2022-12-07 11:25:52
— ᠲᠥᠷᠥ᠎ᠶ᠋ᠢᠨ ᠶᠠᠪᠤᠳᠠᠯ᠎ᠤᠨ ᠬᠣᠷᠢᠶᠠᠨ᠎ᠤ ᠬᠣᠯᠪᠣᠭᠠᠯᠠᠨ ᠰᠡᠷᠭᠡᠢᠯᠡᠵᠦ᠍ ᠬᠣᠯᠪᠣᠭᠠᠯᠠᠨ ᠡᠵᠡᠮᠳᠡᠬᠦ᠌ ᠲᠣᠭ᠍ᠲᠡᠴᠡ ᠶ᠋ᠢᠨ ᠲᠤᠰᠭᠠᠶ ᠮᠡᠷᠭᠡᠵᠢᠯᠲᠡᠨ ᠬᠢᠵᠢᠭ ᠢ ᠰᠡᠷᠭᠡᠢᠯᠡᠬᠦ᠌ ᠬᠠᠯᠠᠮᠱᠢᠯ ᠠᠰᠠᠭᠤᠳᠠᠯ ᠳᠤ ᠬᠠᠷᠢᠭᠤᠯᠳᠠ ᠥᠭ᠌ᠪᠡ
ᠤᠮᠢᠺᠷᠤᠨ ᠸᠢᠷᠦ᠋ᠰ ᠦᠨ ᠡᠪᠡᠳᠴᠢᠯᠡᠭᠦᠯᠬᠦ᠌ ᠴᠢᠨᠠᠷ ᠮᠠᠭᠤᠳᠠᠬᠤ᠂ ᠸᠠᠺᠼᠢᠨ᠎ᠤ ᠲᠠᠷᠢᠯᠭ᠎ᠠ᠎ᠶ᠋ᠢ ᠲᠦᠭᠡᠮᠡᠯᠵᠢᠭᠦᠯᠬᠦ᠂ ᠰᠡᠷᠭᠡᠢᠯᠡᠨ ᠡᠵᠡᠮᠳᠡᠬᠦ᠌ ᠲᠤᠷᠱᠢᠯᠭ᠎ᠠ᠎ᠶ᠋ᠢ ᠬᠤᠷᠠᠮᠳᠤᠭᠤᠯᠬᠤ᠎ᠶ᠋ᠢ ᠳᠠᠭᠠᠯᠳᠤᠨ᠂ ᠮᠠᠨ᠎ᠤ ᠤᠯᠤᠰ᠎ᠤᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠳᠤ ᠱᠢᠨ᠎ᠡ ᠪᠠᠢᠳᠠᠯ ᠱᠢᠨ᠎ᠡ ᠡᠭᠦᠷᠭᠡ ᠲᠤᠯᠭᠠᠷᠠᠪᠠ᠃ ᠤᠢᠷ᠎ᠠ᠎ᠶ᠋ᠢᠨ ᠬᠤᠭᠤᠴᠠᠭᠠᠨ᠎ᠤ ᠡᠮᠦᠨ᠎ᠠ ᠹᠷᠣᠨᠲ ᠤ᠋ᠨ ᠠᠪᠤᠷᠠᠨ ᠵᠠᠰᠠᠭ᠍ᠰᠠᠨ ᠪᠠᠢᠳᠠᠯ᠎ᠡᠴᠡ ᠦᠵᠡᠪᠡᠯ᠂ ᠤᠮᠢᠺᠷᠤᠨ ᠡᠴᠡ ᠪᠤᠯᠤᠭᠰᠠᠨ ᠬᠦᠨᠳᠦ ᠡᠪᠡᠳᠴᠢᠳᠡᠨ ᠤ᠋ ᠨᠣᠷᠮ᠎ᠠ ᠥᠨᠳᠥᠷ ᠦᠦ? ᠤᠮᠢᠺᠷᠤᠨ ᠳ᠋ᠤ ᠬᠠᠯᠳᠠᠪᠤᠷᠢᠯᠠᠭ᠍ᠳᠠᠭ᠍ᠰᠠᠨ ᠨᠠᠰᠤᠳᠠᠢᠴᠤᠳ᠂ ᠰᠠᠭᠤᠷᠢ ᠡᠪᠡᠳᠴᠢᠨ ᠲᠠᠢ ᠡᠪᠡᠳᠴᠢᠳᠡᠨ ᠵᠡᠷᠭᠡ᠎ᠶ᠋ᠢ ᠣᠳᠣᠬᠠᠨ᠎ᠳᠤ ᠬᠡᠷᠬᠢᠨ ᠡᠮᠨᠡᠨ ᠵᠠᠰᠠᠬᠤ ᠪᠣᠶ? ᠲᠥᠷᠥ᠎ᠶ᠋ᠢᠨ ᠶᠠᠪᠤᠳᠠᠯ᠎ᠤᠨ ᠬᠣᠷᠢᠶᠠᠨ᠎ᠤ ᠬᠤᠯᠪᠤᠭᠠᠯᠠᠨ ᠰᠡᠷᠭᠡᠢᠯᠡᠵᠦ᠍ ᠬᠤᠯᠪᠤᠭᠠᠯᠠᠨ ᠡᠵᠡᠮᠳᠡᠬᠦ᠌ ᠲᠣᠭ᠍ᠲᠡᠴᠡ᠎ᠶ᠋ᠢᠨ ᠬᠢᠨ ᠠᠮᠢᠰᠭᠤᠯ᠎ᠤᠨ ᠬᠦᠨᠳᠦ ᠲᠦᠭᠰᠢᠭᠦᠷᠢᠳᠠᠢ ᠡᠪᠡᠳᠴᠢᠨ᠎ᠦ ᠲᠤᠰᠭᠠᠶ ᠮᠡᠷᠭᠡᠵᠢᠯᠲᠡᠨ᠂ ᠨᠡᠢᠰᠯᠡᠯ᠎ᠦᠨ ᠠᠨᠠᠭᠠᠬᠤ ᠤᠬᠠᠭᠠᠨ᠎ᠤ ᠶᠡᠬᠡ ᠰᠤᠷᠭᠠᠭᠤᠯᠢ᠎ᠶ᠋ᠢᠨ ᠬᠠᠷᠢᠶᠠᠲᠤ ᠪᠡᠭᠡᠵᠢᠩ᠎ᠦᠨ ᠴᠤᠤᠶᠠᠩ ᠡᠮᠨᠡᠯᠭᠡ᠎ᠶ᠋ᠢᠨ ᠬᠣᠷᠢᠶᠠᠨ᠎ᠤ ᠳᠡᠳ᠋ ᠳᠠᠷᠤᠭ᠎ᠠ᠂ ᠪᠡᠭᠡᠵᠢᠩ ᠬᠣᠲᠠ᠎ᠶ᠋ᠢᠨ ᠠᠮᠢᠰᠭᠤᠯ᠎ᠤᠨ ᠡᠪᠡᠳᠴᠢᠨ ᠰᠤᠳᠤᠯᠬᠤ ᠭᠠᠵᠠᠷ᠎ᠤᠨ ᠳᠠᠷᠤᠭ᠎ᠠ ᠲᠦᠩ ᠵᠣᠣ ᠬᠣᠶ᠎ᠶ᠋ᠢ ᠤᠷᠢᠵᠤ ᠲᠠᠢᠯᠪᠤᠷᠢᠯᠠᠯᠳᠠ ᠬᠢᠯᠭᠡᠪᠡ᠃
1᠂ ᠠᠰᠠᠭᠤᠯᠲᠠ᠄ ᠣᠢᠷ᠎ᠠ ᠶ᠋ᠢᠨ ᠬᠤᠭᠤᠴᠠᠭᠠᠨ ᠤ ᠡᠮᠦᠨ᠎ᠠ ᠹᠷᠣᠨᠲ ᠤ᠋ᠨ ᠠᠪᠤᠷᠠᠨ ᠵᠠᠰᠠᠭ᠍ᠰᠠᠨ ᠪᠠᠢᠳᠠᠯ ᠡᠴᠡ ᠦᠵᠡᠪᠡᠯ᠂ ᠤᠮᠢᠺᠷᠤᠨ ᠡᠴᠡ ᠪᠤᠯᠤᠭᠰᠠᠨ ᠬᠦᠨᠳᠦ ᠡᠪᠡᠳᠴᠢᠳᠡᠨ ᠤ᠋ ᠨᠣᠷᠮ᠎ᠠ ᠥᠨᠳᠥᠷ ᠦᠦ?
ᠬᠠᠷᠢᠭᠤᠯᠲᠠ᠄ ᠸᠢᠷᠦ᠋ᠰ ᠤ᠋ᠨ ᠤᠨᠳᠤᠤᠰᠢᠯ᠂ ᠸᠠᠺᠼᠢᠨ ᠤ᠋ ᠲᠠᠷᠢᠯᠭ᠎ᠠ ᠵᠢ ᠲᠦᠭᠡᠮᠡᠯᠵᠢᠬᠦᠯᠬᠦ᠂ ᠰᠡᠷᠭᠡᠢᠯᠡᠨ ᠡᠵᠡᠮᠳᠡᠬᠦ ᠲᠤᠷᠰᠢᠯᠭ᠎ᠠ ᠬᠤᠷᠠᠮᠳᠤᠭᠤᠯᠬᠤ ᠵᠢ ᠳᠠᠭᠠᠯᠳᠤᠨ ᠤᠮᠢᠺᠷᠤᠨ ᠡᠴᠡ ᠪᠤᠯᠤᠭᠰᠠᠨ ᠡᠮᠨᠡᠯᠭᠡ ᠳ᠋ᠤ ᠰᠠᠭᠤᠬᠤ ᠨᠤᠷᠮ᠎ᠠ᠂ ᠬᠦᠨᠳᠦ ᠡᠪᠡᠳᠴᠢᠳᠡᠨ ᠤ᠋ ᠨᠤᠷᠮ᠎ᠠ᠂ ᠦᠬᠦᠬᠦ ᠨᠤᠷᠮ᠎ᠠ ᠶᠡᠬᠡ ᠬᠡᠮᠵᠢᠶ᠎ᠠ ᠪᠡᠷ ᠪᠠᠭᠤᠷᠠᠵᠠᠢ᠃ ᠣᠳᠣᠬᠠᠨ᠎ᠤ ᠪᠦᠬᠦ᠌ ᠤᠯᠤᠰ᠎ᠤᠨ ᠡᠪᠡᠳᠴᠢᠨ᠎ᠦ ᠵᠢᠱ᠌ᠢᠶ᠎ᠡ᠎ᠡᠴᠡ ᠦᠵᠡᠪᠡᠯ᠂ ᠤᠮᠢᠺᠷᠤᠨ᠎ᠳᠤ ᠬᠠᠯᠳᠠᠪᠤᠷᠢᠯᠠᠭᠳᠠᠭᠰᠠᠨᠤ ᠳᠠᠷᠠᠭ᠎ᠠ ᠤᠯᠠᠩᠬᠢ ᠳ᠋ᠠᠭᠠᠨ ᠳᠡᠭᠡᠷ᠎ᠠ ᠠᠮᠢᠰᠬᠤᠯ ᠤ᠋ᠨ ᠵᠠᠮ ᠤ᠋ᠨ ᠡᠪᠡᠳᠴᠢᠨ᠎ᠦ ᠢᠯᠡᠷᠡᠯ ᠲᠠᠢ ᠪᠠᠢᠵᠤ᠂ ᠭᠣᠣᠯᠳᠠᠭᠤ ᠬᠣᠭᠣᠯᠠᠢ ᠡᠪ ᠦᠭᠡᠢ᠂ ᠬᠠᠨᠢᠶᠠᠬᠤ ᠵᠡᠷᠭᠡ ᠢᠯᠡᠷᠡᠯᠭᠠᠷᠳᠠᠭ᠃ ᠡᠪᠡᠳᠴᠢᠨ᠎ᠦ ᠢᠯᠡᠷᠡᠯ ᠦᠭᠡᠢ ᠪᠤᠶᠤ ᠬᠥᠩᠭᠡᠨ ᠬᠡᠯᠪᠡᠷᠢ ᠵᠢᠨ ᠡᠪᠡᠳᠴᠢᠨ ᠤ᠋ ᠵᠢᠱ᠌ᠢᠶ᠎ᠠ ᠨᠢ ᠪᠠᠷᠤᠭ 90% ᠡᠴᠡ ᠳᠡᠭᠡᠭ᠌ᠰᠢ᠎ᠶ᠋ᠢ ᠡᠵᠡᠯᠡᠵᠦ᠍᠂ ᠡᠩ᠎ᠦᠨ ᠬᠡᠯᠪᠡᠷᠢ (ᠠᠭᠤᠰᠭᠢᠨ ᠦᠷᠪᠢᠰᠦᠯ᠎ᠦᠨ ᠡᠪᠡᠳᠴᠢᠨ᠎ᠦ ᠢᠯᠡᠷᠡᠯ ᠭᠠᠷᠬᠤ) ᠨᠢ ᠨᠢᠭᠡᠨᠲᠡ ᠠᠷᠪᠢᠨ ᠪᠢᠰᠢ ᠪᠣᠯᠵᠤ᠂ ᠬᠦᠨᠳᠦ ᠡᠪᠡᠳᠴᠢᠨ ᠤ᠋ ᠵᠢᠱ᠌ᠢᠶ᠎ᠠ ᠵᠢᠨ (ᠥᠨᠳᠥᠷ ᠤᠷᠤᠰᠭᠠᠯ᠎ᠤᠨ ᠬᠦᠴᠢᠯᠲᠥ᠋ᠷᠥᠭ᠌ᠴᠢ᠎ᠶ᠋ᠢᠨ ᠵᠠᠰᠠᠯ ᠬᠢᠬᠦ᠌ ᠪᠤᠶᠤ ᠱᠢᠷᠬ᠎ᠠ ᠦᠭᠡᠢ ᠵᠠᠰᠠᠯ᠂ ᠮᠡᠰᠡ ᠵᠠᠰᠠᠯ ᠵᠢᠡᠷ ᠳᠠᠮᠵᠢᠨ ᠠᠮᠢᠰᠬᠤᠯᠯᠠᠬᠤ) ᠬᠠᠷᠢᠴᠠᠯ ᠨᠢ ᠨᠡᠩ ᠪᠠᠭ᠎ᠠ ᠪᠣᠯᠵᠠᠢ᠃
ᠡᠨᠡ ᠨᠢ ᠦᠬᠠᠨ᠎ᠢ ᠬᠠᠮᠠᠭᠠᠯᠠᠬᠤ ᠳᠠᠢᠯᠠᠯᠳᠤᠭᠠᠨ᠎ᠤ ᠬᠤᠭᠤᠴᠠᠭᠠᠨ ᠳ᠋ᠡᠬᠢ ᠱᠢᠨ᠎ᠡ ᠲᠢᠲᠢᠮᠯᠢᠭ ᠸᠢᠷᠦ᠋ᠰ᠎ᠡᠴᠡ ᠪᠣᠯᠤᠭ᠍ᠰᠠᠨ ᠡᠪᠡᠳᠴᠢᠨ᠎ᠦ ᠢᠯᠡᠷᠡᠯ᠎ᠲᠡᠶ ᠮᠠᠰᠢ ᠠᠳᠠᠯᠢ ᠥᠬᠡᠶ ᠪᠤᠯᠵᠠᠢ᠃ ᠲᠤᠬᠠᠢ᠎ᠶ᠋ᠢᠨ ᠦᠶ᠎ᠡ᠎ᠳᠦ᠂ ᠬᠦᠨᠳᠦ ᠡᠪᠡᠳᠴᠢᠲᠡᠨ ᠨᠡᠯᠢᠶᠡᠳ ᠣᠯᠠᠨ ᠪᠠᠢᠵᠤ᠂ ᠵᠠᠷᠢᠮ ᠵᠠᠯᠠᠭᠤ ᠢᠳᠡᠷ ᠡᠪᠡᠳᠴᠢᠲᠡᠨ᠎ᠦ ᠬᠣᠣᠰ ᠠᠭᠤᠰᠭᠢ ᠨᠢ ᠪᠠᠰᠠ ᠴᠠᠭᠠᠨ ᠥᠩᠭᠡᠲᠡᠶ ᠪᠣᠯᠵᠤ᠂ ᠲᠦᠷᠭᠡᠨ ᠴᠢᠨᠠᠷᠲᠠᠢ ᠠᠮᠢᠰᠭᠤᠯ ᠮᠠᠭᠤᠳᠠᠳᠠᠭ᠃ ᠭᠡᠪᠡᠴᠦ᠍ ᠲᠤᠰ ᠡᠭᠡᠯᠵᠢ᠎ᠶ᠋ᠢᠨ ᠬᠢᠵᠢᠭ᠎ᠦᠨ ᠪᠠᠢᠳᠠᠯ᠎ᠤᠨ ᠬᠤᠭᠤᠴᠠᠭᠠᠨ᠎ᠳᠤ᠂ ᠪᠡᠭᠡᠵᠢᠩ᠎ᠦᠨ ᠲᠣᠭ᠍ᠲᠠᠭ᠍ᠰᠠᠨ ᠡᠮᠨᠡᠯᠭᠡ᠎ᠶ᠋ᠢᠨ ᠬᠣᠷᠢᠶᠠᠨ᠎ᠤ ᠠᠪᠤᠷᠠᠨ ᠵᠠᠰᠠᠭᠰᠠᠨ ᠪᠠᠢᠳᠠᠯ᠎ᠡᠴᠡ ᠦᠵᠡᠪᠡᠯ᠂ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠡᠴᠡ ᠪᠤᠯᠵᠤ ᠦᠨᠡᠬᠡᠷ ᠠᠮᠢᠰᠭᠤᠯ᠎ᠤᠨ ᠮᠠᠱᠢᠨ ᠬᠡᠷᠡᠭᠯᠡᠭᠰᠡᠨ ᠡᠪᠡᠳᠴᠢᠲᠡᠨ ᠵᠥᠪᠬᠡᠨ ᠬᠡᠳᠦᠬᠡᠨ ᠪᠠᠢᠨ᠎ᠠ᠃
2᠂ ᠠᠰᠠᠭᠤᠯᠲᠠ ᠄ ᠤᠮᠢᠺᠷᠤᠨ ᠳ᠋ᠤ ᠬᠠᠯᠳᠠᠪᠤᠷᠢᠯᠠᠭ᠍ᠳᠠᠭ᠍ᠰᠠᠨ ᠨᠠᠰᠤᠳᠠᠢᠴᠤᠳ᠂ ᠰᠠᠭᠤᠷᠢ ᠡᠪᠡᠳᠴᠢᠨ ᠲᠠᠢ ᠡᠪᠡᠳᠴᠢᠲᠡᠨ ᠵᠡᠷᠭᠡ᠎ᠶ᠋ᠢ ᠣᠳᠣᠬᠠᠨ᠎ᠳᠤ ᠬᠡᠷᠬᠢᠨ ᠡᠮᠨᠡᠨ ᠵᠠᠰᠠᠬᠤ ᠪᠤᠢ?
ᠬᠠᠷᠢᠭᠤᠯᠲᠠ᠄ ᠨᠠᠰᠤᠳᠠᠢᠴᠤᠳ᠂ ᠵᠢᠷᠦᠬᠡ ᠲᠠᠷᠢᠬᠢᠨ᠎ᠤ ᠴᠢᠰᠤᠨ ᠰᠤᠳᠠᠯ᠎ᠤᠨ ᠡᠪᠡᠳᠴᠢᠳᠡᠨ᠂ ᠤᠳᠠᠭᠠᠨ ᠴᠢᠨᠠᠷᠳᠠᠢ ᠠᠮᠢᠰᠬᠤᠯ ᠤ᠋ᠨ ᠵᠠᠮ ᠤ᠋ᠨ ᠡᠪᠡᠳᠴᠢᠳᠡᠨ᠂ ᠰᠠᠴᠤᠷᠠᠭ ᠤ᠋ᠨ ᠵᠠᠰᠠᠯᠳᠠ ᠪᠠ ᠬᠢᠮᠢ ᠵᠢᠨ ᠵᠠᠰᠠᠯᠳᠠ ᠬᠢᠵᠤ ᠪᠠᠢᠭ᠎ᠠ ᠬᠠᠪᠤᠳᠠᠷ ᠤ᠋ᠨ ᠡᠪᠡᠳᠴᠢᠳᠡᠨ᠂ ᠵᠢᠷᠮᠤᠰᠤᠯᠡᠭᠰᠡᠨ ᠤ᠋ ᠲᠠᠷᠠᠭᠠᠬᠢ ᠪᠦᠰᠡᠭᠦᠢᠴᠤᠤᠯ ᠵᠡᠷᠭᠡ ᠪᠤᠯ ᠦᠯᠦ ᠬᠠᠯᠳᠠᠭᠠᠬᠤ ᠴᠢᠳᠠᠪᠤᠷᠢ ᠪᠠᠷ ᠨᠡᠯᠢᠶᠡᠳ ᠳᠤᠤᠷ᠎ᠠ ᠶᠤᠮ᠂ ᠪᠠᠭᠤᠷᠠᠢᠴᠤᠳ ᠲᠤ᠌ ᠬᠠᠷᠢᠶᠠᠯᠠᠭᠳᠠᠨ᠎ᠠ᠃ ᠣᠳᠣᠬᠠᠨ᠎ᠤ ᠠᠪᠤᠷᠠᠨ ᠵᠠᠰᠠᠵᠤ ᠪᠠᠢᠭ᠎ᠠ ᠪᠠᠢᠳᠠᠯ᠎ᠡᠴᠡ ᠦᠵᠡᠪᠡᠯ᠂ ᠲᠠᠳᠠ ᠱᠢᠨ᠎ᠡ ᠲᠢᠲᠢᠮᠯᠢᠭ ᠸᠢᠷᠦ᠋ᠰ᠎ᠲᠦ ᠬᠠᠯᠳᠠᠪᠤᠷᠢᠯᠠᠭ᠍ᠳᠠᠭ᠍ᠰᠠᠨ᠎ᠤ ᠳᠠᠷᠠᠭ᠎ᠠ ᠲᠣᠭ᠍ᠲᠠᠭ᠍ᠰᠠᠨ ᠡᠮᠨᠡᠯᠭᠡ᠎ᠶ᠋ᠢᠨ ᠬᠣᠷᠢᠶ᠎ᠠ᠎ᠳᠤ ᠣᠷᠣᠵᠤ ᠰᠠᠭᠤᠭ᠍ᠰᠠᠨᠤ ᠣᠯᠠᠩᠬᠢ᠎ᠨᠢ ᠤᠤᠯ᠎ᠤᠨ ᠡᠪᠡᠳᠴᠢᠨ᠎ᠡᠴᠡ ᠪᠣᠯᠤᠭ᠍ᠰᠠᠨ ᠪᠣᠯᠪᠠᠴᠤ᠌ ᠪᠥᠭᠡᠮ ᠬᠦᠴᠢᠯ᠎ᠤᠨ ᠪᠠᠢᠴᠠᠭᠠᠯᠳᠠ ᠨᠢ ᠠᠷᠭ᠎ᠠ ᠴᠢᠨᠠᠷᠲᠠᠶᠪᠤᠯᠬᠤᠷ ᠡᠩ᠎ᠦᠨ ᠡᠮᠨᠡᠯᠭᠡ᠎ᠶ᠋ᠢᠨ ᠬᠣᠷᠢᠶ᠎ᠠ᠎ᠳᠤ ᠣᠷᠣᠵᠤ ᠰᠠᠭᠤᠬᠤ᠎ᠶ᠋ᠢᠨ ᠠᠷᠭ᠎ᠠ ᠥᠬᠡᠶ ᠪᠠᠢᠨ᠎ᠠ᠃ ᠡᠢᠮᠦᠷᠬᠦᠦ ᠡᠪᠡᠳᠴᠢᠲᠡᠨ᠎ᠦ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠡᠪᠡᠳᠴᠢᠨ᠎ᠦ ᠢᠯᠡᠷᠡᠯ ᠨᠢ ᠢᠯᠡᠷᠬᠡᠶ ᠪᠢᠰᠢ᠂ ᠡᠮᠨᠡᠨ ᠵᠠᠰᠠᠬᠤ ᠨᠢ ᠶᠡᠷᠦ᠍᠎ᠳᠡᠭᠡᠨ ᠳᠡᠮᠡᠶ ᠶᠡᠬᠡ ᠢᠯᠭᠠᠭ᠎ᠠ ᠥᠬᠡᠶ᠃
CT ᠵᠢᠷᠤᠭ ᠵᠡᠷᠭᠡ ᠡᠮᠴᠢᠯᠡᠭᠡᠨ᠎ᠦ ᠢᠯᠡᠷᠡᠯ᠎ᠨᠢ ᠨᠡᠢᠲᠡᠯᠢᠭ ᠴᠢᠨᠠᠷᠳᠠᠢ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠢᠶᠡᠷ ᠲᠤᠳᠤᠯᠠᠭᠰᠠᠨ ᠴᠥᠭᠡᠨ ᠲᠣᠭᠠᠨ᠎ᠤ ᠡᠪᠡᠳᠴᠢᠲᠡᠨ᠎ᠢ ᠡᠮᠨᠡᠯᠭᠡ᠎ᠶ᠋ᠢᠨ ᠠᠵᠢᠯᠲᠠᠳ ᠪᠠᠷᠢᠮᠵᠢᠶ᠎ᠠ ᠵᠢᠷᠤᠮᠵᠢᠯ᠎ᠢ ᠴᠢᠩᠭ᠎ᠠ ᠵᠢᠷᠤᠮᠯᠠᠨ ᠠᠪᠤᠷᠠᠨ ᠵᠠᠰᠠᠵᠤ ᠪᠤᠢ᠃
ᠪᠡᠭᠡᠵᠢᠩ᠎ᠦᠨ ᠲᠣᠭ᠍ᠲᠠᠭ᠍ᠰᠠᠨ ᠡᠮᠨᠡᠯᠭᠡ᠎ᠶ᠋ᠢᠨ ᠬᠣᠷᠢᠶ᠎ᠠ᠂ ᠨᠢᠭᠡ ᠪᠦᠯᠦᠭ ᠰᠠᠭᠤᠷᠢ ᠡᠪᠡᠳᠴᠢᠨ᠎ᠲᠡᠶ ᠨᠠᠰᠤ ᠠᠬᠢᠭᠰᠠᠨ ᠡᠪᠡᠳᠴᠢᠲᠡᠨ᠎ᠳᠦ ᠴᠢᠭᠯᠡᠭᠦᠯᠦᠨ ᠣᠯᠠᠨ ᠱᠢᠨᠵᠢᠯᠡᠭᠡᠨ᠎ᠦ ᠲᠤᠰᠭᠠᠶ ᠮᠡᠷᠭᠡᠵᠢᠯᠲᠡᠨ᠎ᠢ ᠵᠣᠬᠢᠶᠠᠨ ᠪᠠᠢᠭᠤᠯᠵᠤ ᠬᠠᠮᠲᠤᠷᠠᠨ ᠣᠨᠣᠱᠢᠯᠠᠵᠤ ᠪᠠᠢᠨ᠎ᠠ᠃ ᠡᠮᠨᠡᠨ ᠵᠠᠰᠠᠬᠤ᠎ᠪᠠᠷ ᠳᠡᠮᠵᠢᠨ᠂ ᠬᠡᠷᠪᠡ ᠡᠪᠡᠳᠴᠢᠲᠡᠨ᠎ᠦ ᠪᠥᠭᠡᠮ ᠬᠦᠴᠢᠯ᠎ᠦᠨ ᠪᠠᠢᠴᠠᠭᠠᠯᠲᠠ᠎ᠨᠢ ᠨᠢᠭᠡᠨᠲᠡ ᠪᠢᠯᠢᠭ ᠴᠢᠨᠠᠷᠲᠠᠶ ᠪᠣᠯᠤᠭ᠍ᠰᠠᠨ ᠪᠠᠢᠪᠠᠯ ᠠᠯᠬᠤᠮ ᠠᠯᠬᠤᠮ᠎ᠢᠶᠠᠷ ᠲᠣᠭ᠍ᠲᠠᠭ᠍ᠰᠠᠨ ᠡᠮᠨᠡᠯᠭᠡ᠎ᠶ᠋ᠢᠨ ᠬᠣᠷᠢᠶ᠎ᠠ᠎ᠡᠴᠡ ᠪᠤᠰᠤᠳ ᠡᠮᠨᠡᠯᠭᠡ᠎ᠶ᠋ᠢᠨ ᠬᠣᠷᠢᠶ᠎ᠠ᠎ᠳᠤ ᠰᠢᠯᠵᠢᠭᠦᠯᠦᠨ ᠶᠠᠪᠤᠭᠤᠯᠵᠤ ᠪᠤᠢ᠃
(ᠱᠢᠨᠬᠤᠸᠠ ᠬᠣᠷᠢᠶᠠᠨ᠎ᠤ ᠪᠡᠭᠡᠵᠢᠩ᠎ᠦᠨ 12 ᠰᠠᠷ᠎ᠠ᠎ᠶ᠋ᠢᠨ 5 ᠤ᠋ ᠴᠠᠬᠢᠯᠭᠠᠨ ᠮᠡᠳᠡᠭᠡ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠠᠨᠠᠷ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃