2022-12-03 17:37:00
12 ᠰᠠᠷ᠎ᠠ᠎ᠶ᠋ᠢᠨ 2᠎ᠤᠨ ᠡᠳᠦᠷ᠎ᠦᠨ 6 ᠴᠠᠭ᠎ᠠᠴᠠ ᠡᠬᠢᠯᠡᠨ᠂ ᠬᠥᠬᠡᠬᠣᠲᠠ ᠱᠠᠭᠠᠷᠳᠠᠯᠭ᠎ᠠ ᠶᠣᠰᠣᠭᠠᠷ ᠭᠤᠤᠯᠳᠠᠯᠭ᠎ᠠ᠎ᠲᠠᠶ ᠣᠷᠣᠨ ᠪᠦᠰᠡ᠎ᠶ᠋ᠢᠨ ᠪᠥᠭᠡᠮ ᠬᠦᠴᠢᠯ᠎ᠦᠨ ᠪᠠᠢᠴᠠᠭᠠᠯᠳᠠ ᠳ᠋ᠤ ᠣᠷᠣᠯᠴᠠᠭ᠍ᠰᠠᠨ ᠥᠬᠡᠶ ᠬᠥᠮᠦᠰ᠎ᠤᠨ 《ᠬᠦᠬᠡᠬᠤᠳᠠ᠎ᠶ᠋ᠢᠨ ᠺᠣᠳ᠋》᠎ᠲᠦ ᠳᠤᠬᠢᠶᠠᠨ ᠴᠣᠩᠬᠣ ᠦᠭᠬᠦ ᠬᠠᠮᠢᠶᠠᠷᠤᠯᠲᠠ᠎ᠶ᠋ᠢ ᠬᠡᠷᠡᠭ᠌ᠵᠢᠭᠦᠯᠵᠦ᠍᠂ ᠬᠥᠬᠡᠬᠣᠲᠠ ᠡᠳᠦᠷ᠎ᠦᠨ ᠦᠶ᠋ᠯᠡᠴᠢᠯᠡᠭᠡᠨ᠎ᠦ 30 ᠬᠠᠯᠠᠮᠱᠢᠯ ᠤᠲᠠᠰᠤ ᠪᠠ ᠰᠥᠨᠢ᠎ᠶ᠋ᠢᠨ ᠦᠶ᠋ᠯᠡᠴᠢᠯᠡᠭᠡᠨ᠎ᠦ 5 ᠬᠠᠯᠠᠮᠱᠢᠯ ᠤᠲᠠᠰᠤ ᠭᠠᠷᠭᠠᠵᠤ᠂ ᠬᠣᠲᠠ᠎ᠶ᠋ᠢᠨ ᠠᠷᠠᠳ᠎ᠤᠨ 《ᠬᠦᠬᠡᠬᠤᠳᠠ᠎ᠶ᠋ᠢᠨ ᠺᠣᠳ᠋》᠎ᠲᠦ ᠳᠤᠬᠢᠶᠠᠨ ᠴᠣᠩᠬᠣ ᠦᠭᠬᠦ ᠬᠠᠮᠢᠶᠠᠷᠤᠯᠲᠠ ᠵᠢᠨ ᠬᠠᠮᠢᠶ᠎ᠠ ᠪᠥᠬᠥᠶ ᠠᠰᠠᠭᠤᠳᠠᠯ᠎ᠳᠤ ᠲᠥᠪᠯᠡᠷᠡᠭᠦᠯᠦᠨ ᠬᠠᠷᠢᠭᠤᠯᠲᠠ ᠥᠭ᠌ᠬᠦᠨ᠎ᠡ᠃ ᠠᠵᠢᠯᠯᠠᠭᠠᠨ᠎ᠤ ᠳᠤᠮᠳᠠ ᠲᠤᠯᠭᠠᠷᠠᠭ᠍ᠰᠠᠨ ᠠᠰᠠᠭᠤᠳᠠᠯ᠎ᠳᠤ ᠴᠢᠭ᠌ᠯᠡᠭᠦᠯᠦᠨ᠂ ᠡᠳᠦᠭᠡ ᠬᠣᠯᠪᠣᠭ᠍ᠳᠠᠯ ᠪᠥᠬᠥᠶ ᠵᠦᠢᠯ᠎ᠢ ᠳᠤᠤᠷᠠᠬᠢ ᠮᠡᠲᠦ ᠨᠥᠬᠥᠪᠥᠷᠢᠯᠡᠨ ᠵᠠᠷᠯᠠᠶ᠎ᠠ᠄
ᠨᠢᠭᠡ ᠂ ᠳᠤᠬᠢᠶᠠᠨ ᠴᠤᠨᠭᠬᠤ ᠵᠢ ᠬᠦᠴᠦᠨ ᠥᠬᠡᠶ ᠪᠣᠯᠭᠠᠬᠤ ᠠᠷᠭ᠎ᠠ
1. ᠨᠢᠭᠡᠨᠲᠡ ᠪᠥᠭᠡᠮ ᠬᠦᠴᠢᠯ ᠤᠨ ᠪᠠᠢᠴᠠᠭᠠᠯᠳᠠ ᠬᠢᠭᠰᠡᠨ ᠪᠥᠭᠡᠳ ᠪᠠᠢᠴᠠᠭᠠᠯᠳᠠ ᠵᠢᠨ ᠦᠷ᠎ᠡ ᠳ᠋ᠦᠩ᠎ᠲᠡᠶ ᠬᠣᠲᠠ᠎ᠶ᠋ᠢᠨ ᠠᠷᠠᠳ
ᠱᠢᠭᠤᠳ 《ᠬᠦᠬᠡᠬᠤᠳᠠ᠎ᠶ᠋ᠢᠨ ᠺᠣᠳ᠋᠎ᠤᠨ ᠳᠤᠬᠢᠶᠠᠨ ᠴᠣᠩᠬᠣ ᠵᠢ ᠬᠦᠴᠦᠨ ᠦᠭᠡᠢ ᠪᠤᠯᠭᠠᠬᠤ ᠮᠡᠳᠡᠭᠡ ᠵᠠᠩᠭᠢ ᠵᠢᠨ ᠭᠤᠶᠤᠴᠢᠯᠠᠨ ᠮᠡᠳᠡᠭᠦᠯᠬᠦ᠌ ᠲᠠᠪᠴᠠᠩ》ᠵᠢᠡᠷ ᠳᠠᠮᠵᠢᠭᠤᠯᠤᠨ ᠰᠦᠯᠵᠢᠶᠡᠨ ᠳᠡᠭᠡᠷ᠎ᠡ ᠭᠤᠶᠤᠴᠢᠯᠠᠨ ᠮᠡᠳᠡᠭᠦᠯᠵᠦ᠍ ᠪᠣᠯᠤᠨ᠎ᠠ᠂ ᠱᠢᠰᠲ᠋ᠧᠮ᠎ᠢᠶᠡᠷ ᠬᠢᠨᠠᠨ ᠬᠠᠷᠭᠤᠭᠤᠯᠤᠭ᠍ᠰᠠᠨ᠎ᠤ ᠳᠠᠷᠠᠭ᠎ᠠ ᠳᠤᠬᠢᠶᠠᠨ ᠴᠤᠨᠭᠬᠤ ᠵᠢ ᠬᠦᠴᠦᠨ ᠥᠬᠡᠶ ᠪᠣᠯᠭᠠᠨ᠎ᠠ᠃ ᠠᠷᠭ᠎ᠠ᠄《 ᠬᠥᠬᠡᠬᠣᠲᠠ᠎ᠶ᠋ᠢᠨ ᠡᠮᠴᠢᠯᠡᠭᠡ》 ᠵᠢᠷᠬᠢᠶ᠎ᠡ ᠵᠢᠨ ᠣᠯᠠᠨ ᠨᠡᠢᠲᠡ᠎ᠶ᠋ᠢᠨ ᠳᠠᠪᠴᠠᠡᠭ →《ᠬᠤᠪᠢ ᠬᠥᠮᠦᠨ᠎ᠦ ᠲᠥᠪ 》→ 《 ᠳᠤᠬᠢᠶᠠᠨ ᠴᠤᠨᠭᠬᠤ ᠥᠭᠬᠦ ᠵᠢ ᠬᠦᠴᠦᠨ ᠥᠬᠡᠶ ᠪᠣᠯᠭᠠᠬᠤ ᠭᠤᠶᠤᠴᠢᠯᠠᠯᠳᠠ》᠃
2. 48 ᠴᠠᠭ ᠪᠥᠭᠡᠮ ᠬᠦᠴᠢᠯ᠎ᠤᠨ ᠪᠠᠢᠴᠠᠭᠠᠯᠳᠠ ᠬᠢᠭ᠌ᠰᠡᠨ ᠥᠬᠡᠶ ᠬᠣᠲᠠ᠎ᠶ᠋ᠢᠨ ᠠᠷᠠᠳ
ᠰᠠᠭᠤᠭᠠᠯᠢ ᠠᠷᠠᠳ ᠤᠨ ᠲᠣᠭᠣᠷᠢᠭ᠎ᠤᠨ ᠨᠢᠭᠡᠳᠦᠯᠲᠡᠶ ᠵᠣᠬᠢᠶᠠᠨ ᠪᠠᠢᠭᠤᠯᠤᠭ᠍ᠰᠠᠨ ᠪᠥᠭᠡᠮ ᠬᠦᠴᠢᠯ᠎ᠦᠨ ᠪᠠᠢᠴᠠᠭᠠᠯᠲᠠ᠎ᠳᠤ ᠣᠷᠣᠯᠴᠠᠵᠤ ᠪᠣᠯᠤᠨ᠎ᠠ᠂ ᠬᠡᠷᠪᠡ ᠰᠠᠭᠤᠭᠠᠯᠢ ᠠᠷᠠᠳ ᠤᠨ ᠲᠣᠭᠣᠷᠢᠭ ᠲᠤ ᠪᠥᠭᠡᠮ ᠬᠦᠴᠢᠯ᠎ᠦᠨ ᠪᠠᠢᠴᠠᠭᠠᠯᠲᠠ ᠬᠢᠭ᠌ᠰᠡᠨ ᠥᠬᠡᠶ ᠪᠣᠯ᠂ ᠰᠠᠭᠤᠭᠠᠯᠢ ᠠᠷᠠᠳ᠎ᠤᠨ ᠪᠡᠶ᠎ᠡ᠎ᠶ᠋ᠢᠨ ᠦᠨᠡᠮᠯᠡᠯ᠎ᠢᠶᠡᠨ ᠠᠪᠴᠤ᠌᠂ ᠰᠠᠭᠤᠭ᠎ᠠ ᠰᠠᠭᠤᠭᠠᠯᠢ ᠠᠷᠠᠳ᠎ᠤᠨ ᠲᠣᠭᠣᠷᠢᠭ᠎ᠲᠠᠭᠠᠨ ᠮᠡᠳᠡᠭᠦᠯᠦᠨ ᠳᠠᠩᠰᠠᠯᠠᠭᠤᠯᠵᠤ᠂ ᠣᠢᠷ᠎ᠠ ᠬᠠᠪᠢ᠎ᠶ᠋ᠢᠨ ᠠᠷᠠᠳ᠎ᠲᠤ ᠲᠥᠬᠥᠮ ᠦᠵᠡᠭᠦᠯᠬᠦ᠌ ᠪᠥᠭᠡᠮ ᠬᠦᠴᠢᠯ᠎ᠦᠨ ᠥᠯᠢᠭᠡᠷ ᠠᠪᠬᠤ ᠴᠡᠭ᠎ᠲᠦ ᠬᠦᠷᠴᠦ᠍ ᠦᠨ᠎ᠡ ᠲᠥᠯᠥᠪᠦᠷᠢ ᠥᠬᠡᠶ᠎ᠪᠡᠷ ᠪᠥᠭᠡᠮ ᠬᠦᠴᠢᠯ᠎ᠦᠨ ᠪᠠᠢᠴᠠᠭᠠᠯᠲᠠ ᠬᠢᠵᠦ᠍ ᠪᠣᠯᠤᠨ᠎ᠠ᠃ ᠬᠥᠬᠡᠬᠣᠲᠠ᠎ᠶ᠋ᠢᠨ ᠺᠣᠳ᠋᠎ᠤᠨ ᠱᠢᠰᠲ᠋ᠧᠮ ᠱᠢᠨ᠎ᠡ ᠪᠥᠭᠡᠮ ᠬᠦᠴᠢᠯ᠎ᠤᠨ ᠪᠠᠢᠴᠠᠭᠠᠯᠳᠠ ᠬᠢᠭᠰᠡᠨ ᠮᠡᠳᠡᠭᠡ ᠵᠠᠩᠭᠢ᠎ᠶ᠋ᠢ ᠡᠷᠢᠵᠦ᠍ ᠣᠯᠤᠭ᠍ᠰᠠᠨ᠎ᠤ ᠳᠠᠷᠠᠭ᠎ᠠ᠂ ᠳᠤᠬᠢᠶᠠᠨ ᠴᠤᠨᠭᠬᠤ ᠦᠭᠬᠦ᠎ᠶ᠋ᠢ ᠠᠶᠠᠨᠳᠠᠭᠠᠨ ᠬᠦᠴᠦᠨ ᠥᠬᠡᠶ ᠪᠣᠯᠭᠠᠨ᠎ᠠ᠃
3. ᠳᠤᠬᠢᠶᠠᠨ ᠴᠣᠩᠬᠣ᠎ᠶ᠋ᠢᠨ ᠰᠠᠨᠠᠭᠤᠯᠤᠮᠵᠢ᠎ᠶ᠋ᠢᠨ ᠠᠭᠤᠯᠭ᠎ᠠ᠎ᠶ᠋ᠢ ᠠᠩᠬᠠᠷᠬᠤ ᠬᠡᠷᠡᠭ᠌ᠲᠡᠶ
ᠣᠳᠣᠬᠠᠨ᠎ᠳᠤ ᠬᠥᠬᠡᠬᠣᠲᠠ᠎ᠶ᠋ᠢᠨ ᠺᠤᠳ᠋᠎ᠤᠨ ᠳᠤᠬᠢᠶᠠᠨ ᠴᠣᠩᠬᠣ ᠨᠢ ᠠᠳᠠᠯᠢ ᠪᠤᠰᠤ ᠲᠥᠷᠥᠯ ᠬᠡᠯᠪᠡᠷᠢ ᠪᠣᠶ᠂ ᠬᠣᠲᠠ᠎ᠶ᠋ᠢᠨ ᠠᠷᠠᠳ ᠳᠤᠬᠢᠶᠠᠨ ᠴᠣᠩᠬᠣ᠎ᠶ᠋ᠢᠨ ᠰᠠᠨᠠᠭᠤᠯᠤᠮᠵᠢ᠎ᠶ᠋ᠢᠨ ᠠᠭᠤᠯᠭ᠎ᠠ᠎ᠶ᠋ᠢ ᠨᠠᠷᠢᠨ ᠤᠩᠱᠢᠭᠠᠷᠠᠶ᠃ ᠲᠣᠰ ᠠᠯᠪᠠᠨ ᠵᠠᠷᠯᠠᠯ ᠨᠢ ᠭᠤᠤᠯᠳᠠᠯᠭ᠎ᠠ᠎ᠲᠠᠶ ᠣᠷᠣᠨ ᠪᠦᠰᠡ᠎ᠶ᠋ᠢᠨ ᠪᠥᠭᠡᠮ ᠬᠦᠴᠢᠯ᠎ᠦᠨ ᠪᠠᠢᠴᠠᠭᠠᠯᠳᠠ ᠬᠢᠭ᠌ᠰᠡᠨ ᠥᠬᠡᠶ ᠠᠰᠠᠭᠤᠳᠠᠯ᠎ᠳᠤ ᠴᠢᠭ᠌ᠯᠡᠭᠦᠯᠦᠭ᠌ᠰᠡᠨ ᠪᠠᠢᠨ᠎ᠠ᠃
ᠬᠣᠶᠠᠷ᠂ ᠠᠷᠠᠳ᠎ᠲᠤ ᠲᠥᠬᠥᠮ ᠦᠵᠡᠭᠦᠯᠬᠦ᠌ ᠪᠥᠭᠡᠮ ᠬᠦᠴᠢᠯ᠎ᠦᠨ ᠥᠯᠢᠭᠡᠷ ᠠᠪᠬᠤ ᠴᠡᠭ
ᠣᠳᠣᠬᠠᠨ᠎ᠳᠤ ᠡᠯ᠎ᠡ ᠬᠣᠱᠢᠭᠤ ᠱᠢᠶᠠᠨ ᠲᠣᠭᠣᠷᠢᠭ᠎ᠲᠤ ᠴᠥᠮ ᠠᠷᠠᠳ᠎ᠲᠤ ᠲᠥᠬᠥᠮ ᠦᠵᠡᠭᠦᠯᠬᠦ᠌ ᠪᠥᠭᠡᠮ ᠬᠦᠴᠢᠯ᠎ᠦᠨ ᠥᠯᠢᠭᠡᠷ ᠠᠪᠬᠤ ᠴᠡᠭ ᠭᠠᠷᠭᠠᠵᠠᠶ᠂ ᠬᠣᠲᠠ᠎ᠶ᠋ᠢᠨ ᠠᠷᠠᠳ ᠳᠤᠤᠷᠠᠬᠢ ᠰᠦᠯᠵᠢᠶᠡᠨ ᠬᠤᠯᠪᠤᠭᠠᠰᠤ ᠶ᠋ᠢ ᠲᠣᠪᠴᠢᠳᠠᠨ ᠠᠷᠠᠳ᠎ᠲᠤ ᠲᠥᠬᠥᠮ ᠦᠵᠡᠭᠦᠯᠬᠦ᠌ ᠥᠯᠢᠭᠡᠷ ᠠᠪᠬᠤ ᠴᠡᠭ᠎ᠢ ᠡᠷᠢᠵᠦ᠍ ᠪᠣᠯᠤᠨ᠎ᠠ᠂ ᠪᠡᠶ᠎ᠡ᠎ᠶ᠋ᠢᠨ ᠦᠨᠡᠮᠯᠡᠯ᠎ᠢᠶᠡᠨ ᠠᠪᠴᠤ᠌ ᠥᠪᠡᠰᠦᠪᠡᠨ ᠣᠢᠷᠠᠯᠴᠠᠭ᠎ᠠ᠎ᠠᠴᠠ ᠥᠯᠢᠭᠡᠷ ᠠᠪᠬᠤ ᠴᠡᠭ᠎ᠢ ᠰᠣᠩᠭᠣᠵᠤ ᠪᠥᠭᠡᠮ ᠬᠦᠴᠢᠯ᠎ᠦᠨ ᠪᠠᠢᠴᠠᠭᠠᠯᠲᠠ ᠬᠢᠵᠦ᠍ ᠪᠣᠯᠤᠨ᠎ᠠ᠃ ᠠᠷᠠᠳ᠎ᠲᠤ ᠲᠥᠬᠥᠮ ᠦᠵᠡᠭᠦᠯᠬᠦ᠌ ᠥᠯᠢᠭᠡᠷ ᠠᠪᠬᠤ ᠴᠡᠭ᠎ᠨᠢ ᠣᠳᠣᠬᠠᠨ᠎ᠳᠤ ᠭᠤᠤᠯᠳᠠᠭᠤ ᠭᠠᠳᠠᠭ᠍ᠰᠢ ᠭᠠᠷᠬᠤ᠂ ᠰᠢᠯᠭᠠᠯᠳᠠ ᠬᠢᠬᠦ᠂ ᠬᠥᠬᠡᠬᠣᠲᠠ᠎ᠶ᠋ᠢᠨ ᠺᠣᠳ᠋᠎ᠤᠨ ᠳᠤᠬᠢᠶᠠᠨ ᠴᠤᠨᠭᠬᠤ ᠵᠢ ᠬᠦᠴᠦᠨ ᠦᠭᠡᠢ ᠪᠤᠯᠭᠠᠬᠤ ᠬᠡᠷᠡᠭ᠌ᠴᠡᠭᠡ᠎ᠲᠡᠶ ᠬᠥᠮᠦᠰ᠎ᠲᠦ ᠦᠶ᠋ᠯᠡᠴᠢᠯᠡᠭᠡ ᠬᠠᠩᠭᠠᠵᠤ ᠪᠠᠢᠨ᠎ᠠ᠂ ᠣᠷᠳᠣ ᠬᠤᠭᠤᠴᠠᠭ᠎ᠠ ᠪᠠᠷ ᠮᠥᠷᠯᠡᠨ ᠬᠦᠯᠢᠶᠡᠬᠦ᠌ ᠡᠴᠡ ᠵᠠᠢᠯᠠᠰᠭᠢᠬᠦ᠌ ᠶ᠋ᠢᠨ ᠲᠥᠯᠥᠭᠡ᠂ ᠬᠣᠲᠠ ᠶ᠋ᠢᠨ ᠠᠷᠠᠳ ᠰᠠᠭᠤᠭᠠᠯᠢ ᠲᠣᠭᠣᠷᠢᠭ᠎ᠡᠴᠡ ᠵᠣᠬᠢᠶᠠᠨ ᠪᠠᠢᠭᠤᠯᠤᠭ᠍ᠰᠠᠨ ᠪᠥᠭᠡᠮ ᠬᠦᠴᠢᠯ ᠦᠨ ᠪᠠᠢᠴᠠᠭᠠᠯᠲᠠ ᠳᠤ ᠢᠳᠡᠪᠬᠢᠲᠡᠶ ᠣᠷᠣᠯᠴᠠᠬᠤ᠎ᠶ᠋ᠢ ᠬᠦᠰᠡᠵᠦ᠍ ᠪᠠᠢᠨ᠎ᠠ᠃ ᠠᠷᠠᠳ᠎ᠲᠤ ᠲᠥᠬᠥᠮ ᠦᠵᠡᠭᠦᠯᠬᠦ᠌ ᠥᠯᠢᠭᠡᠷ ᠠᠪᠬᠤ ᠠᠰᠠᠭᠤᠯᠳᠠ ᠯᠠᠪᠯᠠᠯᠳᠠ ᠪᠠᠢᠪᠠᠯ᠂ ᠠᠯᠪᠠᠨ ᠵᠠᠷᠯᠠᠯ ᠳ᠋ᠡᠬᠢ ᠦᠶ᠋ᠯᠡᠴᠢᠯᠡᠭᠡᠨ᠎ᠦ ᠴᠠᠭ᠎ᠤᠨ ᠳᠣᠲᠣᠷ᠎ᠠ ᠠᠷᠠᠳ᠎ᠲᠤ ᠲᠥᠬᠥᠮ ᠦᠵᠡᠭᠦᠯᠬᠦ᠌ ᠥᠯᠢᠭᠡᠷ ᠠᠪᠬᠤ ᠴᠡᠭ᠎ᠦᠨ ᠦᠶ᠋ᠯᠡᠴᠢᠯᠡᠭᠡᠨ᠎ᠦ ᠤᠲᠠᠰᠤ᠎ᠳ᠋ᠤ ᠤᠲᠠᠰᠤᠳᠠᠭᠠᠷᠠᠶ᠂ ᠬᠤᠯᠪᠤᠭ᠎ᠠ ᠠᠪᠬᠤ ᠬᠣᠲᠠ᠎ᠶ᠋ᠢᠨ ᠠᠷᠠᠳ ᠨᠡᠯᠢᠶᠡᠳ ᠣᠯᠠᠨ ᠪᠣᠯᠬᠣᠷ ᠤᠲᠠᠰᠤ ᠡᠵᠡᠯᠡᠬᠦ᠌᠎ᠳᠦ ᠭᠦᠷᠪᠡᠯ ᠬᠦᠯᠢᠴᠡᠩᠭᠦᠶ᠎ᠪᠡᠷ ᠬᠦᠯᠢᠶᠡᠭᠡᠷᠡᠶ᠃
ᠠᠷᠠᠳ᠎ᠲᠤ ᠲᠥᠬᠥᠮ ᠦᠵᠡᠭᠦᠯᠬᠦ᠌ ᠥᠯᠢᠭᠡᠷ ᠠᠪᠬᠤ ᠴᠡᠭ᠎ᠦᠨ ᠪᠠᠢᠴᠠᠭᠠᠨ ᠯᠠᠪᠯᠠᠬᠤ ᠬᠣᠯᠪᠣᠭᠠᠰᠤ᠄
https://mp.weixin.qq.com/s/aD_ukfLusvDsmu__J9g45Q
ᠭᠤᠷᠪᠠ᠂ ᠳᠤᠬᠢᠶᠠᠨ ᠴᠣᠩᠬᠣ ᠶ᠋ᠢᠨ ᠦᠶ᠋ᠯᠡᠴᠢᠯᠡᠭᠡᠨ᠎ᠦ ᠬᠠᠯᠠᠮᠱᠢᠯ ᠤᠲᠠᠰᠤ
ᠬᠣᠲᠠ᠎ᠶ᠋ᠢᠨ ᠠᠷᠠᠳ᠎ᠤᠨ ᠠᠰᠠᠭᠤᠨ ᠯᠠᠪᠯᠠᠬᠤ᠎ᠳᠤ ᠲᠥᠬᠥᠮ ᠦᠵᠡᠭᠦᠯᠬᠦ᠌᠎ᠶ᠋ᠢᠨ ᠲᠥᠯᠥᠭᠡ᠂ ᠬᠥᠬᠡᠬᠣᠲᠠ ᠡᠳᠦᠷ ᠲᠤᠲᠤᠮ᠎ᠤᠨ ᠳᠤᠬᠢᠶᠠᠨ ᠴᠣᠩᠬᠣ᠎ᠶ᠋ᠢᠨ ᠠᠰᠠᠭᠤᠨ ᠯᠠᠪᠯᠠᠬᠤ ᠦᠶ᠋ᠯᠡᠴᠢᠯᠡᠭᠡᠨ᠎ᠦ ᠬᠠᠯᠠᠮᠱᠢᠯ ᠤᠲᠠᠰᠤ ᠶ᠋ᠢ 30 ᠪᠣᠯᠭᠠᠨ ᠨᠡᠮᠡᠭ᠌ᠳᠡᠭᠦᠯᠪᠡ᠃ ᠬᠤᠳᠠ᠎ᠶ᠋ᠢᠨ ᠠᠷᠠᠳ ᠬᠦᠬᠡᠬᠤᠳᠠ ᠵᠢᠨ ᠺᠤᠳ᠋᠎ᠤᠨ ᠳᠤᠬᠢᠶᠠᠨ ᠴᠤᠨᠭᠬᠤ ᠵᠢᠨ ᠳᠤᠤᠷᠠᠬᠢ《ᠳᠤᠬᠢᠶᠠᠨ ᠴᠣᠩᠬᠣ᠎ᠵᠢᠨ ᠠᠰᠠᠭᠤᠨ ᠯᠠᠪᠯᠠᠬᠤ ᠤᠲᠠᠰᠤ》 ᠪᠡᠷ ᠠᠰᠠᠭᠤᠨ ᠯᠠᠪᠯᠠᠵᠤ ᠪᠣᠯᠤᠨ᠎ᠠ᠃ ᠠᠰᠠᠭᠤᠨ ᠯᠠᠪᠯᠠᠬᠤ ᠬᠦᠮᠦᠨ ᠨᠡᠯᠢᠶᠡᠳ ᠠᠷᠪᠢᠨ ᠪᠤᠯᠬᠤᠷ ᠤᠲᠠᠰᠤ ᠡᠵᠡᠯᠡᠬᠦ᠌᠎ᠳᠦ ᠭᠦᠷᠪᠡᠯ ᠬᠦᠯᠢᠴᠡᠩᠭᠦᠶ᠎ᠪᠡᠷ ᠬᠦᠯᠢᠶᠡᠭᠡᠷᠡᠶ᠃
ᠬᠥᠬᠡᠬᠣᠲᠠ᠎ᠶ᠋ᠢᠨ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠥᠪᠯᠡᠯ
2022 ᠣᠨ᠎ᠤ 12 ᠰᠠᠷ᠎ᠠ᠎ᠶ᠋ᠢᠨ 2᠎ᠤᠨ ᠡᠳᠦᠷ
ᠢᠷᠡᠯᠳᠡ᠄ ᠬᠥᠬᠡᠬᠣᠲᠠ᠎ᠶ᠋ᠢᠨ ᠡᠮᠴᠢᠯᠡᠭᠡ ᠵᠢᠷᠬᠢᠶ᠎ᠡ ᠵᠢᠨ ᠣᠯᠠᠨ ᠨᠡᠢᠲᠡ᠎ᠶ᠋ᠢᠨ ᠳᠠᠪᠴᠠᠡᠭ
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃