2022-12-02 18:12:27
11 ᠰᠠᠷ᠎ᠠ᠎ᠶᠢᠨ 30 ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠮᠥᠩᠭᠥᠨ ᠭᠦᠢᠯᠭᠡᠭᠡᠨ᠎ᠦ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ ᠪᠠ ᠬᠥᠬᠡᠬᠣᠲᠠ᠎ᠶᠢᠨ ᠵᠠᠰᠠᠭ᠎ᠤᠨ ᠣᠷᠳᠣᠨ᠎ᠤ ᠬᠣᠯᠪᠣᠭᠳᠠᠯ ᠪᠦᠬᠦᠢ ᠬᠠᠷᠢᠭᠤᠴᠠᠯᠭᠠᠲᠠᠨ ᠬᠥᠬᠡᠬᠣᠲᠠ ᠳ᠋ᠡᠬᠢ ᠮᠥᠩᠭᠥᠨ ᠭᠦᠢᠯᠭᠡᠭᠡᠨ ᠦ ᠪᠠᠢᠭᠤᠯᠤᠮᠵᠢ ᠶᠢᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ᠎ᠢᠶᠡᠨ ᠰᠡᠷᠭᠦᠭᠡᠭᠰᠡᠨ ᠪᠠᠢᠳᠠᠯ᠎ᠢ ᠪᠠᠢᠴᠠᠭᠠᠨ ᠰᠤᠳᠤᠯᠪᠠ᠃ ᠦᠢᠯᠠᠭᠠᠬᠰᠠᠨ ᠵᠢᠡᠷ 11 ᠰᠠᠷ᠎ᠠ᠎ᠶᠢᠨ 30᠎ᠤ ᠡᠳᠦᠷ ᠪᠣᠯᠲᠠᠯ᠎ᠠ ᠬᠥᠬᠡᠬᠣᠲᠠ᠎ᠳᠡᠬᠢ ᠮᠥᠩᠭᠥᠨ ᠭᠦᠢᠯᠭᠡᠭᠡᠨ᠎ᠦ ᠪᠠᠢᠭᠤᠯᠤᠮᠵᠢ᠎ᠶᠢᠨ 78 ᠡᠵᠡᠩᠨᠡᠯᠲᠡ᠎ᠶᠢᠨ ᠴᠡᠭ ᠠᠵᠢᠯ ᠵᠢᠡᠨ ᠰᠡᠷᠭᠦᠭᠡᠪᠡ᠃

ᠪᠠᠢᠴᠠᠭᠠᠨ ᠰᠤᠳᠤᠯᠬᠤ ᠳᠤᠭᠤᠢᠯᠠᠩ ᠤᠨ ᠬᠢᠨ ᠤᠷᠢᠳ ᠬᠣᠵᠢᠳ ᠳᠤᠮᠳᠠᠳᠤ ᠤᠯᠤᠰ ᠤᠨ ᠪᠦᠲᠦᠭᠡᠨ ᠪᠠᠢᠭᠤᠯᠤᠯᠲᠠ᠎ᠶᠢᠨ ᠪᠠᠩᠬᠢ᠎ᠶᠢᠨ ᠬᠥᠬᠡᠬᠣᠲᠠ᠎ᠶᠢᠨ ᠷᠦ᠍ ᠢ ᠨᠡᠭᠡᠭᠡᠯᠲᠡ ᠶᠢᠨ ᠲᠣᠭᠣᠷᠢᠭ᠋ ᠲᠡᠬᠢ ᠰᠠᠯᠪᠤᠷᠢ ᠪᠠᠩᠬᠢ᠂ ᠳᠤᠮᠳᠠᠳᠤ ᠤᠯᠤᠰ᠎ᠤᠨ ᠲᠠᠷᠢᠶᠠᠯᠠᠩ᠎ᠤᠨ ᠪᠠᠩᠬᠢ᠎ᠶᠢᠨ ᠬᠥᠬᠡᠬᠣᠲᠠ᠎ᠶᠢᠨ ᠬᠥ ᠯᠧᠦ ᠳᠡᠬᠢ ᠰᠠᠯᠪᠤᠷᠢ ᠪᠠᠩᠬᠢ᠂ ᠳᠤᠮᠳᠠᠳᠤ ᠤᠯᠤᠰ᠎ᠤᠨ ᠲᠠᠷᠢᠶᠠᠯᠠᠩ᠎ᠤᠨ ᠬᠥᠭᠵᠢᠭᠦᠯᠦᠯᠲᠡ᠎ᠶᠢᠨ ᠪᠠᠩᠬᠢ᠎ᠶᠢᠨ ᠥᠪᠥᠷ ᠮᠣᠩᠭᠣᠯ ᠳᠡᠬᠢ ᠬᠤᠪᠢᠶᠠᠷᠢ ᠪᠠᠩᠬᠢ᠎ᠶᠢᠨ ᠡᠵᠡᠩᠨᠡᠯᠲᠡ᠎ᠶᠢᠨ ᠬᠡᠯᠲᠡᠰ ᠪᠣᠯᠣᠨ ᠵᠢᠨ ᠬᠥ ᠬᠥᠳᠡᠭᠡ ᠲᠣᠰᠬᠣᠨ᠎ᠤ ᠬᠤᠳᠠᠯᠳᠤᠭᠠᠨ ᠤ ᠪᠠᠩᠬᠢ᠎ᠶᠢᠨ ᠤᠯᠠᠭᠠᠨ ᠰᠠᠯᠪᠤᠷᠢ ᠪᠠᠩᠬᠢ ᠵᠡᠷᠭᠡ ᠡᠵᠡᠨᠭᠨᠡᠯᠳᠡ ᠵᠢᠨ ᠴᠡᠭ᠎ᠢᠶᠠᠷ ᠲᠣᠭᠣᠷᠢᠨ ᠦᠵᠡᠵᠦ᠂ ᠡᠯ᠎ᠡ ᠮᠥᠩᠭᠥᠨ ᠭᠦᠢᠯᠭᠡᠭᠡᠨ᠎ᠦ ᠪᠠᠢᠭᠤᠯᠤᠮᠵᠢ᠎ᠶᠢᠨ ᠠᠵᠢᠯ᠎ᠢᠶᠠᠨ ᠰᠡᠷᠭᠦᠭᠡᠭᠰᠡᠨ᠎ᠦ ᠳᠠᠷᠠᠭᠠᠬᠢ ᠬᠢᠵᠢᠭ᠌᠎ᠦᠨ ᠪᠠᠢᠳᠠᠯ᠎ᠢ ᠰᠡᠷᠭᠡᠢᠯᠡᠨ ᠡᠵᠡᠮᠳᠡᠬᠦ ᠵᠢᠴᠢ ᠲᠤᠬᠠᠢᠯᠠᠭᠰᠠᠨ ᠠᠵᠢᠯ ᠵᠢᠡᠨ ᠥᠷᠨᠢᠭᠦᠯᠦᠭᠰᠡᠨ ᠪᠠᠢᠳᠠᠯ᠎ᠢ ᠣᠢᠯᠠᠭᠠᠭᠰᠠᠨ ᠪᠥᠭᠡᠳ ᠮᠥᠩᠭᠥᠨ ᠭᠦᠢᠯᠭᠡᠭᠡᠨ᠎ᠦ ᠪᠠᠢᠭᠤᠯᠤᠮᠵᠢ᠎ᠶᠢᠨ ᠬᠢᠨ ᠲᠠᠢ ᠣᠷᠣᠨ᠎ᠤ ᠲᠥᠪ᠎ᠦᠨ ᠠᠵᠢᠯ᠎ᠢᠶᠠᠨ ᠰᠡᠷᠭᠦᠭᠡᠵᠦ ᠦᠢᠯᠡᠳᠪᠦᠷᠢᠯᠡᠯ ᠢᠶᠡᠨ ᠰᠡᠷᠭᠦᠭᠡᠬᠦ ᠬᠤᠳᠠᠯᠳᠤᠭ᠎ᠠ ᠪᠠᠨ ᠰᠡᠷᠭᠦᠭᠡᠵᠦ ᠵᠠᠬ᠎ᠠ ᠳᠡᠯᠭᠡᠭᠦᠷ᠎ᠢᠶᠡᠨ ᠰᠡᠷᠭᠦᠭᠡᠬᠦ᠎ᠶᠢ ᠳᠡᠮᠵᠢᠬᠦ ᠲᠤᠬᠠᠢ ᠶᠠᠷᠢᠯᠴᠠᠪᠠ᠃

ᠬᠢᠵᠢᠭ᠌᠎ᠦᠨ ᠪᠠᠢᠳᠠᠯ ᠭᠠᠷᠤᠭᠰᠠᠨ᠎ᠠᠴᠠ ᠨᠠᠭᠠᠰᠢ᠂ ᠬᠥᠬᠡᠬᠣᠲᠠ᠎ᠶᠢᠨ ᠡᠯ᠎ᠡ ᠮᠥᠩᠭᠥᠨ ᠭᠦᠢᠯᠭᠡᠭᠡᠨ᠎ᠦ ᠪᠠᠢᠭᠤᠯᠤᠮᠵᠢ ᠰᠦᠯᠵᠢᠶᠡᠨ ᠳᠡᠭᠡᠷᠡᠬᠢ ᠪᠥᠬᠥ ᠲᠠᠯ᠎ᠠ᠎ᠶᠢᠨ ᠦᠢᠯᠡᠴᠢᠯᠡᠭᠡ᠂ ᠰᠦᠯᠵᠢᠶᠡᠨ ᠭᠠᠳᠠᠨᠠᠬᠢ ᠪᠠᠴᠢᠮ ᠪᠠᠢᠳᠠᠯ᠎ᠢ ᠠᠷᠭᠠᠴᠠᠭᠠᠬᠤ ᠦᠢᠯᠡᠴᠢᠯᠡᠭᠡ᠎ᠪᠡᠷ ᠳᠠᠮᠵᠢᠨ᠂ ᠵᠢᠵᠢᠭ᠌ ᠪᠠᠭ᠎ᠠ ᠠᠵᠤ ᠠᠬᠤᠢᠯᠠᠯ᠂ ᠬᠤᠪᠢ᠎ᠶᠢᠨ ᠦᠢᠯᠡᠳᠪᠦᠷᠢ ᠬᠤᠳᠠᠯᠳᠤᠭᠠᠨ᠎ᠤ ᠡᠷᠦᠬᠡ᠂ ᠠᠮᠢᠳᠤᠯᠢᠭ᠋᠎ᠢᠶᠠᠷ ᠠᠵᠢᠯ ᠣᠯᠣᠭᠰᠠᠳ ᠵᠡᠷᠭᠡ ᠣᠨᠴᠠᠭᠠᠶ ᠬᠥᠮᠥᠰ᠎ᠲᠦ ᠮᠥᠩᠭᠥᠨ ᠭᠦᠢᠯᠭᠡᠭᠡᠨ᠎ᠦ ᠪᠥᠬᠥ ᠲᠠᠯ᠎ᠠ ᠶᠢᠨ ᠦᠢᠯᠡᠴᠢᠯᠡᠭᠡ ᠬᠠᠩᠭᠠᠵᠤ᠂ ᠮᠥᠩᠭᠥᠨ ᠭᠦᠢᠯᠭᠡᠭᠡᠨ ᠦ ᠦᠨᠳᠦᠰᠦᠨ ᠦᠢᠯᠡᠴᠢᠯᠡᠭᠡ᠎ᠶᠢ ᠲᠠᠰᠤᠯᠳᠠᠭᠤᠯᠤᠬᠰᠠᠨ ᠦᠬᠡᠢ ᠶᠤᠮ᠃
ᠡᠯ᠎ᠡ ᠮᠥᠩᠭᠥᠨ ᠭᠦᠢᠯᠭᠡᠭᠡᠨ᠎ᠦ ᠪᠠᠢᠭᠤᠯᠤᠮᠵᠢ ᠬᠢᠵᠢᠭ᠌᠎ᠦᠨ ᠪᠠᠢᠳᠠᠯ᠎ᠢ ᠰᠡᠷᠭᠡᠢᠯᠡᠨ ᠡᠵᠡᠮᠳᠡᠬᠦ ᠠᠷᠭ᠎ᠠ ᠬᠡᠮᠵᠢᠶ᠎ᠡ᠎ᠶᠢ ᠪᠦᠲᠦᠮᠵᠢᠲᠡᠶ ᠨᠠᠢᠳᠠᠪᠤᠷᠢᠵᠢᠭᠤᠯᠤᠭᠰᠠᠨ ᠤᠷᠢᠲᠠᠯ ᠳᠣᠣᠷ᠎ᠠ᠂ ᠡᠵᠡᠩᠨᠡᠯᠲᠡ᠎ᠶᠢᠨ ᠴᠡᠭ᠎ᠦᠨ ᠠᠵᠢᠯ᠎ᠢᠶᠠᠨ ᠰᠡᠷᠭᠦᠭᠡᠬᠦ᠎ᠶᠢ ᠤᠯᠠᠮ ᠨᠢᠭᠡ ᠠᠯᠬᠤᠮ ᠵᠣᠬᠢᠰᠲᠠᠢ ᠲᠣᠬᠢᠷᠠᠭᠤᠯᠵᠤ᠂ ᠬᠢᠵᠢᠭ᠌ ᠦᠨ ᠪᠠᠢᠳᠠᠯ ᠢ ᠰᠡᠷᠭᠡᠢᠯᠡᠨ ᠡᠵᠡᠮᠳᠡᠬᠦ ᠡᠯ᠎ᠡ ᠵᠦᠢᠯ᠎ᠦᠨ ᠱᠠᠭᠠᠷᠳᠠᠯᠭ᠎ᠠ ᠶᠢ ᠴᠢᠩᠭ᠎ᠠ ᠨᠠᠢᠳᠠᠪᠤᠷᠢᠵᠢᠭᠤᠯᠬᠤ ᠪᠠᠷ ᠪᠠᠷᠠᠬᠤ ᠦᠭᠡᠢ᠂ ᠪᠠᠰᠠ ᠢᠳᠡᠪᠬᠢᠲᠡᠢ᠎ᠪᠡᠷ ᠪᠣᠳᠠᠲᠠᠢ ᠠᠷᠭ᠎ᠠ ᠬᠡᠮᠵᠢᠶ᠎ᠡ ᠠᠪᠴᠤ᠂ ᠣᠷᠣᠨ᠎ᠤ ᠲᠥᠪ᠎ᠦᠨ ᠠᠮᠢᠵᠢᠷᠠᠯ᠎ᠤᠨ ᠬᠦᠴᠦᠨ᠎ᠢ ᠲᠦᠷᠭᠡᠨ ᠰᠡᠷᠭᠦᠭᠡᠬᠦ᠎ᠳᠦ ᠬᠦᠴᠦᠨ ᠨᠡᠮᠡᠷᠢᠯᠡᠨ᠎ᠠ ᠬᠡᠵᠠᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠠᠨᠠᠷ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃