2022-12-01 19:59:38
12 ᠰᠠᠷ᠎ᠠ᠎ᠶ᠋ᠢᠨ 1 ᠤ ᠡᠳᠦᠷ ᠬᠤᠷᠠᠯᠳᠤᠭᠤᠯᠤᠭ᠍ᠰᠠᠨ ᠬᠥᠬᠡᠬᠤᠲᠠ᠎ᠶ᠋ᠢᠨ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠰᠣᠨᠢᠨ ᠮᠡᠳᠡᠭᠡ ᠨᠡᠢᠲᠡᠯᠡᠬᠦ᠌ ᠬᠤᠷᠠᠯ (81 ᠳ᠋ᠤᠭᠡᠷ ᠲᠠᠯᠠᠪᠠᠶ) ᠳᠡᠭᠡᠷ᠎ᠡ᠂ ᠬᠥᠬᠡᠬᠤᠲᠠ᠎ᠶ᠋ᠢᠨ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠬᠤᠲᠠ᠎ᠶ᠋ᠢᠨ ᠳᠠᠷᠤᠭ᠎ᠠ ᠱᠢᠤᠢ ᠱᠸᠤ ᠵᠢᠶ ᠬᠥᠬᠡᠬᠤᠲᠠ᠎ᠶ᠋ᠢᠨ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠᠢᠩᠭᠤ᠎ᠶ᠋ᠢᠨ ᠠᠵᠢᠯ᠎ᠢ ᠰᠠᠢᠲᠤᠷ ᠬᠢᠬᠦ᠌᠎ᠶ᠋ᠢ ᠮᠡᠳᠡᠭ᠌ᠳᠡᠪᠡ᠃

ᠱᠢᠤᠢ ᠱᠸᠤ ᠵᠢᠶ᠂ ᠪᠡᠷᠬᠡ ᠬᠠᠲᠠᠭᠤᠵᠢᠯᠲᠠᠶ ᠪᠣᠭᠤᠮᠲᠠ ᠱᠢᠪᠲᠤᠯᠬᠤ᠎ᠪᠠᠷ ᠳᠡᠮᠵᠢᠨ᠂ ᠬᠥᠬᠡᠬᠤᠲᠠ᠎ᠶ᠋ᠢ ᠬᠠᠮᠠᠭᠠᠯᠠᠬᠤ ᠳᠠᠢᠯᠠᠯᠳᠤᠭᠠᠨ ᠱᠠᠲᠤᠴᠢ ᠴᠢᠨᠠᠷᠲᠠᠶ ᠦᠷ᠎ᠡ ᠪᠦᠲᠦᠮᠵᠢ ᠣᠯᠵᠤ᠂ ᠪᠠᠢᠩᠭᠤᠵᠢᠭᠰᠠᠨ ᠰᠡᠷᠭᠡᠢᠯᠡᠨ ᠡᠵᠡᠮᠳᠡᠬᠦ᠌ ᠪᠠᠢᠳᠠᠯ᠎ᠳᠦ ᠰᠢᠯᠵᠢᠬᠦ ᠨᠦᠬᠦᠴᠡᠯ᠎ᠢ ᠪᠦᠷᠢᠯᠳᠦᠬᠦᠯᠪᠡ᠃ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌᠎ᠶ᠋ᠢ ᠪᠠᠢᠩᠭᠤᠵᠢᠭᠤᠯᠬᠤ ᠪᠠ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢᠨ ᠠᠵᠢᠯ᠎ᠢ ᠨᠢᠭᠡᠳᠦᠯᠲᠡᠶ ᠲᠥᠯᠥᠪᠵᠢᠭᠦᠯᠦᠨ ᠰᠠᠢᠲᠤᠷ ᠬᠢᠵᠦ᠍᠂ ᠬᠡᠪ᠎ᠤᠨ ᠦᠢᠯᠡᠳᠪᠦᠷᠢᠯᠡᠯ ᠠᠮᠢᠳᠤᠷᠠᠯ᠎ᠤᠨ ᠡᠮᠬᠢ ᠳᠢᠭ᠌ᠯᠢᠮ᠎ᠢ ᠡᠮᠬᠢ ᠵᠢᠷᠤᠮ᠎ᠲᠠᠢ ᠰᠡᠷᠭᠦᠭᠡᠬᠦ᠌᠎ᠶ᠋ᠢᠨ ᠲᠥᠯᠥᠭᠡ᠂ ᠣᠲᠣ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠷᠭ᠎ᠠ ᠬᠡᠮᠵᠢᠶ᠎ᠡ᠎ᠶ᠋ᠢ ᠱᠢᠯᠢᠳᠡᠭ᠌ᠵᠢᠭᠦᠯᠦᠨ ᠲᠣᠬᠢᠷᠠᠭᠤᠯᠤᠯᠲᠠ ᠬᠢᠪᠠ ᠭᠡᠯ᠎ᠠ᠃
ᠨᠢᠭᠡ᠎ᠳᠤ᠂ ᠪᠥᠭᠡᠮ ᠬᠦᠴᠢᠯ᠎ᠤᠨ ᠱᠢᠯᠭᠠᠨ ᠪᠠᠢᠴᠠᠭᠠᠯᠲᠠ᠎ᠶ᠋ᠢᠨ ᠲᠤᠬᠠᠶ᠃ ᠳᠤᠤᠷ᠎ᠠ ᠲᠦᠭ᠌ᠰᠢᠭᠦᠷᠢᠲᠦ ᠣᠷᠣᠨ᠎ᠳᠦ ᠥᠩᠭᠡᠷᠡᠭ᠌ᠰᠡᠨ᠎ᠤ 24 ᠴᠠᠭ᠎ᠲᠤ ᠨᠢᠭᠡ ᠤᠳᠠᠭ᠎ᠠ ᠪᠠᠢᠴᠠᠭᠠᠵᠤ ᠪᠠᠢᠭ᠍ᠰᠠᠨ᠎ᠠᠴᠠ᠎ᠪᠠᠨ 48 ᠴᠠᠭ᠎ᠲᠤ ᠨᠢᠭᠡ ᠤᠳᠠᠭ᠎ᠠ ᠪᠠᠢᠴᠠᠭᠠᠬᠤ ᠪᠣᠯᠭᠠᠨ ᠳᠣᠭᠢᠷᠠᠭᠤᠯᠵᠤ᠂ ᠣᠷᠳᠣ ᠬᠤᠭᠤᠴᠠᠭ᠎ᠠ᠎ᠪᠠᠷ ᠬᠡᠷ᠎ᠲᠡᠭᠡᠨ ᠰᠠᠭᠤᠵᠤ ᠪᠠᠢᠭ᠎ᠠ ᠨᠠᠰᠤᠲᠠᠳ᠂ ᠬᠡᠷ᠎ᠲᠡᠭᠡᠨ ᠰᠠᠭᠤᠵᠤ ᠠᠵᠢᠯᠯᠠᠵᠤ ᠰᠤᠷᠤᠯᠴᠠᠵᠦ ᠪᠠᠢᠭ᠎ᠠ ᠬᠦᠮᠦᠰ᠂ ᠨᠢᠯᠬ᠎ᠠ ᠨᠢᠷᠠᠶ ᠬᠡᠦᠬᠡᠳ ᠵᠡᠷᠭᠡ ᠨᠡᠢᠭᠡᠮ᠎ᠤᠨ ᠠᠵᠢᠯᠯᠠᠭ᠎ᠠ ᠳᠦ ᠤᠷᠤᠯᠴᠠᠳᠠᠭ ᠦᠬᠡᠢ ᠬᠥᠮᠦᠰ ᠬᠡᠷᠪᠡ ᠭᠠᠳᠠᠭ᠍ᠰᠢ ᠭᠠᠷᠬᠤ ᠱᠠᠭᠠᠷᠳᠠᠯᠭ᠎ᠠ ᠥᠬᠡᠶ ᠪᠣᠯ ᠨᠡᠢᠭᠡᠮ ᠲᠣᠭᠤᠷᠢᠭ᠎ᠤᠨ ᠪᠥᠭᠡᠮ ᠬᠦᠴᠢᠯ᠎ᠤᠨ ᠱᠢᠭ᠌ᠰᠢᠨ ᠪᠠᠢᠴᠠᠭᠠᠯᠲᠠ᠎ᠳᠤ ᠣᠷᠣᠯᠴᠠᠬᠤ ᠥᠬᠡᠶ ᠪᠠᠢᠵᠤ ᠪᠣᠯᠤᠨ᠎ᠠ; ᠦᠨᠳᠦᠷ ᠲᠦᠭ᠌ᠰᠢᠭᠦᠷᠢᠲᠡᠶ ᠣᠷᠣᠨ᠂ ᠲᠤᠰᠠᠭᠠᠷᠯᠠᠬᠤ ᠴᠡᠭ᠂ ᠭᠤᠤᠯᠳᠠᠯᠭ᠎ᠠ᠎ᠲᠠᠢ ᠬᠥᠮᠦᠰ᠎ᠲᠤ 24 ᠴᠠᠭ᠎ᠲᠤ ᠨᠢᠭᠡ ᠪᠠᠢᠴᠠᠭᠠᠯᠲᠠ ᠬᠢᠬᠦ᠌᠎ᠶ᠋ᠢ ᠬᠡᠷᠡᠭ᠌ᠵᠢᠭᠦᠯᠦᠨ᠎ᠡ᠃
ᠬᠤᠶᠠᠷ᠎ᠲᠤ᠂ ᠲᠦᠭ᠌ᠰᠢᠭᠦᠷᠢᠳᠡᠢ ᠣᠷᠣᠨ᠎ᠢ ᠵᠠᠭᠠᠭ᠍ᠯᠠᠨ ᠲᠣᠭ᠍ᠲᠠᠭᠠᠬᠤ ᠲᠤᠬᠠᠢ᠃ ᠦᠨᠳᠦᠷ ᠲᠦᠭ᠌ᠰᠢᠭᠦᠷᠢᠲᠡᠶ ᠣᠷᠣᠨ᠎ᠢ ᠶᠡᠷᠦ᠍᠎ᠳᠡᠭᠡᠨ ᠤᠷᠤᠴᠠ᠂ ᠠᠰᠠᠷ᠎ᠢᠶᠠᠷ ᠨᠢᠭᠡᠴᠢ ᠪᠣᠯᠭᠠᠨ ᠬᠤᠪᠢᠶᠠᠷᠢᠯᠠᠨ ᠲᠣᠭ᠍ᠲᠠᠭᠠᠵᠤ᠂ ᠦᠨᠳᠦᠷ ᠲᠦᠭᠰᠢᠭᠦᠷᠢᠳᠠᠢ ᠤᠷᠤᠴᠠ᠂ ᠠᠰᠠᠷ᠎ᠤᠨ ᠪᠠᠢᠭ᠎ᠠ ᠰᠠᠭᠤᠭᠠᠯᠢ ᠲᠣᠭᠤᠷᠢᠭ᠎ᠤᠨ ᠪᠤᠰᠤᠳ ᠤᠷᠤᠴᠠ᠂ ᠠᠰᠠᠷ᠎ᠢ ᠳᠤᠤᠷ᠎ᠠ ᠲᠦᠭ᠌ᠰᠢᠭᠦᠷᠢ᠎ᠲᠠᠶ ᠤᠷᠤᠨ᠎ᠤ ᠶᠤᠰᠤᠭᠠᠷ ᠬᠠᠮᠢᠶᠠᠷᠤᠯᠲᠠ ᠬᠢᠵᠦ᠂ ᠰᠠᠭᠤᠭᠠᠯᠢ ᠠᠷᠠᠳ᠎ᠤᠨ ᠳᠤᠭᠤᠷᠢᠭ ᠲᠠᠭᠠᠨ ᠣᠷᠣᠵᠤ ᠭᠠᠷᠬᠤ ᠵᠢ ᠡᠮᠬᠢ ᠵᠢᠷᠤᠮ ᠲᠠᠢ ᠪᠠᠳᠤᠯᠠᠨ᠎ᠠ᠃ ᠦᠨᠳᠦᠷ ᠲᠦᠭᠰᠢᠭᠦᠷᠢᠳᠠᠢ ᠣᠷᠣᠨ᠎ᠳᠤ 5 ᠡᠳᠦᠷ ᠳᠠᠷᠠᠭᠠᠯᠠᠨ ᠱᠢᠨ᠎ᠡ᠎ᠪᠠᠷ ᠨᠡᠮᠡᠭ᠌ᠳᠡᠭ᠌ᠰᠡᠨ ᠬᠠᠯᠳᠠᠪᠤᠷᠢᠯᠠᠭ᠍ᠳᠠᠬᠰᠠᠳᠢᠯᠡᠷᠡᠭᠰᠡᠨ ᠥᠬᠡᠶ ᠪᠠᠢᠪᠠᠯ᠂ ᠳᠤᠤᠷ᠎ᠠ ᠲᠦᠭ᠌ᠰᠢᠭᠦᠷᠢᠳᠠᠢ ᠣᠷᠣᠨ ᠪᠣᠯᠭᠠᠨ ᠪᠠᠭᠤᠷᠠᠭᠤᠯᠤᠨ᠎ᠠ᠃
ᠭᠤᠷᠪᠠ᠎ᠳᠤ᠂ ᠨᠡᠢᠭᠡᠮ᠎ᠤᠨ ᠬᠠᠮᠢᠶᠠᠷᠤᠯᠲᠠ ᠡᠵᠡᠮᠳᠡᠯ᠎ᠤᠨ ᠲᠤᠬᠠᠢ᠃ ᠦᠨᠳᠦᠷ ᠲᠦᠭᠰᠢᠭᠦᠷᠢᠳᠠᠢ ᠣᠷᠣᠨ᠎ᠤ᠎ᠬᠢᠨ 《ᠬᠡᠷ᠎ᠠᠴᠠ᠎ᠪᠠᠨ ᠭᠠᠷᠬᠤ ᠥᠬᠡᠶ᠂ ᠬᠡᠷᠲᠤᠨᠢ ᠬᠦᠷᠴᠦ᠍ ᠦᠢᠯᠡᠴᠢᠯᠡᠬᠦ᠌》 ᠶ᠋ᠢ ᠪᠡᠶᠡᠯᠡᠭᠦᠯᠵᠦ᠍᠂ ᠳᠤᠤᠷ᠎ᠠ ᠲᠦᠭᠰᠢᠭᠦᠷᠢᠳᠠᠢ ᠣᠷᠣᠨ᠎ᠤ ᠰᠠᠭᠤᠭᠠᠯᠢ ᠠᠷᠠᠳ ᠳᠤᠭᠤᠷᠢᠭ ᠲᠠᠭᠠᠨ ᠤᠷᠤᠵᠤ ᠭᠠᠷᠬᠤ᠎ᠳᠦ ᠺᠣᠳ᠋ᠰᠢᠷᠪᠢᠬᠦ ᠵᠢ ᠴᠢᠡᠭᠳᠠᠯᠠᠵᠤ᠂ ᠪᠥᠭᠡᠮ ᠬᠦᠴᠢᠯ᠎ᠤᠨ ᠪᠠᠢᠴᠠᠭᠠᠯᠲᠡ᠎ᠨᠢ ᠪᠢᠯᠢᠭ ᠴᠢᠨᠠᠷᠲᠠᠶ ᠦᠷ᠎ᠡ ᠳ᠋ᠦᠩ᠎ᠢ ᠱᠢᠯᠭᠠᠵᠤ᠂ ᠪᠥᠭᠡᠮ ᠬᠦᠴᠢᠯ᠎ᠤᠨ ᠪᠠᠢᠴᠠᠭᠠᠯᠲᠡ ᠬᠢᠬᠦ᠌ ᠥᠬᠡᠶ ᠪᠣᠯ ᠳᠤᠭᠢᠶᠠᠨ ᠴᠣᠩᠬᠤ᠎ᠪᠠᠷ ᠬᠠᠮᠢᠶᠠᠷᠬᠤ᠎ᠶ᠋ᠢ ᠬᠡᠷᠡᠭ᠌ᠵᠢᠭᠦᠯᠵᠦ᠍᠂ ᠳᠤᠬᠠᠢ ᠵᠢᠨ ᠬᠤᠭᠤᠴᠠᠭᠠᠨ᠎ᠳᠤ ᠣᠯᠠᠨ ᠨᠡᠢᠲᠡ᠎ᠶ᠋ᠢᠨ ᠲᠠᠯᠠᠪᠤᠷ᠎ᠲᠤ ᠣᠷᠣᠵᠤ ᠪᠣᠯᠬᠤ ᠥᠬᠡᠶ᠂ ᠣᠯᠠᠨ ᠨᠡᠢᠲᠡ᠎ᠶ᠋ᠢᠨ ᠵᠠᠮ ᠬᠠᠷᠢᠯᠴᠠᠭᠠᠨ᠎ᠤ ᠪᠠᠭᠠᠵᠢ᠎ᠳᠤ ᠰᠠᠭᠤᠵᠤ ᠪᠣᠯᠬᠤ ᠥᠬᠡᠶ᠃ ᠣᠯᠠᠨ ᠨᠡᠢᠲᠡ᠎ᠶ᠋ᠢᠨ ᠲᠠᠯᠠᠪᠤᠷ᠎ᠲᠤ ᠣᠷᠣᠬᠤ᠎ᠳᠤ ᠡᠷᠬᠡᠪᠰᠢ 《ᠬᠥᠬᠡᠬᠤᠲᠠ᠎ᠶ᠋ᠢᠨ ᠺᠣᠳ᠋》 ᠪᠣᠯᠤᠨ 48 ᠴᠠᠭ᠎ᠤᠨ ᠪᠥᠭᠡᠮ ᠬᠦᠴᠢᠯ᠎ᠤᠨ ᠪᠠᠢᠴᠠᠭᠠᠯᠲᠠ᠎ᠶ᠋ᠢᠨ ᠪᠢᠯᠢᠭ ᠴᠢᠨᠠᠷ᠎ᠤᠨ ᠦᠷ᠎ᠡ ᠳ᠋ᠦᠩ᠎ᠢ ᠱᠢᠯᠭᠠᠬᠤ ᠬᠡᠷᠡᠭ᠌ᠲᠡᠶ᠃ ᠬᠡᠷ᠎ᠲᠡᠭᠡᠨ ᠲᠤᠰᠠᠭᠠᠷᠯᠠᠵᠤ ᠪᠠᠢᠭ᠎ᠠ ᠬᠥᠮᠦᠰ᠎ᠢ ᠺᠣᠳ᠋ᠵᠢᠡᠷ ᠬᠠᠮᠢᠶᠠᠷᠴᠦ 《ᠬᠡᠷ᠎ᠠᠴᠠ᠎ᠪᠠᠨ ᠭᠠᠷᠬᠤ ᠥᠬᠡᠶ᠂ ᠬᠡᠷᠲᠤᠨᠢ ᠡᠮ ᠬᠦᠷᠭᠡᠬᠦ᠌》᠎ᠶ᠋ᠢᠨ ᠬᠠᠮᠲᠤ ᠡᠷᠡᠭᠦᠯ ᠮᠡᠨᠳᠦ᠍᠎ᠶ᠋ᠢᠨ ᠬᠢᠨᠠᠨ ᠬᠡᠮᠵᠢᠯᠲᠡ᠎ᠶ᠋ᠢ ᠰᠠᠢᠲᠤᠷ ᠬᠢᠨ᠎ᠠ᠃ ᠡᠯ᠎ᠡ ᠱᠠᠲᠤᠨ᠎ᠤ ᠡᠯ᠎ᠡ ᠲᠥᠷᠥᠯ᠎ᠤᠨ ᠡᠮᠴᠢᠯᠡᠭᠡᠨ᠎ᠤ ᠪᠠᠢᠭᠤᠯᠤᠮᠵᠢ᠎ᠨᠢ 《ᠬᠥᠬᠡᠬᠤᠲᠠ᠎ᠶ᠋ᠢᠨ ᠺᠣᠳ᠋》᠎ᠤᠨ ᠳᠤᠬᠢᠶᠠᠨ ᠴᠣᠩᠬᠤ᠎ᠪᠠᠷ ᠱᠢᠯᠲᠠᠭ ᠪᠣᠯᠭᠠᠵᠤ ᠡᠪᠡᠳᠴᠢᠲᠡᠨ᠎ᠤ ᠡᠪᠡᠳᠴᠢᠨ ᠦᠵᠡᠭᠦᠯᠬᠦ᠌᠎ᠶ᠋ᠢ ᠲᠡᠪᠴᠢᠵᠦ᠍ ᠪᠣᠯᠬᠤ ᠥᠬᠡᠶ᠂ ᠭᠡᠪᠡᠴᠦ᠍ ᠡᠪᠡᠳᠴᠢᠨ ᠦᠵᠡᠭᠦᠯᠬᠦ᠌ ᠦᠶ᠎ᠡ᠎ᠳᠤ ᠪᠥᠭᠡᠮ ᠬᠦᠴᠢᠯ᠎ᠤᠨ ᠪᠠᠢᠴᠠᠭᠠᠯᠳᠠ ᠨᠥᠬᠦᠵᠦ᠍ ᠠᠪᠬᠤ ᠠᠵᠢᠯ᠎ᠢ ᠰᠠᠢᠲᠤᠷ ᠬᠢᠬᠦ᠌ ᠬᠡᠷᠡᠭ᠌ᠲᠡᠶ᠃
ᠳᠥᠷᠪᠡ᠎ᠳᠤ᠂ ᠸᠠᠺᠼᠢᠨ᠎ᠤ ᠲᠠᠷᠢᠯᠭ᠎ᠠ ᠬᠢᠬᠦ᠌ ᠲᠤᠬᠠᠶ᠃ 《ᠳᠠᠷᠢᠬᠤ ᠴᠢᠬᠤᠯᠠᠲᠠᠶ᠎ᠶ᠋ᠢ᠎ᠨᠢ ᠪᠦᠬᠦᠨ᠎ᠢ ᠳᠠᠷᠢᠭᠤᠯᠬᠤ》 ᠵᠠᠷᠴᠢᠮᠵᠢᠡᠷ ᠸᠠᠺᠼᠢᠨ᠎ᠤ ᠲᠠᠷᠢᠯᠭ᠎ᠠ ᠬᠢᠬᠦ᠌ ᠠᠵᠢᠯ᠎ᠢ ᠰᠠᠢᠲᠤᠷ ᠬᠢᠵᠦ᠍᠂ 60 ᠨᠠᠰᠤᠲᠠᠶ ᠨᠠᠰᠤᠲᠠᠢᠴᠤᠳ᠎ᠢᠶᠠᠷ ᠭᠤᠤᠯᠳᠠᠯᠭ᠎ᠠ ᠪᠣᠯᠭᠠᠨ᠂ 80 ᠨᠠᠰᠤᠨ᠎ᠠᠴᠠ ᠳᠡᠭᠡᠭ᠌ᠰᠢᠬᠢ ᠬᠥᠮᠦᠰ᠎ᠤᠨ ᠲᠠᠷᠢᠯᠭ᠎ᠠ ᠬᠢᠬᠦ᠌ ᠨᠣᠷᠮ᠎ᠠ᠎ᠶ᠋ᠢ ᠲᠦᠷᠭᠡᠳᠭᠡᠨ ᠳᠡᠭᠡᠭ᠌ᠰᠢᠯᠡᠭᠦᠯᠵᠦ᠍᠂ 60 — 79 ᠨᠠᠰᠤᠨ᠎ᠤ ᠬᠥᠮᠦᠰ᠎ᠤᠨ ᠲᠠᠷᠢᠯᠭ᠎ᠠ ᠬᠢᠬᠦ᠌ ᠨᠣᠷᠮ᠎ᠠ᠎ᠶ᠋ᠢ ᠦᠷᠭᠦᠯᠵᠢᠯᠡᠨ ᠳᠡᠭᠡᠭ᠌ᠰᠢᠯᠡᠭᠦᠯᠦᠨ᠎ᠡ᠃
ᠲᠠᠪᠤ᠎ᠳᠤ᠂ ᠠᠵᠢᠯ᠎ᠢᠶᠠᠨ ᠰᠡᠷᠭᠦᠭᠡᠵᠦ᠍ ᠦᠢᠯᠡᠳᠪᠦᠷᠢᠯᠡᠯ᠎ᠢᠶᠠᠨ ᠰᠡᠷᠭᠦᠭᠡᠬᠦ᠂ ᠬᠤᠳᠠᠯᠳᠤᠭ᠎ᠠ᠎ᠶ᠋ᠢ ᠰᠡᠷᠭᠦᠭᠡᠵᠦ᠍ ᠵᠠᠬ᠎ᠠ ᠳᠡᠯᠭᠡᠭᠦᠷ᠎ᠢ ᠰᠡᠷᠭᠦᠭᠡᠬᠦ᠌ ᠲᠤᠬᠠᠢ᠃ ᠭᠠᠵᠠᠷ ᠳᠤᠤᠷᠠᠬᠢ ᠲᠡᠮᠦᠷ ᠵᠠᠮ᠂ ᠨᠡᠢᠲᠡ᠎ᠶ᠋ᠢᠨ ᠮᠠᠰᠢᠨ᠂ ᠲᠦᠷᠢᠶᠡᠰᠦᠨ ᠮᠠᠱᠢᠨ ᠲᠡᠷᠭᠡ᠂ ᠰᠦᠯᠵᠢᠶ᠎ᠡ᠎ᠪᠠᠷ ᠪᠣᠯᠵᠣᠬᠤ ᠲᠡᠷᠭᠡ ᠵᠡᠷᠭᠡ ᠣᠯᠠᠨ ᠨᠡᠢᠲᠡ᠎ᠶ᠋ᠢᠨ ᠵᠠᠮ ᠬᠠᠷᠢᠯᠴᠠᠭᠠᠨ᠎ᠤ ᠪᠠᠭᠠᠵᠢ ᠬᠡᠪ᠎ᠤᠨ ᠶᠣᠰᠣᠭᠠᠷ ᠡᠵᠡᠩᠨᠡᠯᠲᠡ᠎ᠪᠠᠨ ᠡᠬᠢᠯᠡᠭᠦᠯᠪᠡ᠃ ᠢᠳᠡᠭᠡᠨ ᠤᠮᠳᠠᠭᠠᠨ ᠭᠠᠳᠠᠭ᠍ᠰᠢ ᠬᠦᠷᠭᠡᠬᠦ᠂ ᠲᠣᠮᠣ ᠬᠡᠯᠪᠡᠷᠢ᠎ᠶ᠋ᠢᠨ ᠬᠡᠲᠦ ᠳᠡᠯᠭᠡᠭᠦᠷ᠂ ᠪᠦᠷᠢᠨ ᠪᠠᠷᠠᠭᠠᠲᠤ ᠳᠡᠯᠭᠡᠭᠦᠷ᠂ ᠪᠠᠩᠬᠢ᠂ ᠴᠠᠬᠢᠯᠭᠠᠨ ᠬᠤᠯᠪᠣᠭ᠎ᠠ᠂ ᠨᠠᠷᠠᠲᠤ ᠲᠥᠷᠥᠯ ᠲᠡᠮᠳᠡᠭ᠌ᠲᠦ᠍᠎ᠶ᠋ᠢᠨ ᠲᠤᠰᠭᠠᠶ ᠬᠤᠳᠠᠯᠳᠤᠭ᠎ᠠ᠂ ᠬᠡᠷ ᠠᠬᠤᠶ᠎ᠶ᠋ᠢᠨ ᠴᠡᠪᠡᠷᠯᠡᠭᠡ᠂ ᠪᠠᠷᠢᠯᠭ᠎ᠠ᠎ᠶ᠋ᠢᠨ ᠮᠠᠲ᠋ᠧᠷᠢᠶᠠᠯ᠎ᠤᠨ ᠵᠠᠬ᠎ᠠ ᠳᠡᠯᠭᠡᠭᠦᠷ ᠵᠡᠷᠭᠡ ᠦᠢᠯᠡᠴᠢᠯᠡᠭᠡᠨ᠎ᠤ ᠡᠵᠡᠩᠨᠡᠯᠲᠡ᠎ᠶ᠋ᠢᠨ ᠪᠠᠢᠳᠠᠯ᠎ᠢ ᠰᠡᠷᠭᠦᠭᠡᠨ᠎ᠡ᠃ ᠳᠤᠮᠳᠠ ᠪᠠᠭ᠎ᠠ ᠵᠢᠵᠢᠭ ᠠᠵᠤ ᠠᠬᠤᠢᠯᠠᠯ᠂ ᠬᠤᠪᠢ᠎ᠶ᠋ᠢᠨ ᠦᠢᠯᠡᠳᠪᠦᠷᠢ ᠬᠤᠳᠠᠯᠳᠤᠭᠠᠨ᠎ᠤ ᠡᠷᠦᠬᠡ᠎ᠶ᠋ᠢᠨ ᠦᠢᠯᠡᠳᠪᠦᠷᠢᠯᠡᠯ ᠡᠵᠡᠩᠨᠡᠯᠲᠡ᠎ᠪᠠᠨ ᠲᠦᠷᠭᠡᠬᠡᠨ ᠰᠡᠷᠭᠦᠭᠡᠬᠦ᠌᠎ᠶ᠋ᠢ ᠳᠡᠮᠵᠢᠵᠦ᠍᠂ ᠬᠢᠵᠢᠭ᠎ᠤᠨ ᠪᠠᠢᠳᠠᠯ᠎ᠤᠨ ᠬᠤᠭᠤᠴᠠᠭᠠᠨ᠎ᠳᠤ ᠲᠤᠱᠢᠶᠠᠪᠠᠰᠤ ᠵᠣᠬᠢᠬᠤ ᠵᠢᠷᠭᠤᠭᠠᠨ ᠵᠦᠢᠯ᠎ᠤᠨ ᠵᠠᠰᠠᠭ ᠵᠠᠬᠢᠷᠭᠠᠨ᠎ᠤ ᠴᠢᠨᠠᠷᠲᠠᠶ ᠰᠦᠢᠳᠭᠡᠯ ᠬᠤᠷᠢᠶᠠᠬᠤ ᠲᠥᠷᠥᠯ ᠵᠦᠢᠯ᠎ᠢ ᠨᠢᠭᠡ ᠤᠯᠠᠷᠢᠯ ᠬᠤᠢᠱᠢᠯᠠᠭᠤᠯᠤᠨ ᠲᠤᠱᠢᠶᠠᠨ᠎ᠠ᠃ ᠤᠰᠤᠨ᠎ᠤ ᠰᠦᠢᠳᠭᠡᠯ᠂ ᠱᠢᠲᠠᠮᠠᠬᠠᠶ ᠬᠡᠶ᠎ᠶ᠋ᠢᠨ ᠰᠦᠢᠳᠭᠡᠯ᠂ ᠢᠯᠴᠢ ᠬᠠᠩᠭᠠᠬᠤ ᠰᠦᠢᠳᠭᠡᠯ᠎ᠢ ᠬᠤᠭᠤᠴᠠᠭ᠎ᠠ ᠶᠣᠰᠣᠭᠠᠷ ᠲᠤᠱᠢᠶᠠᠵᠤ ᠳᠡᠢᠯᠬᠦ᠌ ᠥᠬᠡᠶ ᠪᠣᠯ ᠰᠦᠢᠳᠭᠡᠯ᠎ᠢᠶᠠᠨ ᠬᠤᠢᠱᠢᠯᠠᠭᠤᠯᠤᠨ ᠲᠤᠱᠢᠶᠠᠬᠤ᠎ᠪᠠᠷ ᠭᠤᠶᠤᠴᠢᠯᠠᠵᠤ ᠪᠣᠯᠤᠨ᠎ᠠ᠂ ᠡᠨᠡᠭᠦ ᠬᠤᠭᠤᠴᠠᠭᠠᠨ᠎ᠳᠦ ᠬᠠᠡᠭᠭᠠᠯᠭ᠎ᠠ ᠵᠢ ᠳᠠᠰᠤᠯᠳᠠᠭᠤᠯᠬᠤ ᠦᠭᠡᠢ᠃ ᠬᠢᠵᠢᠭ᠎ᠤᠨ ᠪᠠᠢᠳᠠᠯ᠎ᠤᠨ ᠨᠥᠯᠥᠭᠡ᠎ᠠᠴᠠ ᠪᠣᠯᠵᠣ᠂ ᠬᠤᠭᠤᠴᠠᠭ᠎ᠠ ᠶᠣᠰᠣᠭᠠᠷ ᠭᠠᠢᠯᠢ ᠲᠤᠱᠢᠶᠠᠬᠤ ᠭᠤᠶᠤᠴᠢᠯᠠᠯ ᠬᠢᠵᠦ᠍ ᠳᠡᠢᠯᠬᠦ᠌ ᠥᠬᠡᠶ ᠪᠤᠶᠤ ᠣᠨᠴᠠᠭᠠᠶ ᠬᠦᠴᠢᠷᠳᠡᠯ᠎ᠲᠠᠢ ᠪᠣᠯ ᠭᠠᠢᠯᠢ᠎ᠶ᠋ᠢᠨ ᠵᠣᠭᠤᠰ᠎ᠢ ᠬᠤᠢᠱᠢᠯᠠᠭᠤᠯᠤᠨ ᠲᠤᠱᠢᠶᠠᠬᠤ᠎ᠪᠠᠷ ᠭᠤᠶᠤᠴᠢᠯᠠᠬᠤ ᠪᠤᠶᠤ ᠬᠤᠢᠱᠢᠯᠠᠭᠤᠯᠤᠨ ᠲᠤᠱᠢᠶᠠᠵᠤ ᠪᠣᠯᠤᠨ᠎ᠠ᠃ ᠠᠵᠢᠯ᠎ᠤᠨ ᠪᠠᠢᠷᠢ᠎ᠶ᠋ᠢ ᠲᠣᠭ᠍ᠲᠠᠪᠤᠷᠢᠵᠢᠭᠤᠯᠤᠨ ᠠᠵᠢᠯ ᠣᠯᠭᠤᠬᠤ᠎ᠶ᠋ᠢ ᠬᠠᠪᠰᠤᠷᠤᠨ ᠲᠡᠳᠬᠦᠬᠦ᠌ ᠪᠠᠲᠤᠯᠠᠭ᠎ᠠ ᠵᠡᠷᠭᠡ ᠠᠷᠭ᠎ᠠ ᠬᠡᠮᠵᠢᠶ᠎ᠡ᠎ᠶ᠋ᠢ ᠴᠢᠩᠭᠠᠳᠭᠠᠵᠤ᠂ ᠠᠵᠤ ᠠᠬᠤᠢᠯᠠᠯ᠎ᠤᠨ ᠠᠵᠢᠯ᠎ᠢᠶᠠᠨ ᠰᠡᠷᠭᠦᠭᠡᠵᠦ᠍ ᠦᠢᠯᠡᠳᠪᠦᠷᠢᠯᠡᠯ᠎ᠢᠶᠠᠨ ᠰᠡᠷᠭᠦᠭᠡᠬᠦ᠌ ᠠᠬᠢᠴᠠ᠎ᠪᠠᠨ ᠲᠦᠷᠭᠡᠳᠭᠡᠬᠦ᠌᠎ᠳᠤ ᠬᠦᠴᠦᠨ ᠨᠡᠮᠡᠷᠢᠯᠡᠨ᠎ᠡ᠃
ᠵᠢᠷᠭᠤᠭ᠎ᠠ᠎ᠳᠤ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠎ᠶ᠋ᠢᠨ ᠲᠤᠬᠠᠢ᠃ ᠠᠮᠢᠳᠤᠷᠠᠯ᠎ᠤᠨ ᠡᠳ᠋ ᠪᠣᠳᠠᠰ᠎ᠤᠨ ᠵᠠᠬ᠎ᠠ ᠳᠡᠯᠭᠡᠭᠦᠷ᠎ᠤᠨ ᠬᠠᠩᠭᠠᠯᠭ᠎ᠠ᠎ᠶ᠋ᠢ ᠪᠠᠲᠤᠯᠠᠬᠤ᠎ᠶ᠋ᠢ ᠴᠢᠩᠭᠠᠳᠭᠠᠵᠤ᠂ ᠡᠳ᠋ ᠪᠣᠳᠠᠰ᠎ᠤᠨ ᠨᠥᠭᠡᠴᠡᠭᠦᠢᠴᠡᠳ ᠪᠠᠢᠬᠤ᠎ᠶ᠋ᠢ ᠦᠨᠡᠨ ᠬᠦ᠌ ᠪᠠᠲᠤᠯᠠᠵᠤ᠂ ᠤᠯᠠᠨ ᠲᠦᠮᠡᠨ᠎ᠤ ᠬᠡᠪ᠎ᠤᠨ ᠠᠮᠢᠳᠤᠷᠠᠯ᠎ᠤᠨ ᠬᠡᠷᠡᠭ᠌ᠴᠡᠭᠡ᠎ᠶ᠋ᠢ ᠬᠠᠩᠭᠠᠨ᠎ᠠ᠃ ᠬᠤᠲᠠ ᠬᠥᠳᠡᠭᠡ᠎ᠶ᠋ᠢᠨ ᠠᠮᠢᠳᠤᠷᠠᠯ᠎ᠤᠨ ᠨᠠᠭᠠᠳᠤ ᠵᠠᠬ᠎ᠠ᠎ᠶ᠋ᠢᠨ ᠪᠠᠲᠤᠯᠠᠭ᠎ᠠ ᠠᠪᠴᠦ ᠪᠠᠢᠭ᠎ᠠ ᠬᠦᠮᠦᠰ᠂ ᠣᠨᠴᠠ ᠬᠦᠴᠢᠷᠳᠡᠯᠲᠡᠶ ᠬᠥᠮᠦᠰ᠂ ᠥᠨᠥᠴᠢᠨ ᠬᠡᠦᠬᠡᠳ᠂ ᠪᠣᠳᠠᠲᠠᠶ ᠠᠰᠠᠷᠠᠨ ᠲᠡᠵᠢᠭᠡᠬᠦ᠌ ᠬᠥᠮᠦᠨ ᠥᠬᠡᠶ ᠬᠡᠦᠬᠡᠳ᠂ ᠭᠠᠭ᠍ᠴᠠᠭᠠᠷ ᠰᠠᠭᠤᠵᠤ ᠭᠡᠷ᠎ᠲᠡᠭᠡᠨ ᠬᠤᠴᠣᠷᠤᠭ᠍ᠰᠠᠨ ᠨᠠᠰᠤᠲᠠᠢᠴᠤᠳ ᠵᠡᠷᠭᠡ ᠣᠨᠴᠠᠭᠠᠶ ᠬᠥᠮᠦᠰ᠎ᠢ ᠠᠪᠤᠷᠠᠨ ᠲᠤᠰᠠᠯᠠᠬᠤ ᠡᠷᠴᠢᠮ᠎ᠢᠶᠠᠨ ᠴᠢᠩᠭᠠᠷᠠᠭᠤᠯᠵᠤ᠂ ᠬᠠᠮᠢᠶ᠎ᠠ ᠪᠦᠬᠦᠢ ᠬᠥᠮᠦᠰ᠎ᠲᠤ ᠨᠢᠭᠡ ᠤᠳᠠᠭ᠎ᠠ᠎ᠶ᠋ᠢᠨ ᠴᠢᠨᠠᠷᠲᠠᠶ ᠠᠮᠢᠳᠤᠷᠠᠯ᠎ᠤᠨ ᠨᠥᠬᠦᠪᠥᠷᠢ ᠣᠯᠭᠤᠨ᠎ᠠ᠃ ᠲᠦᠷ ᠴᠠᠭ᠎ᠤᠨ ᠬᠦᠴᠢᠷᠳᠡᠯ᠎ᠠᠴᠠ ᠪᠣᠯᠵᠤ ᠠᠵᠢᠯ᠎ᠤᠨ ᠪᠠᠢᠷᠢ᠎ᠳᠠᠭᠠᠨ ᠪᠤᠴᠠᠵᠤ ᠠᠵᠢᠯ᠎ᠢᠶᠠᠨ ᠰᠡᠷᠭᠦᠭᠡᠬᠦ᠌᠎ᠶ᠋ᠢᠨ ᠠᠷᠭ᠎ᠠ ᠦᠭᠡᠶ᠂ ᠦᠷᠭᠦᠯᠵᠢᠯᠡᠨ ᠭᠤᠷᠪᠠᠨ ᠰᠠᠷ᠎ᠠ ᠣᠷᠣᠯᠭ᠎ᠠ᠎ᠶ᠋ᠢᠨ ᠢᠷᠡᠯᠲᠡ ᠦᠭᠡᠶ ᠪᠦᠬᠡᠳ ᠠᠵᠢᠯ ᠠᠯᠳᠠᠯᠲᠠ᠎ᠶ᠋ᠢᠨ ᠳᠠᠭᠠᠳᠭᠠᠯ᠎ᠢᠶᠠᠷ ᠬᠠᠮᠤᠷᠬᠤ᠎ᠶ᠋ᠢᠨ ᠠᠷᠭ᠎ᠠ ᠦᠭᠡᠶ ᠭᠦᠯᠦᠰᠦᠨ ᠠᠵᠢᠯᠴᠢᠳ ᠵᠡᠷᠭᠡ ᠳᠠᠭᠠᠳᠭᠠᠯ᠎ᠳᠤ ᠣᠷᠣᠯᠴᠠᠭᠠᠳᠤᠶ ᠠᠵᠢᠯ ᠠᠯᠳᠠᠭ᠍ᠰᠠᠳ᠎ᠲᠤ ᠲᠦᠷ ᠴᠠᠭ᠎ᠤᠨ ᠠᠪᠤᠷᠠᠨ ᠲᠤᠰᠠᠯᠠᠬᠤ ᠪᠡᠯᠡ ᠮᠥᠩᠭᠦ᠌ ᠪᠠ ᠠᠮᠢᠳᠤᠷᠠᠯ᠎ᠤᠨ ᠡᠳ᠋ ᠪᠣᠳᠠᠰ᠎ᠢ ᠴᠠᠭ ᠲᠤᠬᠠᠶ᠎ᠳᠤᠨᠢ ᠣᠯᠭᠤᠵᠤ᠂ ᠲᠡᠳᠡᠨ᠎ᠤ ᠦᠨᠳᠦᠰᠦᠨ ᠠᠮᠢᠳᠤᠷᠠᠯ᠎ᠢ ᠪᠠᠲᠤᠯᠠᠬᠤ ᠬᠡᠷᠡᠭ᠌ᠲᠡᠶ᠃
ᠪᠢᠳᠡ 《ᠬᠢᠵᠢᠭ᠎ᠤᠨ ᠪᠠᠢᠳᠠᠯ᠎ᠢ ᠰᠡᠷᠭᠡᠢᠯᠡᠵᠦ᠍᠂ ᠠᠵᠤ ᠠᠬᠤᠢ᠎ᠶ᠋ᠢ ᠲᠣᠭ᠍ᠲᠠᠪᠤᠷᠢᠵᠢᠭᠤᠯᠵᠤ᠂ ᠠᠮᠤᠷ ᠲᠦᠪᠱᠢᠨ ᠭᠦᠭᠵᠢᠭᠦᠯᠭᠦ》 ᠱᠠᠭᠠᠷᠳᠠᠯᠭ᠎ᠠ᠎ᠶ᠋ᠢ ᠨᠠᠷᠢᠨ ᠬᠢᠨᠠᠮᠠᠭᠠᠢ ᠲᠤᠭᠤᠱᠢᠯᠠᠭᠤᠯᠵᠤ᠂ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠷᠭ᠎ᠠ ᠬᠡᠮᠵᠢᠶ᠎ᠡ᠎ᠶ᠋ᠢ ᠲᠠᠰᠤᠷᠠᠯᠳᠠ ᠦᠭᠡᠢ ᠱᠢᠯᠢᠳᠡᠭ᠌ᠵᠢᠭᠦᠯᠵᠦ᠍᠂ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠ ᠠᠵᠤ ᠠᠬᠤᠢ ᠨᠡᠢᠭᠡᠮ᠎ᠤᠨ ᠬᠥᠭ᠌ᠵᠢᠯᠲᠡ᠎ᠶ᠋ᠢᠨ ᠡᠯ᠎ᠡ ᠵᠦᠢᠯ᠎ᠤᠨ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠰᠠᠢᠲᠤᠷ ᠬᠢᠨ᠎ᠡ᠃ ᠬᠤᠲᠠ᠎ᠶ᠋ᠢᠨ ᠠᠷᠠᠳ᠎ᠲᠦ ᠰᠠᠨᠠᠭᠤᠯᠬᠤ ᠨᠢ᠂ ᠡᠨᠡ ᠬᠡᠳᠦᠨ ᠡᠳᠦᠷ ᠬᠦᠢᠲᠡᠨ ᠤᠷᠤᠰᠭᠠᠯ ᠢᠷᠡᠵᠦ᠍ ᠪᠠᠢᠨ᠎ᠠ᠂ ᠣᠯᠠᠨ᠎ᠢᠶᠠᠷ᠎ᠢᠶᠠᠨ ᠬᠦᠢᠲᠡᠨ᠎ᠢ ᠰᠡᠷᠭᠡᠢᠯᠡᠵᠦ᠍ ᠪᠡᠬᠢᠯᠡᠵᠦ ᠳᠤᠯᠠᠭᠠᠯᠠᠬᠤ ᠪᠡᠨ ᠠᠨᠭᠬᠠᠷᠴᠦ᠂ ᠬᠤᠪᠢ ᠬᠥᠮᠦᠨ᠎ᠤ ᠬᠠᠮᠠᠭᠠᠯᠠᠯᠲᠠ᠎ᠪᠠᠨ ᠰᠠᠢᠲᠤᠷ ᠬᠢᠭᠡᠷᠡᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃