2022-12-07 19:59:38
ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠴᠢ ᠰᠢᠨᠵᠢᠶᠠᠩ᠎ᠤᠨ ᠦᠢᠯᠡᠳᠪᠦᠷᠢᠯᠡᠯ ᠪᠦᠲᠦᠭᠡᠨ ᠪᠠᠢᠭᠤᠯᠤᠯᠲᠠ᠎ᠶᠢᠨ ᠪᠢᠩᠲ᠋ᠤᠸᠠᠨ᠎ᠤ ᠰᠢᠨ᠎ᠡ ᠲᠢᠲᠢᠮᠯᠢᠭ᠌ ᠠᠭᠤᠰᠬᠢᠨ ᠦᠷᠪᠢᠰᠦᠯ᠎ᠦᠨ ᠬᠢᠵᠢᠭ᠌᠎ᠦᠨ ᠪᠠᠢᠳᠠᠯ᠎ᠢ ᠬᠤᠯᠪᠤᠭᠠᠯᠠᠨ ᠰᠡᠷᠭᠡᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ(ᠤᠳᠤᠷᠢᠳᠬᠤ ᠳᠤᠭᠤᠢᠯᠠᠩ ᠂ ᠵᠢᠯᠤᠭᠣᠳᠬᠤ ᠭᠠᠵᠠᠷ)᠂ ᠲᠥᠷᠥ᠍᠎ᠶᠢᠨ ᠶᠠᠪᠤᠳᠠᠯ᠎ᠤᠨ ᠬᠣᠷᠢᠶᠠᠨ᠎ᠤ ᠰᠢᠨ᠎ᠡ ᠲᠢᠲᠢᠮᠯᠢᠭ᠌ ᠠᠭᠤᠰᠬᠢᠨ ᠦᠷᠪᠢᠰᠦᠯ᠎ᠦᠨ ᠬᠢᠵᠢᠭ᠌᠎ᠦᠨ ᠪᠠᠢᠳᠠᠯ᠎ᠢ ᠬᠤᠯᠪᠤᠭᠠᠯᠠᠨ ᠰᠡᠷᠭᠡᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ᠎ᠶᠢᠨ ᠡᠯ᠎ᠡ ᠪᠦᠷᠢᠯᠳᠦᠭᠦᠨ ᠨᠢᠭᠡᠴᠢ᠎ᠳᠦ᠄
ᠣᠢᠷ᠎ᠠ᠎ᠳᠤ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠦᠨ ᠬᠢᠨ ᠨᠠᠮ᠎ᠤᠨ ᠲᠥᠪ ᠬᠣᠷᠢᠶ᠎ᠠ᠂ ᠲᠥᠷᠥ᠍᠎ᠶᠢᠨ ᠶᠠᠪᠤᠳᠠᠯ᠎ᠤᠨ ᠬᠣᠷᠢᠶᠠᠨ᠎ᠤ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠭᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠶᠢᠰᠦᠳᠦᠭᠡᠷ ᠬᠡᠪ᠎ᠤᠨ ᠰᠡᠷᠭᠡᠢᠯᠡᠨ ᠡᠵᠡᠮᠳᠡᠬᠦ ᠲᠥᠰᠥᠯ᠎ᠢ ᠪᠠᠷᠢᠮᠲᠠᠯᠠᠨ᠂ ᠬᠣᠷᠢᠨ ᠵᠤᠷᠪᠤᠰ ᠰᠢᠯᠢᠳᠡᠭᠵᠢᠭᠦᠯᠬᠦ ᠠᠷᠭ᠎ᠠ ᠬᠡᠮᠵᠢᠶ᠎ᠡ᠎ᠶᠢ ᠨᠠᠢᠳᠠᠪᠤᠷᠢᠵᠢᠭᠤᠯᠵᠤ᠂ ᠱᠠᠲᠤ ᠱᠠᠲᠤ᠎ᠪᠠᠷ ᠡᠭᠦᠷᠭᠡ ᠨᠡᠮᠡᠬᠦ ᠠᠰᠠᠭᠤᠳᠠᠯ᠎ᠢ ᠦᠷᠭᠦᠯᠵᠢᠯᠡᠨ ᠴᠡᠭᠴᠡᠯᠡᠨ ᠵᠠᠰᠠᠵᠤ᠂ ᠢᠳᠡᠪᠬᠢᠲᠡᠢ ᠦᠷ᠎ᠡ ᠪᠦᠲᠦᠮᠵᠢ ᠣᠯᠪᠠ᠃ ᠣᠳᠣᠬᠠᠨ᠎ᠤ ᠬᠢᠵᠢᠭ᠌᠎ᠦᠨ ᠪᠠᠢᠳᠠᠯ ᠪᠠ ᠸᠢᠷᠦ᠋ᠰ᠎ᠦᠨ ᠣᠨᠳᠣᠣᠰᠢᠯ᠎ᠤᠨ ᠪᠠᠢᠳᠠᠯ᠎ᠢ ᠦᠨᠳᠦᠰᠦᠯᠡᠨ᠂ ᠨᠡᠩ ᠰᠢᠨᠵᠢᠯᠡᠬᠦ ᠤᠬᠠᠭᠠᠨᠴᠢ᠎ᠪᠠᠷ ᠣᠨᠣᠪᠴᠢᠲᠠᠢ ᠰᠡᠷᠭᠡᠢᠯᠡᠨ ᠡᠵᠡᠮᠳᠡᠵᠦ᠂ ᠰᠡᠷᠭᠡᠢᠯᠡᠨ ᠡᠵᠡᠮᠳᠡᠬᠦ ᠠᠵᠢᠯ᠎ᠤᠨ ᠳᠤᠮᠳᠠ ᠣᠷᠣᠰᠢᠵᠤ ᠪᠠᠢᠭ᠎ᠠ ᠲᠣᠪᠣᠢᠮ᠎ᠠ ᠠᠰᠠᠭᠤᠳᠠᠯ᠎ᠢ ᠦᠨᠡᠨ ᠬᠦ᠌ ᠰᠢᠢᠳᠪᠦᠷᠢᠯᠡᠬᠦ᠎ᠶᠢᠨ ᠲᠥᠯᠥᠭᠡ᠂ ᠡᠳᠦᠭᠡ ᠬᠢᠵᠢᠭ᠌᠎ᠦᠨ ᠪᠠᠢᠳᠠᠯ᠎ᠢ ᠰᠡᠷᠭᠡᠢᠯᠡᠨ ᠡᠵᠡᠮᠳᠡᠬᠦ ᠠᠷᠭ᠎ᠠ ᠬᠡᠮᠵᠢᠶ᠎ᠡ᠎ᠶᠢ ᠤᠯᠠᠮ ᠴᠢᠨᠠᠭᠰᠢᠳᠠ ᠰᠢᠯᠢᠳᠡᠭᠵᠢᠭᠦᠯᠦᠨ ᠨᠠᠢᠳᠠᠪᠤᠷᠢᠵᠢᠭᠤᠯᠬᠤ ᠲᠤᠬᠠᠢ ᠬᠣᠯᠪᠣᠭᠳᠠᠯ ᠪᠦᠬᠦᠢ ᠵᠦᠢᠯᠡᠰ᠎ᠢ ᠳᠣᠣᠷᠠᠬᠢ ᠮᠡᠲᠦ ᠮᠡᠳᠡᠭᠳᠡᠶ᠎ᠡ᠄
ᠨᠢᠭᠡ᠎ᠳᠦ᠂ ᠲᠦᠭᠰᠢᠭᠦᠷᠢ᠎ᠲᠠᠢ ᠣᠷᠣᠨ ᠪᠦᠰᠡ᠎ᠶᠢ ᠰᠢᠨᠵᠢᠯᠡᠬᠦ ᠤᠬᠠᠭᠠᠨᠴᠢ ᠨᠠᠷᠢᠯᠢᠭ᠋ ᠣᠨᠣᠴᠠᠲᠠᠢ᠎ᠪᠠᠷ ᠬᠤᠪᠢᠶᠠᠷᠢᠯᠠᠨ᠎ᠠ᠃ ᠠᠰᠠᠷ᠂ ᠤᠷᠤᠴᠠ᠂ ᠳᠠᠪᠬᠤᠷᠭ᠎ᠠ᠂ ᠰᠠᠭᠤᠭᠠᠯᠢ ᠡᠷᠥᠭᠡ ᠪᠡᠷ ᠦᠨᠳᠦᠷ ᠲᠦᠭᠰᠢᠭᠦᠷᠢᠲᠡᠢ ᠣᠷᠣᠨ᠎ᠢ ᠬᠤᠪᠢᠶᠠᠷᠢᠯᠠᠨ ᠲᠣᠭᠲᠠᠭᠠᠵᠤ᠂ ᠰᠠᠭᠤᠭᠠᠯᠢ ᠲᠣᠭᠣᠷᠢᠭ᠋᠂ ᠨᠡᠢᠭᠡᠮ ᠲᠣᠭᠣᠷᠢᠭ᠋ ᠪᠣᠯᠣᠨ ᠵᠡᠭᠡᠯᠢ ᠭᠤᠳᠤᠮᠵᠢ (ᠰᠢᠶᠠᠩ ᠪᠠᠯᠭᠠᠰᠤ) ᠵᠡᠷᠭᠡ ᠣᠷᠣᠨ ᠳ᠋ᠤ᠌ ᠳᠤᠷ᠎ᠠ᠎ᠪᠠᠷ ᠥᠷᠭᠡᠳᠬᠡᠵᠦ ᠪᠣᠯᠬᠤ ᠦᠭᠡᠢ᠃ ᠡᠯ᠎ᠡ ᠵᠦᠢᠯ᠎ᠦᠨ ᠬᠡᠯᠪᠡᠷᠢ᠎ᠪᠡᠷ ᠲᠦᠷ ᠴᠠᠭ ᠪᠢᠲᠡᠭᠦᠮᠵᠢᠯᠡᠨ ᠡᠵᠡᠮᠳᠡᠵᠦ ᠪᠣᠯᠬᠤ ᠦᠭᠡᠢ᠃
ᠬᠣᠶᠠᠷ᠎ᠲᠤ᠂ ᠪᠥᠭᠡᠮ ᠬᠦᠴᠢᠯ᠎ᠦᠨ ᠪᠠᠢᠴᠠᠭᠠᠯᠲᠡ᠎ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ᠎ᠡ᠃ ᠪᠥᠬᠥ ᠬᠦᠮᠦᠰ᠎ᠤᠨ ᠪᠥᠭᠡᠮ ᠬᠦᠴᠢᠯ᠎ᠦᠨ ᠪᠠᠢᠴᠠᠭᠠᠯᠲᠡ᠎ᠶᠢ ᠵᠠᠰᠠᠭ ᠵᠠᠬᠢᠷᠭᠠᠨ᠎ᠤ ᠣᠷᠣᠨ ᠶᠣᠰᠣᠭᠠᠷ ᠥᠷᠨᠢᠭᠦᠯᠬᠦ ᠦᠭᠡᠢ ᠪᠠᠢᠵᠤ᠂ ᠪᠥᠭᠡᠮ ᠬᠦᠴᠢᠯ᠎ᠦᠨ ᠪᠠᠢᠴᠠᠭᠠᠯᠲᠡ᠎ᠶᠢᠨ ᠬᠡᠪᠴᠢᠶ᠎ᠡ᠎ᠶᠢ ᠤᠯᠠᠮ ᠨᠢᠭᠡ ᠠᠯᠬᠤᠮ ᠪᠠᠭᠠᠰᠬᠠᠨ᠂ ᠳᠠᠪᠲᠠᠮᠵᠢ ᠤᠳᠠᠭ᠎ᠠ᠎ᠶᠢ ᠪᠠᠭᠠᠰᠬᠠᠨ᠎ᠠ᠃ ᠬᠢᠵᠢᠭ᠌᠎ᠢ ᠰᠡᠷᠭᠡᠢᠯᠡᠬᠦ ᠠᠵᠢᠯ᠎ᠤᠨ ᠬᠡᠷᠡᠭᠴᠡᠭᠡ᠎ᠶᠢ ᠦᠨᠳᠦᠰᠦᠯᠡᠨ᠂ ᠥᠳᠥᠭᠡᠭᠴᠢ᠎ᠶᠢ ᠪᠠᠢᠴᠠᠭᠠᠨ ᠰᠢᠯᠭᠠᠵᠤ ᠪᠣᠯᠣᠨ᠎ᠠ᠃ ᠦᠨᠳᠦᠷ ᠲᠦᠭᠰᠢᠭᠦᠷᠢᠲᠡᠢ ᠠᠵᠢᠯ᠎ᠤᠨ ᠪᠠᠢᠷᠢ᠎ᠶᠢᠨ ᠠᠵᠢᠯᠯᠠᠭᠰᠠᠳ ᠪᠣᠯᠣᠨ ᠦᠨᠳᠦᠷ ᠲᠦᠭᠰᠢᠭᠦᠷᠢᠲᠡᠢ ᠣᠷᠣᠨ᠎ᠤ ᠬᠥᠮᠥᠰ᠎ᠲᠦ ᠬᠣᠯᠪᠣᠭᠳᠠᠯ ᠪᠦᠬᠦᠢ ᠲᠣᠭᠲᠠᠭᠠᠯ ᠶᠣᠰᠣᠭᠠᠷ ᠪᠥᠭᠡᠮ ᠬᠦᠴᠢᠯ᠎ᠦᠨ ᠪᠠᠢᠴᠠᠭᠠᠯᠲᠡ ᠬᠢᠵᠦ᠂ ᠪᠤᠰᠤᠳ ᠬᠥᠮᠥᠰ ᠲᠦ᠍ ᠪᠠᠢᠴᠠᠭᠠᠬᠤ ᠳᠤᠷᠠᠲᠠᠢ ᠵᠢ ᠨᠢ ᠪᠦᠬᠦᠨ᠎ᠢ ᠪᠠᠢᠴᠠᠭᠠᠨ᠎ᠠ᠃ ᠨᠠᠰᠤᠲᠠᠨ ᠢ᠋ ᠠᠰᠠᠷᠠᠬᠤ ᠬᠦᠷᠢᠶᠡᠯᠡᠩ᠂ ᠠᠰᠠᠷᠠᠮᠵᠢ᠎ᠶᠢᠨ ᠬᠦᠷᠢᠶᠡᠯᠡᠩ᠂ ᠡᠮᠴᠢᠯᠡᠭᠡᠨ᠎ᠦ ᠪᠠᠢᠭᠤᠯᠤᠮᠵᠢ᠂ ᠬᠡᠦᠬᠡᠳ ᠰᠠᠭᠠᠲᠠᠭᠤᠯᠬᠤ ᠪᠠᠢᠭᠤᠯᠤᠮᠵᠢ᠂ ᠳᠤᠮᠳᠠᠳᠤ ᠪᠠᠭ᠎ᠠ ᠰᠤᠷᠭᠠᠭᠤᠯᠢ ᠵᠡᠷᠭᠡ ᠣᠨᠴᠠᠭᠠᠶ ᠲᠠᠯᠠᠪᠤᠷ ᠠ᠋ᠴᠠ ᠭᠠᠳᠠᠨ᠎ᠠ᠂ ᠪᠥᠭᠡᠮ ᠬᠦᠴᠢᠯ᠎ᠦᠨ ᠪᠠᠢᠴᠠᠭᠠᠯᠲᠡ᠎ᠶᠢᠨ ᠪᠢᠯᠢᠭ᠌ ᠴᠢᠨᠠᠷ᠎ᠤᠨ ᠭᠡᠷᠡᠴᠢ ᠬᠠᠩᠭᠠᠬᠤ᠎ᠶᠢ ᠱᠠᠭᠠᠷᠳᠠᠬᠤ ᠦᠭᠡᠢ᠂ ᠡᠷᠡᠭᠦᠯ ᠮᠡᠨᠳᠦ᠎ᠶᠢᠨ ᠺᠤᠳ᠋ ᠢ᠋ ᠪᠠᠢᠴᠠᠭᠠᠨ ᠰᠢᠯᠭᠠᠬᠤ ᠦᠭᠡᠢ᠃ ᠴᠢᠬᠤᠯᠠ ᠪᠠᠢᠭᠤᠯᠭ᠎ᠠ᠂ ᠲᠣᠮᠣ᠌ ᠬᠡᠯᠪᠡᠷᠢ᠎ᠶᠢᠨ ᠠᠵᠤ ᠠᠬᠤᠢᠯᠠᠯ ᠵᠢᠴᠢ ᠵᠠᠷᠢᠮ ᠣᠨᠴᠠ ᠲᠣᠭᠲᠠᠭᠠᠭᠰᠠᠨ ᠲᠠᠯᠠᠪᠤᠷ ᠭᠠᠵᠠᠷ ᠲᠸ᠋ ᠬᠠᠷᠢᠶ᠎ᠠ ᠭᠠᠵᠠᠷ᠎ᠠᠴᠠ ᠨᠢ ᠰᠡᠷᠭᠡᠢᠯᠡᠨ ᠡᠵᠡᠮᠳᠡᠬᠦ ᠠᠷᠭ᠎ᠠ ᠬᠡᠮᠵᠢᠶ᠎ᠡ᠎ᠶᠢ ᠥᠪᠡᠰᠦᠪᠡᠨ ᠲᠣᠭᠲᠠᠭᠠᠵᠤ ᠪᠣᠯᠣᠨ᠎ᠠ᠃ ᠭᠠᠵᠠᠷ ᠣᠷᠣᠨ ᠠᠯᠤᠰᠯᠠᠭᠰᠠᠨ ᠶᠠᠪᠤᠵᠤ ᠰᠠᠭᠤᠬᠤ ᠬᠥᠮᠥᠰ᠎ᠲᠦ ᠪᠦᠭᠡᠮ ᠬᠦᠴᠢᠯ᠎ᠦᠨ ᠪᠠᠢᠴᠠᠭᠠᠨᠯᠲᠡᠶᠢᠨ ᠪᠢᠯᠢᠭ᠌ ᠴᠢᠨᠠᠷ᠎ᠤᠨ ᠭᠡᠷᠡᠴᠢ ᠪᠠ ᠡᠷᠡᠭᠦᠯ ᠮᠡᠨᠳᠦ᠎ᠶᠢᠨ ᠺᠣᠳ᠋᠎ᠢ ᠳᠠᠭᠢᠵᠤ ᠪᠠᠢᠴᠠᠭᠠᠨ ᠰᠢᠯᠭᠠᠬᠤ᠎ᠪᠠᠨ ᠪᠣᠯᠢᠵᠤ᠂ ᠬᠦᠷᠦᠭᠰᠡᠨ ᠭᠠᠵᠠᠷ ᠲᠤᠨᠢ ᠪᠦᠭᠡᠮ ᠬᠦᠴᠢᠯ᠎ᠤᠨ ᠪᠠᠢᠴᠠᠭᠠᠯᠲᠠ ᠬᠢᠬᠦ᠎ᠪᠡᠨ ᠪᠣᠯᠢᠨ᠎ᠠ᠃
ᠭᠤᠷᠪᠠ᠎ᠳᠤ᠂ ᠲᠤᠰᠠᠭᠠᠷᠯᠠᠬᠤ ᠠᠷᠭ᠎ᠠ ᠮᠠᠶᠢᠭ᠋᠎ᠢ ᠰᠢᠯᠢᠳᠡᠭᠵᠢᠭᠦᠯᠦᠨ ᠲᠣᠬᠢᠷᠠᠭᠤᠯᠤᠨ᠎ᠠ᠃ ᠬᠠᠯᠳᠠᠪᠤᠷᠢᠯᠠᠭᠳᠠᠭᠰᠠᠳᠢ ᠰᠢᠨᠵᠢᠯᠡᠬᠦ ᠤᠬᠠᠭᠠᠨᠴᠢ᠎ᠪᠠᠷ ᠲᠦᠷᠦᠯ ᠬᠤᠪᠢᠶᠠᠨ ᠭᠥᠯᠢᠶᠡᠨ ᠠᠪᠴᠤ ᠡᠮᠨᠡᠨ ᠵᠠᠰᠠᠵᠤ᠂ ᠭᠡᠷ᠎ᠲᠡᠬᠡᠨ ᠲᠤᠰᠠᠭᠠᠷᠯᠠᠬᠤ ᠨᠥᠬᠥᠴᠡᠯ᠎ᠢ ᠪᠦᠷᠢᠯᠳᠦᠭᠦᠯᠦᠭᠰᠡᠨ ᠡᠪᠡᠳᠴᠢᠨ᠎ᠦ ᠢᠯᠡᠷᠡᠯ ᠦᠭᠡᠢ ᠬᠠᠯᠳᠠᠪᠤᠷᠢᠯᠠᠭᠳᠠᠭᠴᠢ ᠪᠠ ᠬᠥᠩᠭᠡᠨ ᠬᠡᠯᠪᠡᠷᠢ᠎ᠶᠢᠨ ᠡᠪᠡᠳᠴᠢᠨ᠎ᠦ ᠵᠢᠱ᠌ᠢᠶ᠎ᠡ᠎ᠶᠢ ᠶᠡᠷᠦ᠎ᠳᠡᠭᠡᠨ ᠭᠡᠷ᠎ᠲᠡᠬᠡᠨ ᠲᠤᠰᠠᠭᠠᠷᠯᠠᠬᠤ ᠠᠷᠭ᠎ᠠ ᠠᠪᠤᠨ᠎ᠠ᠂ ᠪᠠᠰᠠ ᠰᠠᠢᠨ ᠳᠤᠷ᠎ᠠ᠎ᠠᠴᠠ᠎ᠪᠠᠨ ᠲᠥᠪᠯᠡᠷᠡᠭᠦᠯᠦᠨ ᠲᠤᠰᠠᠭᠠᠷᠯᠠᠵᠤ ᠡᠮᠨᠡᠨ ᠵᠠᠰᠠᠬᠤ᠎ᠶᠢ ᠰᠣᠩᠭᠣᠵᠤ ᠪᠣᠯᠣᠨ᠎ᠠ᠃ ᠭᠡᠷ᠎ᠲᠡᠬᠡᠨ ᠲᠤᠰᠠᠭᠠᠷᠯᠠᠬᠤ ᠬᠤᠭᠤᠴᠠᠭᠠᠨ ᠳ᠋ᠤ ᠡᠷᠡᠭᠦᠯ ᠮᠡᠨᠳᠦ᠎ᠶᠢᠨ ᠬᠢᠨᠠᠨ ᠬᠡᠮᠵᠢᠯᠲᠡ᠎ᠶᠢ ᠴᠢᠩᠭᠠᠳᠬᠠᠵᠤ᠂ ᠲᠤᠰᠠᠭᠠᠷᠯᠠᠭᠰᠠᠨ 6᠂ 7 ᠳ᠋ᠤᠭᠠᠷ ᠡᠳᠦᠷ᠎ᠲᠦ ᠵᠠᠯᠭᠠᠪᠡᠷ 2 ᠤᠳᠠᠭ᠎ᠠ ᠪᠥᠭᠡᠮ ᠬᠦᠴᠢᠯ᠎ᠦᠨ ᠪᠠᠢᠴᠠᠭᠠᠯᠲᠡ᠎ᠶᠢᠨ Ct ᠬᠡᠮᠵᠢᠭᠳᠡᠯ > 35 ᠪᠤᠯ ᠲᠤᠰᠠᠭᠠᠷᠯᠠᠬᠤ᠎ᠪᠠᠨ ᠪᠣᠯᠢᠵᠤ᠂ ᠡᠪᠡᠳᠴᠢᠨ᠎ᠦ ᠪᠠᠢᠳᠠᠯ ᠨᠢ ᠬᠦᠨᠳᠦᠷᠡᠭᠰᠡᠨ ᠪᠠᠢᠪᠠᠯ ᠴᠠᠭ ᠲᠤᠬᠠᠢ ᠳ᠋ᠤᠨᠢ ᠲᠣᠭᠲᠠᠭᠰᠠᠨ ᠴᠡᠭ᠎ᠦᠨ ᠡᠮᠨᠡᠯᠭᠡ᠎ᠶᠢᠨ ᠬᠣᠷᠢᠶ᠎ᠠ᠎ᠳᠤ ᠰᠢᠯᠵᠢᠭᠦᠯᠦᠨ ᠡᠮᠨᠡᠭᠦᠯᠦᠨ᠎ᠡ᠃ ᠭᠡᠷ᠎ᠲᠡᠬᠡᠨ ᠲᠤᠰᠠᠭᠠᠷᠯᠠᠬᠤ ᠨᠥᠬᠥᠴᠡᠯ᠎ᠢ ᠪᠦᠷᠢᠯᠳᠦᠭᠦᠯᠦᠭᠰᠡᠨ ᠨᠢᠭ᠍ᠲᠠ ᠣᠢᠷᠠᠲᠤᠭᠰᠠᠳᠲᠤ 5 ᠡᠳᠦᠷ ᠭᠡᠷ᠎ᠲᠡᠬᠡᠨ ᠲᠤᠰᠠᠭᠠᠷᠯᠠᠬᠤ ᠠᠷᠭ᠎ᠠ᠎ᠶᠢ ᠬᠡᠷᠡᠭᠯᠡᠨ᠎ᠡ᠂ ᠪᠠᠰᠠ ᠰᠠᠢᠨ ᠳᠤᠷ᠎ᠠ᠎ᠠᠴᠠ᠎ᠪᠠᠨ ᠲᠥᠪᠯᠡᠷᠡᠭᠦᠯᠦᠨ ᠲᠤᠰᠠᠭᠠᠷᠯᠠᠬᠤ᠎ᠶᠢ ᠰᠣᠩᠭᠣᠵᠤ ᠪᠣᠯᠣᠨ᠎ᠠ᠂ 5 ᠳ᠋ᠤᠭᠠᠷ ᠡᠳᠦᠷ᠎ᠲᠦ ᠪᠥᠭᠡᠮ ᠬᠦᠴᠢᠯ᠎ᠦᠨ ᠪᠠᠢᠴᠠᠭᠠᠯᠲᠠ ᠵᠢᠨ ᠪᠢᠯᠢᠭ᠌ ᠴᠢᠨᠠᠷ᠎ᠢ ᠰᠢᠯᠭᠠᠭᠰᠠᠨᠤ ᠳᠠᠷᠠᠭ᠎ᠠ ᠲᠤᠰᠠᠭᠠᠷᠯᠠᠬᠤ᠎ᠪᠠᠨ ᠵᠣᠭᠰᠣᠨ᠎ᠠ᠃
ᠳᠥᠷᠪᠡ᠎ᠳᠦ᠂ ᠦᠨᠳᠦᠷ ᠲᠦᠭᠰᠢᠭᠦᠷᠢᠲᠡᠢ ᠣᠷᠣᠨ᠎ᠤ《ᠲᠦᠷᠭᠡᠨ ᠪᠢᠲᠡᠭᠦᠮᠵᠢᠯᠡᠵᠦ ᠲᠦᠷᠭᠡᠨ ᠲᠠᠢᠯᠬᠤ》᠎ᠶᠢ ᠨᠠᠢᠳᠠᠪᠤᠷᠢᠵᠢᠭᠤᠯᠤᠨ᠎ᠠ᠃ 5 ᠡᠳᠦᠷ ᠳᠠᠷᠠᠭᠠᠯᠠᠨ ᠰᠢᠨ᠎ᠡ᠎ᠪᠡᠷ ᠬᠠᠯᠳᠠᠪᠤᠷᠢᠯᠠᠭᠳᠠᠭᠰᠠᠳ ᠨᠡᠮᠡᠭᠳᠡᠭᠰᠡᠨ ᠦᠭᠡᠢ ᠪᠤᠯ ᠴᠠᠭ ᠲᠤᠬᠠᠢ ᠳ᠋ᠤᠨᠢ ᠪᠢᠲᠡᠭᠦᠮᠵᠢᠯᠡᠯ᠎ᠢ ᠬᠦᠴᠦᠨ ᠦᠭᠡᠢ ᠪᠣᠯᠭᠠᠬᠤ ᠬᠡᠷᠡᠭᠲᠡᠢ᠃
ᠲᠠᠪᠤ᠎ᠳᠤ᠂ ᠤᠯᠠᠨ ᠲᠦᠮᠡᠨ᠎ᠦ ᠡᠮ ᠬᠤᠳᠠᠯᠳᠤᠨ ᠠᠪᠬᠤ ᠦᠨᠳᠦᠰᠦᠨ ᠬᠡᠷᠡᠭᠴᠡᠭᠡ᠎ᠶᠢ ᠪᠠᠲᠤᠯᠠᠨ᠎ᠠ᠃ ᠡᠯ᠎ᠡ ᠭᠠᠵᠠᠷ᠎ᠤᠨ ᠡᠮ᠎ᠦᠨ ᠳᠡᠯᠭᠡᠭᠦᠷᠦᠳ ᠬᠡᠪ᠎ᠦᠨ ᠶᠣᠰᠣᠭᠠᠷ ᠠᠵᠢᠯᠯᠠᠬᠤ ᠬᠡᠷᠡᠭᠲᠡᠢ᠂ ᠳᠤᠷ᠎ᠠ᠎ᠪᠠᠷ᠎ᠢᠶᠠᠨ ᠬᠠᠭᠠᠵᠤ ᠵᠣᠭᠰᠣᠭᠠᠵᠤ ᠪᠣᠯᠬᠤ ᠦᠭᠡᠢ᠃ ᠬᠠᠯᠠᠭᠤᠨ᠎ᠢ ᠪᠠᠭᠤᠷᠠᠭᠤᠯᠬᠤ᠂ ᠬᠠᠨᠢᠶᠠᠳᠤ᠎ᠶᠢ ᠵᠣᠭᠰᠤᠭᠠᠬᠤ᠂ ᠸᠢᠷᠦ᠋ᠰ᠎ᠢ ᠡᠰᠡᠷᠭᠦᠴᠡᠬᠦ᠂ ᠬᠢᠮᠤᠷᠠᠭ᠎ᠠ᠎ᠶᠢ ᠵᠠᠰᠠᠬᠤ ᠵᠡᠷᠭᠡ ᠵᠣᠷ᠎ᠤᠨ ᠪᠤᠰᠤ ᠡᠮ ᠬᠤᠳᠠᠯᠳᠤᠨ ᠠᠪᠬᠤ᠎ᠶᠢ ᠬᠢᠵᠠᠭᠠᠷᠯᠠᠵᠤ ᠪᠣᠯᠬᠤ ᠦᠭᠡᠢ᠃
ᠵᠢᠷᠭᠤᠭ᠎ᠠ᠎ᠳᠤ᠂ ᠨᠠᠰᠤᠲᠠᠢᠴᠤᠳ᠎ᠤᠨ ᠰᠢᠨ᠎ᠡ ᠲᠢᠲᠢᠮᠯᠢᠭ ᠸᠢᠷᠦ᠋ᠰ᠎ᠦᠨ ᠸᠠᠺᠼᠢᠨ᠎ᠤ ᠲᠠᠷᠢᠯᠭ᠎ᠠ ᠬᠢᠬᠦ᠎ᠶᠢ ᠠᠬᠢᠭᠤᠯᠤᠨ᠎ᠠ᠃ ᠡᠯ᠎ᠡ ᠭᠠᠵᠠᠷ᠎ᠤᠨ ᠬᠢᠨ ᠭᠥᠯᠢᠶᠡᠨ ᠠᠪᠬᠤ ᠶᠣᠰᠣᠲᠠᠢ᠎ᠶᠢ ᠨᠢ ᠴᠥᠮ ᠭᠥᠯᠢᠶᠡᠨ ᠠᠪᠬᠤ ᠵᠠᠷᠴᠢᠮ᠎ᠢ ᠪᠠᠷᠢᠮᠲᠠᠯᠠᠨ᠂ 60 - 79 ᠨᠠᠰᠤᠨ᠎ᠤ ᠬᠥᠮᠥᠰ᠎ᠦᠨ ᠲᠠᠷᠢᠯᠭ᠎ᠠ ᠬᠢᠬᠦ ᠨᠤᠷᠮ᠎ᠠ᠎ᠶᠢ ᠳᠡᠭᠡᠭᠰᠢᠯᠡᠭᠦᠯᠬᠦ᠎ᠳᠦ ᠠᠩᠬᠠᠷᠤᠯ᠎ᠢᠶᠠᠨ ᠲᠥᠪᠯᠡᠷᠡᠭᠦᠯᠵᠦ᠂ 80 ᠨᠠᠰᠤ ᠵᠢᠴᠢ 80 ᠨᠠᠰᠤᠨ᠎ᠠᠴᠠ ᠳᠡᠭᠡᠭᠰᠢᠬᠢ ᠬᠥᠮᠥᠰ᠎ᠦᠨ ᠲᠠᠷᠢᠯᠭ᠎ᠠ ᠬᠢᠬᠦ ᠨᠤᠷᠮ᠎ᠠ᠎ᠶᠢ ᠲᠦᠷᠭᠡᠳᠭᠡᠨ ᠳᠡᠭᠡᠭᠰᠢᠯᠡᠭᠦᠯᠵᠦ᠂ ᠲᠤᠰᠬᠠᠢ ᠵᠦᠢᠯ᠎ᠦᠨ ᠲᠣᠬᠢᠷᠠᠭᠤᠯᠤᠯᠲᠠ ᠬᠢᠬᠦ ᠬᠡᠷᠡᠭᠲᠡᠢ᠃ ᠨᠠᠰᠤᠲᠠᠢᠴᠤᠳ᠎ᠤᠨ ᠰᠠᠭᠠᠳ ᠦᠭᠡᠢ ᠨᠡᠪᠲᠡᠷᠡᠬᠦ ᠵᠠᠮ᠂ ᠲᠦᠷ ᠴᠠᠭ᠎ᠤᠨ ᠲᠠᠷᠢᠯᠭ᠎ᠠ᠎ᠶᠢᠨ ᠴᠡᠭ᠂ ᠨᠡᠭᠦᠳᠡᠯ ᠲᠠᠷᠢᠯᠭ᠎ᠠ᠎ᠶᠢᠨ ᠲᠡᠷᠭᠡ ᠵᠡᠷᠭᠡ ᠠᠷᠭ᠎ᠠ ᠬᠡᠮᠵᠢᠶ᠎ᠡ᠎ᠪᠡᠷ ᠳᠠᠮᠵᠢᠭᠤᠯᠤᠨ᠂ ᠲᠠᠷᠢᠯᠭ᠎ᠠ᠎ᠶᠢᠨ ᠦᠢᠯᠡᠴᠢᠯᠡᠭᠡ ᠵᠢ ᠰᠢᠯᠢᠳᠡᠭᠵᠢᠭᠦᠯᠦᠨ᠎ᠡ᠃ ᠲᠠᠷᠢᠯᠭ᠎ᠠ᠎ᠶᠢᠨ ᠴᠡᠭᠡᠷ᠎ᠢ ᠮᠠᠭᠠᠳᠯᠠᠨ ᠲᠣᠭᠲᠠᠭᠠᠬᠤ ᠪᠣᠯᠪᠠᠰᠤᠷᠠᠯ᠎ᠢ ᠱᠠᠲᠤ ᠳᠠᠷᠠᠭᠠᠯᠠᠨ ᠥᠷᠨᠢᠭᠦᠯᠵᠦ᠂ ᠡᠮᠨᠡᠯᠭᠡ᠎ᠶᠢᠨ ᠠᠵᠢᠯᠲᠠᠨ᠎ᠢ ᠵᠢᠯᠣᠭᠣᠳᠤᠨ ᠲᠠᠷᠢᠯᠭ᠎ᠠ᠎ᠶᠢᠨ ᠴᠡᠭᠡᠷ᠎ᠢ ᠰᠢᠨᠵᠢᠯᠡᠬᠦ ᠤᠬᠠᠭᠠᠨᠴᠢ᠎ᠪᠠᠷ ᠮᠠᠭᠠᠳᠯᠠᠨ ᠲᠣᠭᠲᠠᠭᠠᠬᠤ ᠬᠡᠷᠡᠭᠲᠡᠢ᠃ ᠰᠢᠨᠵᠢᠯᠡᠬᠦ ᠤᠬᠠᠭᠠᠨ᠎ᠢ ᠲᠦᠭᠡᠮᠡᠯᠵᠢᠭᠦᠯᠬᠦ ᠤᠬᠠᠭᠤᠯᠭ᠎ᠠ ᠵᠢ ᠨᠠᠷᠢᠯᠢᠭ᠍ᠵᠢᠭᠤᠯᠵᠤ᠂ ᠪᠥᠬᠥ ᠨᠡᠢᠭᠡᠮ᠎ᠦᠨ ᠬᠦᠴᠦᠨ᠎ᠢ ᠳᠠᠶ᠋ᠢᠴᠢᠯᠠᠨ ᠨᠠᠰᠤᠲᠠᠢᠴᠤᠳ ᠤᠨ ᠲᠠᠷᠢᠯᠭ᠎ᠠ᠎ᠶᠢ ᠳᠠᠢᠴᠢᠯᠠᠬᠤ᠎ᠳᠤ ᠣᠷᠣᠯᠴᠠᠭᠤᠯᠵᠤ᠂ ᠡᠯ᠎ᠡ ᠭᠠᠵᠠᠷ᠎ᠤᠨ ᠬᠢᠨ ᠤᠷᠮᠠᠰᠢᠭᠤᠯᠬᠤ ᠠᠷᠭ᠎ᠠ ᠬᠡᠮᠵᠢᠶ᠎ᠡ ᠠᠪᠴᠤ ᠪᠠᠢᠭᠠᠳ ᠨᠠᠰᠤᠲᠠᠢᠴᠤᠳ᠎ᠤᠨ ᠸᠠᠺᠼᠢᠨ᠎ᠤ ᠲᠠᠷᠢᠯᠭ᠎ᠠ᠎ᠶᠢᠨ ᠢᠳᠡᠪᠬᠢᠵᠢᠯ᠎ᠢ ᠳᠠᠶ᠋ᠢᠴᠢᠯᠠᠵᠤ ᠪᠣᠯᠣᠨ᠎ᠠ᠃
ᠲᠤᠯᠤᠭ᠎ᠠ᠎ᠳᠤ᠂ ᠭᠣᠣᠯᠳᠠᠯᠭ᠎ᠠ᠎ᠲᠠᠢ ᠬᠥᠮᠥᠰ᠎ᠦᠨ ᠡᠷᠡᠭᠦᠯ ᠮᠡᠨᠳᠦ᠎ᠶᠢᠨ ᠪᠠᠢᠳᠠᠯ᠎ᠢ ᠣᠢᠯᠠᠭᠠᠬᠤ ᠵᠢᠴᠢ ᠲᠦᠷᠦᠯ ᠬᠤᠪᠢᠶᠠᠨ ᠬᠠᠮᠢᠶᠠᠷᠬᠤ᠎ᠶᠢ ᠴᠢᠩᠭᠠᠳᠬᠠᠨ᠎ᠠ᠃ ᠦᠨᠳᠦᠰᠦᠨ ᠱᠠᠲᠤᠨ᠎ᠤ ᠡᠮᠴᠢᠯᠡᠭᠡ ᠡᠷᠡᠭᠦᠯ ᠬᠠᠮᠠᠭᠠᠯᠠᠯ᠎ᠤᠨ ᠪᠠᠢᠭᠤᠯᠤᠮᠵᠢ᠎ᠶᠢᠨ 《ᠰᠦᠯᠵᠢᠶᠡᠨ᠎ᠦ ᠢᠷᠤᠭᠠᠷ》ᠪᠠ ᠭᠡᠷ ᠪᠦᠯᠢ᠎ᠶᠢᠨ ᠡᠮᠴᠢ᠎ᠶᠢᠨ ᠡᠷᠡᠭᠦᠯ ᠮᠡᠨᠳᠦ᠎ᠶᠢᠨ 《ᠬᠠᠭᠠᠯᠭᠠᠴᠢ》᠎ᠶᠢᠨ ᠦᠢᠯᠡᠳᠦᠯ᠎ᠢ ᠪᠠᠳᠠᠷᠠᠭᠤᠯᠵᠤ᠂ ᠬᠠᠷᠢᠶ᠎ᠠ ᠣᠷᠣᠨ᠎ᠳᠠᠬᠢ ᠵᠢᠷᠦᠬᠡ ᠲᠠᠷᠢᠬᠢᠨ᠎ᠤ ᠴᠢᠰᠤᠨ ᠰᠤᠳᠠᠯ᠎ᠤᠨ ᠡᠪᠡᠳᠴᠢᠨ᠂ ᠤᠳᠠᠭᠠᠨ ᠰᠠᠭᠠᠳ᠎ᠲᠠᠢ ᠠᠭᠤᠰᠬᠢᠨ ᠡᠪᠡᠳᠴᠢᠨ᠂ ᠰᠢᠬᠢᠷ ᠰᠢᠵᠢᠩ ᠡᠪᠡᠳᠴᠢᠨ᠂ ᠤᠳᠠᠭᠠᠨ ᠴᠢᠨᠠᠷᠲᠠᠢ ᠪᠥᠭᠡᠷᠡᠨ ᠡᠪᠡᠳᠴᠢᠨ᠂ ᠬᠠᠪᠤᠳᠠᠷ᠂ ᠡᠭᠡᠯᠢᠯᠡᠭᠡ᠎ᠶᠢᠨ ᠴᠢᠳᠠᠮᠵᠢ ᠳᠤᠲᠠᠮᠠᠭ ᠵᠡᠷᠭᠡ ᠡᠪᠡᠳᠴᠢᠨ᠎ᠲᠠᠢ ᠨᠠᠰᠤᠲᠠᠢᠴᠤᠳ ᠵᠢᠴᠢ ᠲᠡᠳᠡᠨ᠎ᠦ ᠰᠢᠨ᠎ᠡ ᠲᠢᠲᠢᠮᠯᠢᠭ ᠸᠢᠷᠦ᠋ᠰ᠎ᠦᠨ ᠸᠠᠺᠼᠢᠨ᠎ᠤ ᠲᠠᠷᠢᠯᠭ᠎ᠠ᠎ᠶᠢᠨ ᠪᠠᠢᠳᠠᠯ᠎ᠢ ᠣᠢᠯᠠᠭᠠᠵᠤ᠂ ᠲᠠᠰ ᠲᠥᠷᠥᠯ ᠬᠤᠪᠢᠶᠠᠨ ᠬᠠᠮᠢᠶᠠᠷᠬᠤ᠎ᠶᠢ ᠬᠡᠷᠡᠭᠵᠢᠭᠦᠯᠬᠦ᠎ᠶᠢ ᠠᠬᠢᠭᠤᠯᠤᠨ᠎ᠠ᠃
ᠨᠠᠢ᠍ᠮᠠ᠎ᠳᠤ᠂ ᠨᠡᠢᠭᠡᠮ᠎ᠦᠨ ᠬᠡᠪ᠎ᠦᠨ ᠠᠵᠢᠯᠯᠠᠭ᠎ᠠ ᠪᠠ ᠦᠨᠳᠦᠰᠦᠨ ᠡᠮ ᠡᠮᠨᠡᠯᠭᠡ᠎ᠶᠢᠨ ᠦᠢᠯᠡᠴᠢᠯᠡᠭᠡ᠎ᠶᠢ ᠪᠠᠲᠤᠯᠠᠨ᠎ᠠ᠃ ᠦᠨᠳᠦᠷ ᠲᠦᠭᠰᠢᠭᠦᠷᠢᠲᠡᠢ ᠪᠤᠰᠤ ᠣᠷᠣᠨ ᠳ᠋ᠤ ᠬᠥᠮᠥᠨ ᠶᠠᠪᠤᠵᠤ ᠰᠠᠭᠤᠬᠤ ᠵᠢ ᠬᠢᠵᠠᠭᠠᠷᠯᠠᠵᠤ ᠪᠣᠯᠬᠤ ᠦᠭᠡᠢ᠂ ᠠᠵᠢᠯ᠎ᠢ ᠵᠣᠭᠰᠣᠭᠠᠵᠤ᠂ ᠦᠢᠯᠡᠳᠪᠦᠷᠢᠯᠡᠯ᠎ᠢ ᠵᠣᠭᠰᠣᠭᠠᠵᠤ᠂ ᠡᠵᠡᠨᠭᠨᠡᠯᠳᠡ ᠵᠢ ᠵᠣᠭᠰᠣᠭᠠᠵᠤ ᠪᠣᠯᠬᠤ ᠦᠭᠡᠢ᠃ ᠡᠮᠨᠡᠯᠭᠡ᠎ᠶᠢᠨ ᠠᠵᠢᠯᠲᠠᠨ᠂ ᠳᠣᠲᠣᠭᠠᠳᠤ᠎ᠶᠢ ᠬᠠᠮᠠᠭᠠᠯᠠᠬᠤ᠂ ᠵᠠᠮ ᠬᠠᠷᠢᠯᠴᠠᠭ᠎ᠠ ᠪᠠᠷᠠᠭᠠᠨ᠎ᠤ ᠭᠦᠢᠯᠭᠡᠭᠡ᠂ ᠬᠤᠳᠠᠯᠳᠤᠭᠠᠨ᠎ᠤ ᠬᠡᠳᠦ ᠳᠡᠯᠭᠡᠭᠦᠷ᠂ ᠬᠠᠩᠭᠠᠯᠭ᠎ᠠ᠎ᠶᠢ ᠪᠠᠲᠤᠯᠠᠬᠤ᠂ ᠤᠰᠤ ᠴᠠᠬᠢᠯᠭᠠᠨ ᠬᠡᠢ ᠳᠤᠯᠠᠭᠠᠯᠠᠭ᠎ᠠ ᠵᠡᠷᠭᠡ ᠦᠨᠳᠦᠰᠦᠨ ᠡᠮ ᠡᠮᠨᠡᠯᠭᠡ᠎ᠶᠢᠨ ᠦᠢᠯᠡᠴᠢᠯᠡᠭᠡ ᠪᠠ ᠨᠡᠢᠭᠡᠮ᠎ᠦᠨ ᠬᠡᠪ᠎ᠦᠨ ᠠᠵᠢᠯᠯᠠᠭ᠎ᠠ᠎ᠨᠢ ᠪᠠᠲᠤᠯᠠᠬᠤ ᠬᠥᠮᠥᠰ᠎ᠢ 《ᠴᠠᠭᠠᠨ ᠳᠠᠩᠰᠠ》᠎ᠶᠢᠨ ᠬᠠᠮᠢᠶᠠᠷᠤᠯᠲᠠ᠎ᠳᠤ ᠣᠷᠣᠭᠤᠯᠵᠤ᠂ ᠬᠣᠯᠪᠣᠭᠳᠠᠯ ᠪᠦᠬᠦᠢ ᠬᠥᠮᠥᠰ ᠬᠤᠪᠢ ᠬᠥᠮᠥᠨ᠎ᠦ ᠰᠡᠷᠭᠡᠢᠯᠡᠯᠲᠡ᠂ ᠸᠠᠺᠼᠢᠨ᠎ᠤ ᠲᠠᠷᠢᠯᠭ᠎ᠠ ᠪᠠ ᠡᠷᠡᠭᠦᠯ ᠮᠡᠨᠳᠦ᠎ᠶᠢᠨ ᠬᠢᠨᠠᠨ ᠬᠡᠮᠵᠢᠯᠲᠡ᠎ᠶᠢ ᠰᠠᠢᠲᠤᠷ ᠬᠢᠵᠦ᠂ ᠬᠡᠪ᠎ᠦᠨ ᠡᠮᠴᠢᠯᠡᠭᠡᠨ᠎ᠦ ᠦᠢᠯᠡᠴᠢᠯᠡᠭᠡ ᠪᠠ ᠦᠨᠳᠦᠰᠦᠨ ᠠᠮᠢᠳᠤᠷᠠᠯ᠎ᠤᠨ ᠡᠳ᠋ ᠪᠣᠳᠠᠰ᠂ ᠤᠰᠤ ᠴᠠᠬᠢᠯᠭᠠᠨ ᠬᠡᠢ ᠳᠤᠯᠠᠭᠠᠯᠠᠭ᠎ᠠ ᠵᠡᠷᠭᠡ᠎ᠶᠢᠨ ᠬᠠᠩᠭᠠᠯᠭ᠎ᠠ᠎ᠶᠢ ᠪᠠᠲᠤᠯᠠᠨ᠂ ᠬᠡᠪ᠎ᠦᠨ ᠦᠢᠯᠡᠳᠪᠦᠷᠢᠯᠡᠯ᠎ᠦᠨ ᠠᠵᠢᠯ᠎ᠤᠨ ᠡᠮᠬᠢ ᠵᠢᠷᠤᠮ᠎ᠢ ᠪᠥᠬᠥ ᠬᠦᠴᠦᠨ᠎ᠢᠶᠡᠷ᠎ᠢᠶᠡᠨ ᠬᠠᠮᠠᠭᠠᠯᠠᠵᠤ᠂ ᠣᠯᠠᠨ ᠲᠦᠮᠡᠨ᠎ᠦ ᠳᠤᠷᠠᠳᠤᠭᠰᠠᠨ ᠪᠠᠴᠢᠮᠳᠠᠵᠦ ᠲᠦᠪᠡᠭᠳᠡᠵᠦ ᠵᠣᠪᠠᠨᠢᠵᠤ ᠪᠠᠢᠭ᠎ᠠ ᠠᠰᠠᠭᠤᠳᠠᠯ᠎ᠢ ᠴᠠᠭ ᠲᠤᠬᠠᠢ ᠳ᠋ᠤᠨᠢ ᠰᠢᠢᠳᠪᠦᠷᠢᠯᠡᠵᠦ᠂ ᠬᠢᠵᠢᠭ᠌᠎ᠦᠨ ᠪᠠᠢᠳᠠᠯ᠎ᠢ ᠰᠢᠢᠳᠪᠦᠷᠢᠯᠡᠬᠦ ᠬᠤᠭᠤᠴᠠᠭᠠᠨ᠎ᠳᠠᠬᠢ ᠣᠯᠠᠨ ᠲᠦᠮᠡᠨ᠎ᠦ ᠦᠨᠳᠦᠰᠦᠨ ᠠᠮᠢᠳᠤᠷᠠᠯ᠎ᠤᠨ ᠬᠡᠷᠡᠭᠴᠡᠭᠡ᠎ᠶᠢ ᠦᠨᠡᠨ ᠬᠦ᠌ ᠬᠠᠩᠭᠠᠬᠤ ᠬᠡᠷᠡᠭᠲᠡᠢ᠃
ᠶᠢᠰᠦ᠎ᠳᠦ᠂ ᠬᠢᠵᠢᠭ᠌᠎ᠲᠦ ᠬᠣᠯᠪᠣᠭᠳᠠᠭᠰᠠᠨ ᠠᠮᠤᠷ ᠲᠦᠪᠰᠢᠨ᠎ᠦ ᠪᠠᠲᠤᠯᠠᠭ᠎ᠠ᠎ᠶᠢ ᠴᠢᠩᠭᠠᠳᠬᠠᠨ᠎ᠠ᠃ ᠡᠯ᠎ᠡ ᠵᠦᠢᠯ᠎ᠦᠨ ᠠᠷᠭ᠎ᠠ ᠮᠠᠶᠢᠭ᠋᠎ᠢᠶᠠᠷ ᠭᠠᠯ ᠰᠡᠷᠭᠡᠢᠯᠡᠬᠦ ᠨᠡᠪᠲᠡᠷᠡᠬᠦ ᠵᠠᠮ᠂ ᠤᠷᠤᠴᠠ ᠵᠢᠨ ᠡᠭᠦᠳᠡ᠂ ᠰᠠᠭᠤᠭᠠᠯᠢ ᠲᠣᠭᠣᠷᠢᠭ᠋᠎ᠤᠨ ᠡᠭᠦᠳᠡ᠎ᠶᠢ ᠪᠥᠭᠯᠡᠬᠦ᠎ᠶᠢ ᠴᠢᠩᠭ᠎ᠠ ᠴᠠᠭᠠᠵᠠᠯᠠᠵᠤ᠂ ᠣᠯᠠᠨ ᠲᠦᠮᠡᠨ᠎ᠦ ᠡᠪᠡᠳᠴᠢᠨ ᠦᠵᠡᠭᠦᠯᠵᠦ ᠡᠮᠨᠡᠭᠦᠯᠬᠦ᠂ ᠠᠶᠤᠯ ᠠ᠋ᠴᠠ ᠪᠠᠴᠢᠮ ᠵᠠᠢᠯᠠᠬᠤ ᠵᠡᠷᠭᠡ ᠭᠠᠳᠠᠭ᠍ᠰᠢ ᠭᠠᠷᠬᠤ ᠵᠠᠮ ᠮᠥᠷ᠎ᠦᠨ ᠰᠠᠭᠠᠳ ᠦᠭᠡᠢ ᠨᠡᠪᠲᠡᠷᠡᠬᠦ᠎ᠶᠢ ᠦᠨᠡᠨ ᠬᠦ᠌ ᠪᠠᠲᠤᠯᠠᠬᠤ ᠬᠡᠷᠡᠭᠲᠡᠢ᠃ ᠨᠡᠢᠭᠡᠮ ᠲᠣᠭᠣᠷᠢᠭ᠋ ᠬᠢᠭᠡᠳ ᠲᠤᠰᠬᠠᠢ ᠡᠮᠴᠢᠯᠡᠭᠡᠨ᠎ᠦ ᠪᠠᠢᠭᠤᠯᠤᠮᠵᠢ᠎ᠶᠢ ᠵᠣᠯᠭᠠᠭᠤᠯᠬᠤ ᠲᠣᠭᠲᠠᠴᠠ᠎ᠶᠢ ᠪᠠᠶ᠋ᠢᠭᠤᠯᠬᠤ᠎ᠶᠢ ᠠᠬᠢᠭᠤᠯᠵᠤ᠂ ᠭᠠᠭᠴᠠᠭᠠᠷ ᠰᠠᠭᠤᠭ᠎ᠠ ᠨᠠᠰᠤᠲᠠᠨ᠂ ᠨᠠᠰᠤᠨ᠎ᠳᠤ ᠥᠯᠥ᠍ ᠭᠦᠷᠦᠭᠰᠡᠳ᠂ ᠵᠢᠷᠮᠦᠰᠦᠨ ᠡᠮᠡᠭᠲᠡᠢ ᠬᠥᠩᠭᠡᠵᠢᠭᠰᠡᠨ ᠡᠮᠡᠭᠲᠡᠢ᠂ ᠵᠡᠮᠳᠡᠭᠴᠦᠳ᠂ ᠤᠳᠠᠭᠠᠨ ᠴᠢᠨᠠᠷᠲᠠᠢ ᠡᠪᠡᠳᠴᠢᠲᠡᠨ᠎ᠤ ᠡᠪᠡᠳᠴᠢᠨ ᠦᠵᠡᠭᠦᠯᠬᠦ ᠳ᠋ᠤ ᠲᠥᠬᠥᠮ ᠦᠵᠡᠭᠦᠯᠦᠨ᠎ᠡ᠃ ᠪᠢᠲᠡᠭᠦᠮᠵᠢᠯᠡᠨ ᠡᠵᠡᠮᠳᠡᠭᠰᠡᠨ ᠬᠥᠮᠥᠰ᠂ ᠡᠪᠡᠳᠴᠢᠲᠡᠨ ᠪᠠ ᠡᠮᠦᠨ᠎ᠡ ᠹᠷᠣᠨᠲ᠎ᠤᠨ ᠠᠵᠢᠯᠲᠠᠨ ᠵᠡᠷᠭᠡ᠎ᠶᠢ ᠬᠠᠯᠠᠮᠵᠢᠯᠠᠨ ᠬᠠᠢᠷᠠᠯᠠᠬᠤ ᠪᠠ ᠰᠡᠳᠬᠢᠴᠡ᠎ᠶᠢᠨ ᠲᠠᠯ᠎ᠠ᠎ᠪᠠᠷ ᠵᠢᠭᠠᠨ ᠵᠢᠯᠤᠭᠣᠳᠬᠤ᠎ᠶᠢ ᠴᠢᠩᠭᠠᠳᠬᠠᠨ᠎ᠠ᠃
ᠠᠷᠪᠠ᠎ᠳᠤ᠂ ᠰᠤᠷᠭᠠᠭᠤᠯᠢ᠎ᠶᠢᠨ ᠬᠢᠵᠢᠭ᠌᠎ᠦᠨ ᠪᠠᠢᠳᠠᠯ᠎ᠢ ᠰᠡᠷᠭᠡᠢᠯᠡᠨ ᠡᠵᠡᠮᠳᠡᠬᠦ ᠠᠵᠢᠯ᠎ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠎ᠡ᠃ ᠡᠯ᠎ᠡ ᠭᠠᠵᠠᠷ ᠡᠯ᠎ᠡ ᠰᠤᠷᠭᠠᠭᠤᠯᠢ᠎ᠶᠢᠨ ᠬᠢᠨ ᠰᠢᠨᠵᠢᠯᠡᠬᠦ ᠤᠬᠠᠭᠠᠨᠴᠢ ᠨᠠᠷᠢᠯᠢᠭ ᠤᠨᠤᠪᠴᠢᠲᠠᠢ ᠪᠠᠷ ᠰᠡᠷᠭᠡᠢᠯᠡᠨ ᠡᠵᠡᠮᠳᠡᠬᠦ ᠱᠠᠭᠠᠷᠳᠠᠯᠭ᠎ᠠ᠎ᠶᠢ ᠡᠷᠡᠰ ᠨᠠᠢᠳᠠᠪᠤᠷᠢᠵᠢᠭᠤᠯᠵᠤ᠂ ᠬᠢᠵᠢᠭ᠌᠎ᠦᠨ ᠪᠠᠢᠳᠠᠯ ᠦᠭᠡᠢ ᠰᠤᠷᠭᠠᠭᠤᠯᠢ᠎ᠨᠤᠭᠤᠳ ᠪᠤᠳᠠᠳᠤ ᠴᠤᠭᠴᠠ ᠵᠢᠨ ᠵᠢᠭᠠᠨ ᠰᠤᠷᠭᠠᠯᠲᠠ᠎ᠶᠢᠨ ᠬᠡᠪ᠎ᠦᠨ ᠠᠵᠢᠯᠯᠠᠭ᠎ᠠ᠎ᠶᠢ ᠥᠷᠨᠢᠭᠦᠯᠵᠦ᠂ ᠰᠤᠷᠭᠠᠭᠤᠯᠢ᠎ᠶᠢᠨ ᠬᠦᠷᠢᠶᠡᠨ᠎ᠦ ᠬᠡᠳᠦ ᠳᠡᠯᠭᠡᠭᠦᠷ᠂ ᠬᠣᠭᠣᠯᠠᠨ ᠭᠡᠷ᠂ ᠪᠡᠶ᠎ᠡ᠎ᠶᠢᠨ ᠲᠠᠮᠢᠷ᠎ᠤᠨ ᠲᠠᠯᠠᠪᠤᠷ ᠣᠷᠳᠣᠨ᠂ ᠨᠣᠮ᠎ᠤᠨ ᠰᠠᠩ ᠵᠡᠷᠭᠡ᠎ᠶᠢ ᠬᠡᠪ᠎ᠦᠨ ᠪᠠᠢᠳᠠᠯ᠎ᠢᠶᠠᠷ ᠨᠡᠭᠡᠭᠡᠬᠦ ᠬᠡᠷᠡᠭᠲᠡᠢ᠃ ᠬᠢᠵᠢᠭ᠌᠎ᠦᠨ ᠪᠠᠢᠳᠠᠯ᠎ᠲᠠᠢ ᠰᠤᠷᠭᠠᠭᠤᠯᠢ᠎ᠨᠤᠭᠤᠳ ᠲᠦᠭᠰᠢᠭᠦᠷᠢᠳᠠᠢ ᠣᠷᠣᠨ ᠪᠦᠰᠡ᠎ᠶᠢ ᠨᠠᠷᠢᠯᠢᠭ᠋ ᠣᠨᠣᠴᠠᠲᠠᠢ᠎ᠪᠠᠷ ᠵᠠᠭᠠᠭᠯᠠᠨ ᠲᠣᠭᠲᠠᠭᠠᠵᠤ᠂ ᠲᠦᠭᠰᠢᠭᠦᠷᠢᠳᠠᠢ ᠣᠷᠣᠨ ᠪᠦᠰᠡ᠎ᠡᠴᠡ ᠭᠠᠳᠠᠨ᠎ᠠ ᠮᠥᠨ ᠬᠦ᠌ ᠬᠡᠪ᠎ᠦᠨ ᠵᠢᠭᠠᠨ ᠰᠤᠷᠭᠠᠯᠲᠠ᠂ ᠠᠮᠢᠳᠤᠷᠠᠯ ᠵᠡᠷᠭᠡ᠎ᠶᠢᠨ ᠡᠮᠬᠢ ᠵᠢᠷᠤᠮ᠎ᠢ ᠪᠠᠲᠤᠯᠠᠬᠤ ᠬᠡᠷᠡᠭᠲᠡᠢ᠃
ᠡᠯ᠎ᠡ ᠭᠠᠵᠠᠷ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠦᠨ ᠬᠢᠨ ᠤᠯᠤᠰ ᠲᠥᠷᠥ᠍᠎ᠶᠢᠨ ᠵᠣᠭᠰᠣᠴᠠ᠎ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ᠎ᠪᠠᠨ ᠨᠠᠮ᠎ᠤᠨ ᠲᠥᠪ ᠬᠣᠷᠢᠶᠠᠨ᠎ᠤ ᠰᠢᠢᠳᠪᠦᠷᠢᠲᠦ ᠪᠣᠳᠣᠯᠭ᠎ᠠ᠎ᠶᠢᠨ ᠪᠠᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠶᠢᠰᠦᠳᠦᠭᠡᠷ ᠬᠡᠪ᠎ᠦᠨ ᠰᠡᠷᠭᠡᠢᠯᠡᠨ ᠡᠵᠡᠮᠳᠡᠬᠦ ᠲᠥᠰᠥᠯ᠎ᠢ ᠪᠠᠷᠢᠮᠲᠠᠯᠠᠵᠤ᠂ ᠬᠣᠷᠢᠨ ᠵᠤᠷᠪᠤᠰ ᠰᠢᠯᠢᠳᠡᠭᠵᠢᠭᠦᠯᠬᠦ ᠠᠷᠭ᠎ᠠ ᠬᠡᠮᠵᠢᠶ᠎ᠡ᠎ᠶᠢ ᠨᠠᠢᠳᠠᠪᠤᠷᠢᠵᠢᠭᠤᠯᠤᠨ᠂ ᠲᠤᠰ ᠮᠡᠳᠡᠭᠳᠡᠯ᠎ᠦᠨ ᠱᠠᠭᠠᠷᠳᠠᠯᠭ᠎ᠠ᠎ᠶᠢ ᠬᠡᠷᠡᠭᠵᠢᠭᠦᠯᠵᠦ᠂ ᠬᠢᠯᠪᠠᠷᠴᠢᠯᠠᠬᠤ᠂ 《ᠨᠢᠭᠡ ᠯᠡ ᠪᠠᠷᠢᠮᠵᠢᠶ᠎ᠠ᠎ᠪᠠᠷ ᠱᠠᠭᠠᠷᠳᠠᠬᠤ》᠂ ᠱᠠᠲᠤ ᠱᠠᠲᠤ᠎ᠪᠠᠷ ᠡᠭᠦᠷᠭᠡ ᠨᠡᠮᠡᠬᠦ ᠵᠡᠷᠭᠡ ᠠᠷᠭ᠎ᠠ ᠬᠢᠳᠡᠯ᠎ᠢ ᠡᠷᠡᠰ ᠵᠠᠯᠠᠷᠠᠭᠤᠯᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ᠎ᠢ ᠡᠰᠡᠷᠭᠦᠴᠡᠬᠦ ᠪᠠ ᠲᠡᠪᠴᠢᠵᠦ᠂ ᠡᠯ᠎ᠡ ᠵᠦᠢᠯ᠎ᠦᠨ ᠰᠡᠷᠭᠡᠢᠯᠡᠨ ᠡᠵᠡᠮᠳᠡᠬᠦ ᠠᠷᠭ᠎ᠠ ᠬᠡᠮᠵᠢᠶ᠎ᠡ᠎ᠶᠢ ᠴᠢᠩᠭ᠎ᠠ ᠪᠣᠳᠠᠲᠠᠢ ᠨᠠᠷᠢᠯᠢᠭ᠋ ᠠᠳᠬᠤᠵᠤ᠂ ᠠᠷᠠᠳ ᠲᠦᠮᠡᠨ᠎ᠦ ᠠᠮᠢ ᠨᠠᠰᠤᠨ᠎ᠤ ᠠᠮᠤᠷ ᠲᠦᠪᠰᠢᠨ ᠪᠠ ᠪᠡᠶ᠎ᠡ ᠮᠠᠬᠠᠪᠤᠳ᠎ᠤᠨ ᠡᠷᠡᠭᠦᠯ ᠮᠡᠨᠳᠤ᠎ᠶᠢ ᠬᠠᠮᠤᠭ᠎ᠤᠨ ᠶᠡᠬᠡ ᠬᠡᠮᠵᠢᠶ᠎ᠡ᠎ᠪᠡᠷ ᠬᠠᠮᠠᠭᠠᠯᠠᠵᠤ᠂ ᠠᠵᠤ ᠠᠬᠤᠢ ᠨᠡᠢᠭᠡᠮ᠎ᠦᠨ ᠬᠥᠭᠵᠢᠯᠲᠡ᠎ᠳᠦ ᠦᠵᠡᠭᠦᠯᠬᠦ ᠬᠢᠵᠢᠭ᠌᠎ᠦᠨ ᠨᠥᠯᠥᠭᠡ᠎ᠶᠢ ᠬᠠᠮᠤᠭ᠎ᠤᠨ ᠶᠡᠬᠡ ᠬᠡᠮᠵᠢᠶ᠎ᠡ᠎ᠪᠡᠷ ᠪᠠᠭᠠᠰᠬᠠᠬᠤ ᠬᠡᠷᠡᠭᠳᠡᠢ᠃
ᠲᠥᠷᠥ᠍᠎ᠶᠢᠨ ᠶᠠᠪᠤᠳᠠᠯ᠎ᠤᠨ ᠬᠣᠷᠢᠶ᠎ᠠ ᠵᠢᠨ ᠰᠢᠨ᠎ᠡ ᠲᠢᠲᠢᠮᠯᠢᠭ᠌ ᠠᠭᠤᠰᠬᠢᠨ
ᠦᠷᠪᠢᠰᠦᠯ᠎ᠤᠨ ᠬᠢᠵᠢᠭ᠌᠎ᠦᠨ ᠪᠠᠢᠳᠠᠯ᠎ᠢ ᠬᠤᠯᠪᠤᠭᠠᠯᠠᠨ ᠰᠡᠷᠭᠡᠢᠯᠡᠵᠦ
ᠬᠤᠯᠪᠤᠭᠠᠯᠠᠨ ᠡᠵᠡᠮᠳᠡᠬᠦ ᠲᠣᠭᠲᠠᠴᠠ᠎ᠶᠢᠨ ᠶᠡᠷᠦᠩᠬᠡᠢᠯᠡᠭᠰᠡᠨ ᠳᠤᠭᠤᠢᠯᠠᠩ
2022 ᠣᠨ᠎ᠤ 12 ᠰᠠᠷ᠎ᠠ᠎ᠶᠢᠨ 7᠎ᠤ ᠡᠳᠦᠷ
ᠢᠷᠡᠯᠳᠡ ᠄ ᠰᠢᠨᠬᠤᠸᠠ ᠬᠤᠷᠢᠶ᠎ᠠ
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠴᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃