2022-12-01 11:20:57
— ᠲᠦᠷᠦ᠍᠎ᠶ᠋ᠢᠨ ᠶᠠᠪᠤᠳᠠᠯ᠎ᠤᠨ ᠬᠣᠷᠢᠶᠠᠨ᠎ᠤ ᠬᠣᠯᠪᠣᠭᠠᠯᠠᠨ ᠰᠡᠷᠭᠡᠢᠯᠡᠵᠦ᠍ ᠬᠣᠯᠪᠣᠭᠠᠯᠠᠨ ᠡᠵᠡᠮᠳᠡᠬᠦ᠌ ᠲᠣᠭ᠍ᠲᠡᠴᠡ ᠶ᠋ᠢᠨ ᠰᠣᠨᠢᠨ ᠮᠡᠳᠡᠭᠡ ᠨᠡᠢᠲᠡᠯᠡᠬᠦ᠌ ᠬᠤᠷᠠᠯ᠎ᠡᠴᠡ ᠵᠠᠩᠭᠢᠯᠠᠭ᠎ᠠ ᠵᠢᠨ ᠠᠰᠠᠭᠤᠳᠠᠯ᠎ᠳᠤ ᠬᠠᠷᠢᠭᠤᠯᠲᠠ ᠥᠭ᠌ᠪᠡ
ᠣᠳᠣᠬᠠᠨ᠎ᠳᠤ ᠡᠯ᠎ᠡ ᠭᠠᠵᠠᠷ᠎ᠤᠨ ᠬᠢᠨ ᠶᠠᠭ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠢ ᠪᠣᠳᠠᠲᠠᠢ ᠠᠳᠭᠤᠵᠤ ᠨᠠᠷᠢᠯᠢᠭ ᠠᠳᠭᠤᠵᠤ ᠰᠠᠢᠲᠤᠷ ᠬᠢᠵᠦ᠍ ᠪᠠᠢᠨ᠎ᠠ᠃ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠢ ᠬᠡᠷᠬᠢᠨ ᠨᠡᠩ ᠣᠨᠣᠴᠠᠳᠠᠢ᠂ ᠨᠡᠩ ᠲᠤᠳᠤᠨᠤᠰᠢᠭᠤᠯᠬᠤ ᠬᠦᠴᠦᠨ ᠲᠠᠢ ᠪᠤᠯᠭᠠᠬᠤ ᠪᠤᠢ? ᠠᠷᠭ᠎ᠠ ᠴᠢᠨᠠᠷᠲᠠᠶ ᠬᠠᠯᠳᠠᠪᠤᠷᠢᠯᠠᠭᠳᠠᠭᠰᠠᠳᠢ ᠬᠡᠷᠬᠢᠨ ᠱᠢᠨᠵᠢᠯᠡᠬᠦ᠌ ᠤᠬᠠᠭᠠᠨᠴᠢ᠎ᠪᠠᠷ ᠲᠥᠷᠥᠯ ᠬᠤᠪᠢᠶᠠᠨ ᠭᠥᠯᠢᠶᠡᠨ ᠠᠪᠴᠤ᠌ ᠵᠠᠰᠠᠬᠤ ᠪᠣᠶ? ᠣᠯᠠᠨ ᠲᠦᠮᠡᠨ᠎ᠦ ᠲᠤᠰᠭᠠᠭ᠍ᠰᠠᠨ ᠪᠠᠴᠢᠮᠳᠠᠵᠤ ᠲᠦᠪᠡᠭᠳᠡᠵᠤ ᠵᠤᠪᠠᠨᠢᠵᠤ ᠬᠦᠰᠡᠵᠤ ᠪᠠᠢᠭ᠎ᠠ ᠠᠰᠠᠭᠤᠳᠠᠯ᠎ᠢ ᠬᠡᠷᠬᠢᠨ ᠪᠦᠲᠦᠮᠵᠢᠲᠡᠶ ᠱᠢᠶ᠋ᠳᠪᠦᠷᠢᠯᠡᠬᠦ᠌ ᠪᠣᠶ? ᠲᠥᠷᠥ᠎ᠶ᠋ᠢᠨ ᠶᠠᠪᠤᠳᠠᠯ᠎ᠤᠨ ᠬᠣᠷᠢᠶᠠᠨ᠎ᠤ ᠬᠤᠯᠪᠤᠭᠠᠯᠠᠨ ᠰᠡᠷᠭᠡᠢᠯᠡᠵᠦ᠍ ᠬᠤᠯᠪᠤᠭᠠᠯᠠᠨ ᠡᠵᠡᠮᠳᠡᠬᠦ᠌ ᠲᠣᠭ᠍ᠲᠡᠴᠡ 29 ᠤ᠋ ᠡᠳᠦᠷ ᠰᠣᠨᠢᠨ ᠮᠡᠳᠡᠭᠡ ᠨᠡᠢᠲᠡᠯᠡᠬᠦ᠌ ᠬᠤᠷᠠᠯ ᠬᠢᠵᠦ᠍᠂ ᠬᠣᠯᠪᠣᠭ᠍ᠳᠠᠯ ᠪᠥᠬᠥᠶ ᠵᠠᠩᠭᠢᠯᠠᠭ᠎ᠠ ᠵᠢᠨ ᠠᠰᠠᠭᠤᠳᠠᠯ᠎ᠤᠨ ᠲᠤᠬᠠᠶ ᠨᠡᠢᠭᠡᠮ᠎ᠦᠨ ᠠᠩᠬᠠᠷᠤᠯ᠎ᠳᠤ ᠬᠠᠷᠢᠭᠤ ᠦᠭᠴᠠᠢ᠃
ᠲᠦᠷᠭᠡᠨ ᠪᠢᠲᠡᠭᠦᠮᠵᠢᠯᠡᠵᠦ᠍ ᠲᠦᠷᠭᠡᠨ ᠨᠡᠬᠡᠬᠡᠵᠤ᠂ ᠨᠡᠬᠡᠬᠡᠬᠦ ᠶᠤᠰᠤᠳᠠᠢ᠎ᠶ᠋ᠢ ᠨᠢ ᠪᠦᠬᠦᠨ᠎ᠢ ᠨᠡᠬᠡᠬᠡᠵᠤ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠢ ᠨᠡᠩ ᠣᠨᠣᠴᠠᠳᠠᠢ᠂ ᠨᠡᠩ ᠲᠤᠳᠤᠨᠤᠰᠢᠭᠤᠯᠬᠤ ᠬᠦᠴᠦᠨ ᠲᠠᠢ ᠪᠣᠯᠭᠠᠬᠤ ᠬᠡᠷᠡᠭ᠌ᠲᠡᠢ
《ᠪᠢᠲᠡᠭᠦᠮᠵᠢᠯᠡᠨ ᠡᠵᠡᠮᠳᠡᠬᠦ᠌ ᠬᠠᠮᠢᠶᠠᠷᠤᠯᠲᠠ ᠳ᠋ᠤ ᠲᠦᠷᠭᠡᠨ ᠪᠢᠲᠡᠭᠦᠮᠵᠢᠯᠡᠵᠦ᠍ ᠲᠦᠷᠭᠡᠨ ᠨᠡᠬᠡᠬᠡᠵᠤ᠂ ᠨᠡᠬᠡᠬᠡᠬᠦ ᠴᠢᠬᠤᠯᠠᠲᠠᠢᠶ᠋ᠢ ᠨᠢ ᠪᠦᠬᠦᠨ᠎ᠢ ᠨᠡᠬᠡᠬᠡᠵᠤ᠂ ᠬᠢᠵᠢᠭ᠎ᠦᠨ ᠪᠠᠢᠳᠠᠯ᠎ᠡᠴᠡ ᠪᠤᠯᠵᠤ ᠤᠯᠠᠨ ᠲᠦᠮᠡᠨ᠎ᠳᠦ ᠶᠠᠷᠱᠢᠭ ᠤᠴᠠᠷᠠᠭᠤᠯᠬᠤ᠎ᠶ᠋ᠢ ᠪᠠᠭᠠᠰᠭᠠᠬᠤ ᠬᠡᠷᠡᠭ᠌ᠲᠡᠢ》 ᠭᠡᠵᠦ᠍ ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠥᠪᠯᠡᠯ᠎ᠦᠨ ᠰᠣᠨᠢᠨ ᠮᠡᠳᠡᠭᠡᠨ᠎ᠦ ᠥᠭᠦᠯᠡᠭ᠌ᠴᠢ ᠮᠢ ᠹᠧᠩ ᠬᠡᠯᠡᠪᠡ᠃
《ᠣᠷᠳᠣ ᠬᠤᠭᠤᠴᠠᠭ᠎ᠠ᠎ᠪᠠᠷ ᠪᠢᠲᠡᠭᠦᠮᠵᠢᠯᠡᠨ ᠡᠵᠡᠮᠳᠡᠬᠦ᠌ ᠨᠢ ᠠᠷᠠᠳ ᠣᠯᠠᠨ᠎ᠤ ᠬᠡᠪ᠎ᠦᠨ ᠦᠶ᠋ᠯᠡᠳᠪᠦᠷᠢᠯᠡᠯ ᠠᠮᠢᠳᠤᠷᠠᠯ᠎ᠤᠨ ᠡᠮᠬᠢ ᠵᠢᠷᠤᠮ᠎ᠢ ᠲᠤᠢᠯ᠎ᠤᠨ ᠶᠡᠬᠡᠪᠡᠷ ᠨᠥᠯᠥᠭᠡᠯᠡᠬᠦ᠌᠎ᠪᠡᠷ ᠪᠠᠷᠠᠬᠤ ᠥᠬᠡᠶ᠂ ᠪᠠᠰᠠ ᠠᠮᠠᠷᠬᠠᠨ ᠪᠤᠬᠢᠨᠢᠳᠤᠨ ᠵᠣᠪᠠᠨᠢᠬᠤ ᠰᠡᠳᠭᠢᠯᠭᠡ ᠵᠢ ᠪᠣᠶ ᠪᠣᠯᠭᠠᠵᠤ᠂ ᠠᠮᠢᠳᠤᠷᠠᠯ᠎ᠤᠨ ᠬᠦᠴᠢᠷᠳᠡᠯ᠎ᠢ ᠪᠣᠶ ᠪᠣᠯᠭᠠᠳᠠᠭ᠂ ᠡᠢᠮᠦᠷᠬᠦᠦ ᠪᠠᠢᠳᠠᠯ᠎ᠢ ᠡᠷᠬᠡᠪᠰᠢ ᠵᠠᠯᠠᠷᠠᠭᠤᠯᠬᠤ ᠪᠠ ᠡᠭᠦᠨ ᠡᠴᠡ ᠵᠠᠢᠯᠠᠰᠭᠢᠬᠦ᠌ ᠬᠡᠷᠡᠭ᠌ᠲᠡᠶ》 ᠭᠡᠵᠦ᠍ ᠤᠯᠤᠰ᠎ᠤᠨ ᠡᠪᠡᠳᠴᠢᠨ ᠡᠮᠭᠡᠭ᠎ᠢ ᠰᠡᠷᠭᠡᠢᠯᠡᠨ ᠡᠵᠡᠮᠳᠡᠬᠦ᠌ ᠲᠣᠪᠴᠢᠶ᠎ᠠ᠎ᠶ᠋ᠢᠨ ᠬᠢᠨᠠᠯᠲᠠ ᠲᠠᠯᠪᠢᠬᠤ ᠨᠢᠭᠡᠳᠦᠭᠡᠷ ᠵᠤᠷᠭᠠᠨ᠎ᠤ ᠳᠠᠷᠤᠭ᠎ᠠ ᠴᠧᠩ ᠶᠢᠦ ᠴᠢᠤᠸᠠᠨ ᠬᠡᠯᠡᠪᠡ᠃
ᠴᠧᠩ ᠶᠢᠤ ᠴᠢᠤᠸᠠᠨ᠂ ᠵᠠᠷᠴᠢᠮ ᠳᠡᠭᠡᠷ᠎ᠡ᠎ᠪᠡᠨ᠂ ᠦᠨᠳᠦᠷ ᠲᠦᠭ᠌ᠰᠢᠭᠦᠷᠢᠳᠤ ᠣᠷᠣᠨ᠎ᠢ ᠡᠩ ᠤ᠋ᠨ ᠪᠠᠢᠳᠠᠯ ᠳ᠋ᠤ ᠠᠰᠠᠷ ᠤ᠋ᠨ ᠤᠷᠤᠴᠠ᠂ ᠠᠰᠠᠷ᠎ᠢᠶᠠᠷ ᠨᠢᠭᠡᠴᠢ ᠪᠣᠯᠭᠠᠨ ᠵᠠᠭᠠᠭ᠍ᠯᠠᠨ ᠲᠣᠭ᠍ᠲᠠᠭᠠᠨ᠎ᠠ᠂ ᠳᠤᠷ᠎ᠠ᠎ᠪᠠᠷ᠎ᠢᠶᠠᠨ ᠥᠷᠭᠡᠳᠭᠡᠵᠦ᠍ ᠪᠣᠯᠬᠤ ᠥᠬᠡᠶ᠃ ᠬᠢᠵᠢᠭ᠎ᠦᠨ ᠪᠠᠢᠳᠠᠯ ᠳᠠᠷᠬᠠᠨ ᠳᠡᠯᠭᠡᠷᠡᠬᠦ᠌ ᠠᠶᠤᠯ ᠲᠦᠭ᠌ᠰᠢᠭᠦᠷᠢ ᠲᠣᠳᠣᠷᠬᠠᠶ ᠥᠬᠡᠶ ᠪᠤᠶᠤ ᠨᠡᠢᠭᠡᠮ ᠲᠣᠭᠣᠷᠢᠭ᠎ᠲᠤ ᠥᠷᠭᠡᠨ᠎ᠢᠶᠡᠷ ᠳᠠᠷᠬᠠᠨ ᠳᠡᠯᠭᠡᠷᠡᠵᠦ᠍ ᠪᠠᠢᠭ᠎ᠠ ᠪᠠᠢᠳᠠᠯ ᠳᠤᠤᠷ᠎ᠠ᠂ ᠦᠨᠳᠦᠷ ᠲᠦᠭ᠌ᠰᠢᠭᠦᠷᠢᠳᠤ ᠣᠷᠣᠨ ᠪᠦᠰᠡ᠎ᠶ᠋ᠢ ᠵᠠᠭᠠᠭ᠍ᠯᠠᠨ ᠲᠣᠭ᠍ᠲᠠᠭᠠᠬᠤ ᠬᠡᠪᠴᠢᠶ᠎ᠡ᠎ᠶ᠋ᠢ ᠵᠣᠬᠢᠰᠲᠠᠶ ᠥᠷᠭᠡᠳᠭᠡᠵᠦ᠍ ᠪᠣᠯᠤᠨ᠎ᠠ᠂ ᠭᠡᠪᠡᠴᠦ᠍ ᠴᠠᠭ ᠲᠤᠬᠠᠶ᠎ᠳᠤᠨᠢ ᠪᠥᠭᠡᠮ ᠬᠦᠴᠢᠯ᠎ᠦᠨ ᠪᠠᠢᠴᠠᠭᠠᠯᠲᠠ ᠪᠠ ᠬᠢᠵᠢᠭ᠎ᠦᠨ ᠪᠠᠢᠳᠠᠯ᠎ᠢ ᠰᠤᠳᠤᠯᠤᠨ ᠮᠠᠭᠠᠳᠯᠠᠬᠤ᠎ᠪᠠᠷ ᠳᠠᠮᠵᠢᠵᠤ᠂ ᠲᠦᠷᠭᠡᠨ ᠪᠢᠲᠡᠭᠦᠮᠵᠢᠯᠡᠵᠦ᠍ ᠲᠦᠷᠭᠡᠨ ᠨᠡᠬᠡᠬᠡᠬᠦ ᠬᠡᠷᠡᠭ᠌ᠲᠡᠶ ᠭᠡᠵᠤ ᠢᠯᠡᠳᠭᠡᠪᠡ᠃
ᠡᠭᠦᠨ᠎ᠦ ᠬᠠᠮᠲᠤ᠂ ᠲᠦᠭ᠌ᠰᠢᠭᠦᠷᠢᠳᠤ ᠬᠥᠮᠦᠰ᠎ᠢ ᠮᠠᠭᠠᠳᠯᠠᠨ ᠲᠣᠭ᠍ᠲᠠᠭᠠᠬᠤ᠎ᠳᠠᠭᠠᠨ ᠲᠤᠬᠠᠶ᠎ᠶ᠋ᠢᠨ ᠲᠠᠯᠠᠪᠤᠷ᠎ᠲᠤ ᠲᠠᠬᠤᠯ ᠡᠪᠡᠳᠴᠢᠨ ᠤ᠋ ᠪᠠᠢᠴᠠᠭᠠᠯᠲᠠ᠎ᠪᠠᠷ ᠦᠨᠳᠦᠰᠦᠯᠡᠯ ᠪᠣᠯᠭᠠᠨ᠎ᠠ᠂ ᠴᠠᠭ ᠬᠤᠭᠤᠴᠠᠭ᠎ᠠ ᠪᠠ ᠣᠷᠣᠨ ᠵᠠᠶ ᠪᠡᠷ ᠬᠡᠪᠴᠢᠶ᠎ᠡ᠎ᠶ᠋ᠢ ᠥᠷᠭᠡᠳᠭᠡᠵᠦ᠍᠂ ᠶᠡᠬᠡ ᠬᠡᠪᠴᠢᠶ᠎ᠡ᠎ᠪᠡᠷ 《ᠡᠨᠳᠡᠭᠦᠦ ᠱᠢᠷᠬᠠᠲᠤᠭᠤᠯᠵᠤ》 ᠪᠣᠯᠬᠤ ᠥᠬᠡᠶ᠃ ᠦᠨᠳᠦᠷ ᠲᠦᠭ᠌ᠰᠢᠭᠦᠷᠢᠳᠤ ᠣᠷᠣᠨ᠎ᠢ ᠴᠢᠩᠭ᠎ᠠ ᠬᠠᠮᠢᠶᠠᠷᠤᠨ ᠡᠵᠡᠮᠳᠡᠵᠦ᠍᠂ 《ᠭᠡᠷ᠎ᠡᠴᠡ ᠪᠠᠨ ᠭᠠᠷᠬᠤ ᠦᠭᠡᠢ》 ᠪᠠᠢᠯᠭᠠᠬᠤ ᠮᠥᠷᠲᠡᠭᠡᠨ ᠪᠠᠰᠠ ᠦᠢᠯᠡᠴᠢᠯᠡᠭᠡ ᠪᠠᠲᠤᠯᠠᠭ᠎ᠠ᠎ᠶ᠋ᠢᠨ ᠠᠵᠢᠯ᠎ᠢ ᠪᠦᠬᠦ᠌ ᠬᠦᠴᠦᠨ᠎ᠢᠶᠡᠷ᠎ᠢᠶᠡᠨ ᠰᠠᠢᠲᠤᠷ ᠬᠢᠵᠦ᠍᠂ ᠤᠯᠠᠨ ᠲᠦᠮᠡᠨ᠎ᠦ ᠦᠨᠳᠦᠰᠦᠨ ᠠᠮᠢᠳᠤᠷᠠᠯ ᠪᠠ ᠡᠪᠡᠳᠴᠢᠨ ᠦᠵᠡᠭᠦᠯᠵᠦ᠍ ᠡᠮ ᠬᠡᠷᠡᠭ᠌ᠯᠡᠬᠦ᠌ ᠬᠡᠷᠡᠭ᠌ᠴᠡᠭᠡ ᠱᠠᠭᠠᠷᠳᠠᠯᠭ᠎ᠠ᠎ᠶ᠋ᠢ ᠬᠠᠩᠭᠠᠬᠤ ᠬᠡᠷᠡᠭ᠌ᠲᠡᠢ᠃
ᠴᠧᠩ ᠶᠢᠤ ᠴᠢᠤᠸᠠᠨ᠄ 《ᠪᠢᠳᠡ ᠣᠯᠠᠨ ᠲᠦᠮᠡᠨ᠎ᠦ ᠲᠤᠰᠭᠠᠭ᠍ᠰᠠᠨ ᠪᠠᠴᠢᠮᠳᠠᠵᠤ ᠲᠦᠪᠡᠭᠳᠡᠵᠤ ᠵᠤᠪᠠᠨᠢᠵᠤ ᠬᠦᠰᠡᠵᠤ ᠪᠠᠢᠭ᠎ᠠ ᠠᠰᠠᠭᠤᠳᠠᠯ᠎ᠢ ᠴᠠᠭ ᠲᠤᠬᠠᠶ᠎ᠳᠤᠨᠢ ᠪᠦᠲᠦᠮᠵᠢᠲᠡᠶ ᠱᠢᠶ᠋ᠳᠪᠦᠷᠢᠯᠡᠵᠦ᠍᠂ ᠡᠯ᠎ᠡ ᠵᠦᠶ᠋ᠯ᠎ᠦᠨ ᠠᠵᠢᠯ᠎ᠢ ᠨᠠᠩ ᠣᠨᠣᠴᠠᠳᠠᠢ᠂ ᠨᠠᠩ ᠲᠤᠳᠤᠨᠤᠰᠢᠭᠤᠯᠬᠤ ᠬᠦᠴᠦᠨ ᠲᠠᠢ ᠪᠤᠯᠭᠠᠨ᠎ᠠ》 ᠭᠡᠵᠡᠢ ᠃
ᠵᠠᠷᠢᠮ ᠭᠠᠵᠠᠷ᠎ᠤᠨ᠎ᠬᠢᠨ ᠬᠠᠮᠢᠶᠠᠷᠤᠨ ᠡᠵᠡᠮᠳᠡᠬᠦ᠌ ᠣᠷᠣᠨ ᠪᠦᠰᠡ ᠪᠠ ᠬᠤᠯᠪᠤᠭᠳᠠᠯ ᠪᠦᠬᠦᠢ ᠬᠦᠮᠦᠰ ᠤ᠋ᠨ ᠬᠡᠪᠴᠢᠶ᠎ᠡ ᠵᠢ ᠳᠤᠷ᠎ᠠ᠎ᠪᠠᠷ᠎ᠢᠶᠠᠨ ᠥᠷᠭᠡᠳᠭᠡᠵᠦ᠍᠂ 《ᠪᠢᠲᠡᠭᠦᠮᠵᠢᠯᠡᠭᠡᠳ ᠬᠠᠶᠠᠨ ᠳ᠋ᠤᠨᠢ ᠬᠠᠶᠠᠬᠤ》᠂ ᠪᠢᠲᠡᠭᠦᠮᠵᠢᠯᠡᠨ ᠡᠵᠡᠮᠳᠡᠭ᠌ᠰᠡᠨᠦ ᠳᠠᠷᠠᠭ᠎ᠠ ᠣᠷᠳᠣ ᠬᠤᠭᠤᠴᠠᠭ᠎ᠠ᠎ᠪᠠᠷ ᠨᠡᠬᠡᠬᠡᠬᠦ ᠥᠬᠡᠶ ᠪᠠᠢᠬᠤ ᠵᠡᠷᠭᠡ ᠦᠵᠡᠭ᠌ᠳᠡᠯ᠎ᠳᠦ ᠴᠢᠭ᠌ᠯᠡᠭᠦᠯᠦᠨ᠂ ᠴᠧᠩ ᠶᠢᠤ ᠴᠢᠤᠸᠠᠨ᠂ ᠡᠯ᠎ᠡ ᠭᠠᠵᠠᠷ᠎ᠤᠨ᠎ᠬᠢᠨ ᠨᠢᠭᠡᠨᠲᠡ 《ᠱᠠᠲᠤ ᠱᠠᠲᠤ᠎ᠪᠠᠷ ᠡᠭᠦᠷᠭᠡ ᠱᠠᠭᠠᠷᠳᠠᠯᠭ᠎ᠠ ᠨᠡᠮᠡᠬᠦ᠌》 ᠵᠢ ᠴᠡᠭᠴᠡᠯᠡᠨ ᠵᠠᠰᠠᠬᠤ ᠠᠵᠢᠯ᠎ᠤᠨ ᠲᠤᠰᠭᠠᠶ ᠠᠩᠭᠢ ᠪᠠᠢᠭᠤᠯᠵᠤ᠂ ᠲᠥᠷᠥ᠎ᠶ᠋ᠢᠨ ᠶᠠᠪᠤᠳᠠᠯ᠎ᠤᠨ ᠬᠣᠷᠢᠶᠠᠨ᠎ᠤ ᠬᠤᠯᠪᠤᠭᠠᠯᠠᠨ ᠰᠡᠷᠭᠡᠢᠯᠡᠵᠦ᠍ ᠬᠤᠯᠪᠤᠭᠠᠯᠠᠨ ᠡᠵᠡᠮᠳᠡᠬᠦ᠌ ᠲᠣᠭ᠍ᠲᠡᠴᠡ᠎ᠶ᠋ᠢᠨ ᠶᠡᠷᠦᠩᠬᠡᠢᠯᠡᠭ᠌ᠰᠡᠨ ᠳᠤᠭᠤᠢᠯᠠᠩ ᠡᠳᠦᠷ ᠪᠦᠷᠢ ᠲᠣᠬᠢᠷᠠᠭᠤᠯᠤᠯᠲᠠ ᠬᠢᠵᠦ᠍᠂ ᠡᠯ᠎ᠡ ᠭᠠᠵᠠᠷ᠎ᠤᠨ ᠰᠦᠯᠵᠢᠶᠡᠨ ᠤ᠋ ᠢᠷᠭᠡᠨ᠂ ᠠᠷᠠᠳ ᠣᠯᠠᠨ᠎ᠤ ᠲᠤᠰᠭᠠᠭ᠍ᠰᠠᠨ ᠡᠯ᠎ᠡ ᠵᠦᠶ᠋ᠯ᠎ᠦᠨ ᠠᠰᠠᠭᠤᠳᠠᠯ᠎ᠳᠤ ᠢᠳᠡᠪᠬᠢᠲᠡᠶ ᠪᠥᠭᠡᠳ ᠪᠦᠲᠦᠮᠵᠢᠲᠡᠶ ᠬᠠᠷᠢᠭᠤᠯᠲᠠ ᠥᠭ᠌ᠴᠤ ᠪᠠᠢᠬᠤ ᠪᠥᠭᠡᠳ ᠬᠣᠯᠪᠣᠭ᠍ᠳᠠᠯ ᠪᠥᠬᠥᠶ ᠭᠠᠵᠠᠷ ᠣᠷᠣᠨ᠎ᠳᠤ ᠱᠢᠯᠵᠢᠭᠦᠯᠦᠨ ᠥᠭ᠌ᠴᠦ ᠱᠢᠶ᠋ᠳᠪᠦᠷᠢᠯᠡᠭᠦᠯᠵᠤ ᠪᠠᠢᠨ᠎ᠠ ᠭᠡᠵᠤ ᠢᠯᠡᠳᠭᠡᠵᠠᠢ᠃
ᠠᠷᠭ᠎ᠠ ᠴᠢᠨᠠᠷᠲᠠᠢ ᠬᠠᠯᠳᠠᠪᠤᠷᠢᠯᠠᠭᠳᠠᠭᠰᠠᠳᠢ ᠱᠢᠨᠵᠢᠯᠡᠬᠦ᠌ ᠤᠬᠠᠭᠠᠨᠴᠢ᠎ᠪᠠᠷ ᠲᠦᠷᠦᠯ ᠬᠤᠪᠢᠶᠠᠨ ᠬᠦᠯᠢᠶᠡᠨ ᠠᠪᠴᠤ᠌ ᠡᠮᠨᠡᠨ ᠵᠠᠰᠠᠵᠤ ᠬᠦᠨᠳᠦ ᠡᠪᠡᠳᠴᠢᠲᠡᠨ᠎ᠢ ᠠᠪᠤᠷᠠᠨ ᠵᠠᠰᠠᠬᠤ ᠴᠢᠳᠠᠪᠤᠷᠢ ᠵᠢ ᠤᠯᠠᠮ ᠳᠡᠭᠡᠭ᠌ᠰᠢᠯᠡᠭᠦᠯᠦᠨ᠎ᠠ
《ᠠᠷᠭ᠎ᠠ ᠴᠢᠨᠠᠷᠲᠠᠶ ᠬᠠᠯᠳᠠᠪᠤᠷᠢᠯᠠᠭᠳᠠᠭᠰᠠᠳᠢ ᠱᠢᠨᠵᠢᠯᠡᠬᠦ᠌ ᠤᠬᠠᠭᠠᠨᠴᠢ᠎ᠪᠠᠷ ᠲᠥᠷᠥᠯ ᠬᠤᠪᠢᠶᠠᠨ ᠭᠥᠯᠢᠶᠡᠨ ᠠᠪᠴᠤ᠌ ᠡᠮᠨᠡᠨ ᠵᠠᠰᠠᠵᠤ᠂ ᠬᠡᠦᠬᠡᠳ᠂ ᠨᠠᠰᠤᠲᠠᠢᠴᠤᠳ ᠪᠣᠯᠤᠨ ᠰᠠᠭᠤᠷᠢ ᠡᠪᠡᠳᠴᠢᠨ᠎ᠲᠡᠶ ᠡᠪᠡᠳᠴᠢᠲᠡᠨ᠎ᠢ ᠭᠥᠯᠢᠶᠡᠨ ᠠᠪᠴᠤ᠌ ᠡᠮᠨᠡᠨ ᠵᠠᠰᠠᠬᠤ ᠪᠠ ᠬᠠᠷᠠᠭᠠᠯᠵᠠᠨ ᠠᠰᠠᠷᠠᠬᠤ ᠠᠵᠢᠯ᠎ᠢ ᠲᠣᠬᠢᠲᠠᠶ ᠰᠠᠢᠲᠤᠷ ᠬᠢᠵᠦ᠍᠂ ᠡᠪᠡᠳᠴᠢᠲᠡᠨ᠎ᠦ ᠡᠷᠲᠡᠬᠡᠨ ᠡᠳᠡᠭᠡᠷᠡᠬᠦ᠎ᠶ᠋ᠢ ᠠᠬᠢᠭᠤᠯᠤᠨ᠎ᠠ 》 ᠭᠡᠵᠦ᠍ ᠮᠢ ᠹᠸᠩ ᠬᠡᠯᠡᠪᠡ᠃
ᠬᠢᠵᠢᠭ᠎ᠦᠨ ᠪᠠᠢᠳᠠᠯ ᠡᠭᠦᠰᠦᠭᠰᠡᠨ ᠡᠴᠡ ᠨᠠᠭᠠᠰᠢ᠂ ᠮᠠᠨ᠎ᠤ ᠤᠯᠤᠰ ᠲᠣᠭ᠍ᠲᠠᠮᠠᠯ ᠴᠡᠭ ᠤ᠋ᠨ ᠡᠮᠨᠡᠯᠭᠡ᠎ᠶ᠋ᠢᠨ ᠬᠣᠷᠢᠶᠠᠨ᠎ᠤ ᠪᠦᠲᠦᠭᠡᠨ ᠪᠠᠢᠭᠤᠯᠤᠯᠲᠠ᠂ ᠴᠢᠩᠭᠡᠯᠢᠭ ᠡᠮᠨᠡᠯᠭᠡ᠎ᠶ᠋ᠢᠨ ᠬᠣᠷᠢᠶᠠᠨ᠎ᠤ ᠪᠦᠲᠦᠭᠡᠨ ᠪᠠᠢᠭᠤᠯᠤᠯᠲᠠ᠂ ᠬᠠᠯᠠᠭᠤᠷᠠᠯ᠎ᠤᠨ ᠡᠭᠦᠳᠡᠨ ᠡᠮᠨᠡᠯᠭᠡ᠎ᠶ᠋ᠢᠨ ᠪᠦᠲᠦᠭᠡᠨ ᠪᠠᠢᠭᠤᠯᠤᠯᠲᠠ᠎ᠶ᠋ᠢ ᠦᠷᠭᠦᠯᠵᠢᠯᠡᠨ ᠴᠢᠩᠭᠠᠳᠭᠠᠵᠤ᠂ ᠡᠷᠲᠡ ᠢᠯᠡᠷᠡᠭᠦᠯᠵᠦ᠍᠂ ᠡᠷᠲᠡ ᠮᠡᠳᠡᠭᠦᠯᠵᠦ᠍᠂ ᠡᠷᠲᠡ ᠲᠤᠰᠠᠭᠠᠷᠯᠠᠵᠤ᠂ ᠡᠷᠲᠡ ᠡᠮᠨᠡᠨ ᠵᠠᠰᠠᠬᠤ᠎ᠪᠡᠷ ᠴᠢᠷᠮᠠᠢᠭᠰᠠᠭᠠᠷ ᠢᠷᠡᠵᠠᠢ᠃
《ᠲᠠᠷᠠᠭᠠᠴᠢ᠎ᠶ᠋ᠢᠨ ᠠᠯᠬᠤᠮ᠎ᠳᠤ᠂ ᠪᠢᠳᠡ ᠲᠣᠭ᠍ᠲᠠᠮᠠᠯ ᠴᠡᠭ᠎ᠦᠨ ᠡᠮᠨᠡᠯᠭᠡ᠎ᠶ᠋ᠢᠨ ᠬᠣᠷᠢᠶᠠᠨ᠎ᠤ ᠪᠠᠢᠭᠤᠯᠤᠯᠲᠠ᠎ᠶ᠋ᠢ ᠴᠢᠩᠭᠠᠳᠭᠠᠵᠤ᠂ ᠢᠯᠠᠩᠭᠤᠶ᠎ᠠ ᠶᠡᠷᠦᠩᠬᠡᠢᠯᠡᠨ ᠠᠪᠤᠷᠠᠨ ᠵᠠᠰᠠᠬᠤ ᠴᠢᠳᠠᠪᠤᠷᠢ ᠪᠣᠯᠤᠨ ᠣᠯᠠᠨ ᠱᠢᠨᠵᠢᠯᠡᠭᠡᠨ᠎ᠦ ᠰᠠᠯᠠᠭ᠎ᠠ᠎ᠶ᠋ᠢᠨ ᠣᠨᠣᠱᠢᠯᠠᠨ ᠡᠮᠨᠡᠬᠦ᠌ ᠲᠦᠪᠱᠢᠨ᠎ᠢ ᠳᠡᠭᠡᠭ᠌ᠰᠢᠯᠡᠭᠦᠯᠵᠦ᠍᠂ ᠬᠦᠨᠳᠦ ᠡᠪᠡᠳᠴᠢᠲᠡᠨ᠎ᠢ ᠠᠪᠤᠷᠠᠨ ᠵᠠᠰᠠᠬᠤ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ 》 ᠭᠡᠵᠦ᠍ ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠥᠪᠯᠡᠯ᠎ᠦᠨ ᠡᠮᠴᠢᠯᠡᠭᠡᠨ᠎ᠦ ᠪᠠᠴᠢᠮ ᠪᠠᠢᠳᠠᠯ᠎ᠢ ᠠᠷᠭᠠᠴᠡᠭᠠᠬᠤ ᠵᠤᠷᠭᠠᠨ᠎ᠤ ᠳᠠᠷᠤᠭ᠎ᠠ ᠭᠦᠸᠧ ᠶᠠᠨ ᠬᠣᠩ ᠬᠡᠯᠡᠪᠡ᠃
ᠭᠦᠸᠧ ᠶᠠᠨ ᠬᠣᠩ᠂ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠡᠮᠴᠢᠯᠡᠭᠡᠨ᠎ᠦ ᠠᠪᠤᠷᠠᠨ ᠵᠠᠰᠠᠬᠤ ᠦᠶ᠋ᠯᠡᠳᠦᠯᠭᠡ᠎ᠡᠴᠡ ᠦᠵᠡᠪᠡᠯ᠂ ᠬᠦᠨᠳᠦ ᠡᠪᠡᠳᠴᠢᠨ ᠤ᠋ ᠬᠠᠨᠳᠤᠰᠢ᠎ᠲᠠᠶ ᠬᠥᠮᠦᠰ᠎ᠲᠦ ᠭᠤᠤᠯᠳᠠᠭᠤ ᠨᠠᠰᠤᠲᠠᠢᠴᠤᠳ᠂ ᠰᠠᠭᠤᠷᠢ ᠡᠪᠡᠳᠴᠢᠨ᠎ᠲᠡᠶ ᠬᠦᠮᠦᠰ ᠪᠠ ᠸᠠᠺᠼᠢᠨ ᠳᠠᠷᠢᠭᠤᠯᠤᠭ᠍ᠰᠠᠨ ᠥᠬᠡᠶ ᠬᠥᠮᠦᠰ ᠪᠠᠭ᠍ᠲᠠᠨ᠎ᠠ ᠭᠡᠵᠤ ᠲᠠᠨᠢᠯᠴᠠᠭᠤᠯᠵᠠᠢ᠃
《ᠡᠭᠦᠨ᠎ᠳᠦ᠂ ᠥᠨᠳᠥᠷ ᠨᠠᠰᠤᠲᠠᠶ ᠬᠦᠮᠦᠰ ᠪᠠ ᠬᠠᠪᠤᠳᠠᠷ᠎ᠲᠤ ᠡᠪᠡᠳᠴᠢᠲᠡᠨ᠂ ᠢᠯᠠᠩᠭᠤᠶ᠎ᠠ ᠬᠠᠪᠤᠳᠠᠷ᠎ᠲᠤ ᠡᠪᠡᠳᠴᠢᠨ᠎ᠢ ᠡᠮᠨᠡᠨ ᠵᠠᠰᠠᠬᠤ ᠬᠤᠭᠤᠴᠠᠭᠠᠨ᠎ᠳᠤ ᠪᠠᠢᠭ᠎ᠠ ᠡᠪᠡᠳᠴᠢᠲᠡᠨ ᠪᠤᠯ ᠠᠮᠠᠷᠬᠠᠨ ᠬᠦᠨᠳᠦ ᠡᠪᠡᠳᠴᠢᠨ ᠤ᠋ ᠪᠠᠢᠳᠠᠯ ᠳ᠋ᠤ ᠤᠷᠤᠬᠤ ᠠᠶᠤᠯᠳᠠᠢ ᠬᠦᠮᠦᠰ ᠪᠤᠯᠤᠨ᠎ᠠ᠂ ᠡᠮᠨᠡᠨ ᠵᠠᠰᠠᠬᠤ ᠶᠠᠪᠤᠴᠠ᠎ᠳᠤ ᠣᠨᠴᠠᠭᠠᠢᠯᠠᠨ ᠠᠩᠬᠠᠷᠬᠤ ᠬᠡᠷᠡᠭ᠌ᠲᠡᠶ》᠃ ᠭᠦᠸᠧ ᠶᠠᠨ ᠬᠣᠩ᠎ᠤᠨ ᠬᠡᠯᠡᠬᠦ ᠪᠡᠷ᠂ ᠡᠢᠮᠦ᠍ ᠬᠠᠯᠳᠠᠪᠤᠷᠢᠯᠠᠭᠳᠠᠭᠰᠠᠳᠢ ᠡᠷᠬᠡᠪᠰᠢ ᠱᠢᠨᠵᠢᠯᠡᠬᠦ᠌ ᠤᠬᠠᠭᠠᠨᠴᠢ᠎ᠪᠠᠷ ᠲᠥᠷᠥᠯ ᠬᠤᠪᠢᠶᠠᠨ ᠭᠥᠯᠢᠶᠡᠨ ᠠᠪᠴᠤ᠌ ᠡᠮᠨᠡᠨ ᠵᠠᠰᠠᠵᠤ᠂ ᠡᠮᠨᠡᠨ ᠠᠪᠤᠷᠬᠠᠸ᠋ ᠲᠣᠬᠢᠷᠠᠭᠤᠯᠤᠯᠲᠠ᠎ᠶ᠋ᠢ ᠲᠣᠬᠢᠲᠠᠶ ᠰᠠᠢᠲᠤᠷ ᠬᠢᠵᠦ᠍᠂ ᠰᠠᠭᠤᠷᠢ ᠡᠪᠡᠳᠴᠢᠨ᠎ᠢ ᠢᠳᠡᠪᠬᠢᠲᠡᠶ ᠡᠮᠨᠡᠨ ᠵᠠᠰᠠᠵᠤ᠂ ᠡᠪᠡᠳᠴᠢᠲᠡᠨ᠎ᠦ ᠡᠷᠡᠭᠦᠯ ᠮᠡᠨᠳᠦ ᠪᠠ ᠠᠮᠤᠷ ᠲᠦᠪᠱᠢᠨ᠎ᠢ ᠪᠠᠲᠤᠯᠠᠬᠤ ᠬᠡᠷᠡᠭ᠌ᠲᠡᠶ ᠭᠡᠵᠡᠶ᠃
ᠪᠥᠭᠡᠮ ᠬᠦᠴᠢᠯ᠎ᠦᠨ ᠪᠠᠢᠴᠠᠭᠠᠯᠳᠠ ᠵᠢᠨ ᠪᠠᠢᠭᠤᠯᠤᠮᠵᠢ᠎ᠶ᠋ᠢᠨ ᠬᠢᠨᠠᠯᠲᠠ ᠬᠠᠮᠢᠶᠠᠷᠤᠯᠲᠠ᠎ᠶ᠋ᠢ ᠦᠷᠭᠦᠯᠵᠢᠯᠡᠨ ᠴᠢᠩᠭᠠᠳᠭᠠᠵᠤ ᠪᠥᠭᠡᠮ ᠬᠦᠴᠢᠯ᠎ᠦᠨ ᠦᠯᠢᠭᠡᠷ ᠠᠪᠬᠤ ᠶᠠᠰᠤ ᠴᠢᠨᠠᠷ᠎ᠢ ᠦᠨᠡᠨ ᠬᠦ᠌ ᠪᠠᠲᠤᠯᠠᠨ᠎ᠠ
ᠡᠨᠡ ᠵᠢᠯ᠎ᠡᠴᠡ ᠨᠠᠭᠠᠰᠢ᠂ ᠪᠡᠭᠡᠵᠢᠩ᠂ ᠠᠨᠾᠦ᠋ᠢ᠎ᠶ᠋ᠢᠨ ᠾᠧᠹᠧᠢ᠂ ᠾᠧᠪᠧᠶ᠎ᠶ᠋ᠢᠨ ᠱ᠌ᠢ ᠵᠢᠶᠠ ᠵᠤᠸᠠᠩ᠂ ᠾᠧᠨᠠᠨ᠎ᠤ ᠱᠢᠤᠢ ᠴᠠᠩ ᠵᠡᠷᠭᠡ ᠭᠠᠵᠠᠷ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ ᠨᠢᠭᠡᠨᠲᠡ ᠬᠢᠨᠠᠯᠲᠠ ᠬᠠᠮᠢᠶᠠᠷᠤᠯᠲᠠ᠎ᠶ᠋ᠢᠨ ᠳᠤᠮᠳᠠ ᠢᠯᠡᠷᠡᠭᠦᠯᠦᠭ᠌ᠰᠡᠨ ᠪᠥᠭᠡᠮ ᠬᠦᠴᠢᠯ᠎ᠤᠨ ᠪᠠᠢᠴᠠᠭᠠᠯᠳᠠ ᠵᠢᠨ ᠪᠠᠢᠭᠤᠯᠤᠮᠵᠢ᠎ᠶ᠋ᠢᠨ ᠬᠠᠤᠯᠢ ᠲᠣᠭ᠍ᠲᠠᠭᠠᠯ᠎ᠡᠴᠡ ᠵᠥᠷᠢᠴᠡᠭ᠌ᠰᠡᠨ ᠠᠰᠠᠭᠤᠳᠠᠯ᠎ᠳᠤ ᠱᠢᠢᠳᠭᠡᠯ ᠥᠭ᠌ᠴᠦ᠂ ᠵᠠᠷᠢᠮ ᠬᠠᠤᠯᠢ᠎ᠡᠴᠡ ᠵᠥᠷᠢᠴᠡᠭ᠌ᠰᠡᠨ ᠪᠠᠢᠭᠤᠯᠤᠮᠵᠢ ᠪᠠ ᠬᠤᠪᠢ ᠬᠥᠮᠦᠨ᠎ᠡᠴᠡ ᠪᠠᠰᠠ ᠡᠷᠡᠭᠦᠦ᠍᠎ᠶ᠋ᠢᠨ ᠬᠠᠷᠢᠭᠤᠴᠠᠯᠭ᠎ᠠ ᠨᠡᠬᠡᠮᠵᠢᠯᠡᠪᠡ᠃
《ᠪᠢᠳᠡ ᠶᠡᠷᠦ᠍᠎ᠡᠴᠡ ᠪᠠᠢᠴᠠᠭᠠᠯᠳᠠ ᠬᠢᠬᠦ ᠬᠢᠷᠢ ᠬᠡᠮ᠎ᠦᠨ ᠵᠥᠪᠱᠢᠶᠡᠷᠡᠯ ᠪᠠ ᠶᠠᠰᠤ ᠴᠢᠨᠠᠷ᠎ᠤᠨ ᠡᠵᠡᠮᠳᠡᠯ᠎ᠢ ᠴᠢᠩᠭ᠎ᠠ ᠬᠡᠷᠡᠭ᠌ᠵᠢᠭᠦᠯᠦᠭ᠌ᠰᠡᠭᠡᠷ ᠢᠷᠡᠭ᠌ᠰᠡᠨ ᠪᠥᠭᠡᠳ ᠪᠠᠢᠴᠠᠭᠠᠯᠳᠠ ᠬᠢᠬᠦ ᠪᠠᠢᠭᠤᠯᠤᠮᠵᠢ᠂ ᠭᠤᠷᠪᠠᠳᠠᠬᠢ ᠡᠲᠡᠭᠡᠳ᠎ᠦᠨ ᠪᠠᠢᠴᠠᠭᠠᠯᠳᠠ ᠬᠢᠬᠦ ᠪᠠᠢᠭᠤᠯᠤᠮᠵᠢ᠎ᠶ᠋ᠢ ᠪᠠᠭ᠍ᠲᠠᠭᠠᠭ᠍ᠰᠠᠨ ᠪᠠᠢᠴᠠᠭᠠᠯᠳᠠ ᠬᠢᠬᠦ ᠪᠠᠢᠭᠤᠯᠤᠮᠵᠢ᠎ᠶ᠋ᠢᠨ ᠬᠢᠨᠠᠯᠲᠠ ᠬᠠᠮᠢᠶᠠᠷᠤᠯᠲᠠ᠎ᠶ᠋ᠢ ᠭᠤᠤᠯᠳᠠᠯᠭ᠎ᠠ᠎ᠲᠠᠶ ᠴᠢᠩᠭᠠᠳᠭᠠᠪᠠ》᠃ ᠭᠦᠸᠧ ᠶᠠᠨ ᠬᠣᠩ᠎ᠤᠨ ᠬᠡᠯᠡᠬᠦ ᠪᠡᠷ᠂ ᠲᠠᠷᠠᠭᠠᠴᠢ᠎ᠶ᠋ᠢᠨ ᠠᠯᠬᠤᠮ᠎ᠳᠤ᠂ ᠬᠢᠨᠠᠯᠲᠠ ᠬᠠᠮᠢᠶᠠᠷᠤᠯᠲᠠ᠎ᠶ᠋ᠢᠨ ᠡᠷᠴᠢᠮ᠎ᠢᠶᠡᠨ ᠦᠷᠭᠦᠯᠵᠢᠯᠡᠨ ᠴᠢᠩᠭᠠᠷᠠᠭᠤᠯᠵᠤ᠂ ᠬᠤᠳᠠᠯ ᠬᠠᠭᠤᠷᠮᠠᠭ ᠪᠠᠢᠴᠠᠭᠠᠯᠲᠠ᠎ᠶ᠋ᠢᠨ ᠮᠡᠳᠡᠭᠦᠯᠦᠯᠲᠡ ᠭᠠᠷᠭᠠᠭᠰᠠᠨ ᠬᠦᠨᠳᠦ ᠨᠣᠴᠢᠲᠠᠶ ᠬᠠᠤᠯᠢ᠎ᠡᠴᠡ ᠵᠥᠷᠢᠴᠡᠭ᠌ᠰᠡᠨ ᠠᠵᠢᠯᠯᠠᠭ᠎ᠠ᠎ᠶ᠋ᠢ ᠬᠠᠤᠯᠢ ᠲᠣᠭ᠍ᠲᠠᠭᠠᠯ ᠶᠣᠰᠣᠭᠠᠷ ᠡᠷᠡᠰ ᠴᠢᠩᠭ᠎ᠠ ᠱᠢᠶ᠋ᠳᠪᠦᠷᠢᠯᠡᠨ᠎ᠡ ᠭᠡᠪᠡ᠃
ᠨᠢᠭᠡ ᠪᠦᠯᠦᠭ ᠬᠥᠮᠦᠰ᠂ ᠪᠥᠭᠡᠮ ᠬᠦᠴᠢᠯ ᠤ᠋ᠨ ᠪᠠᠢᠴᠠᠭᠠᠯᠳᠠ ᠬᠢᠬᠦ᠌ ᠦᠶ᠎ᠡ᠎ᠳᠦ ᠠᠮᠠᠷᠬᠠᠨ ᠬᠠᠯᠳᠠᠪᠤᠷᠢᠯᠠᠭ᠍ᠳᠠᠨᠠ ᠭᠡᠵᠦ᠍ ᠰᠠᠨᠠᠭᠠᠱᠢᠷᠠᠵᠤ ᠪᠠᠢᠨ᠎ᠠ᠃ ᠡᠭᠦᠨ᠎ᠦ ᠲᠤᠬᠠᠶ ᠭᠦᠸᠧ ᠶᠠᠨ ᠬᠣᠩ᠂ ᠪᠥᠭᠡᠮ ᠬᠦᠴᠢᠯ᠎ᠦᠨ ᠥᠯᠢᠭᠡᠷ ᠠᠪᠬᠤ ᠠᠵᠢᠯ᠎ᠢ ᠵᠣᠬᠢᠶᠠᠨ ᠪᠠᠢᠭᠤᠯᠵᠤ ᠬᠠᠮᠢᠶᠠᠷᠬᠤ ᠪᠠ ᠵᠢᠷᠤᠮᠵᠢᠭᠤᠯᠬᠤ ᠨᠢ ᠲᠤᠢᠯ᠎ᠤᠨ ᠴᠢᠬᠤᠯᠠ ᠶᠤᠮ᠂ ᠥᠯᠢᠭᠡᠷ ᠠᠪᠬᠤ ᠲᠤᠬᠠᠶ᠎ᠶ᠋ᠢᠨ ᠲᠠᠯᠠᠪᠤᠷ᠎ᠲᠤ ᠲᠣᠳᠣᠷᠬᠠᠶ ᠲᠡᠮᠳᠡᠭ ᠲᠠᠯᠪᠢᠵᠤ᠂ ᠥᠯᠢᠭᠡᠷ ᠠᠪᠬᠤ ᠵᠠᠮ ᠱᠤᠭᠤᠮ᠎ᠢ ᠰᠠᠢᠲᠤᠷ ᠲᠥᠯᠥᠪᠵᠢᠭᠦᠯᠦᠨ᠂ ᠥᠯᠢᠭᠡᠷ ᠠᠪᠬᠤ ᠡᠮᠬᠢ ᠲᠢᠭᠯᠢᠮ᠎ᠤᠨ ᠬᠠᠮᠠᠭᠠᠯᠠᠯᠲᠠ᠎ᠶ᠋ᠢ ᠴᠢᠩᠭᠠᠳᠭᠠᠬᠤ ᠬᠡᠷᠡᠭ᠌ᠲᠡᠶ᠃ ᠬᠤᠪᠢ ᠬᠥᠮᠦᠨ ᠠᠮᠠᠪᠴᠢ ᠪᠠᠨ ᠵᠢᠷᠤᠮᠵᠢᠭᠤᠨ ᠵᠡᠭᠦᠵᠤ᠂ ᠴᠤᠭ᠍ᠯᠠᠷᠠᠬᠤ ᠥᠬᠡᠶ ᠪᠠᠢᠵᠤ᠂ ᠥᠯᠢᠭᠡᠷ ᠠᠪᠬᠤ ᠲᠠᠢᠰᠠᠨ ᠳᠡᠭᠡᠷᠡᠬᠢ ᠶᠠᠮᠠᠷᠪᠠ ᠪᠣᠳᠠᠰ᠎ᠲᠤ ᠬᠦᠷᠴᠤ ᠪᠣᠯᠬᠤ ᠥᠬᠡᠶ᠂ ᠥᠯᠢᠭᠡᠷ ᠠᠪᠤᠭ᠍ᠰᠠᠨ᠎ᠤ ᠳᠠᠷᠠᠭ᠎ᠠ ᠠᠮᠠᠪᠴᠢ᠎ᠪᠠᠨ ᠵᠡᠭᠦᠵᠦ᠍ ᠲᠦᠷᠭᠡᠨ ᠵᠠᠢᠯᠠᠬᠤ ᠬᠡᠷᠡᠭ᠌ᠲᠡᠶ ᠭᠡᠪᠡ᠃
ᠵᠠᠷᠢᠮ ᠭᠠᠵᠠᠷ᠎ᠤᠨ ᠬᠢᠨ ᠠᠳᠠᠯᠢ ᠪᠤᠰᠤ ᠬᠡᠯᠪᠡᠷᠢ᠎ᠪᠡᠷ ᠬᠤᠪᠢ ᠬᠦᠮᠦᠨ ᠦᠪᠡᠷ ᠵᠢᠡᠨ ᠪᠥᠭᠡᠮ ᠬᠦᠴᠢᠯ᠎ᠦᠨ ᠪᠠᠢᠴᠠᠭᠠᠯᠳᠠ ᠬᠢᠬᠦ ᠠᠵᠢᠯ ᠥᠷᠨᠢᠭᠦᠯᠬᠦ᠌᠎ᠶ᠋ᠢ ᠲᠤᠷᠱᠢᠵᠤ ᠪᠠᠢᠭ᠎ᠠ ᠪᠠᠢᠳᠠᠯ᠎ᠳᠤ ᠴᠢᠭ᠌ᠯᠡᠭᠦᠯᠦᠨ᠂ ᠭᠦᠸᠧ ᠶᠠᠨ ᠬᠣᠩ᠂ ᠥᠪᠡᠷ᠎ᠢᠶᠡᠨ ᠪᠥᠭᠡᠮ ᠬᠦᠴᠢᠯ᠎ᠦᠨ ᠪᠠᠢᠴᠠᠭᠠᠯᠳᠠ ᠬᠢᠬᠦ ᠵᠢᠷᠤᠮᠵᠢᠯᠳᠤ ᠴᠢᠨᠠᠷ᠂ ᠪᠦᠲᠦᠮᠵᠢᠲᠦ ᠴᠢᠨᠠᠷ ᠪᠠ ᠠᠮᠤᠷ ᠲᠦᠪᠱᠢᠨ ᠴᠢᠨᠠᠷ᠎ᠢ ᠣᠨᠴᠠᠭᠠᠢᠯᠠᠨ ᠠᠩᠬᠠᠷᠬᠤ ᠬᠡᠷᠡᠭ᠌ᠲᠡᠶ᠂ ᠪᠦᠷᠢᠨ ᠲᠡᠭᠦᠯᠳᠡᠷ ᠬᠡᠷᠡᠭ᠌ᠵᠢᠭᠦᠯᠬᠦ᠌ ᠲᠥᠰᠦᠯ ᠲᠣᠭ᠍ᠲᠠᠭᠠᠬᠤ᠎ᠶ᠋ᠢᠨ ᠬᠠᠮᠲᠤ ᠰᠠᠢᠲᠤᠷ ᠵᠣᠬᠢᠶᠠᠨ ᠪᠠᠢᠭᠤᠯᠤᠨ ᠬᠡᠷᠡᠭ᠌ᠵᠢᠭᠦᠯᠵᠦ᠍᠂ ᠮᠡᠷᠭᠡᠵᠢᠯ᠎ᠦᠨ ᠵᠢᠯᠣᠭᠣᠳᠣᠯᠭ᠎ᠠ᠎ᠪᠠᠨ ᠴᠢᠩᠭᠠᠳᠭᠠᠨ᠂ ᠥᠪᠡᠷ᠎ᠢᠶᠡᠨ ᠪᠥᠭᠡᠮ ᠬᠦᠴᠢᠯ ᠤ᠋ᠨ ᠪᠠᠢᠴᠠᠭᠠᠯᠳᠠ ᠬᠢᠬᠦ᠎ᠳᠤ ᠥᠯᠢᠭᠡᠷ ᠠᠪᠬᠤ ᠶᠠᠰᠤ ᠴᠢᠨᠠᠷ᠎ᠢ ᠪᠠᠲᠤᠯᠠᠬᠤ ᠬᠡᠷᠡᠭ᠌ᠲᠡᠶ ᠭᠡᠵᠡᠶ᠃
(ᠰᠢᠨᠬᠣᠸᠠ ᠬᠣᠷᠢᠶᠠᠨ ᠦ ᠪᠡᠭᠡᠵᠢᠩ᠎ᠤᠨ 11ᠰᠠᠷ᠎ᠠ ᠵᠢᠨ 29᠎ᠦ ᠴᠠᠬᠢᠯᠭᠠᠨ ᠮᠡᠳᠡᠭᠡ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃