2022-12-04 12:28:17
ᠬᠥᠬᠡᠬᠣᠲᠠ ᠶ᠋ᠢᠨ ᠬᠢᠵᠢᠭ ᠦᠨ ᠪᠠᠢᠳᠠᠯ ᠢ ᠰᠡᠷᠭᠡᠢᠯᠡᠨ ᠡᠵᠡᠮᠳᠡᠬᠦ᠌ ᠠᠵᠢᠯ ᠵᠠᠩᠭᠢᠯᠠᠭ᠎ᠠ᠎ᠶ᠋ᠢᠨ ᠬᠤᠭᠤᠴᠠᠭᠠᠨ᠎ᠳᠤ ᠣᠷᠣᠵᠤ ᠂ ᠥᠪᠡᠷᠲᠡᠭᠡᠨ ᠵᠠᠰᠠᠬᠤ ᠣᠷᠣᠨ᠎ᠤ ᠱᠢᠭᠤᠳ ᠬᠠᠷᠢᠶ᠎ᠠ ᠪᠠᠢᠭᠤᠯᠭ᠎ᠠ ᠶ᠋ᠢᠨ 300 ᠭᠠᠷᠤᠶ ᠨᠠᠮ᠎ᠤᠨ ᠭᠡᠱᠢᠭᠦᠨ ᠺᠠᠳ᠋ᠷ ᠳᠠᠭᠠᠭᠠᠴᠢᠯᠠᠨ ᠬᠤᠯᠪᠤᠭᠠᠯᠠᠬᠤ ᠨᠡᠢᠭᠡᠮ ᠲᠣᠭᠣᠷᠢᠭ (ᠰᠠᠭᠤᠭᠠᠯᠢ ᠠᠷᠠᠳ ᠤ᠋ᠨ ᠲᠤᠭᠤᠷᠢᠭ) ᠲᠦ᠍ ᠭᠦᠨᠵᠡᠭᠡᠢᠷᠡᠨ ᠂ ᠲᠤᠰᠭᠠᠢᠵᠢᠭ᠍ᠰᠠᠨ ᠨᠠᠷᠢᠯᠢᠭ ᠣᠨᠣᠪᠴᠢᠲᠠᠶ ᠬᠠᠮᠢᠶᠠᠷᠤᠯᠲᠠ ᠬᠢᠬᠦ ᠪᠡᠷ ᠴᠢᠷᠮᠠᠢᠵᠤ᠂ ᠠᠰᠠᠭᠤᠳᠠᠯ᠎ᠢ ᠡᠷᠴᠢᠮ ᠲᠠᠢ ᠰᠠᠢᠨ ᠱᠢᠶ᠋ᠳᠪᠦᠷᠢᠯᠡᠵᠦ ᠪᠤᠢ᠃
ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠬᠢᠨᠠᠨ ᠪᠠᠢᠴᠠᠭᠠᠬᠤ ᠵᠥᠪᠯᠡᠯ᠎ᠦᠨ ᠪᠠᠢᠭᠤᠯᠭ᠎ᠠ᠎ᠶ᠋ᠢᠨ ᠳᠠᠭᠠᠭᠠᠴᠢᠯᠠᠨ ᠬᠤᠯᠪᠤᠭᠠᠯᠠᠬᠤ ᠺᠠᠳ᠋ᠷ ᠣᠯᠠᠨ ᠵᠦᠶ᠋ᠯ᠎ᠦᠨ ᠠᠷᠭ᠎ᠠ ᠬᠡᠯᠪᠡᠷᠢ᠎ᠪᠡᠷ ᠳᠠᠮᠵᠢᠭᠤᠯᠤᠨ᠂ ᠰᠠᠭᠤᠭᠠᠯᠢ ᠠᠷᠠᠳ᠎ᠤᠨ ᠲᠣᠭᠣᠷᠢᠭ᠎ᠤᠨ ᠪᠠᠢᠳᠠᠯ᠎ᠢ ᠭᠦᠨᠵᠡᠭᠡᠶ ᠣᠢᠯᠠᠭᠠᠵᠤ᠂ ᠴᠠᠭ ᠨᠡᠮᠡᠵᠦ᠍ ᠠᠵᠢᠯᠯᠠᠨ ᠨᠡᠢᠭᠡᠮ ᠲᠣᠭᠣᠷᠢᠭ᠎ᠤᠨ ᠲᠤᠤᠷᠵᠢᠭᠤᠯᠤᠭ᠍ᠰᠠᠨ ᠬᠠᠮᠢᠶᠠᠷᠤᠯᠲᠠ ᠶ᠋ᠢᠨ ᠠᠵᠢᠯᠲᠠᠨ ᠲᠠᠶ ᠰᠠᠭᠤᠭᠠᠯᠢ ᠠᠷᠠᠳ ᠤᠨ ᠲᠣᠭᠣᠷᠢᠭ᠎ᠤᠨ ᠰᠠᠭᠤᠭᠠᠯᠢ ᠠᠷᠠᠳ ᠤ᠋ᠨ ᠰᠠᠭᠤᠷᠢ ᠲᠣᠭ᠎ᠠ᠂ ᠪᠥᠭᠡᠮ ᠬᠦᠴᠢᠯ᠎ᠦᠨ ᠪᠠᠢᠴᠠᠭᠠᠨ ᠬᠡᠮᠵᠢᠯᠲᠡ᠎ᠳᠦ ᠠᠷᠭ᠎ᠠ ᠴᠢᠨᠠᠷ ᠢᠯᠡᠷᠡᠭ᠌ᠰᠡᠨ ᠬᠥᠮᠦᠰ᠂ ᠨᠢᠭ᠍ᠲᠠ ᠤᠢᠷᠠᠳᠤᠬᠰᠠᠳ᠂ ᠣᠨᠴᠠᠭᠠᠶ ᠬᠥᠮᠦᠰ᠂ ᠲᠤᠰᠠᠭᠠᠷᠯᠠᠬᠤ ᠬᠤᠭᠤᠴᠠᠭ᠎ᠠ ᠨᠢ ᠬᠦᠢᠴᠡᠵᠦ ᠲᠤᠰᠠᠭᠠᠷᠯᠠᠬᠤ ᠦᠷᠦᠭᠡ᠎ᠡᠴᠡ ᠭᠠᠷᠴᠤ᠌ ᠢᠷᠡᠭᠰᠡᠨ ᠬᠦᠮᠦᠰ ᠵᠡᠷᠭᠡ 5 ᠡᠬᠡ ᠳᠠᠩᠰᠠ ᠵᠢ ᠳᠡᠭᠦᠯᠳᠡᠷᠵᠢᠬᠦᠯᠪᠡ᠃ 《ᠮᠠᠨ᠎ᠤ ᠰᠠᠭᠤᠭᠠᠯᠢ ᠠᠷᠠᠳ᠎ᠤᠨ ᠲᠣᠭᠣᠷᠢᠭ᠎ᠲᠤ ᠨᠡᠢ᠌ᠳᠡ 3 ᠠᠰᠠᠷ᠎ᠤᠨ 52 ᠡᠷᠦᠬᠡ 136 ᠬᠥᠮᠦᠨ ᠠᠮᠠ ᠪᠤᠢ ᠂ ᠡᠷᠦᠬᠡ ᠪᠦᠷᠢ ᠵᠢᠨ ᠪᠠᠢᠳᠠᠯ ᠢ᠋ ᠤᠨᠤᠪᠴᠢᠳᠠᠢ ᠤᠢᠯᠠᠭᠠᠪᠠᠯ ᠰᠠᠶᠢ ᠤᠯᠠᠨ ᠲᠦᠮᠡᠨ᠎ᠳᠦ ᠰᠠᠢᠳᠤᠷ ᠦᠢᠯᠡᠴᠢᠯᠡᠵᠦ ᠴᠢᠳᠠᠨ᠎ᠠ》 ᠭᠡᠵᠤ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠢ᠎ᠠ ᠬᠢᠨᠠᠨ ᠪᠠᠢᠴᠠᠭᠠᠬᠤ ᠵᠥᠪᠯᠡᠯ᠎ᠦᠨ ᠪᠠᠢᠭᠤᠯᠭ᠎ᠠ᠎ᠶ᠋ᠢᠨ ᠳᠠᠭᠠᠭᠠᠴᠢᠯᠠᠨ ᠬᠤᠯᠪᠤᠭᠠᠯᠠᠬᠤ ᠺᠠᠳ᠋ᠷ ᠯᠢᠦ ᠳ᠋ᠦᠩ ᠯᠢᠶᠠᠩ ᠬᠡᠯᠡᠪᠡ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ ᠤ᠋ᠨ ᠳᠠᠭᠠᠭᠠᠴᠢᠯᠠᠨ ᠬᠠᠷᠢᠯᠴᠠᠬᠤ ᠺᠠᠳ᠋ᠷ ᠲᠡᠷᠡ ᠳᠠᠷᠤᠢᠳᠤᠨᠢ ᠰᠠᠭᠤᠭᠠᠯᠢ ᠠᠷᠠᠳ᠎ᠤᠨ ᠲᠣᠭᠣᠷᠢᠭ᠎ᠤᠨ ᠰᠠᠭᠤᠭᠠᠯᠢ ᠠᠷᠠᠳ᠎ᠤᠨ ᠵᠢᠷᠬᠢᠶ᠎ᠡ᠎ᠶ᠋ᠢᠨ ᠬᠤᠯᠪᠤᠭ᠎ᠠ ᠂ ᠨᠡᠢᠭᠡᠮ ᠲᠣᠭᠣᠷᠢᠭ᠎ᠤᠨ ᠺᠠᠳ᠋ᠷ᠎ᠤᠨ ᠠᠵᠢᠯ᠎ᠤᠨ ᠬᠤᠯᠪᠤᠭ᠎ᠠ ᠂ ᠲᠦᠷ ᠴᠠᠭ᠎ᠤᠨ ᠨᠠᠮ᠎ᠤᠨ ᠡᠭᠦᠷ᠎ᠦᠨ ᠬᠤᠯᠪᠤᠭᠠᠳᠦ ᠣᠷᠣᠵᠤ ᠂ ᠰᠠᠨᠠᠭᠠᠴᠢᠯᠠᠭ᠎ᠠ᠎ᠠᠴᠠ᠎ᠪᠠᠨ ᠪᠡᠶ᠎ᠡ ᠪᠠᠨ ᠳᠠᠨᠢᠯᠴᠠᠭᠤᠯᠵᠤ ᠂ ᠬᠡᠷᠡᠭ᠌ᠴᠡᠭᠡ ᠱᠠᠭᠠᠷᠳᠠᠯᠭ᠎ᠠ᠎ᠶ᠋ᠢ ᠨᠢ ᠠᠰᠠᠭᠤᠨ ᠤᠢᠯᠠᠭᠠᠪᠠ᠃ ᠦᠨᠳᠦᠰᠦᠨ ᠱᠠᠳᠤᠨ᠎ᠳᠦ ᠬᠦᠨᠵᠡᠭᠡᠢᠷᠡᠬᠦ ᠬᠤᠭᠤᠴᠠᠭᠠᠨ᠎ᠳᠤ ᠂ ᠲᠡᠳᠡ ᠰᠠᠭᠤᠭᠠᠯᠢ ᠠᠷᠠᠳ᠎ᠤᠨ ᠦᠯᠡᠳᠡᠵᠦ᠍ ᠬᠣᠴᠣᠷᠤᠭ᠍ᠰᠠᠨ ᠬᠥᠮᠦᠰ᠎ᠦᠨ ᠪᠡᠭᠡᠵᠢᠩ᠎ᠳᠦ ᠪᠤᠴᠠᠬᠤ ᠂ ᠳᠤᠲᠠᠭ᠍ᠳᠠᠵᠤ ᠪᠠᠢᠭ᠎ᠠ ᠡᠮ ᠢ᠋ ᠬᠤᠳᠠᠯᠳᠤᠨ ᠠᠪᠬᠤ ᠂ ᠭᠠᠭ᠍ᠴᠠᠭᠠᠷ ᠰᠠᠭᠤᠵᠤ ᠪᠠᠢᠭ᠎ᠠ ᠨᠠᠰᠤᠲᠠᠢᠴᠤᠳ᠎ᠲᠤ ᠠᠮᠢᠳᠤᠷᠠᠯ᠎ᠤᠨ ᠡᠳ᠋ ᠪᠣᠳᠠᠰ ᠲᠤᠬᠢᠷᠠᠭᠤᠯᠤᠨ ᠬᠦᠷᠭᠡᠬᠦ᠌ ᠵᠡᠷᠭᠡ ᠪᠣᠳᠠᠲᠠᠢ ᠠᠰᠠᠭᠤᠳᠠᠯ᠎ᠢ ᠴᠠᠭ ᠲᠤᠬᠠᠢᠳᠤᠨᠢ ᠱᠢᠢᠳᠪᠦᠷᠢᠯᠡᠪᠡ᠃ ᠣᠳᠣᠬᠠᠨ᠎ᠳᠤ ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ᠎ᠡᠴᠡ ᠱᠢᠨ ᠶᠤᠸᠠᠨ ᠰᠠᠭᠤᠭᠠᠯᠢ ᠠᠷᠠᠳ᠎ᠤᠨ ᠲᠣᠭᠣᠷᠢᠭ᠎ᠤᠨ ᠲᠦᠷ ᠴᠠᠭ᠎ᠤᠨ ᠨᠠᠮ᠎ᠤᠨ ᠡᠭᠦᠷ᠎ᠦᠨ ᠨᠠᠮ᠎ᠤᠨ ᠭᠡᠱᠢᠭᠦᠨ ᠰᠠᠢᠨ ᠳᠤᠷᠠᠴᠤᠳ᠎ᠲᠤ ᠨᠡᠢᠳᠡ 1 ᠲᠦᠮᠡ ᠭᠠᠷᠤᠶ ᠲᠥᠭᠥᠷᠢᠭ ᠤ᠋ᠨ ᠦᠷᠳᠡᠭ ᠪᠦᠬᠦᠢ N95 ᠠᠮᠠᠪᠴᠢ ᠂ ᠬᠠᠮᠠᠭᠠᠯᠠᠯᠲᠠ᠎ᠶ᠋ᠢᠨ ᠬᠤᠪᠴᠠᠰᠤ ᠂ ᠬᠥᠪᠥᠩ ᠬᠤᠪᠴᠠᠰᠤ ᠂ ᠲᠥᠬᠥᠮ ᠢᠳᠡᠭᠡᠨ ᠵᠡᠷᠭᠡ ᠬᠢᠵᠢᠭ᠎ᠢ ᠰᠡᠷᠭᠡᠢᠯᠡᠬᠦ᠌ ᠵᠢᠴᠢ ᠠᠮᠢᠳᠤᠷᠠᠯ᠎ᠤᠨ ᠡᠳ᠋ ᠪᠣᠳᠠᠰ ᠬᠠᠨᠳᠢᠪᠯᠠᠪᠠ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠢᠨᠲ᠋ᠧᠷ ᠰᠦᠯᠵᠢᠶᠡᠨ᠎ᠦ ᠮᠡᠳᠡᠭᠡ ᠵᠠᠩᠭᠢ᠎ᠶ᠋ᠢᠨ ᠠᠯᠪᠠᠨ ᠬᠡᠷ ᠤ᠋ᠨ ᠳᠠᠭᠠᠭᠠᠴᠢᠯᠠᠨ ᠬᠤᠯᠪᠤᠭᠠᠯᠠᠬᠤ ᠺᠠᠳ᠋ᠷ ᠂ ᠰᠠᠭᠤᠭᠠᠯᠢ ᠠᠷᠠᠳ᠎ᠤᠨ ᠲᠣᠭᠣᠷᠢᠭ᠎ᠤᠨ ᠰᠠᠭᠤᠭᠠᠯᠢ ᠠᠷᠠᠳ᠎ᠤᠨ ᠣᠷᠣᠵᠤ ᠭᠠᠷᠬᠤ᠎ᠶ᠋ᠢ ᠳᠡᠩᠰᠡᠯᠡᠨ ᠬᠠᠮᠢᠶᠠᠷᠬᠤ ᠪᠠ ᠴᠢᠩ ᠴᠸᠩ ᠺᠣᠳ᠋᠎ᠢ ᠪᠠᠢᠴᠠᠭᠠᠨ ᠱᠢᠯᠭᠠᠬᠤ ᠵᠡᠷᠭᠡ ᠨᠠᠷᠢᠨ ᠵᠦᠶ᠋ᠯᠡᠰ᠎ᠦᠨ ᠠᠵᠢᠯ᠎ᠢ ᠴᠢᠩᠭᠠᠳᠭᠠᠵᠤ ᠂ ᠡᠳ᠋ ᠪᠣᠳᠠᠰ᠎ᠢ ᠭᠥᠯᠢᠶᠡᠨ ᠠᠪᠬᠤ ᠂ ᠠᠷᠢᠭᠤᠳᠭᠠᠬᠤ ᠠᠵᠢᠯ᠎ᠢ ᠬᠢᠨᠠᠮᠠᠭᠠᠶ ᠰᠠᠢᠲᠤᠷ ᠬᠢᠵᠦ᠍ ᠂ ᠭᠠᠳᠠᠨ᠎ᠠ᠎ᠠᠴᠠ ᠢᠷᠡᠭ᠌ᠰᠡᠨ ᠡᠳ᠋ ᠪᠣᠳᠠᠰ᠎ᠤᠨ ᠠᠮᠤᠷ ᠲᠦᠪᠱᠢᠨ᠎ᠢ ᠦᠨᠡᠨ ᠬᠦ᠌ ᠪᠠᠲᠤᠯᠠᠪᠡ᠃ ᠲᠡᠳᠡᠨ᠎ᠦ ᠬᠠᠷᠠᠮ ᠦᠭᠡᠢ ᠵᠢᠳᠬᠦᠯ ᠳ᠋ᠦ ᠪᠠᠶᠠᠷᠯᠠᠨ ᠳᠠᠯᠠᠷᠬᠠᠵᠤ᠂ ᠰᠠᠭᠤᠭᠠᠯᠢ ᠠᠷᠠᠳ᠎ᠤᠨ ᠲᠣᠭᠣᠷᠢᠭ᠎ᠤᠨ ᠰᠠᠭᠤᠭᠠᠯᠢ ᠠᠷᠠᠳ ᠦᠷᠭᠦᠯᠵᠢ ᠲᠡᠳᠡᠨ᠎ᠳᠦ ᠬᠠᠯᠠᠭᠤᠨ ᠬᠣᠭᠣᠯᠠ ᠬᠦᠷᠭᠡᠵᠦ᠍ ᠢᠷᠡᠳᠡᠭ ᠪᠠᠢᠯ᠎ᠠ᠃ 《ᠪᠢᠳᠡ ᠣᠯᠠᠨ ᠲᠦᠮᠡᠨ᠎ᠦ ᠶᠠᠪᠤᠳᠠᠯ ᠢ᠋ ᠰᠡᠳᠭᠢᠯ᠎ᠳᠡᠭᠡᠨ ᠳᠠᠯᠪᠢᠳᠠᠭ ᠡᠴᠡ ᠣᠯᠠᠨ ᠲᠦᠮᠡᠨ ᠪᠢᠳᠡᠨ᠎ᠲᠡᠶ ᠳᠣᠲᠣᠨᠣ ᠪᠠᠢᠳᠠᠭ》 ᠭᠡᠵᠤ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠢᠨᠲ᠋ᠧᠷ ᠰᠦᠯᠵᠢᠶᠡᠨ᠎ᠦ ᠮᠡᠳᠡᠭᠡ ᠵᠠᠩᠭᠢ᠎ᠶ᠋ᠢᠨ ᠠᠯᠪᠠᠨ ᠬᠡᠷ᠎ᠦᠨ ᠳᠠᠭᠠᠭᠠᠴᠢᠯᠠᠨ ᠬᠣᠯᠪᠣᠭᠠᠯᠠᠬᠤ ᠺᠠᠳ᠋ᠷ ᠯᠢ ᠭᠦᠸᠧ ᠱᠢᠩ ᠬᠡᠯᠡᠪᠡ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠯᠪᠠᠨ ᠲᠢᠩᠬᠢᠮ᠎ᠦᠨ ᠳᠠᠭᠠᠭᠠᠴᠢᠯᠠᠨ ᠬᠤᠯᠪᠤᠭᠠᠯᠠᠬᠤ ᠺᠠᠳ᠋ᠷᠴᠤᠳ ᠡᠳᠦᠷ ᠪᠦᠷᠢ ᠰᠠᠭᠤᠭᠠᠯᠢ ᠠᠷᠠᠳ᠎ᠤᠨ ᠲᠣᠭᠣᠷᠢᠭ᠎ᠢᠶᠠᠷ ᠲᠣᠭᠣᠷᠢᠨ ᠦᠵᠡᠵᠦ᠍ ᠂ ᠰᠠᠭᠤᠭᠠᠯᠢ ᠠᠷᠠᠳ᠎ᠤᠨ ᠳᠤᠷᠠᠳᠤᠭ᠍ᠰᠠᠨ ᠠᠰᠠᠭᠤᠳᠠᠯ ᠨᠢᠭᠡ ᠪᠦᠷᠢᠳᠦ ᠬᠦᠯᠢᠴᠡᠩᠭᠦᠢ ᠬᠠᠷᠢᠭᠤᠯᠲᠠ ᠥᠭ᠌ᠴᠦ ᠂ ᠠᠷᠠᠳ ᠤ᠋ᠨ ᠠᠮᠢᠳᠤᠷᠠᠯ ᠤ᠋ᠨ ᠬᠠᠯᠠᠮᠰᠢᠯ ᠠᠰᠠᠭᠤᠳᠠᠯ᠎ᠳᠤ ᠢᠳᠡᠪᠬᠢᠲᠡᠢ ᠬᠠᠷᠢᠭᠤᠯᠲᠠ ᠥᠭ᠌ᠴᠦ ᠂ ᠰᠠᠭᠤᠭᠠᠯᠢ ᠠᠷᠠᠳ᠎ᠢ ᠬᠠᠪᠰᠤᠷᠤᠨ 10 ᠭᠠᠷᠤᠢ ᠬᠦᠴᠢᠷ ᠠᠰᠠᠭᠤᠳᠠᠯ᠎ᠢ ᠨᠢ ᠵᠣᠬᠢᠴᠠᠭᠤᠯᠤᠨ ᠱᠢᠢᠳᠪᠦᠷᠢᠯᠡᠪᠡ᠃ ᠲᠡᠳᠡ ᠡᠳᠦᠷ ᠪᠦᠷᠢ 《ᠨᠢᠭᠡ ᠬᠠᠷᠢᠭᠤ ᠮᠡᠳᠡᠭᠦᠯᠦᠯᠲᠡ》 ᠂ 《ᠨᠢᠭᠡ ᠨᠡᠪᠲᠡᠷᠡᠯᠴᠡᠭᠡ》 ᠵᠢᠨ ᠲᠣᠭ᠍ᠲᠠᠴᠠ᠎ᠶ᠋ᠢ ᠬᠡᠷᠡᠭ᠌ᠵᠢᠭᠦᠯᠵᠦ᠍ ᠂ ᠴᠠᠭ ᠲᠤᠬᠠᠢᠳᠤᠨᠢ ᠠᠵᠢᠯ᠎ᠤᠨ ᠰᠠᠨᠠᠭᠤᠯᠭ᠎ᠠ ᠳᠤᠷᠠᠳᠴᠤ᠌ ᠂ ᠠᠵᠢᠯ᠎ᠤᠨ ᠳᠤᠲᠠᠭᠤᠳᠠᠯ᠎ᠢ ᠬᠠᠪᠰᠤᠷᠤᠨ ᠨᠥᠬᠥᠪᠥᠷᠢᠯᠡᠵᠦ᠍ ᠂ ᠣᠳᠣᠬᠠᠨ᠎ᠳᠤ ᠨᠢᠭᠡᠨᠲᠡ 8 ᠬᠣᠯᠪᠣᠭ᠍ᠳᠠᠯ ᠪᠦᠬᠦᠢ ᠠᠰᠠᠭᠤᠳᠠᠯ᠎ᠢ ᠲᠤᠰᠭᠠᠵᠤ ᠂ 9 ᠵᠤᠷᠪᠤᠰ ᠠᠵᠢᠯ᠎ᠤᠨ ᠰᠠᠨᠠᠭᠤᠯᠭ᠎ᠠ ᠳᠤᠷᠠᠳᠴᠠᠢ᠃
ᠥᠪᠡᠷᠲᠡᠭᠡᠨ ᠵᠠᠰᠠᠬᠤ ᠣᠷᠣᠨ᠎ᠤ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠎ᠦᠨ ᠳᠠᠭᠠᠭᠠᠴᠢᠯᠠᠨ ᠬᠣᠯᠪᠣᠭᠠᠯᠠᠬᠤ ᠺᠠᠳ᠋ᠷ ᠰᠠᠭᠤᠭᠠᠯᠢ ᠠᠷᠠᠳ ᠤ᠋ᠨ ᠲᠤᠭᠤᠷᠢᠭ ᠲᠦ᠍ ᠣᠷᠣᠵᠤ ᠰᠠᠭᠤᠭ᠍ᠰᠠᠨᠤ ᠳᠠᠷᠠᠭ᠎ᠠ ᠂ ᠬᠢᠨᠠᠨ ᠪᠤᠳᠤᠬᠤ ᠵᠦᠪᠯᠡᠯ᠎ᠤᠨ ᠰᠠᠭᠤᠭᠠᠯᠢ ᠠᠷᠠᠳ᠎ᠤᠨ ᠲᠣᠭᠣᠷᠢᠭ᠎ᠤᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠲᠦᠷ ᠴᠠᠭ᠎ᠤᠨ ᠨᠠᠮ᠎ᠤᠨ ᠡᠭᠦᠷ᠎ᠢ ᠪᠠᠢᠭᠤᠯᠵᠤ᠂ 《ᠤᠴᠢᠷ᠎ᠲᠠᠶ ᠪᠣᠯ ᠲᠠ ᠨᠠᠳᠠ᠎ᠶ᠋ᠢ ᠡᠷᠢᠭᠡᠷᠡᠢ》 ᠭᠡᠬᠦ᠌ ᠠᠮᠠᠯᠠᠯᠲᠠ ᠬᠢᠪᠡ᠃ ᠬᠢᠵᠢᠭ ᠢ ᠰᠡᠷᠭᠡᠢᠯᠡᠬᠦ᠌ ᠡᠳ᠋ ᠪᠣᠳᠠᠰ ᠳᠤᠲᠠᠭ᠍ᠳᠠᠵᠤ ᠪᠠᠢᠭ᠎ᠠ ᠠᠰᠠᠭᠤᠳᠠᠯ᠎ᠢ ᠣᠢᠯᠠᠭᠠᠭ᠍ᠰᠠᠨ᠎ᠤ ᠳᠠᠷᠠᠭ᠎ᠠ᠂ ᠴᠠᠭ ᠲᠤᠬᠠᠶ᠎ᠳᠤᠨᠢ ᠬᠠᠷᠢᠭᠤ ᠲᠤᠰᠭᠠᠵᠤ᠂ ᠥᠪᠡᠷᠲᠡᠭᠡᠨ ᠵᠠᠰᠠᠬᠤ ᠣᠷᠣᠨ᠎ᠤ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠎ᠡᠴᠡ ᠳᠠᠭᠠᠭᠠᠴᠢᠯᠠᠨ ᠬᠤᠯᠪᠤᠭᠠᠯᠠᠬᠤ ᠰᠠᠭᠤᠭᠠᠯᠢ ᠠᠷᠠᠳ᠎ᠤᠨ ᠲᠣᠭᠣᠷᠢᠭ᠎ᠲᠤ ᠪᠠᠴᠢᠮ ᠬᠡᠷᠡᠭᠰᠡᠬᠦ ᠬᠢᠵᠢᠭ᠎ᠢ ᠰᠡᠷᠭᠡᠢᠯᠡᠬᠦ᠌ ᠵᠢᠴᠢ ᠠᠮᠢᠳᠤᠷᠠᠯ᠎ᠤᠨ ᠡᠳ᠋ ᠪᠣᠳᠠᠰ ᠬᠠᠨᠳᠢᠪᠯᠠᠵᠤ᠂ ᠰᠠᠭᠤᠭᠠᠯᠢ ᠠᠷᠠᠳ᠎ᠤᠨ ᠲᠣᠭᠣᠷᠢᠭ᠎ᠤᠨ ᠨᠢᠭᠡᠳᠦᠭᠡᠷ ᠹᠷᠣᠨᠲ᠎ᠤᠨ ᠬᠢᠵᠢᠭ᠎ᠢ ᠰᠡᠷᠭᠡᠢᠯᠡᠬᠦ᠌ ᠬᠥᠮᠦᠰ᠎ᠲᠦ ᠪᠠᠲᠤ ᠪᠠᠬᠢ ᠠᠷᠤ ᠲᠠᠯ᠎ᠠ᠎ᠶ᠋ᠢᠨ ᠪᠠᠲᠤᠯᠠᠭ᠎ᠠ ᠬᠠᠩᠭᠠᠪᠠ᠃
ᠥᠪᠡᠷᠲᠡᠭᠡᠨ ᠵᠠᠰᠠᠬᠤ ᠣᠷᠣᠨ ᠤ ᠥᠩᠭᠡᠲᠦ ᠭᠠᠵᠠᠷ ᠱᠢᠨᠵᠢᠯᠡᠭᠡᠨ ᠦ ᠠᠭᠤᠷᠬᠠᠶ᠎ᠶ᠋ᠢᠨ ᠦᠶ᠋ᠯᠡᠰ (ᠪᠦᠯᠦᠭᠯᠡᠯ)᠎ᠤ᠋ᠨ ᠬᠢᠵᠠᠭᠠᠷᠲᠤ ᠺᠣᠮᠫᠠᠨᠢ ᠶ᠋ᠢᠨ ᠳᠠᠭᠠᠭᠠᠴᠢᠯᠠᠨ ᠬᠣᠯᠪᠣᠭᠠᠯᠠᠭ᠍ᠰᠠᠨ ᠰᠠᠭᠤᠭᠠᠯᠢ ᠠᠷᠠᠳ᠎ᠤᠨ ᠲᠣᠭᠣᠷᠢᠭ ᠪᠣᠯ ᠳᠡᠭᠡᠷ᠎ᠡ ᠵᠠᠭᠤᠨ᠎ᠤ ᠶᠡᠷᠡᠭᠡᠳ ᠣᠨ᠎ᠳᠤ ᠪᠠᠢᠭᠤᠯᠤᠭ᠍ᠰᠠᠨ ᠬᠠᠭᠤᠴᠢᠨ ᠰᠠᠭᠤᠭᠠᠯᠢ ᠠᠷᠠᠳ᠎ᠤᠨ ᠲᠣᠭᠣᠷᠢᠭ ᠪᠤᠯᠬᠤᠷ ᠦᠷᠭᠦᠯᠵᠢ ᠳᠤᠯᠠᠭᠠᠯᠠᠭ᠎ᠠ᠎ᠶ᠋ᠢᠨ ᠠᠰᠠᠭᠤᠳᠠᠯ ᠭᠠᠷᠳᠠᠭ᠂ ᠳᠠᠭᠠᠭᠠᠴᠢᠯᠠᠨ ᠬᠣᠯᠪᠣᠭᠠᠯᠠᠬᠤ ᠺᠠᠳ᠋ᠷ ᠰᠠᠭᠤᠭᠠᠯᠢ ᠠᠷᠠᠳ᠎ᠤᠨ ᠲᠣᠭᠣᠷᠢᠭ᠎ᠲᠤ ᠤᠷᠤᠭ᠍ᠰᠠᠨ᠎ᠤ ᠳᠠᠷᠠᠭ᠎ᠠ᠂ ᠨᠡᠢᠭᠡᠮ ᠲᠣᠭᠣᠷᠢᠭ᠎ᠤᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠡᠯ᠎ᠡ ᠵᠦᠶ᠋ᠯ ᠦᠨ ᠠᠵᠢᠯ ᠢ ᠰᠠᠢᠲᠤᠷ ᠥᠷᠨᠢᠭᠦᠯᠬᠦ᠌᠎ᠳᠦ ᠬᠠᠮᠵᠢᠯᠴᠠᠬᠤ᠎ᠠᠴᠠ ᠭᠠᠳᠠᠨ᠎ᠠ᠂ ᠪᠠᠰᠠ ᠳᠤᠯᠠᠭᠠᠯᠠᠭ᠎ᠠ ᠶ᠋ᠢᠨ ᠺᠣᠮᠫᠠᠨᠢ ᠲᠠᠶ ᠢᠳᠡᠪᠬᠢᠲᠡᠶ ᠬᠠᠷᠢᠯᠴᠠᠵᠤ᠂ ᠰᠠᠭᠤᠭᠠᠯᠢ ᠠᠷᠠᠳ᠎ᠤᠨ ᠳᠤᠯᠠᠭᠠᠯᠠᠭ᠎ᠠ᠎ᠶ᠋ᠢᠨ ᠠᠰᠠᠭᠤᠳᠠᠯ᠎ᠢ ᠱᠢᠶ᠋ᠳᠪᠦᠷᠢᠯᠡᠪᠡ᠃
ᠪᠦᠷᠢᠳᠭᠡᠯ᠎ᠢ ᠦᠨᠳᠦᠰᠦᠯᠡᠪᠡᠯ᠂ ᠣᠳᠣᠬᠠᠨ ᠪᠣᠯᠲᠠᠯ᠎ᠠ ᠥᠪᠡᠷᠲᠡᠭᠡᠨ ᠵᠠᠰᠠᠬᠤ ᠣᠷᠣᠨ᠎ᠤ ᠱᠢᠭᠤᠳ ᠬᠠᠷᠢᠶ᠎ᠠ ᠪᠠᠢᠭᠤᠯᠭ᠎ᠠ᠎ᠶ᠋ᠢᠨ ᠳᠠᠭᠠᠭᠠᠴᠢᠯᠠᠨ ᠬᠣᠯᠪᠣᠭᠠᠯᠠᠬᠤ ᠨᠡᠢᠭᠡᠮ ᠲᠣᠭᠣᠷᠢᠭ᠎ᠲᠤ ᠭᠦᠨᠵᠡᠭᠡᠢᠷᠡᠵᠤ ᠪᠠᠢᠭ᠎ᠠ ᠺᠠᠳ᠋ᠷ 300 ᠭᠠᠷᠤᠢ ᠪᠠᠢᠵᠤ ᠂ ᠨᠠᠮ᠎ᠤᠨ ᠭᠡᠱᠢᠭᠦᠨ ᠺᠠᠳ᠋ᠷ᠎ᠢ ᠵᠣᠬᠢᠶᠠᠨ ᠪᠠᠢᠭᠤᠯᠤᠨ ᠳᠠᠢᠴᠢᠯᠠᠵᠤ ᠰᠠᠢᠨ ᠳᠤᠷ᠎ᠠ᠎ᠶ᠋ᠢᠨ ᠦᠶ᠋ᠯᠡᠴᠢᠯᠡᠭᠡ᠎ᠳᠦ ᠨᠡᠢᠲᠡ 9112 ᠬᠥᠮᠦᠨ ᠤᠳᠠᠭ᠎ᠠ ᠣᠷᠣᠯᠴᠠᠭᠤᠯᠵᠤ ᠂ ᠳᠠᠭᠠᠭᠠᠴᠢᠯᠠᠨ ᠬᠤᠯᠪᠤᠭᠠᠯᠠᠬᠤ ᠨᠡᠢᠭᠡᠮ ᠲᠣᠭᠣᠷᠢᠭ᠎ᠤᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠬᠡᠷᠡᠭ᠌ᠴᠡᠭᠡ᠎ᠶ᠋ᠢ ᠣᠢᠯᠠᠭᠠᠵᠤ᠂ ᠳᠠᠭᠠᠭᠠᠴᠢᠯᠠᠨ ᠬᠤᠯᠪᠤᠭᠠᠯᠠᠬᠤ ᠨᠢᠭᠡᠴᠢ᠎ᠲᠡᠶ ᠬᠠᠷᠢᠯᠴᠠᠵᠤ ᠪᠠᠢᠭᠠᠳ ᠳᠠᠭᠠᠭᠠᠴᠢᠯᠠᠨ ᠬᠤᠯᠪᠤᠭᠠᠯᠠᠬᠤ ᠨᠡᠢᠭᠡᠮ ᠲᠣᠭᠣᠷᠢᠭ (ᠰᠠᠭᠤᠭᠠᠯᠢ ᠠᠷᠠᠳ ᠤ᠋ᠨ ᠲᠤᠭᠤᠷᠢᠭ) ᠲᠦ᠍ ᠨᠢᠭᠡᠨᠲᠡ 100 ᠲᠦᠮᠡᠨ ᠲᠥᠭᠥᠷᠢᠭ ᠤ᠋ᠨ ᠦᠷᠳᠡᠭ ᠲᠠᠢ ᠴᠢᠬᠤᠯᠠ ᠪᠦᠬᠦᠢ ᠰᠡᠷᠬᠡᠢᠯᠡᠨ ᠡᠵᠡᠮᠳᠡᠬᠦ ᠡᠳ᠋ ᠪᠤᠳᠠᠰ ᠢ᠋ ᠬᠤᠳᠠᠯᠳᠤᠨ ᠠᠪᠬᠤ ᠪᠤᠶᠤ ᠵᠣᠬᠢᠴᠠᠭᠤᠯᠤᠨ ᠱᠢᠶ᠋ᠳᠪᠦᠷᠢᠯᠡᠵᠦ᠍ ᠥᠭ᠌ᠴᠡᠶ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠠᠨᠠᠷ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃