᠡᠭᠡᠯᠢ᠎ᠶ᠋ᠢᠨ ᠵᠢᠨ ᠱᠢᠨ ᠶᠤᠸᠠᠨ ᠰᠠᠭᠤᠭᠠᠯᠢ ᠠᠷᠠᠳ᠎ᠤᠨ ᠪᠠᠭ᠎ᠠ ᠲᠣᠭᠣᠷᠢᠭ᠎ᠤᠨ ᠭᠠᠳᠠᠭᠤᠷᠬᠢ 15030278 ᠪᠣᠷᠣᠯᠠᠭᠤᠯᠬᠤ ᠥᠷᠲᠡᠭᠡ᠎ᠶ᠋ᠢᠨ ᠥᠮᠴᠢᠲᠡᠨ ᠭᠦᠸᠧ ᠳ᠋ᠦᠩ ᠵᠢᠤᠸᠠᠨ ᠪᠣᠯ ᠳᠠᠷᠤᠶ ᠲᠡᠭᠦᠨ᠎ᠦ ᠳᠣᠲᠣᠷᠠᠬᠢ ᠨᠢᠭᠡ ᠨᠢ ᠪᠣᠯᠤᠨ᠎ᠠ᠃ ᠲᠤᠰ ᠡᠭᠡᠯᠵᠢ᠎ᠶ᠋ᠢᠨ ᠬᠢᠵᠢᠭ᠎ᠦᠨ ᠪᠠᠢᠳᠠᠯ ᠡᠬᠦᠰᠦᠭᠰᠡᠨ ᠡᠴᠡ ᠨᠠᠭᠠᠰᠢ᠂ ᠲᠡᠭᠦᠨ᠎ᠦ ᠪᠠᠢᠭ᠎ᠠ ᠵᠢᠨ ᠱᠢᠨ ᠶᠤᠸᠠᠨ ᠰᠠᠭᠤᠭᠠᠯᠢ ᠠᠷᠠᠳ᠎ᠤᠨ ᠪᠠᠭ᠎ᠠ ᠲᠣᠭᠣᠷᠢᠭ᠎ᠨᠢ ᠲᠦᠭ᠌ᠰᠢᠭᠦᠷᠢ ᠰᠠᠭᠤᠭᠠᠯᠢ ᠠᠷᠠᠳ᠎ᠤᠨ ᠪᠠᠭ᠎ᠠ ᠲᠣᠭᠣᠷᠢᠭ᠎ᠲᠤ ᠬᠠᠷᠢᠶᠠᠯᠠᠭ᠍ᠳᠠᠵᠤ᠂ ᠢᠮᠠᠭ᠍ᠲᠠ ᠪᠢᠲᠡᠭᠦᠮᠵᠢᠯᠡᠨ ᠬᠠᠮᠢᠶᠠᠷᠤᠭ᠍ᠰᠠᠭᠠᠷ ᠢᠷᠡᠵᠠᠢ᠃ ᠡᠮᠤᠨ᠎ᠡ ᠹᠷᠣᠨᠲ᠎ᠤᠨ ᠬᠢᠵᠢᠭ᠎ᠲᠡᠶ ᠲᠡᠮᠡᠴᠡᠬᠦ᠌ ᠬᠥᠮᠦᠰ᠎ᠦᠨ ᠱᠢᠷᠭᠠᠭᠤ ᠴᠢᠷᠮᠠᠢᠯᠭ᠎ᠠ᠎ᠳᠤ ᠲᠡᠷᠡ ᠮᠠᠰᠢ ᠰᠡᠳᠭᠢᠯ ᠬᠥᠳᠡᠯᠵᠦ᠍᠂ ᠴᠢᠳᠠᠯ᠎ᠤᠨ ᠬᠢᠷᠢ᠎ᠪᠡᠷ᠎ᠢᠶᠡᠨ ᠬᠤᠪᠢ ᠨᠡᠮᠡᠷᠢ ᠡᠷᠬᠦᠬᠦ ᠵᠢ ᠪᠤᠳᠤᠵᠥ᠂ ᠭᠡᠷ᠎ᠦᠨ ᠬᠥᠮᠦᠰ᠎ᠲᠡᠶ᠎ᠪᠡᠨ ᠵᠥᠪᠳᠡᠯᠴᠡᠭ᠌ᠰᠡᠨ᠎ᠦ ᠳᠠᠷᠠᠭ᠎ᠠ ᠨᠡᠢᠭᠡᠮ ᠲᠣᠭᠣᠷᠢᠭ᠎ᠲᠤ 6000 ᠲᠥᠭᠥᠷᠢᠭ᠎ᠦᠨ ᠡᠳ᠋ ᠪᠣᠳᠠᠰ ᠬᠠᠨᠳᠢᠪᠯᠠᠪᠠ᠃

ᠬᠠᠢᠷᠦᠪ᠎ᠤᠨ ᠳᠤᠬᠤᠢ ᠵᠢᠨ ᠡᠮᠤᠨ᠎ᠡ ᠲᠣᠭᠣᠷᠢᠭ᠎ᠤᠨ ᠠᠨ᠎ᠲᠠᠶ ᠰᠠᠭᠤᠭᠠᠯᠢ ᠠᠷᠠᠳ᠎ᠤᠨ ᠪᠠᠭ᠎ᠠ ᠲᠣᠭᠣᠷᠢᠭ᠎ᠤᠨ ᠳ᠋ᠦᠩ ᠮᠸᠨ ᠬᠤᠳᠠᠯᠳᠤᠭᠠᠨ᠎ᠤ ᠳᠡᠯᠭᠡᠭᠦᠷ᠎ᠦᠨ 15030326 ᠪᠣᠷᠣᠯᠠᠭᠤᠯᠭ᠎ᠠ᠎ᠶ᠋ᠢᠨ ᠥᠷᠲᠡᠭᠡᠨ᠎ᠦ ᠥᠮᠴᠢᠲᠡᠨ ᠪᠠᠢ ᠠᠢ ᠮᠢᠨ᠂ ᠬᠢᠵᠢᠭ᠎ᠦᠨ ᠪᠠᠢᠳᠠᠯ ᠡᠭᠦᠰᠦᠭ᠌ᠰᠡᠨ᠎ᠦ ᠳᠠᠷᠠᠭ᠎ᠠ ᠪᠤᠳᠠᠳᠤ ᠠᠵᠢᠯᠯᠠᠭ᠎ᠠ᠎ᠪᠠᠷ᠎ᠢᠶᠠᠨ 《ᠨᠡᠢᠲᠡ᠎ᠶ᠋ᠢᠨ ᠠᠰᠠᠷᠠᠮᠵᠢ᠎ᠶ᠋ᠢᠨ ᠠᠰᠠᠷᠠᠮᠵᠢ ᠵᠢᠨ ᠱᠠᠩᠨᠠᠯᠳᠤ ᠰᠤᠭᠤᠯᠤᠭ᠎ᠠ ᠵᠢᠨ ᠦᠢᠯᠠᠭᠠᠬᠳᠠᠬᠤᠨ》᠎ᠢ ᠦᠢᠯᠡᠳᠦᠯᠭᠡᠵᠢᠭᠦᠯᠵᠦ᠍᠂ ᠪᠠᠢᠭ᠎ᠠ ᠰᠠᠭᠤᠭᠠᠯᠢ ᠠᠷᠠᠳ ᠎ᠤᠨ ᠪᠠᠭ᠎ᠠ ᠲᠣᠭᠣᠷᠢᠭ᠎ᠤᠨ᠎ᠢᠶᠠᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠳᠤ ᠰᠠᠨᠠᠭᠠᠴᠢᠯᠠᠭ᠎ᠠ ᠡᠴᠡ᠎ᠪᠠᠨ ᠣᠷᠣᠯᠴᠠᠵᠤ᠂ ᠰᠠᠭᠤᠭᠠᠯᠢ ᠠᠷᠠᠳ᠎ᠤᠨ ᠪᠠᠭ᠎ᠠ ᠲᠣᠭᠣᠷᠢᠭ᠎ᠤᠨ ᠵᠢᠵᠢᠭᠦᠷᠯᠡᠨ ᠰᠠᠬᠢᠵᠤ ᠪᠠᠢᠭ᠎ᠠ ᠬᠥᠮᠦᠰ᠎ᠢ ᠬᠠᠪᠰᠤᠷᠤᠨ ᠪᠡᠶ᠎ᠡ᠎ᠶ᠋ᠢᠨ ᠬᠠᠯᠠᠭᠤᠨ᠎ᠢ ᠬᠡᠮᠵᠢᠬᠦ᠌᠂ ᠪᠦᠷᠢᠳᠭᠡᠬᠦ᠌᠂ ᠬᠢᠵᠢᠭ᠎ᠢ ᠰᠡᠷᠭᠡᠢᠯᠡᠬᠦ᠌ ᠤᠬᠠᠭᠤᠯᠭ᠎ᠠ ᠵᠡᠷᠭᠡ ᠠᠵᠢᠯ᠎ᠢ ᠬᠢᠵᠦ᠍᠂ ᠰᠠᠭᠤᠭᠠᠯᠢ ᠠᠷᠠᠳ᠎ᠤᠨ ᠪᠠᠭ᠎ᠠ ᠲᠣᠭᠣᠷᠢᠭ᠎ᠤᠨ ᠵᠢᠵᠢᠭᠦᠷᠯᠡᠨ ᠰᠠᠬᠢᠵᠤ ᠪᠠᠢᠭ᠎ᠠ ᠬᠥᠮᠦᠰ᠎ᠦᠨ ᠠᠵᠢᠯ᠎ᠤᠨ ᠳᠠᠷᠤᠯᠲᠠ᠎ᠶ᠋ᠢ ᠬᠥᠩᠭᠡᠷᠡᠭᠦᠯᠵᠥ ᠦᠭᠪᠡ᠃

ᠬᠥᠯᠥᠨ ᠪᠣᠢᠷ ᠬᠣᠲᠠ᠎ᠶ᠋ᠢᠨ ᠠᠰᠠᠷᠠᠮᠵᠢ ᠵᠢᠨ ᠱᠠᠩᠨᠠᠯᠳᠤ ᠰᠤᠭᠤᠯᠤᠭ᠎ᠠ ᠵᠢᠨ ᠳᠦᠪ᠄ ᠬᠢᠵᠢᠭ᠎ᠤᠨ ᠪᠠᠢᠳᠠᠯ᠎ᠢ ᠪᠠᠢᠩᠭᠤᠵᠢᠭᠤᠯᠤᠨ ᠰᠡᠷᠬᠡᠢᠯᠡᠨ ᠡᠵᠡᠮᠳᠡᠵᠥ᠂ ᠰᠡᠷᠭᠡᠢᠯᠡᠯᠲᠡ᠎ᠶ᠋ᠢᠨ ᠱᠤᠭᠤᠮ᠎ᠢ ᠰᠤᠯᠠᠷᠠᠭᠤᠯᠤᠯ ᠥᠬᠡᠶ ᠪᠡᠬᠢᠵᠢᠭᠦᠯᠤᠨ᠎ᠠ

10 ᠰᠠᠷ᠎ᠠ᠎ᠶ᠋ᠢᠨ 20 ᠎ᠤ ᠡᠳᠦᠷ ᠠᠵᠢᠯ ᠦᠶ᠋ᠯᠡᠳᠪᠦᠷᠢᠯᠡᠯ᠎ᠢᠶᠡᠨ ᠰᠡᠷᠭᠦᠭᠡᠭ᠌ᠰᠡᠨ᠎ᠡᠴᠡ ᠨᠠᠭᠠᠰᠢ᠂ ᠬᠥᠯᠥᠨ ᠪᠣᠢᠷ ᠬᠣᠲᠠ᠎ᠶ᠋ᠢᠨ ᠠᠰᠠᠷᠠᠮᠵᠢ ᠵᠢᠨ ᠱᠠᠩᠨᠠᠯᠳᠤ ᠰᠤᠭᠤᠯᠤᠭ᠎ᠠ ᠵᠢᠨ ᠱᠢᠰᠲ᠋ᠧᠮ᠎ᠤᠨ ᠬᠢᠨ ᠳᠠᠷᠤᠶ ᠲᠦᠷᠭᠡᠨ ᠪᠠᠴᠢᠮ ᠶᠠᠭᠠᠷᠠᠯᠲᠠᠶ ᠪᠡᠷ ᠠᠵᠢᠯ᠎ᠳᠠᠭᠠᠨ ᠣᠷᠣᠯᠴᠠᠵᠤ᠂ ᠢᠳᠡᠪᠬᠢᠲᠡᠶ ᠪᠡᠷ ᠵᠢᠳᠬᠦᠯ ᠴᠢᠷᠮᠠᠢᠯᠭ᠎ᠠ ᠭᠠᠷᠭᠠᠵᠥ᠂ ᠣᠯᠠᠨ ᠲᠠᠯ᠎ᠠ᠎ᠪᠠᠷ ᠠᠷᠭ᠎ᠠ ᠪᠣᠳᠣᠯᠭ᠎ᠠ ᠰᠦᠪᠡᠭ᠌ᠴᠢᠯᠡᠵᠦ᠍᠂ ᠵᠠᠬ᠎ᠠ ᠳᠡᠯᠭᠡᠭᠦᠷ ᠎ᠦᠨ ᠠᠮᠢᠵᠢᠷᠠᠯ ᠎ᠤᠨ ᠬᠦᠴᠦᠨ ᠎ᠢ ᠴᠢᠷᠮᠠᠢᠨ ᠳᠡᠭᠡᠭ᠌ᠰᠢᠯᠡᠭᠦᠯᠪᠡ᠃

ᠪᠥᠬᠥ᠌ ᠬᠣᠲᠠ᠎ᠶ᠋ᠢᠨ ᠠᠰᠠᠷᠠᠮᠵᠢ᠎ᠶ᠋ᠢᠨ ᠱᠠᠩᠨᠠᠯᠲᠤ ᠰᠤᠭᠤᠯᠤᠭ᠎ᠠ ᠪᠣᠷᠣᠯᠠᠭᠤᠯᠬᠤ ᠲᠠᠯᠠᠪᠤᠷ ᠭᠠᠵᠠᠷ᠎ᠤᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠢ ᠴᠢᠩᠭ᠎ᠠ ᠰᠠᠢᠲᠤᠷ ᠠᠳᠭᠤᠬᠤ᠎ᠶ᠋ᠢᠨ ᠲᠥᠯᠥᠭᠡ᠂ ᠬᠥᠯᠥᠨ ᠪᠣᠢᠷ ᠬᠣᠲᠠ᠎ᠶ᠋ᠢᠨ ᠠᠰᠠᠷᠠᠮᠵᠢ᠎ᠶ᠋ᠢᠨ ᠱᠠᠩᠨᠠᠯᠲᠤ ᠰᠤᠭᠤᠯᠤᠭ᠎ᠠ᠎ᠶ᠋ᠢᠨ ᠲᠥᠪ 11 ᠰᠠᠷ᠎ᠠ᠎ᠶ᠋ᠢᠨ 7 ᠎ᠤ ᠡᠳᠦᠷ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠲᠣᠬᠢᠷᠠᠭᠤᠯᠤᠯᠲᠠ᠎ᠶ᠋ᠢᠨ ᠬᠤᠷᠠᠯ ᠬᠤᠷᠠᠯᠳᠤᠭᠤᠯᠵᠤ᠂ ᠳᠠᠬᠢᠨ ᠱᠠᠭᠠᠷᠳᠠᠵᠤ᠂ ᠳᠠᠬᠢᠨ ᠪᠠᠢᠷᠢᠯᠠᠭᠤᠯᠵᠤ ᠂ ᠡᠭᠦᠨ᠎ᠦ ᠬᠠᠮᠲᠤ ᠴᠠᠭ ᠲᠤᠬᠠᠶ᠎ᠳᠤᠨᠢ ᠠᠵᠢᠯ᠎ᠤᠨ ᠪᠦᠯᠬᠦᠮ ᠂ ᠵᠢᠷᠬᠢᠶ᠎ᠡ ᠵᠢᠨ ᠨᠡᠢᠲᠡ᠎ᠶ᠋ᠢᠨ ᠲᠠᠪᠴᠠᠩ ᠵᠡᠷᠭᠡ ᠠᠷᠭ᠎ᠠ ᠵᠠᠮ᠎ᠢᠶᠠᠷ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠬᠠᠮᠢᠶ᠎ᠠ ᠪᠥᠬᠥᠶ ᠮᠡᠳᠡᠭ᠌ᠳᠡᠯ᠎ᠦᠨ ᠱᠠᠭᠠᠷᠳᠠᠯᠭ᠎ᠠ᠎ᠶ᠋ᠢ ᠨᠡᠢᠲᠡᠯᠡᠬᠦ᠌᠎ᠶ᠋ᠢᠨ ᠬᠠᠮᠲᠤ᠂ ᠬᠤᠪᠢᠳᠠᠨ ᠬᠠᠮᠢᠶᠠᠷᠬᠤ ᠤᠳᠤᠷᠢᠳᠤᠯᠭ᠎ᠠ ᠲᠣᠬᠢᠷᠠᠭᠤᠯᠤᠨ ᠳᠤᠭᠤᠢᠯᠠᠩ ᠳᠠᠭᠠᠭᠤᠯᠤᠨ᠂ ᠵᠠᠬ᠎ᠠ ᠳᠡᠯᠭᠡᠭᠦᠷ᠎ᠦᠨ ᠬᠡᠯᠲᠡᠰ᠎ᠦᠨ ᠠᠵᠢᠯᠲᠠᠨ ᠪᠠ ᠵᠠᠬ᠎ᠠ ᠳᠡᠯᠭᠡᠭᠦᠷ᠎ᠦᠨ ᠬᠠᠮᠢᠶᠠᠷᠤᠭ᠍ᠴᠢ᠎ᠶ᠋ᠢ ᠳᠠᠭᠠᠭᠤᠯᠤᠨ ᠪᠠᠢᠴᠠᠭᠠᠬᠤ ᠳᠤᠭᠤᠢᠯᠠᠩ ᠪᠠᠢᠭᠤᠯᠵᠤ᠂ ᠦᠨᠳᠦᠰᠦᠨ ᠱᠠᠲᠤᠨ ᠤ᠋ ᠨᠢᠭᠡᠳᠦᠭᠡᠷ ᠹᠷᠣᠨᠲ᠎ᠲᠤ ᠭᠦᠨᠵᠡᠭᠡᠢᠷᠡᠵᠦ᠍᠂ ᠪᠣᠷᠣᠯᠠᠭᠤᠯᠭ᠎ᠠ᠎ᠶ᠋ᠢᠨ ᠲᠠᠯᠠᠪᠤᠷ ᠥᠷᠲᠡᠭᠡ᠎ᠶ᠋ᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠢ ᠱᠠᠯᠠᠪᠳᠠᠭᠤᠯᠤᠨ ᠵᠢᠯᠣᠭᠣᠳᠴᠤ᠌ ᠪᠠᠢᠴᠠᠭᠠᠪᠠ᠃

ᠪᠠᠢᠴᠠᠭᠠᠬᠤ ᠳᠤᠭᠤᠢᠯᠠᠩ ᠲᠣᠰ ᠲᠣᠰ ᠬᠠᠢᠯᠠᠷ ᠲᠣᠭᠣᠷᠢᠭ᠂ ᠬᠠᠭᠤᠴᠢᠨ ᠪᠠᠷᠭᠤ ᠬᠣᠱᠢᠭᠤ᠂ ᠡᠷᠭᠦᠨ᠎ᠡ ᠬᠣᠲᠠ᠂ ᠶᠠᠭ᠍ᠰᠢ ᠬᠣᠲᠠ᠂ ᠡᠸᠡᠩᠬᠢ ᠬᠣᠱᠢᠭᠤ ᠵᠡᠷᠭᠡ ᠭᠠᠵᠠᠷ ᠣᠷᠣᠨ᠎ᠢᠶᠠᠷ ᠲᠣᠭᠣᠷᠢᠨ ᠪᠠᠢᠴᠠᠭᠠᠵᠤ᠂ ᠪᠤᠰᠤᠳ ᠬᠣᠱᠢᠭᠤ ᠱᠢᠶᠠᠨ᠎ᠤ ᠠᠰᠠᠷᠠᠮᠵᠢ ᠵᠢᠨ ᠱᠠᠩᠨᠠᠯᠳᠤ ᠰᠤᠭᠤᠯᠤᠭ᠎ᠠ ᠪᠣᠷᠣᠯᠠᠭᠤᠯᠬᠤ ᠥᠷᠲᠡᠭᠡ᠎ᠶ᠋ᠢ ᠲᠤᠬᠠᠶ᠎ᠶ᠋ᠢᠨ ᠭᠠᠵᠠᠷ᠎ᠤᠨ ᠵᠠᠬ᠎ᠠ ᠳᠡᠯᠭᠡᠭᠦᠷ᠎ᠦᠨ ᠬᠠᠮᠢᠶᠠᠷᠤᠭ᠍ᠴᠢ ᠡᠴᠡ ᠲᠤᠬᠠᠶ᠎ᠶ᠋ᠢᠨ ᠭᠠᠵᠠᠷ᠎ᠲᠤᠨᠢ ᠪᠠᠢᠴᠠᠭᠠᠪᠠ᠃ ᠡᠬᠦᠨ᠎ᠤ ᠬᠠᠮᠳᠤ ᠵᠠᠬ᠎ᠠ ᠳᠡᠯᠭᠡᠭᠦᠷ᠎ᠦᠨ ᠬᠠᠮᠢᠶᠠᠷᠤᠭ᠍ᠴᠢ᠎ᠶ᠋ᠢᠨ ᠠᠵᠢᠯᠯᠠᠬᠤ ᠪᠦᠯᠬᠦᠮ᠂ ᠡᠯ᠎ᠡ ᠬᠡᠰᠡᠭ ᠲᠣᠭᠣᠷᠢᠭ᠎ᠤᠨ ᠥᠷᠲᠡᠭᠡ ᠴᠡᠭ᠎ᠦᠨ ᠵᠢᠷᠬᠢᠶ᠎ᠡ ᠵᠢᠨ ᠬᠠᠮᠢᠶᠠᠷᠤᠯᠲᠠ᠎ᠶ᠋ᠢᠨ ᠪᠦᠯᠬᠦᠮ ᠵᠡᠷᠭᠡ᠎ᠳᠦ ᠴᠠᠭ ᠲᠤᠬᠠᠶ᠎ᠳᠤᠨᠢ ᠬᠠᠮᠢᠶ᠎ᠠ ᠪᠥᠬᠥᠶ ᠮᠡᠳᠡᠭ᠌ᠳᠡᠯ᠎ᠦᠨ ᠱᠠᠭᠠᠷᠳᠠᠯᠭ᠎ᠠ ᠨᠡᠢᠲᠡᠯᠡᠪᠡ᠃

ᠲᠣᠰ ᠤᠳᠠᠭᠠᠨ᠎ᠤ ᠱᠠᠯᠠᠪᠳᠠᠭᠤᠯᠤᠨ ᠪᠠᠢᠴᠠᠭᠠᠯᠲᠠ᠎ᠪᠠᠷ ᠳᠡᠮᠵᠢᠭᠤᠯᠤᠨ᠂ ᠪᠣᠷᠣᠯᠠᠭᠤᠯᠤᠭ᠍ᠴᠢ᠎ᠶ᠋ᠢᠨ ᠬᠢᠵᠢᠭ᠎ᠤᠨ ᠪᠠᠢᠳᠠᠯ᠎ᠢ ᠰᠡᠷᠭᠡᠢᠯᠡᠬᠦ᠌ ᠦᠵᠡᠯ ᠤᠬᠠᠮᠰᠠᠷ᠎ᠢ ᠤᠯᠠᠮ ᠴᠢᠨᠠᠬᠰᠢᠳᠠ ᠳᠡᠭᠡᠭ᠌ᠰᠢᠯᠡᠭᠦᠯᠵᠦ᠍᠂ ᠠᠰᠠᠷᠠᠮᠵᠢ ᠵᠢᠨ ᠱᠠᠩᠨᠠᠯᠳᠤ ᠰᠤᠭᠤᠯᠤᠭ᠎ᠠ ᠪᠣᠷᠣᠯᠠᠭᠤᠯᠬᠤ ᠲᠠᠯᠠᠪᠤᠷ ᠦᠷᠳᠡᠬᠡ ᠵᠢᠨ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠢ ᠪᠥᠬᠥ᠌ ᠲᠠᠯ᠎ᠠ᠎ᠪᠠᠷ ᠨᠠᠢᠳᠠᠪᠤᠷᠢᠵᠢᠭᠤᠯᠬᠤ᠎ᠶ᠋ᠢ ᠠᠬᠢᠭᠤᠯᠵᠤ᠂ ᠱᠠᠩᠨᠠᠯᠲᠤ ᠰᠤᠭᠤᠯᠤᠭ᠎ᠠ ᠬᠤᠳᠠᠯᠳᠤᠨ ᠠᠪᠤᠭ᠍ᠴᠢᠳ᠎ᠲᠤ ᠡᠷᠡᠭᠦᠯ᠂ ᠠᠮᠤᠷ ᠲᠦᠪᠱᠢᠨ ᠱᠠᠩᠨᠠᠯᠲᠤ ᠰᠤᠭᠤᠯᠤᠭ᠎ᠠ ᠬᠤᠳᠠᠯᠳᠤᠨ ᠠᠪᠬᠤ ᠣᠷᠴᠢᠨ ᠎ᠢ ᠬᠠᠩᠭᠠᠪᠠ᠃

ᠰᠠᠷ᠎ᠠ ᠭᠠᠷᠤᠶ᠎ᠶ᠋ᠢᠨ ᠲᠤᠷᠰᠢ᠂ ᠮᠠᠨ᠎ᠤ ᠣᠷᠣᠨ᠎ᠤ ᠠᠰᠠᠷᠠᠮᠵᠢ ᠵᠢᠨ ᠱᠠᠩᠨᠠᠯᠳᠤ ᠰᠤᠭᠤᠯᠤᠭ᠎ᠠ ᠵᠢᠨ ᠠᠵᠢᠯᠳᠠᠳ ᠪᠣᠳᠠᠲᠤ ᠠᠵᠢᠯᠯᠠᠭ᠎ᠠ᠎ᠪᠠᠷ᠎ᠢᠶᠠᠨ ᠣᠯᠠᠨ ᠲᠦᠮᠡᠨ᠎ᠦ ᠥᠷᠭᠡᠨ ᠳᠡᠯᠭᠡᠷ ᠮᠠᠬᠳᠠᠭᠠᠯ ᠰᠠᠢᠰᠢᠶᠠᠯ ᠎ᠢ ᠣᠯᠵᠤ᠂ ᠠᠰᠠᠷᠠᠮᠵᠢ ᠵᠢᠨ ᠱᠠᠩᠨᠠᠯᠳᠤ ᠰᠤᠭᠤᠯᠤᠭ᠎ᠠ ᠵᠢᠨ ᠬᠢᠨ᠎ᠤ ᠡᠭᠦᠷᠭᠡ ᠬᠠᠷᠢᠭᠤᠴᠠᠯᠭ᠎ᠠ᠎ᠪᠠᠨ ᠭᠦᠶ᠋ᠴᠡᠳᠭᠡᠵᠦ᠍᠂ ᠠᠰᠠᠷᠠᠮᠵᠢ ᠵᠢᠨ ᠱᠠᠩᠨᠠᠯᠳᠤ ᠰᠤᠭᠤᠯᠤᠭ᠎ᠠ ᠵᠢᠨ ᠬᠢᠨ᠎ᠤ ᠵᠣᠷᠢᠭ ᠰᠠᠨᠠᠭ᠎ᠠ᠎ᠶ᠋ᠢ ᠢᠯᠡᠷᠡᠭᠦᠯᠦᠭ᠌ᠰᠡᠨ ᠪᠥᠭᠡᠳ ᠨᠠᠩ ᠣᠯᠠᠨ ᠬᠥᠮᠦᠰ᠎ᠲᠦ ᠠᠰᠠᠷᠠᠮᠵᠢ ᠵᠢᠨ ᠱᠠᠩᠨᠠᠯᠳᠤ ᠰᠤᠭᠤᠯᠤᠭ᠎ᠠ ᠵᠢᠨ ᠣᠢᠯᠠᠭᠠᠭ᠍ᠳᠠᠬᠤᠨ᠎ᠢ ᠣᠢᠯᠠᠭᠠᠭᠤᠯᠵᠤ᠂ ᠠᠰᠠᠷᠠᠮᠵᠢ ᠵᠢᠨ ᠱᠠᠩᠨᠠᠯᠳᠤ ᠰᠤᠭᠤᠯᠤᠭ᠎ᠠ ᠵᠢᠨ ᠨᠥᠯᠥᠭᠡᠯᠡᠬᠦ᠌ ᠬᠦᠴᠦᠨ᠎ᠢ ᠥᠷᠭᠡᠳᠭᠡᠪᠡ᠃ ᠵᠠᠯᠭᠠᠭᠠᠳ᠂ ᠮᠠᠨ᠎ᠤ ᠣᠷᠣᠨ᠎ᠤ ᠠᠰᠠᠷᠠᠮᠵᠢ ᠵᠢᠨ ᠱᠠᠩᠨᠠᠯᠳᠤ ᠰᠤᠭᠤᠯᠤᠭ᠎ᠠ ᠵᠢᠨ ᠬᠢᠨ ᠠᠷᠠᠳ ᠲᠦᠮᠡᠨ᠎ᠢ ᠳᠡᠭᠡᠳᠦᠯᠡᠬᠦ᠌᠂ ᠠᠮᠢ ᠨᠠᠰᠤ᠎ᠶ᠋ᠢ ᠳᠡᠭᠡᠳᠦᠯᠡᠬᠦ᠌ ᠣᠢᠯᠠᠭᠠᠭ᠍ᠳᠠᠬᠤᠨ᠎ᠢ ᠦᠷᠭᠦᠯᠵᠢᠯᠡᠨ ᠪᠠᠷᠢᠮᠲᠠᠯᠠᠵᠤ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠬᠣᠷᠢᠭ᠍ᠯᠠᠯᠲᠠ᠎ᠶ᠋ᠢᠨ ᠱᠤᠭᠤᠮ᠎ᠢ ᠬᠦᠴᠦᠯᠡᠨ ᠪᠡᠬᠢᠵᠢᠭᠦᠯᠵᠦ᠍᠂ ᠲᠣᠰ ᠤᠳᠠᠭ᠎ᠠ᠎ᠶ᠋ᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠬᠣᠷᠢᠭ᠍ᠯᠠᠯᠲᠠ᠎ᠶ᠋ᠢᠨ ᠳᠠᠢᠯᠠᠯᠳᠤᠭᠠᠨ᠎ᠤ ᠢᠯᠠᠯᠲᠠ᠎ᠶ᠋ᠢ ᠤᠯᠬᠤ᠎ᠳᠤ ᠠᠰᠠᠷᠠᠮᠵᠢ ᠵᠢᠨ ᠱᠠᠩᠨᠠᠯᠳᠤ ᠰᠤᠭᠤᠯᠤᠭ᠎ᠠ ᠵᠢᠨ ᠬᠢᠨ᠎ᠤ ᠬᠦᠴᠦᠨ ᠴᠢᠳᠠᠯ᠎ᠢᠶᠠᠨ ᠡᠷᠭᠦᠬᠦ ᠪᠤᠯᠤᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠴᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面