ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠮᠡᠳᠡᠭᠡᠯᠡᠯ

2022-12-12 10:49:37

ᠵᠣᠬᠢᠶᠠᠭ᠍ᠴᠢ᠄ ᠮᠠ ᠹᠠᠩ ᠣᠩᠱᠢᠭ᠍ᠰᠠᠨ ᠣᠳᠠᠭ᠎ᠠ᠄ 3

ᠲᠦᠷᠦ᠍᠎ᠶ᠋ᠢᠨ ᠶᠠᠪᠤᠳᠠᠯ᠎ᠤᠨ ᠬᠣᠷᠢᠶᠠᠨ᠎ᠤ ᠬᠣᠯᠪᠣᠭᠠᠯᠠᠨ ᠰᠡᠷᠭᠡᠢᠯᠡᠵᠦ᠍ ᠬᠣᠯᠪᠣᠭᠠᠯᠠᠨ ᠡᠵᠡᠮᠳᠡᠬᠦ᠌ ᠲᠣᠭ᠍ᠲᠠᠴᠠ᠎ᠶ᠋ᠢᠨ ᠱᠢᠨ᠎ᠡ ᠠᠷᠪᠠᠨ ᠵᠤᠢᠯ᠎ᠤᠨ ᠰᠡᠷᠭᠡᠢᠯᠡᠨ ᠡᠵᠡᠮᠳᠡᠬᠦ᠌ ᠠᠷᠭ᠎ᠠ ᠬᠡᠮᠵᠢᠶ᠎ᠡ᠎ᠶ᠋ᠢ ᠨᠠᠷᠢᠨ ᠬᠢᠨᠠᠮᠠᠭᠠᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢᠨ ᠲᠥᠯᠥᠭᠡ᠂ 12 ᠰᠠᠷ᠎ᠠ᠎ᠶ᠋ᠢᠨ 9 ᠤ᠋ ᠡᠳᠦᠷ ᠂ ᠬᠥᠬᠡᠬᠣᠲᠠ᠎ᠶ᠋ᠢᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠵᠢᠯᠣᠭᠣᠳᠭᠤ ᠭᠠᠵᠠᠷ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠷᠭ᠎ᠠ ᠬᠡᠮᠵᠢᠶ᠎ᠡ᠎ᠶ᠋ᠢ ᠤᠯᠠᠮ ᠴᠢᠨᠠᠭ᠍ᠰᠢᠳᠠ ᠱᠢᠯᠢᠳᠡᠭ᠌ᠵᠢᠭᠦᠯᠬᠦ᠌ ᠲᠤᠬᠠᠢ ᠠᠯᠪᠠᠨ ᠵᠠᠷᠯᠠᠯ ᠨᠡᠢᠲᠡᠯᠡᠪᠡ᠃ ᠠᠯᠪᠠᠨ ᠵᠠᠷᠯᠠᠯ ᠳ᠋ᠤ ᠣᠯᠠᠨ ᠲᠦᠮᠡᠨ᠎ᠦ ᠡᠮ ᠲᠡᠨᠭ ᠬᠤᠳᠠᠯᠳᠤᠨ ᠠᠪᠬᠤ ᠦᠨᠳᠦᠰᠦᠨ ᠬᠡᠷᠡᠭ᠌ᠴᠡᠭᠡ᠎ᠶ᠋ᠢ ᠪᠠᠲᠤᠯᠠᠬᠤ ᠲᠤᠬᠠᠶ ᠂ ᠡᠯ᠎ᠡ ᠭᠠᠵᠠᠷ ᠣᠷᠣᠨ ᠡᠮ᠎ᠦᠨ ᠵᠦᠶ᠋ᠯ᠎ᠦᠨ ᠬᠠᠩᠭᠠᠯᠭ᠎ᠠ ᠨᠥᠭᠡᠴᠡ᠎ᠶ᠋ᠢ ᠰᠠᠢᠲᠤᠷ ᠬᠢᠵᠦ᠍ ᠂ ᠡᠮ᠎ᠦᠨ ᠳᠡᠯᠭᠡᠭᠦᠷ᠎ᠦᠨ ᠬᠡᠪ᠎ᠦᠨ ᠡᠵᠡᠩᠨᠡᠯᠲᠡ᠎ᠶ᠋ᠢ ᠪᠠᠲᠤᠯᠠᠬᠤ ᠬᠡᠷᠡᠭ᠌ᠲᠡᠶ ᠂ ᠡᠮ᠎ᠦᠨ ᠳᠡᠯᠭᠡᠭᠦᠷ᠎ᠢ ᠳᠤᠷ᠎ᠠ᠎ᠪᠠᠷ᠎ᠢᠶᠠᠨ ᠬᠠᠭᠠᠵᠤ ᠵᠣᠭ᠍ᠰᠣᠭᠠᠵᠤ ᠪᠣᠯᠬᠤ ᠥᠬᠡᠶ᠃ ᠰᠠᠭᠤᠭᠠᠯᠢ ᠠᠷᠠᠳ ᠢᠨᠲ᠋ᠧᠷ ᠰᠦᠯᠵᠢᠶᠡᠨ᠎ᠦ ᠲᠠᠪᠴᠠᠩ ᠪᠤᠶᠤ ᠡᠮ᠎ᠦᠨ ᠳᠡᠯᠭᠡᠭᠦᠷ᠎ᠲᠦ ᠬᠦᠷᠴᠦ᠍ ᠬᠠᠯᠠᠭᠤᠨ᠎ᠢ ᠪᠠᠭᠤᠷᠠᠭᠤᠯᠬᠤ ᠂ ᠬᠠᠨᠢᠶᠠᠳᠤ᠎ᠶ᠋ᠢ ᠵᠣᠭ᠍ᠰᠣᠭᠠᠬᠤ ᠂ ᠬᠠᠯᠳᠠᠪᠤᠷᠢᠯᠠᠯ᠎ᠢ ᠡᠰᠡᠷᠭᠦᠴᠡᠬᠦ᠌ ᠂ ᠲᠠᠭ᠍ᠰᠢᠭᠤᠷ᠎ᠢ ᠵᠠᠰᠠᠬᠤ ᠵᠡᠷᠭᠡ ᠵᠣᠷ᠎ᠤᠨ ᠪᠤᠰᠤ ᠡᠮ ᠬᠤᠳᠠᠯᠳᠤᠨ ᠠᠪᠬᠤ ᠳ᠋ᠤ ᠬᠥᠬᠡᠬᠣᠲᠠ᠎ᠶᠢᠨ ᠮᠡᠷᠬᠡᠨ ᠴᠤᠬᠤᠷ ᠬᠢᠭᠡᠳ ᠪᠥᠭᠡᠮ ᠬᠦᠴᠢᠯ᠎ᠦᠨ ᠪᠠᠢᠴᠠᠭᠠᠯᠲᠡ᠎ᠶ᠋ᠢᠨ ᠪᠢᠯᠢᠭ ᠴᠢᠨᠠᠷ᠎ᠤᠨ ᠭᠡᠷᠡᠴᠢ᠎ᠶ᠋ᠢ ᠪᠠᠢᠴᠠᠭᠠᠬᠤ ᠥᠬᠡᠶ ᠪᠥᠭᠡᠤᠨ ᠳᠠᠬᠢᠵᠥ ᠦᠨᠡᠨ ᠨᠡᠷ᠎ᠡ᠎ᠪᠡᠷ ᠳᠠᠩᠰᠠᠯᠠᠭᠤᠯᠬᠤ ᠥᠬᠡᠶ ᠪᠠᠢᠬᠤ ᠬᠡᠷᠡᠭᠳᠡᠢ ᠬᠡᠵᠥ ᠱᠠᠭᠠᠷᠳᠠᠪᠠ᠃

12 ᠰᠠᠷ᠎ᠠ᠎ᠶ᠋ᠢᠨ 10 ᠤ᠋ ᠡᠳᠦᠷ ᠂ ᠰᠤᠷᠪᠤᠯᠵᠢᠯᠠᠭ᠍ᠴᠢ ᠬᠥᠬᠡᠬᠣᠲᠠ᠎ᠶ᠋ᠢᠨ ᠰᠠᠢᠬᠠᠨ ᠲᠣᠭᠣᠷᠢᠭ᠎ᠤᠨ ᠬᠡᠳᠦᠨ ᠬᠡᠯᠬᠢᠶᠡᠵᠢᠭᠰᠡᠨ ᠡᠮ᠎ᠦᠨ ᠳᠡᠯᠭᠡᠭᠦᠷ᠎ᠲᠦ ᠬᠥᠷᠬᠥ ᠎ᠳᠤ ᠂ ᠳᠡᠯᠭᠡᠭᠦᠷ ᠵᠢᠡᠷ ᠣᠷᠣᠵᠤ ᠭᠠᠷᠬᠤ ᠳ᠋ᠤ ᠬᠥᠬᠡᠬᠣᠲᠠ᠎ᠶᠢᠨ ᠮᠡᠷᠬᠡᠨ ᠴᠤᠬᠤᠷ᠎ᠢ ᠱᠢᠷᠪᠢᠬᠦ᠌ ᠴᠢᠬᠤᠯᠠ ᠦᠬᠡᠢ ᠪᠤᠯᠵᠥ ᠂ ᠬᠠᠯᠠᠭᠤᠨ᠎ᠢ ᠪᠠᠭᠤᠷᠠᠭᠤᠯᠬᠤ᠂ ᠬᠠᠨᠢᠶᠠᠳᠤ᠎ᠶ᠋ᠢ ᠵᠣᠭ᠍ᠰᠣᠭᠠᠬᠤ ᠂ ᠬᠠᠯᠳᠠᠪᠤᠷᠢᠯᠠᠯ᠎ᠢ ᠡᠰᠡᠷᠭᠦᠴᠡᠬᠦ᠌ ᠂ ᠲᠠᠭ᠍ᠰᠢᠭᠤᠷ᠎ᠢ ᠵᠠᠰᠠᠬᠤ ᠵᠡᠷᠭᠡ ᠵᠣᠷ᠎ᠤᠨ ᠪᠤᠰᠤ ᠡᠮ᠎ᠢ ᠬᠤᠳᠠᠯᠳᠤᠨ ᠠᠪᠬᠤ ᠳ᠋ᠤ ᠮᠡᠳᠡᠬᠡ ᠵᠠᠩᠬᠢ ᠪᠠᠨ ᠳᠠᠩᠰᠠᠯᠠᠭᠤᠯᠬᠤ ᠴᠢᠬᠤᠯᠠ ᠦᠭᠡᠢ ᠪᠣᠯᠤᠭ᠍ᠰᠠᠨ᠎ᠢ ᠣᠢᠯᠠᠭᠠᠪᠠ᠃ ᠴᠥᠭᠡᠨ ᠪᠤᠰᠤ ᠬᠣᠲᠠ᠎ᠶ᠋ᠢᠨ ᠠᠷᠠᠳ ᠰᠦᠯᠵᠢᠶᠡᠨ ᠳᠡᠭᠡᠷ᠎ᠡ ᠪᠠ ᠪᠤᠳᠠᠳᠤ ᠠᠬᠤᠢ ᠳ᠋ᠤ ᠠᠰᠠᠭᠤᠨ ᠯᠠᠪᠯᠠᠵᠤ᠂ ᠡᠮ ᠬᠤᠳᠠᠯᠳᠤᠨ ᠠᠪᠴᠤ ᠪᠤᠢ᠃ ᠰᠠᠢᠬᠠᠨ ᠲᠣᠭᠣᠷᠢᠭ᠎ᠤᠨ ᠬᠣᠲᠠ᠎ᠶ᠋ᠢᠨ ᠠᠷᠠᠳ ᠸᠠᠩ ᠠᠪᠤᠭᠠᠢ᠄ 《 ᠪᠢ ᠴᠢᠰᠤᠨ ᠳᠠᠷᠤᠯᠲᠠ ᠥᠨᠳᠥᠷ ᠡᠪᠡᠳᠴᠢᠨ᠎ᠲᠡᠶ᠂ ᠡᠨᠡ ᠡᠳᠤᠷ ᠡᠨᠳᠡ ᠢᠷᠡᠬᠡᠳ ᠴᠢᠰᠤᠨ ᠳᠠᠷᠤᠯᠲᠠ ᠪᠠᠭᠤᠷᠠᠭᠤᠯᠬᠤ ᠡᠮ ᠪᠠ ᠲᠠᠭ᠍ᠰᠢᠭᠤᠷ᠎ᠤᠨ ᠡᠮ ᠬᠤᠳᠠᠯᠳᠤᠨ ᠠᠪᠬᠤ ᠎ᠳᠤ ᠮᠡᠷᠭᠡᠨ ᠴᠤᠬᠤᠷ ᠎ᠢ ᠱᠢᠷᠪᠢᠬᠦ᠌ ᠭᠢᠭᠡᠤᠨ ᠮᠡᠳᠡᠭᠡ ᠵᠠᠩᠭᠢ᠎ᠪᠠᠨ ᠳᠠᠩᠰᠠᠯᠠᠭᠤᠯᠬᠤ ᠴᠢᠬᠤᠯᠠ ᠦᠭᠡᠢ ᠪᠤᠯᠵᠠᠢ ᠂ ᠮᠠᠨ᠎ᠤ ᠨᠠᠰᠤᠲᠠᠢᠴᠤᠳ᠎ᠤᠨ ᠬᠡᠷᠡᠭ᠌ᠰᠡᠬᠦ᠌ ᠡᠮ᠎ᠤᠨ ᠵᠦᠢᠯ᠎ᠢ ᠴᠦ᠍ ᠴᠠᠭ ᠲᠤᠬᠠᠶ᠎ᠳᠤᠨᠢ ᠬᠤᠳᠠᠯᠳᠤᠨ ᠠᠪᠴᠤ᠌ ᠳᠡᠢᠯᠬᠦ ᠪᠤᠯᠪᠠ》 ᠬᠡᠪᠠ᠃

ᠬᠥᠬᠡᠬᠣᠲᠠ᠎ᠶ᠋ᠢᠨ ᠱᠢᠨ᠎ᠡ ᠬᠣᠲᠠ ᠲᠣᠭᠣᠷᠢᠭ᠎ᠤᠨ ᠴᠢᠩᠭᠢᠰ ᠬᠠᠭᠠᠨ ᠨᠡᠢᠭᠡᠮ ᠲᠣᠭᠣᠷᠢᠭ᠎ᠤᠨ ᠡᠷᠡᠭᠦᠯ ᠬᠠᠮᠠᠭᠠᠯᠠᠯ᠎ᠤᠨ ᠦᠶ᠋ᠯᠡᠴᠢᠯᠡᠭᠡᠨ᠎ᠦ ᠲᠥᠪ᠎ᠦᠨ ᠠᠷᠠᠳ᠎ᠲᠤ ᠲᠥᠬᠥᠮ ᠦᠵᠡᠭᠦᠯᠬᠦ᠌ ᠴᠣᠩᠬᠣᠪᠴᠢ᠎ᠶ᠋ᠢᠨ ᠡᠮᠦᠨ᠎ᠡ ᠂ ᠬᠣᠲᠠ᠎ᠶ᠋ᠢᠨ ᠠᠷᠠᠳ ᠡᠮᠬᠢ ᠵᠢᠷᠤᠮ᠎ᠲᠠᠶ᠎ᠪᠠᠷ ᠡᠮ ᠬᠤᠳᠠᠯᠳᠤᠨ ᠠᠪᠴᠤ᠌ ᠪᠠᠢᠬᠤ᠎ᠶ᠋ᠢ ᠰᠤᠷᠪᠤᠯᠵᠢᠯᠠᠭ᠍ᠴᠢ ᠣᠯᠵᠤ ᠬᠠᠷᠠᠯ᠎ᠠ᠃ ᠳᠤᠤᠷ᠎ᠠ ᠰᠢᠨ᠎ᠠ ᠠᠢᠯ ᠲᠣᠰᠭᠣᠨ᠎ᠤ ᠠᠷᠠᠳ ᠴᠧᠨ ᠠᠪᠤᠭᠠᠢ᠄ 《ᠶᠡᠬᠡ ᠪᠠᠭ᠎ᠠ ᠡᠪᠡᠳᠴᠢᠨ ᠪᠤᠯᠭᠠᠨ᠎ᠢ ᠪᠦᠷ ᠶᠡᠬᠡ ᠡᠮᠨᠡᠯᠭᠡ ᠵᠢᠨ ᠬᠤᠷᠢᠶ᠎ᠠ᠎ᠳᠦ ᠣᠴᠢᠵᠤ ᠡᠮᠨᠡᠭᠦᠯᠬᠦ ᠨᠢ ᠮᠠᠰᠢ ᠳᠥᠭᠥᠮ ᠦᠭᠡᠢ ᠂ ᠤᠳᠤ ᠭᠡᠷ᠎ᠦᠨ ᠡᠭᠦᠳᠡᠨ᠎ᠳᠡᠬᠢ ᠡᠷᠡᠭᠦᠯ ᠬᠠᠮᠠᠭᠠᠯᠠᠯ᠎ᠤᠨ ᠦᠢᠯᠡᠴᠢᠯᠡᠭᠡᠨ᠎ᠦ ᠲᠥᠪ ᠳᠡᠬᠡᠨ ᠡᠪᠡᠳᠴᠢᠨ ᠦᠵᠡᠭᠦᠯᠵᠥ ᠳᠡᠢᠯᠬᠦ ᠪᠤᠯᠤᠬᠰᠠᠨ ᠨᠢ ᠮᠠᠰᠢ ᠠᠮᠠᠷ ᠂ ᠭᠡᠷ᠎ᠡᠴᠡ ᠣᠢᠷᠠᠬᠠᠨ ᠡᠮᠨᠡᠭᠦᠯᠬᠦ᠌᠎ᠳᠦ ᠴᠦ᠍ ᠳᠥᠭᠥᠮ ᠪᠣᠯᠵᠠᠢ》 ᠭᠡᠪᠡ᠃

ᠲᠣᠰ ᠲᠥᠪ᠎ᠦᠨ ᠳᠡᠳ᠋ ᠡᠷᠬᠢᠯᠡᠭ᠌ᠴᠢ ᠸᠠᠩ ᠬᠣᠩ ᠬᠦᠶ᠎ᠶ᠋ᠢᠨ ᠲᠠᠨᠢᠯᠴᠠᠭᠤᠯᠤᠭ᠍ᠰᠠᠨ᠎ᠢ ᠦᠨᠳᠦᠰᠦᠯᠡᠪᠡᠯ ᠂ 9 ᠰᠠᠷ᠎ᠠ᠎ᠶ᠋ᠢᠨ 28 ᠎ᠤ᠋ ᠡᠳᠦᠷ᠎ᠡᠴᠡ ᠡᠬᠢᠯᠡᠨ ᠂ ᠡᠪᠡᠳᠴᠢᠲᠡᠨ᠎ᠦ ᠡᠪᠡᠳᠴᠢᠨ ᠦᠵᠡᠭᠦᠯᠬᠦ᠌᠎ᠳᠦ ᠲᠥᠬᠥᠮ ᠦᠵᠡᠭᠦᠯᠬᠦ᠌᠎ᠶ᠋ᠢᠨ ᠲᠥᠯᠥᠭᠡ᠂ ᠨᠡᠢᠭᠡᠮ ᠲᠣᠭᠣᠷᠢᠭ᠎ᠤᠨ ᠡᠷᠡᠭᠦᠯ ᠬᠠᠮᠠᠭᠠᠯᠠᠯ᠎ᠤᠨ ᠦᠶ᠋ᠯᠡᠴᠢᠯᠡᠭᠡᠨ᠎ᠦ ᠲᠥᠪ᠎ᠨᠢ ᠠᠷᠠᠳ᠎ᠲᠤ ᠲᠥᠬᠥᠮ ᠦᠵᠡᠭᠦᠯᠬᠦ᠌ ᠴᠣᠩᠬᠣᠪᠴᠢ ᠨᠡᠭᠡᠭᠡᠵᠦ᠍ ᠂ 24 ᠴᠠᠭ ᠵᠢᠡᠷ ᠡᠭᠦᠳᠡᠨ ᠡᠮᠨᠡᠯᠭᠡ ᠡᠴᠡ ᠡᠮ ᠬᠤᠳᠠᠯᠳᠤᠨ ᠠᠪᠴᠤ ᠳᠡᠢᠯᠬᠦ᠎ᠶ᠋ᠢ ᠪᠡᠶᠡᠯᠡᠭᠦᠯᠵᠡᠢ ᠂ ᠣᠢᠷ᠎ᠠ᠎ᠳᠤ ᠪᠠᠰᠠ 3 ᠢᠵᠢ 24 ᠴᠠᠭ᠎ᠵᠢᠡᠷ ᠠᠷᠠᠳ᠎ᠲᠤ ᠲᠥᠬᠥᠮ ᠦᠵᠡᠭᠦᠯᠬᠦ᠌ ᠬᠠᠯᠠᠮᠰᠢᠯ ᠤᠲᠠᠰᠤ ᠨᠡᠪᠲᠡᠷᠡᠭᠦᠯᠵᠦ᠍ ᠂ ᠡᠮᠴᠢᠯᠡᠬᠦᠯᠬᠦ ᠬᠡᠷᠡᠭ᠌ᠴᠡᠭᠡ᠎ᠲᠡᠶ ᠰᠠᠭᠤᠭᠠᠯᠢ ᠠᠷᠠᠳ᠎ᠲᠤ ᠡᠪᠡᠳᠴᠢᠨ ᠦᠵᠡᠭᠦᠯᠬᠦ᠌ ᠡᠮᠴᠢᠯᠡᠭᠡᠨ᠎ᠦ ᠵᠢᠯᠣᠭᠣᠳᠣᠯᠭ᠎ᠠ ᠬᠢᠪᠠ᠃ ᠬᠠᠮᠢᠶ᠎ᠠ ᠪᠥᠬᠥᠶ ᠱᠠᠭᠠᠷᠳᠠᠯᠭ᠎ᠠ ᠶᠣᠰᠣᠭᠠᠷ ᠂ ᠬᠠᠯᠠᠭᠤᠷᠠᠬᠤ᠎ᠶ᠋ᠢ ᠣᠨᠣᠱᠢᠯᠠᠨ ᠡᠮᠨᠡᠬᠦ᠌ ᠲᠠᠰᠤᠭ᠎ᠢ ᠨᠡᠮᠡᠵᠦ᠍ ᠪᠠᠢᠭᠤᠯᠤᠬᠰᠠᠨ ᠨᠢ ᠬᠠᠯᠠᠭᠤᠷᠠᠬᠤ ᠡᠪᠡᠳᠴᠢᠲᠡᠨ᠎ᠢ ᠬᠡᠪ᠎ᠦᠨ ᠪᠠᠢᠳᠠᠯ᠎ᠢᠶᠠᠷ ᠭᠥᠯᠢᠶᠡᠨ ᠠᠪᠴᠤ᠌ ᠡᠮᠨᠡᠵᠦ᠍ ᠪᠣᠯᠬᠤ ᠪᠤᠯᠵᠥ᠂ ᠪᠠᠴᠢᠮ ᠲᠦᠭ᠌ᠰᠢᠭᠦᠷᠢᠲᠡᠶ ᠬᠦᠨᠳᠦ ᠡᠪᠡᠳᠴᠢᠲᠡᠨ᠎ᠢ ᠰᠠᠭᠠᠳ ᠥᠬᠡᠶ ᠨᠡᠪᠲᠡᠷᠡᠬᠦ᠌ ᠵᠠᠮ᠎ᠢᠶᠠᠷ ᠱᠢᠯᠵᠢᠭᠦᠯᠦᠨ ᠣᠨᠣᠱᠢᠯᠠᠭᠤᠯᠵᠤ ᠪᠣᠯᠬᠤ ᠪᠤᠯᠪᠠ᠃ ᠡᠭᠦᠨ᠎ᠡᠴᠡ ᠭᠠᠳᠠᠨ᠎ᠠ ᠂ ᠨᠡᠢᠭᠡᠮ ᠲᠣᠭᠣᠷᠢᠭ᠎ᠤᠨ ᠡᠷᠡᠭᠦᠯ ᠬᠠᠮᠠᠭᠠᠯᠠᠯ᠎ᠤᠨ ᠦᠶ᠋ᠯᠡᠴᠢᠯᠡᠭᠡᠨ᠎ᠦ ᠲᠥᠪ᠎ᠨᠢ ᠨᠢᠭᠡ ᠪᠦᠯᠦᠭ ᠬᠠᠷᠢᠶ᠎ᠠ ᠲᠣᠭᠣᠷᠢᠭ᠎ᠲᠠᠭᠠᠨ ᠲᠤᠤᠷᠵᠢᠭᠰᠠᠨ ᠬᠠᠮᠢᠶᠠᠷᠤᠯᠲᠠ ᠬᠢᠵᠦ᠍ ᠂ ᠤᠳᠠᠭᠠᠨ ᠴᠢᠨᠠᠷᠲᠠᠶ ᠡᠪᠡᠳᠴᠢᠲᠡᠨ ᠵᠡᠷᠭᠡ ᠡᠮᠨᠡᠭᠦᠯᠬᠦ᠌ ᠬᠡᠷᠡᠭ᠌ᠴᠡᠭᠡ ᠱᠠᠭᠠᠷᠳᠠᠯᠭ᠎ᠠ᠎ᠲᠠᠶ ᠰᠠᠭᠤᠭᠠᠯᠢ ᠠᠷᠠᠳ᠎ᠲᠤ ᠴᠢᠭ᠌ᠯᠡᠭᠦᠯᠦᠨ ᠵᠢᠭᠠᠨ ᠵᠢᠯᠣᠭᠣᠳᠭᠤ᠎ᠶ᠋ᠢᠨ ᠬᠠᠮᠲᠤ ᠬᠡᠷ᠎ᠲᠡᠬᠡᠨ ᠰᠠᠭᠤᠵᠤ ᠣᠨᠣᠱᠢᠯᠠᠨ ᠡᠮᠨᠡᠬᠦ᠌ ᠲᠥᠰᠦᠯ ᠬᠠᠩᠭᠠᠵᠤ᠂ ᠴᠢᠬᠤᠯᠠᠲᠠᠶ ᠦᠶ᠎ᠡ᠎ᠳᠦ ᠬᠠᠪᠰᠤᠷᠤᠨ ᠱᠢᠯᠵᠢᠭᠦᠯᠦᠨ ᠡᠮᠨᠡᠭᠦᠯᠵᠦ᠍ ᠂ ᠥᠷᠭᠡᠨ ᠣᠯᠠᠨ ᠲᠦᠮᠡᠨ᠎ᠦ ᠡᠮᠨᠡᠭᠦᠯᠬᠦ᠌ ᠪᠠ ᠡᠮ ᠬᠡᠷᠡᠭ᠌ᠯᠡᠬᠦ᠌ ᠦᠨᠳᠦᠰᠦᠨ ᠬᠡᠷᠡᠭ᠌ᠴᠡᠭᠡ ᠱᠠᠭᠠᠷᠳᠠᠯᠭ᠎ᠠ᠎ᠶ᠋ᠢ ᠦᠨᠡᠨ ᠬᠦ᠌ ᠬᠠᠩᠭᠠᠬᠤ ᠪᠤᠯᠤᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠴᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面