ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠮᠡᠳᠡᠭᠡᠯᠡᠯ

2022-12-06 20:11:32

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠤᠮᠢᠺᠷᠤᠨ ᠸᠢᠷᠦ᠋ᠰ ᠎ᠦᠨ ᠡᠪᠡᠳᠴᠢᠨ ᠡᠭᠦᠰᠭᠡᠬᠦ ᠴᠢᠨᠠᠷ ᠪᠠᠭᠤᠷᠠᠵᠤ᠂ ᠸᠠᠺᠼᠢᠨ᠎ᠤ ᠲᠠᠷᠢᠯᠭ᠎ᠠ ᠲᠦᠭᠡᠮᠡᠯᠵᠢᠯᠡᠭᠳᠡᠨ ᠰᠡᠷᠭᠡᠢᠯᠡᠨ ᠡᠵᠡᠮᠳᠡᠬᠦ᠌ ᠲᠤᠷᠱᠢᠯᠭ᠎ᠠ ᠬᠤᠷᠠᠮᠳᠤᠬᠤ᠎ᠶ᠋ᠢ ᠳᠠᠭᠠᠯᠳᠤᠨ᠂ ᠮᠠᠨ᠎ᠤ ᠤᠯᠤᠰ᠎ᠤᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ ᠎ᠳᠤ ᠱᠢᠨ᠎ᠡ ᠪᠠᠢᠳᠠᠯ ᠱᠢᠨ᠎ᠡ ᠡᠭᠦᠷᠭᠡ ᠲᠤᠯᠭᠠᠷᠠᠪᠠ᠃

ᠱᠢᠨ᠎ᠡ ᠲᠢᠲᠢᠮᠯᠢᠭ ᠠᠭᠤᠰᠬᠢᠨ ᠦᠷᠪᠢᠰᠦᠯ᠎ᠲᠡᠶ ᠲᠡᠮᠡᠴᠡᠬᠦ᠌ ᠳᠤᠮᠳᠠ᠂ ᠪᠢᠳᠡ ᠢᠮᠠᠭ᠍ᠲᠠ ᠠᠷᠠᠳ ᠣᠯᠠᠨ᠎ᠤ ᠠᠮᠢ ᠨᠠᠰᠤᠨ᠎ᠤ ᠠᠮᠤᠷ ᠲᠦᠪᠱᠢᠨ ᠪᠠ ᠪᠡᠶ᠎ᠡ ᠮᠠᠬᠠᠪᠣᠳ᠎ᠤᠨ ᠡᠷᠡᠭᠦᠯ ᠮᠡᠨᠳᠦ᠍᠎ᠶ᠋ᠢ ᠲᠡᠷᠢᠭᠦᠨ ᠪᠠᠢᠷᠢᠨ᠎ᠳᠤ ᠲᠠᠯᠪᠢᠵᠤ᠂ ᠰᠠᠨᠠᠭᠠᠴᠢᠯᠠᠭ᠎ᠠ᠎ᠠᠴᠠ ᠎ᠪᠠᠨ ᠬᠤᠪᠢᠷᠠᠯᠲᠠ ᠎ᠶ᠋ᠢ ᠲᠠᠨᠢᠵᠤ ᠬᠤᠪᠢᠷᠠᠯᠲᠠ᠎ᠶ᠋ᠢ ᠠᠷᠭᠠᠴᠠᠭᠠᠨ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌᠎ᠶ᠋ᠢ ᠰᠤᠯᠠᠷᠠᠭᠤᠯᠤᠯ ᠥᠬᠡᠶ᠂ ᠰᠠᠮᠠᠭᠠᠷᠳᠠᠯ ᠥᠬᠡᠶ᠂ ᠵᠣᠭ᠍ᠰᠣᠯ ᠥᠬᠡᠶ ᠬᠢᠵᠦ᠍᠂ ᠬᠢᠵᠢᠭ᠎ᠲᠡᠶ ᠲᠡᠮᠡᠴᠡᠬᠦ᠌ ᠢᠲᠡᠭᠡᠯ᠎ᠢ ᠪᠣᠶ ᠪᠣᠯᠭᠠᠪᠠ᠃ ᠪᠢᠳᠡᠨ᠎ᠳᠦ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠎ᠶ᠋ᠢ ᠪᠠᠢᠩᠭᠤᠵᠢᠭᠤᠯᠬᠤ ᠪᠣᠭᠣᠮᠲᠠ ᠱᠢᠪᠲᠤᠯᠬᠤ ᠳᠠᠢᠯᠠᠯᠳᠤᠭᠠᠨ᠎ᠤ ᠢᠯᠠᠯᠲᠠ᠎ᠶ᠋ᠢ ᠤᠯᠬᠤ ᠰᠠᠭᠤᠷᠢ᠎ᠲᠠᠶ᠂ ᠨᠥᠬᠥᠴᠡᠯ᠎ᠲᠡᠶ᠂ ᠴᠢᠳᠠᠪᠤᠷᠢ᠎ᠲᠠᠶ ᠬᠡᠳᠡᠭ᠎ᠢ ᠤᠢ᠍ᠢᠷ᠎ᠠ᠎ᠶ᠋ᠢᠨ ᠭᠤᠷᠪᠠᠨ ᠵᠢᠯ᠎ᠦᠨ ᠬᠢᠵᠢᠭ᠎ᠲᠡᠶ ᠲᠡᠮᠡᠴᠡᠭ᠌ᠰᠡᠨ ᠦᠢᠯᠡᠳᠦᠯᠭᠡ ᠬᠠᠷᠠᠭᠤᠯᠵᠤ ᠪᠠᠢᠨ᠎ᠠ᠃

ᠰᠤᠯᠠᠷᠠᠭᠤᠯᠤᠯ ᠦᠭᠡᠢ ᠠᠳᠭᠤᠵᠤ᠂ ᠬᠢᠵᠢᠭ᠎ᠲᠡᠶ ᠲᠡᠮᠡᠴᠡᠬᠦ᠌ ᠰᠠᠨᠠᠭᠠᠴᠢᠯᠠᠭᠠᠲᠤ ᠡᠷᠬᠡ᠎ᠶ᠋ᠢ ᠢᠮᠠᠭ᠍ᠲᠠ ᠡᠵᠡᠮᠳᠡᠪᠡ᠃ ᠡᠷᠢᠨ ᠵᠠᠭᠤᠨ᠎ᠤ ᠬᠢᠵᠢᠭ᠎ᠦᠨ ᠪᠠᠢᠳᠠᠯ᠎ᠢ ᠠᠷᠭᠠᠴᠠᠭᠠᠬᠤ᠎ᠳᠤ ᠪᠤᠳᠤᠯᠢᠶᠠᠨᠲᠠᠢ᠂ ᠲᠠᠬᠢᠨ ᠳᠠᠪᠲᠠᠬᠤ ᠨᠢ ᠬᠦᠴᠢᠷ ᠠᠰᠠᠭᠤᠳᠠᠯ ᠶᠤᠮ᠃ ᠦᠬᠠᠨ᠎ᠢ ᠬᠠᠮᠠᠭᠠᠯᠠᠬᠤ ᠳᠠᠢᠯᠠᠯᠳᠤᠭᠠᠨ᠂ ᠬᠤᠪᠸᠢ᠎ᠶ᠋ᠢ ᠬᠠᠮᠠᠭᠠᠯᠠᠬᠤ ᠳᠠᠢᠯᠠᠯᠳᠤᠭᠠᠨ᠎ᠤ ᠱᠢᠶ᠋ᠳᠪᠦᠷᠢᠲᠦ ᠴᠢᠨᠠᠷᠲᠠᠶ ᠦᠷ᠎ᠡ ᠪᠦᠲᠦᠭᠡᠯ᠎ᠢ ᠣᠯᠤᠭ᠍ᠰᠠᠨ᠎ᠠᠴᠠ ᠳ᠋ᠸᠯᠲ᠋ᠠ ᠡᠴᠡ ᠡᠭᠦᠰᠦᠭ᠌ᠰᠡᠨ ᠬᠢᠵᠢᠭ᠎ᠦᠨ ᠪᠠᠢᠳᠠᠯ᠎ᠢ ᠠᠮᠵᠢᠯᠲᠠ᠎ᠲᠠᠶ ᠡᠵᠡᠮᠳᠡᠭ᠌ᠰᠡᠨ ᠬᠦᠷᠲᠡᠯ᠎ᠡ᠂ ᠵᠠᠯᠭᠠᠭᠠᠳ ᠤᠮᠢᠺᠷᠤᠨ ᠲᠠᠢ ᠳᠠᠢᠯᠠᠯᠳᠤᠬᠤ ᠬᠦᠷᠲᠡᠯ᠎ᠡ ᠁ ᠮᠠᠨ᠎ᠤ ᠤᠯᠤᠰ ᠪᠦᠬᠦ᠌ ᠪᠥᠮᠪᠥᠷᠴᠡᠭ᠎ᠦᠨ ᠤᠯᠠᠨ ᠡᠭᠡᠯᠵᠢ᠎ᠶ᠋ᠢᠨ ᠬᠢᠵᠢᠭ᠎ᠦᠨ ᠪᠠᠢᠳᠠᠯ᠎ᠤᠨ ᠳᠠᠭᠠᠷᠢᠯᠲᠠ᠎ᠶ᠋ᠢ ᠳᠠᠭᠠᠭᠠᠪᠠ᠃ ᠨᠠᠮ᠎ᠤᠨ ᠲᠥᠪ ᠬᠣᠷᠢᠶ᠎ᠠ᠎ᠠᠴᠠ ᠲᠣᠭ᠍ᠲᠠᠭᠠᠭ᠍ᠰᠠᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠴᠢᠭ᠌ᠯᠡᠯᠲᠡ ᠲᠦᠷᠦ᠍᠎ᠶ᠋ᠢᠨ ᠪᠤᠳᠤᠯᠭ᠎ᠠ ᠪᠣᠯ ᠵᠥᠪ᠂ ᠱᠢᠨᠵᠢᠯᠡᠬᠦ᠌ ᠤᠬᠠᠭᠠᠨᠴᠢ᠂ ᠪᠦᠲᠦᠮᠵᠢᠲᠡᠢ ᠭᠡᠳᠡᠭ᠎ᠢ ᠦᠢᠯᠡᠳᠦᠯᠭᠡ ᠭᠦᠢᠴᠡᠳ ᠭᠡᠷᠡᠴᠢᠯᠡᠵᠡᠢ᠃

ᠰᠠᠮᠠᠭᠠᠷᠳᠠᠯ ᠦᠭᠡᠢ᠎ᠪᠡᠷ᠂ ᠤᠢ᠍ᠢᠷ᠎ᠠ᠎ᠶ᠋ᠢᠨ ᠭᠤᠷᠪᠠᠨ ᠵᠢᠯ᠎ᠦᠨ ᠬᠢᠵᠢᠭ᠎ᠲᠡᠶ ᠲᠡᠮᠡᠴᠡᠭ᠌ᠰᠡᠨ ᠦᠢᠯᠡᠳᠦᠯᠭᠡ᠎ᠶ᠋ᠢᠨ ᠦᠷ᠎ᠡ ᠪᠦᠲᠦᠭᠡᠯ᠎ᠢ ᠪᠦᠬᠦ᠌ ᠲᠠᠯ᠎ᠠ᠎ᠪᠠᠷ ᠲᠠᠨᠢᠪᠠ᠃ ᠳᠤᠮᠳᠠᠳᠤ ᠤᠯᠤᠰ ᠳᠡᠯᠡᠬᠡᠶ᠎ᠶ᠋ᠢᠨ ᠭᠤᠤᠯ ᠪᠣᠯᠬᠤ ᠲᠣᠮᠣ ᠤᠯᠤᠰ᠎ᠤᠨ ᠳᠣᠲᠣᠷᠠᠬᠢ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠳᠦ ᠨᠡᠷᠪᠡᠭ᠌ᠳᠡᠭᠰᠡᠨ ᠨᠣᠷᠮ᠎ᠠ᠎ᠪᠠᠷ ᠬᠠᠮᠤᠭ᠎ᠤᠨ ᠳᠤᠤᠷ᠎ᠠ᠂ ᠥᠭᠦᠭ᠌ᠰᠡᠨ ᠬᠥᠮᠦᠨ᠎ᠦ ᠲᠣᠭ᠎ᠠ᠎ᠪᠠᠷ ᠬᠠᠮᠤᠭ᠎ᠤᠨ ᠴᠥᠭᠡᠨ ᠤᠯᠤᠰ ᠪᠣᠯᠪᠠ᠃ ᠡᠮ ᠡᠮᠨᠡᠯᠭᠡ ᠡᠷᠡᠭᠦᠯ ᠬᠠᠮᠠᠭᠠᠯᠠᠯ ᠪᠠ ᠡᠪᠡᠳᠴᠢᠨ ᠡᠮᠭᠡᠭ᠎ᠢ ᠰᠡᠷᠭᠡᠢᠯᠡᠨ ᠡᠵᠡᠮᠳᠡᠬᠦ᠌ ᠱᠢᠰᠲ᠋ᠧᠮ ᠱᠢᠯᠭᠠᠯᠲᠠ᠎ᠶ᠋ᠢ ᠳᠠᠭᠠᠭᠠᠵᠤ᠂ ᠪᠥᠬᠥ᠌ ᠬᠥᠮᠦᠰ᠎ᠦᠨ ᠸᠠᠺᠼᠢᠨ᠎ᠢ ᠪᠦᠷᠢᠮᠦᠰᠦᠨ ᠳᠠᠷᠢᠬᠤ ᠨᠣᠷᠮ᠎ᠠ᠎ᠶ᠋ᠢ 90% ᠡᠴᠡ ᠲᠡᠭᠡᠭᠰᠢ ᠳᠠᠪᠠᠭᠤᠯᠤᠨ ᠪᠡᠶᠡᠯᠡᠭᠦᠯᠪᠡ᠃ ᠬᠠᠮᠤᠭ᠎ᠤᠨ ᠬᠦᠴᠢᠷᠳᠡᠯᠲᠡᠶ ᠴᠠᠭ ᠦᠶ᠎ᠡ᠎ᠶ᠋ᠢ ᠨᠢᠭᠡᠨᠲᠡ ᠲᠤᠭᠤᠯᠪᠠ᠂ ᠣᠲᠣ ᠤᠮᠢᠺᠷᠤᠨ ᠸᠢᠷᠦ᠋ᠰ᠎ᠦᠨ ᠡᠪᠡᠳᠴᠢᠨ ᠡᠭᠦᠰᠭᠡᠬᠦ ᠴᠢᠨᠠᠷ ᠪᠠᠭᠤᠷᠠᠵᠤ᠂ ᠪᠢᠳᠡᠨ᠎ᠦ ᠠᠷᠭᠠᠴᠠᠭᠠᠬᠤ ᠴᠢᠳᠠᠪᠤᠷᠢ ᠴᠢᠩᠭᠠᠷᠠᠵᠤ ᠪᠠᠢᠨ᠎ᠠ᠂ ᠡᠨᠡ᠎ᠨᠢ ᠰᠡᠷᠭᠡᠢᠯᠡᠨ ᠡᠵᠡᠮᠳᠡᠬᠦ᠌ ᠠᠷᠭ᠎ᠠ ᠬᠡᠮᠵᠢᠶ᠎ᠡ᠎ᠶ᠋ᠢ ᠦᠷᠭᠦᠯᠵᠢᠯᠡᠨ ᠱᠢᠯᠢᠳᠡᠭ᠌ᠵᠢᠭᠦᠯᠦᠨ ᠲᠡᠭᠦᠯᠳᠡᠷᠵᠢᠭᠦᠯᠬᠦ᠌᠎ᠳᠦ ᠰᠠᠭᠤᠷᠢ ᠲᠠᠯᠪᠢᠵᠤ᠂ ᠨᠥᠬᠥᠴᠡᠯ ᠬᠠᠩᠭᠠᠪᠠ᠃

ᠵᠣᠭ᠍ᠰᠣᠯ ᠦᠭᠡᠢ ᠤᠷᠤᠭ᠍ᠰᠢᠯᠠᠵᠤ᠂ ᠴᠠᠭ ᠪᠠᠢᠳᠠᠯ᠎ᠳᠤᠨᠢ ᠲᠤᠬᠢᠷᠠᠭᠤᠯᠤᠨ ᠰᠡᠷᠭᠡᠢᠯᠡᠨ ᠡᠵᠡᠮᠳᠡᠬᠦ᠌ ᠠᠷᠭ᠎ᠠ ᠬᠡᠮᠵᠢᠶ᠎ᠡ᠎ᠪᠡᠨ ᠱᠢᠯᠢᠳᠡᠭ᠌ᠵᠢᠭᠦᠯᠦᠨ ᠲᠡᠭᠦᠯᠳᠡᠷᠵᠢᠭᠦᠯᠪᠡ᠃ ᠸᠢᠷᠦ᠋ᠰ᠎ᠦᠨ ᠤᠨᠳᠤᠤᠱᠢᠯ᠎ᠢ ᠦᠷᠭᠦᠯᠵᠢᠯᠡᠨ ᠮᠥᠷᠳᠡᠵᠦ᠍᠂ ᠤᠮᠢᠺᠷᠤᠨ ᠵᠢᠴᠢ ᠳᠡᠳ᠋ ᠰᠠᠯᠪᠤᠷᠢ ᠵᠢᠨ ᠣᠨᠴᠠᠯᠢᠭ᠎ᠢ ᠥᠨᠳᠥᠷ ᠪᠦᠲᠦᠮᠵᠢᠲᠡᠶ᠎ᠪᠡᠷ ᠵᠠᠳᠠᠯᠵᠤ᠂ ᠮᠠᠨ᠎ᠤ ᠤᠯᠤᠰ ᠸᠢᠷᠦ᠋ᠰ᠎ᠦᠨ ᠲᠤᠬᠠᠶ ᠲᠠᠨᠢᠯᠲᠠ᠎ᠪᠠᠨ ᠲᠠᠰᠤᠷᠠᠯᠲᠠ ᠥᠬᠡᠶ ᠳᠡᠭᠡᠭ᠌ᠰᠢᠯᠡᠭᠦᠯᠪᠡ᠃ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠲᠤᠷᠱᠢᠯᠭ᠎ᠠ᠎ᠶ᠋ᠢ ᠬᠥᠳᠡᠯᠦᠩᠭᠦᠶ᠎ᠪᠡᠷ ᠳ᠋ᠦᠩᠨᠡᠵᠦ᠍᠂ ᠤᠷᠢᠳ ᠬᠣᠵᠢᠳ ᠶᠢᠰᠦᠨ ᠰᠡᠷᠭᠡᠢᠯᠡᠨ ᠡᠵᠡᠮᠳᠡᠬᠦ᠌ ᠲᠥᠰᠦᠯ᠎ᠢ ᠬᠡᠷᠡᠭ᠌ᠵᠢᠭᠦᠯᠦᠭ᠌ᠰᠡᠨ᠎ᠡᠴᠡ ᠬᠣᠷᠢᠨ ᠵᠤᠷᠪᠤᠰ ᠱᠢᠯᠢᠳᠡᠭ᠌ᠵᠢᠭᠦᠯᠬᠦ᠌ ᠠᠷᠭ᠎ᠠ ᠬᠡᠮᠵᠢᠶ᠎ᠡ᠎ᠶ᠋ᠢ ᠲᠣᠭ᠍ᠲᠠᠭᠠᠭ᠍ᠰᠠᠨ ᠬᠦᠷᠲᠡᠯ᠎ᠡ᠂ ᠮᠠᠨ᠎ᠤ ᠤᠯᠤᠰ ᠰᠡᠷᠭᠡᠢᠯᠡᠨ ᠡᠵᠡᠮᠳᠡᠬᠦ᠌ ᠪᠠᠢᠯᠳᠤᠬᠤ ᠪᠣᠳᠣᠯᠭ᠎ᠠ᠎ᠶ᠋ᠢᠨ ᠲᠣᠭ᠍ᠲᠠᠪᠤᠷᠢᠲᠤ ᠴᠢᠨᠠᠷ᠂ ᠰᠡᠷᠭᠡᠢᠯᠡᠨ ᠡᠵᠡᠮᠳᠡᠬᠦ᠌ ᠠᠷᠭ᠎ᠠ ᠬᠡᠮᠵᠢᠶ᠎ᠡ᠎ᠶ᠋ᠢᠨ ᠠᠮᠢᠳᠤᠯᠢᠭ ᠴᠢᠨᠠᠷ᠎ᠢᠶᠡᠷ ᠬᠢᠵᠢᠭ᠎ᠦᠨ ᠪᠠᠢᠳᠠᠯ᠎ᠤᠨ ᠲᠣᠭ᠍ᠲᠠᠪᠤᠷᠢ ᠦᠭᠡᠢ ᠴᠢᠨᠠᠷ᠎ᠢ ᠪᠦᠲᠦᠮᠵᠢᠲᠡᠶ ᠠᠷᠭᠠᠴᠠᠭᠠᠪᠠ᠃

ᠳᠡᠯᠡᠬᠡᠶ᠎ᠶ᠋ᠢᠨ ᠡᠷᠡᠭᠦᠯ ᠬᠠᠮᠠᠭᠠᠯᠠᠯ᠎ᠤᠨ ᠵᠣᠬᠢᠶᠠᠨ ᠪᠠᠢᠭᠤᠯᠤᠯᠲᠠ 12 ᠰᠠᠷ᠎ᠠ᠎ᠶ᠋ᠢᠨ 2᠎ᠤᠨ ᠡᠳᠦᠷ ᠢᠯᠡᠷᠬᠡᠢᠯᠡᠬᠦ᠌᠎ᠳᠡᠭᠡᠨ᠂ ᠪᠢᠳᠡ ᠣᠲᠣ ᠱᠢᠨ᠎ᠡ ᠲᠢᠲᠢᠮᠯᠢᠭ ᠠᠭᠤᠰᠭᠢᠨ ᠦᠷᠪᠢᠰᠦᠯ ᠶᠡᠬᠡ᠎ᠪᠡᠷ ᠳᠡᠯᠭᠡᠷᠡᠭ᠌ᠰᠡᠨ ᠪᠠᠴᠢᠮ ᠱᠠᠲᠤ ᠦᠶ᠎ᠡ ᠳᠠᠭᠤᠰᠤᠭ᠍ᠰᠠᠨ᠎ᠢ ᠵᠠᠷᠯᠠᠬᠤ ᠲᠡᠷᠡ ᠮᠥᠴᠡ᠎ᠡᠴᠡ ᠨᠠᠩ ᠣᠢᠷᠠᠬᠠᠨ ᠪᠣᠯᠵᠠᠶ᠂ ᠭᠡᠪᠡᠴᠦ᠍ ᠪᠢᠳᠡ ᠲᠡᠷᠡ ᠠᠯᠬᠤᠮ᠎ᠳᠤ ᠠᠷᠠᠢ ᠬᠥᠷᠥᠭᠡ ᠥᠬᠡᠶ ᠪᠠᠢᠭ᠍ᠰᠠᠭᠠᠷ ᠭᠡᠪᠡ᠃

ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠣᠯ ᠨᠢᠭᠡᠨ ᠱᠢᠰᠲ᠋ᠧᠮᠲᠦ ᠢᠨᠵᠧᠨᠧᠷᠢᠩ ᠪᠠᠢᠵᠤ᠂ ᠭᠣᠭ᠍ᠴᠣᠭ᠎ᠠ ᠨᠢᠭᠡ ᠪᠦᠷᠢ᠎ᠨᠢ ᠴᠥᠮ ᠮᠠᠰᠢ ᠴᠢᠬᠤᠯᠠ ᠶᠤᠮ᠃ ᠬᠡᠪ᠎ᠦᠨ ᠪᠠᠢᠳᠠᠯ᠎ᠳᠠᠭᠠᠨ ᠪᠤᠴᠠᠬᠤ ᠪᠣᠯ ᠪᠢᠳᠡᠨ᠎ᠦ ᠬᠠᠮᠲᠤ᠎ᠶ᠋ᠢᠨ ᠬᠦᠰᠡᠯ ᠮᠥᠨ᠂ ᠪᠢᠳᠡ ᠰᠡᠷᠭᠡᠢᠯᠡᠨ ᠡᠵᠡᠮᠳᠡᠬᠦ᠌ ᠠᠷᠭ᠎ᠠ ᠬᠡᠮᠵᠢᠶ᠎ᠡ᠎ᠶ᠋ᠢ ᠪᠦᠷᠢᠨ ᠪᠦᠲᠦᠨ᠂ ᠪᠦᠬᠦ᠌ ᠲᠠᠯ᠎ᠠ᠎ᠪᠠᠷ᠂ ᠵᠥᠪ ᠣᠨᠣᠪᠴᠢᠲᠠᠶ ᠡᠵᠡᠮᠳᠡᠨ ᠬᠡᠷᠡᠭ᠌ᠵᠢᠭᠦᠯᠵᠦ᠍᠂ ᠵᠢᠷᠤᠮᠵᠢᠯ᠎ᠲᠠᠶ ᠬᠡᠷᠡᠭ᠌ᠵᠢᠭᠦᠯᠵᠦ᠍᠂ ᠬᠡᠯᠪᠡᠷᠢ᠎ᠶ᠋ᠢ᠎ᠨᠢ ᠬᠤᠪᠢᠷᠠᠭᠤᠯᠬᠤ ᠦᠭᠡᠢ᠂ ᠲᠠᠨᠢᠯᠲᠠ᠎ᠪᠠᠨ ᠲᠠᠰᠤᠷᠠᠯᠲᠠ ᠦᠭᠡᠢ ᠳᠡᠭᠡᠭ᠌ᠰᠢᠯᠡᠭᠦᠯᠵᠦ᠍᠂ ᠵᠠᠰᠠᠯᠲᠠ᠎ᠶ᠋ᠢᠨ ᠴᠢᠳᠠᠪᠤᠷᠢ᠎ᠪᠠᠨ ᠴᠢᠩᠭᠠᠳᠭᠠᠵᠤ᠂ ᠭᠦᠢᠴᠡᠳ ᠪᠡᠯᠡᠳᠭᠡᠯ ᠬᠢᠵᠦ᠍᠂ ᠰᠡᠷᠭᠡᠢᠯᠡᠨ ᠡᠵᠡᠮᠳᠡᠬᠦ᠌ ᠠᠷᠭ᠎ᠠ ᠬᠡᠮᠵᠢᠶ᠎ᠡ᠎ᠶ᠋ᠢ ᠦᠷᠭᠦᠯᠵᠢᠯᠡᠨ ᠱᠢᠯᠢᠳᠡᠭ᠌ᠵᠢᠭᠦᠯᠬᠦ᠌᠎ᠶ᠋ᠢ ᠠᠬᠢᠭᠤᠯᠬᠤ ᠬᠡᠷᠡᠭ᠌ᠲᠡᠢ᠃

ᠴᠠᠭ ᠢᠮᠠᠭᠳᠠ ᠪᠣᠯᠭᠣᠮᠵᠢᠲᠠᠶ ᠪᠠᠢᠵᠤ᠂ ᠴᠢᠳᠠᠮᠠᠭᠠᠢ ᠠᠵᠢᠯᠯᠠᠪᠠᠯ ᠰᠠᠢᠨ ᠦᠷ᠎ᠡ ᠪᠦᠲᠦᠮᠵᠢ ᠤᠯᠳᠠᠭ᠃ ᠪᠠᠷᠢᠮᠲᠠᠯᠠᠯ ᠪᠤᠯ ᠳᠠᠷᠤᠢ ᠢᠯᠠᠯᠲᠠ᠂ ᠪᠠᠷᠢᠮᠲᠠᠯᠠᠪᠠᠯ ᠯᠠᠪᠲᠠᠢ ᠢᠯᠠᠨ᠎ᠠ!

ᠢᠷᠡᠯᠳᠡ᠄ ᠰᠢᠨᠬᠤᠸᠠ ᠬᠤᠷᠢᠶ᠎ᠠ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠴᠠᠨ᠎ᠠ

ᠣᠷᠴᠢᠭᠤᠯᠤᠭ᠍ᠴᠢ᠄

ᠢᠷᠡᠯᠲᠡ᠄ ᠰᠢᠡᠬᠤᠸᠠ ᠬᠤᠷᠢᠶ᠎ᠠ
兼容浏览器的HTML页面