2022-11-29 22:31:04
— ᠲᠠ ᠰᠠᠢᠨ ᠤᠤ? ᠬᠣᠷᠢᠶᠠᠯᠠᠯᠳ᠋ᠤ᠌ ᠣᠷᠣᠵᠤ ᠭᠠᠷᠬᠤᠳ᠋ᠠᠭᠠᠨ ᠺᠤᠳ᠋᠎ᠢᠶᠡᠨ ᠰᠢᠷᠪᠢᠭᠡᠷᠡᠢ᠃
— ᠬᠥᠳᠡᠯᠵᠦ ᠪᠠᠷᠢᠬᠤᠳ᠋ᠤ᠌ ᠳᠥᠭᠥᠮ ᠦᠭᠡᠢ ᠨᠠᠰᠤᠲᠠᠨ ᠲᠠᠢ ᠲᠡᠷᠡ ᠠᠢᠯ ᠳ᠋ᠤ ᠪᠢᠳᠡ ᠪᠥᠭᠡᠮ ᠬᠦᠴᠢᠯ᠎ᠤᠨ ᠪᠠᠢᠴᠠᠭᠠᠯᠲᠠ ᠬᠢᠵᠦ ᠦᠭᠬᠦ ᠪᠡᠷ ᠤᠴᠢᠶ᠎ᠠ᠃
— ᠪᠢᠳᠡ ᠠᠮᠢᠳᠤᠷᠠᠯ᠎ᠤ᠋ᠨ ᠡᠳ᠋ ᠪᠣᠳᠠᠰᠢ᠋ ᠰᠠᠭᠤᠭᠠᠯᠢ ᠠᠷᠠᠳ᠎ᠲᠤ᠌ ᠲᠦᠷᠭᠡᠭᠡᠨ ᠬᠦᠷᠭᠡᠵᠦ ᠥᠭᠭᠦᠶ᠎ᠡ᠃
11 ᠰᠠᠷ᠎ᠠ᠎ᠶ᠋ᠢᠨ 28᠎ᠤ᠋ ᠥᠷᠯᠥᠭᠡ᠂ ᠬᠥᠬᠡᠬᠣᠲᠠ᠎ᠶ᠋ᠢᠨ ᠣᠷᠳᠣᠰ ᠵᠠᠮ᠎ᠤᠨ ᠵᠡᠭᠡᠯᠢ ᠭᠤᠳᠤᠮᠵᠢ᠎ᠶ᠋ᠢᠨ ᠬᠡᠷᠡᠭ ᠡᠷᠬᠢᠯᠡᠬᠦ ᠭᠠᠵᠠᠷ᠎ᠤ᠋ᠨ ᠯᠢᠦᠢ ᠱᠤ᠌ ᠵᠢᠩ ᠶᠤᠸᠠᠨ ᠰᠠᠭᠤᠭᠠᠯᠢ ᠲᠣᠭᠣᠷᠢᠭ᠎ᠤ᠋ᠨ ᠡᠭᠦᠳᠡᠨ ᠳ᠋ᠤ ᠰᠠᠭᠤᠭᠠᠯᠢ ᠠᠷᠠᠳ᠎ᠤ᠋ᠨ ᠰᠠᠢᠨ ᠲᠤᠷ᠎ᠠ ᠵᠢᠨ ᠠᠵᠢᠯᠲᠠᠨ ᠯᠢᠦ ᠰᠢᠶᠣᠤ ᠳ᠋ᠦᠩ ᠨᠢᠭᠡ ᠡᠳᠦᠷ᠎ᠦ᠋ᠨ ᠠᠵᠢᠯᠢ᠋ᠶ᠋ᠠᠨ ᠡᠬᠢᠯᠡᠭᠦᠯᠪᠡ᠃
ᠯᠢᠦ ᠰᠢᠶᠣᠤ ᠳ᠋ᠦᠩᠢ᠋ ᠯᠢᠦᠢ ᠱᠤ᠌ ᠵᠢᠩ ᠶᠤᠸᠠᠨ ᠰᠠᠭᠤᠭᠠᠯᠢ ᠲᠣᠭᠣᠷᠢᠭ᠎ᠤᠨ ᠬᠦᠮᠦᠨ ᠪᠣᠯᠭᠠᠨ ᠮᠡᠳᠡᠨ᠎ᠡ ᠭᠡᠵᠦ ᠬᠡᠯᠡᠬᠦ ᠳ᠋ᠤ ᠠᠬᠠᠲᠠᠬᠤ ᠦᠭᠡᠢ᠂ ᠲᠡᠭᠦᠨ᠎ᠦ᠌ ᠵᠠᠩ ᠠᠭᠠᠰᠢ ᠨᠢ ᠠᠰᠪᠤᠷᠢ ᠰᠢᠯᠤᠭᠤᠨ᠂ ᠠᠵᠢᠯ ᠬᠢᠬᠦᠳ᠋ᠦ᠍ ᠪᠤᠰᠢᠭᠤ ᠱᠠᠯᠠᠮᠠᠭᠠᠢ᠂ ᠣᠯᠠᠨᠢ᠋ᠶ᠋ᠠᠷ ᠢ᠋ᠶ᠋ᠠᠨ ᠲᠡᠭᠦᠨᠢ᠋《ᠬᠠᠢ ᠠᠬ᠎ᠠ》 ᠭᠡᠵᠦ ᠳᠣᠲᠣᠨᠣᠴᠢᠯᠠᠨ ᠳᠠᠭᠤᠳᠠᠳᠠᠭ᠃ ᠬᠥᠬᠡᠬᠣᠲᠠ ᠳ᠋ᠤ ᠲᠤᠰ ᠡᠭᠡᠯᠵᠢ᠎ᠶ᠋ᠢᠨ ᠬᠢᠵᠢᠭ᠎ᠦ᠋ᠨ ᠪᠠᠢᠳᠠᠯ ᠡᠭᠦᠰᠦᠭᠰᠡᠨ᠎ᠡᠴᠡ ᠨᠡᠭᠠᠰᠢ᠂ ᠯᠢᠦ ᠰᠢᠶᠣᠤ ᠳ᠋ᠦᠩ ᠰᠠᠨᠠᠭᠠᠴᠢᠯᠠᠭᠠᠠ᠋ᠴᠠᠪᠠᠨ ᠨᠡᠢᠭᠡᠮ ᠲᠣᠭᠣᠷᠢᠭ᠎ᠲᠠᠢ ᠪᠠᠨ ᠬᠠᠷᠢᠯᠴᠠᠵᠤ ᠰᠠᠢᠨ ᠲᠤᠷᠠᠴᠢᠨ ᠪᠣᠯᠵᠤ᠂ ᠨᠡᠢᠭᠡᠮ ᠲᠣᠭᠣᠷᠢᠭ᠎ᠤ᠋ᠨ ᠬᠢᠵᠢᠭ᠎ᠢ ᠰᠡᠷᠭᠡᠢᠯᠡᠬᠦ ᠡᠮᠦᠨ᠎ᠡ ᠹᠷᠣᠨᠲ᠎ᠲᠤ᠌ ᠢᠳᠡᠪᠬᠢᠲᠡᠢ ᠣᠷᠣᠯᠴᠠᠪᠠ᠃ ᠬᠢᠵᠢᠭ᠎ᠢ᠋ ᠰᠡᠷᠭᠡᠢᠯᠡᠨ ᠡᠵᠡᠮᠳᠡᠬᠦ ᠠᠵᠢᠯᠲᠠᠨ ᠬᠦᠷᠦᠯᠴᠡᠬᠦ ᠥᠬᠡᠢ ᠪᠠᠢᠬᠤ ᠵᠢ ᠬᠠᠷᠠᠭᠠᠳ ᠲᠡᠷᠡ ᠪᠠᠰᠠ ᠰᠠᠭᠤᠭᠠᠯᠢ ᠠᠷᠠᠳ᠎ᠤ᠋ᠨ ᠰᠠᠢᠨ ᠲᠤᠷᠠᠴᠤᠳ᠎ᠤᠨ ᠪᠦᠯᠬᠦᠮᠢ᠋ ᠵᠣᠬᠢᠶᠠᠨ ᠪᠠᠢᠭᠤᠯᠤᠭᠰᠠᠨ ᠶᠤᠮ᠃
《ᠪᠢ ᠴᠢᠳᠠᠯ᠎ᠤᠨ᠎ᠢᠶᠡᠨ ᠳᠤᠲᠤᠷ᠎ᠠ ᠰᠠᠭᠤᠭᠠᠯᠢ ᠠᠷᠠᠳᠢ᠋ᠢᠡᠨ ᠬᠠᠪᠰᠤᠷᠴᠦ ᠪᠠᠢᠨ᠎ᠠ᠂ ᠲᠡᠳᠡ ᠢᠳᠡᠵᠦ ᠡᠮᠦᠰᠬᠦ᠂ ᠬᠤᠨᠤᠵᠤ ᠬᠡᠪᠲᠡᠬᠦ᠂ ᠠᠮᠢᠳᠤᠷᠠᠯ᠎ᠢᠶᠡᠨ ᠦᠩᠭᠡᠷᠡᠭᠦᠯᠬᠦᠳ᠋ᠤ᠌ ᠵᠤᠪᠠᠬᠤ ᠶᠠᠭᠤᠮ᠎ᠠ ᠦᠭᠡᠢ ᠪᠠᠢᠪᠠᠯ ᠪᠢ ᠰᠠᠨᠠᠭ᠎ᠠ ᠠᠮᠤᠷ》᠃ ᠡᠨᠡ ᠪᠣᠯ ᠬᠥᠬᠡᠬᠣᠲᠠ᠎ᠶ᠋ᠢᠨ ᠴᠢᠩ ᠴᠢᠤᠸᠠᠨ ᠵᠡᠭᠡᠯᠢ᠎ᠶ᠋ᠢᠨ ᠨᠡᠢᠭᠡᠮ ᠲᠣᠭᠣᠷᠢᠭ᠎ᠤ᠋ᠨ ᠦ᠋ ᠾᠧ ᠰᠢᠶᠠᠩ᠎ᠤ᠋ᠨ ᠦᠷᠭᠦᠯᠵᠢ ᠬᠡᠯᠡᠳᠡᠭ ᠦᠭᠡ᠂ ᠨᠡᠩ ᠴᠤ᠌ ᠮᠠᠰᠢ ᠣᠯᠠᠨ ᠨᠡᠢᠭᠡᠮ ᠲᠣᠭᠣᠷᠢᠭ᠎ᠤ᠋ᠨ 《ᠭᠣᠣᠯ ᠬᠦᠴᠦᠨ》 ᠦ᠌ ᠬᠠᠮᠲᠤ᠎ᠶ᠋ᠢᠨ ᠬᠠᠷᠠᠯᠲᠠ ᠪᠣᠯᠬᠤ ᠶᠤᠮ᠃ 50 ᠭᠠᠷᠤᠢ ᠡᠳᠦᠷ᠂ ᠡᠦ ᠾᠧ ᠰᠢᠶᠠᠩ ᠪᠣᠯᠤᠨ ᠨᠡᠢᠭᠡᠮ ᠲᠣᠭᠣᠷᠢᠭ᠎ᠤ᠋ᠨ ᠺᠠᠳ᠋ᠷᠴᠤᠳ ᠡᠳᠦᠷ ᠰᠥᠨᠢ ᠥᠬᠡᠢ ᠬᠢᠵᠢᠭ᠎ᠢ᠋ ᠰᠡᠷᠭᠡᠢᠯᠡᠬᠦ ᠨᠢᠭᠡᠳᠦᠭᠡᠷ ᠹᠷᠣᠨᠲ᠎ᠲᠤ᠌ ᠠᠵᠢᠯᠯᠠᠵᠤ᠂ ᠬᠠᠮᠢᠶ᠎ᠠ ᠪᠥᠬᠥᠢ ᠰᠠᠯᠠᠭ᠎ᠠ ᠮᠥᠴᠢᠷ᠎ᠲᠡᠢ ᠬᠣᠯᠪᠣᠭᠠᠯᠠᠨ᠂ ᠨᠡᠢᠭᠡᠮ ᠲᠣᠭᠣᠷᠢᠭ᠎ᠤ᠋ᠨ ᠬᠠᠮᠢᠶᠠᠷᠤᠯᠲᠠ᠎ᠶ᠋ᠢᠨ ᠬᠡᠪᠴᠢᠶᠡᠨ᠎ᠳ᠋ᠡᠬᠢ ᠡᠯ᠎ᠡ ᠰᠠᠭᠤᠭᠠᠯᠢ ᠲᠣᠭᠣᠷᠢᠭ᠎ᠤᠨ ᠬᠤᠭᠤᠷᠤᠨᠳᠤ ᠶᠠᠭᠠᠷᠠᠨ᠎ᠠ᠃
ᠬᠥᠬᠡᠬᠣᠲᠠ᠎ᠶ᠋ᠢᠨ ᠰᠠᠨ ᠱᠦᠨ ᠳ᠋ᠢᠶᠠᠨ ᠨᠡᠢᠭᠡᠮ ᠲᠣᠭᠣᠷᠢᠭ᠎ᠤ᠋ᠨ ᠪᠡᠶ᠎ᠡ᠎ᠶ᠋ᠢᠨ ᠲᠠᠮᠢᠷ᠎ᠤ᠋ᠨ ᠵᠥᠪᠯᠡᠯ᠎ᠦ᠋ᠨ ᠭᠡᠷ ᠪᠦᠯᠢ᠎ᠶ᠋ᠢᠨ ᠬᠦᠷᠢᠶᠡᠯᠡᠩᠳ᠋ᠦ᠍᠂ ᠥᠪᠡᠷᠲᠡᠭᠡᠨ ᠵᠠᠰᠠᠬᠤ ᠣᠷᠣᠨ᠎ᠤ᠋ ᠪᠡᠶ᠎ᠡ᠎ᠶ᠋ᠢᠨ ᠲᠠᠮᠢᠷ᠎ᠤ᠋ᠨ ᠲᠣᠪᠴᠢᠶ᠎ᠠ᠎ᠶ᠋ᠢᠨ ᠳᠠᠭᠠᠭᠠᠴᠢᠯᠠᠨ ᠬᠣᠯᠪᠣᠭᠠᠯᠠᠭᠰᠠᠨ ᠺᠠᠳ᠋ᠷ ᠯᠢᠦ ᠬᠦᠢ ᠱᠧᠩ᠂ ᠵᠣᠣ ᠶᠠᠨ ᠰᠠᠭᠤᠭᠠᠯᠢ ᠲᠣᠭᠣᠷᠢᠭ᠎ᠲᠤ᠌ ᠤᠴᠢᠵᠤ ᠰᠠᠭᠤᠭᠰᠠᠨ᠎ᠤ ᠳᠠᠷᠠᠭ᠎ᠠ᠂ ᠬᠠᠮᠤᠭ᠎ᠤ᠋ᠨ ᠲᠦᠷᠦᠭᠦᠨᠳ᠋ᠦ᠍ ᠥᠪᠡᠷ᠎ᠦ᠋ᠨ ᠭᠠᠷ ᠤᠲᠠᠰᠤᠨ ᠨᠣᠮᠧᠷᠢ᠋ᠶ᠋ᠡᠨ ᠨᠡᠢᠲᠡᠯᠡᠵᠦ᠂ ᠰᠠᠭᠤᠭᠠᠯᠢ ᠠᠷᠠᠳ᠎ᠤ᠋ᠨ ᠰᠠᠨᠠᠯ ᠱᠠᠭᠠᠷᠳᠠᠯᠭ᠎ᠠ᠎ᠶ᠋ᠢ ᠴᠠᠭ ᠲᠤᠬᠠᠢ᠎ᠳ᠋ᠤᠨᠢ ᠰᠣᠨᠣᠰᠴᠤ᠂ ᠪᠦᠬᠦ ᠬᠦᠴᠦᠨ᠎ᠢ᠋ᠶ᠋ᠡᠷ᠎ᠢ᠋ᠶ᠋ᠡᠨ ᠰᠠᠭᠤᠭᠠᠯᠢ ᠠᠷᠠᠳ᠎ᠤ᠋ᠨ ᠬᠦᠴᠢᠷ ᠵᠣᠪᠠᠯᠠᠩᠢ᠋ ᠰᠢᠢᠳᠪᠦᠷᠢᠯᠡᠨ᠂ ᠪᠣᠳᠠᠲᠠᠢ ᠠᠰᠠᠭᠤᠳᠠᠯ᠎ᠢ᠋ ᠰᠢᠢᠳᠪᠦᠷᠢᠯᠡᠵᠦ ᠥᠭᠴᠡᠢ᠃ ᠡᠭᠦᠨ᠎ᠦ᠌ ᠬᠠᠮᠲᠤ᠂ ᠲᠡᠳᠡ ᠰᠠᠭᠤᠭᠠᠯᠢ ᠲᠣᠭᠣᠷᠢᠭ᠎ᠤ᠋ᠨ ᠨᠠᠮ᠎ᠤ᠋ᠨ ᠭᠡᠰᠢᠭᠦᠳᠲᠡᠢ ᠬᠣᠯᠪᠣᠭᠠᠯᠠᠨ᠂ 22 ᠬᠥᠮᠦᠨᠢ᠋ᠶ᠋ᠡᠷ ᠪᠦᠷᠢᠯᠳᠦᠭᠰᠡᠨ ᠪᠡᠶ᠎ᠡ᠎ᠶ᠋ᠢᠨ ᠲᠠᠮᠢᠷ᠎ᠤ᠋ᠨ ᠵᠥᠪᠯᠡᠯ᠎ᠦ᠋ᠨ ᠭᠡᠷ ᠪᠦᠯᠢ᠎ᠶ᠋ᠢᠨ ᠬᠦᠷᠢᠶᠡᠯᠠᠩ᠎ᠤᠨ ᠬᠢᠵᠢᠭ᠎ᠢ᠋ ᠰᠡᠷᠭᠡᠢᠯᠡᠬᠦ ᠲᠦᠷ ᠴᠠᠭ᠎ᠤ᠋ᠨ ᠨᠠᠮ᠎ᠤ᠋ᠨ ᠡᠭᠦᠷ ᠪᠠᠢᠭᠤᠯᠵᠤ᠂ ᠬᠢᠵᠢᠭ᠎ᠢ᠋ ᠰᠡᠷᠭᠡᠢᠯᠡᠨ ᠡᠵᠡᠮᠳᠡᠬᠦ ᠠᠵᠢᠯ ᠥᠷᠨᠢᠭᠦᠯᠪᠡ᠃
ᠬᠥᠬᠡᠬᠣᠲᠠ᠎ᠶ᠋ᠢᠨ ᠡᠯ᠎ᠡ ᠨᠡᠢᠭᠡᠮ ᠲᠣᠭᠣᠷᠢᠭ ᠲᠤ᠌ 《ᠯᠢᠦ ᠰᠢᠶᠣᠤ ᠳ᠋ᠦᠩ》 ᠂ 《ᠡᠦ ᠾᠧ ᠰᠢᠶᠠᠩ》 ᠂ 《ᠯᠢᠦ ᠬᠦᠢ ᠱᠧᠩ》᠂ 《ᠵᠣᠣ ᠶᠠᠨ》 ᠨᠠᠷ ᠰᠢᠭ᠋ ᠠᠯᠢ ᠤᠯᠠᠨ ᠨᠠᠮ᠎ᠤᠨ ᠬᠡᠰᠢᠭᠦᠨ ᠺᠠᠳ᠋ᠷ ᠪᠣᠳᠠᠲᠠᠢ ᠠᠵᠢᠯᠯᠠᠭᠠᠪᠠᠷᠢ᠋ᠶ᠋ᠠᠨ ᠰᠠᠭᠤᠭᠠᠯᠢ ᠠᠷᠠᠳ᠎ᠲᠤ᠌ ᠬᠠᠮᠤᠭ᠎ᠤᠨ ᠣᠢᠷ᠎ᠠ ᠪᠠᠢᠭ᠎ᠠ 《ᠠᠮᠤᠷ ᠲᠦᠪᠰᠢᠨ᠎ᠦ᠌ ᠰᠡᠷᠭᠡᠢᠯᠡᠯᠲᠡ᠎ᠶ᠋ᠢᠨ ᠱᠤᠭᠤᠮ》 ᠢ᠋ ᠲᠠᠲᠠᠵᠤ᠂ ᠰᠠᠭᠤᠭᠠᠯᠢ ᠠᠷᠠᠳ᠎ᠤᠨ《ᠰᠡᠳᠬᠢᠯ ᠢ ᠲᠠᠢᠪᠤᠰᠢᠷᠠᠭᠤᠯᠵᠤ》᠂ ᠨᠡᠢᠭᠡᠮ ᠲᠣᠭᠣᠷᠢᠭ᠎ᠤ᠋ᠨ ᠬᠢᠵᠢᠭ᠎ᠢ᠋ ᠰᠡᠷᠭᠡᠢᠯᠡᠨ ᠡᠵᠡᠮᠳᠡᠬᠦ ᠠᠵᠢᠯ᠎ᠤᠨ 《ᠭᠣᠣᠯ ᠬᠦᠴᠦᠨ》 ᠪᠣᠯᠤᠭᠰᠠᠨ ᠪᠠᠢᠨ᠎ᠠ᠃
ᠢᠷᠡᠯᠳᠡ᠄ ᠦᠪᠦᠷ ᠮᠤᠩᠭᠤᠯ᠎ᠤᠨ ᠡᠳᠦᠷ᠎ᠤᠨ ᠰᠣᠨᠢᠨ᠎ᠤ ᠵᠢᠷᠭᠢᠶ᠎ᠡ
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃