2022-12-09 15:53:43
ᠦᠪᠡᠷᠳᠡᠬᠡᠨ ᠵᠠᠰᠠᠬᠤ ᠤᠷᠤᠨ ᠤ᠋ ᠲᠤᠳᠤᠭᠠᠳᠤ ᠵᠢ ᠬᠠᠮᠠᠭᠠᠯᠠᠬᠤ ᠲᠢᠩᠬᠢᠮ ᠡᠴᠨ ᠤᠢᠯᠠᠭᠠᠬᠰᠠᠨ ᠵᠢᠡᠷ᠂ ᠡᠨᠡ ᠤᠳᠠᠭ᠎ᠠ ᠵᠢᠨ ᠬᠢᠵᠢᠭ ᠤ᠋ᠨ ᠪᠠᠢᠳᠠᠯ ᠡᠬᠦᠰᠦᠭᠰᠡᠨ ᠡᠴᠨ ᠨᠠᠭᠠᠰᠢ᠂ ᠦᠪᠡᠷᠳᠡᠬᠡᠨ ᠵᠠᠰᠠᠬᠤ ᠤᠷᠤᠨ ᠤ᠋ ᠳᠣᠲᠣᠭᠠᠳᠤ᠎ᠶ᠋ᠢ ᠬᠠᠮᠠᠭᠠᠯᠠᠬᠤ ᠲᠢᠩᠬᠢᠮ᠎ᠦᠨ ᠪᠠᠢᠭᠤᠯᠭ᠎ᠠ᠎ᠶ᠋ᠢᠨ ᠬᠡᠷ᠎ᠲᠡᠬᠡᠨ ᠰᠠᠭᠤᠵᠤ ᠪᠠᠢᠭ᠎ᠠ ᠴᠠᠭ᠍ᠳᠠᠭ᠎ᠠ ᠲᠤᠰᠠᠯᠠᠬᠤ ᠴᠠᠭ᠍ᠳᠠᠭ᠎ᠠ ᠨᠠᠷ 《ᠬᠤᠤᠰ ᠨᠡᠷ᠎ᠡ ᠮᠡᠳᠡᠭᠦᠯᠬᠦ᠌ 》 ᠠᠵᠢᠯ ᠤᠨ ᠲᠣᠭ᠍ᠲᠠᠴᠠ᠎ᠶ᠋ᠢ ᠨᠠᠢᠳᠠᠪᠤᠷᠢᠵᠢᠭᠤᠯᠤᠨ᠂ ᠲᠤᠬᠠᠶ᠎ᠶ᠋ᠢᠨ ᠭᠠᠵᠠᠷ ᠤᠨ ᠵᠡᠭᠡᠯᠢ ᠭᠤᠳᠤᠮᠵᠢ ᠂ ᠨᠡᠢᠭᠡᠮ ᠲᠣᠭᠣᠷᠢᠭ᠂ ᠲᠣᠮᠢᠯᠠᠭ᠍ᠰᠠᠨ ᠰᠠᠯᠪᠤᠷᠢ ᠵᠡᠷᠭᠡ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠨᠢᠭᠡᠳᠦᠭᠡᠷ ᠹᠷᠤᠨᠲ ᠲᠦ᠍ ᠬᠦᠨᠵᠡᠬᠡᠢᠷᠡᠵᠦ᠂ ᠰᠠᠢ᠌ᠨ ᠲᠤᠷ᠎ᠠ ᠵᠢᠨ ᠦᠢᠯᠡᠴᠢᠯᠡᠭᠡᠨ᠎ᠤ ᠠᠵᠢᠯᠯᠠᠭᠠᠦᠷᠨᠢᠭᠦᠯᠵᠤ᠂ ᠡᠯ᠎ᠡ ᠵᠦᠢᠯ᠎ᠦᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠳᠤ ᠢᠳᠡᠪᠬᠢᠲᠡᠢ ᠤᠷᠤᠯᠴᠠᠵᠤ᠂ ᠲᠢᠩᠬᠢᠮ᠎ᠦᠨ ᠪᠠᠢᠭᠤᠯᠭ᠎ᠠ᠎ᠶ᠋ᠢᠨ 640 ᠴᠠᠬᠳᠠᠭ᠎ᠠ ᠲᠤᠰᠠᠯᠠᠬᠤ ᠴᠠᠭ᠍ᠳᠠᠭ᠎ᠠ ᠲᠠᠭᠠᠭᠠᠴᠢᠯᠠᠨ ᠬᠠᠷᠢᠯᠴᠠᠵᠤ ᠪᠠᠢᠭ᠎ᠠ ᠨᠡᠢᠭᠡᠮ ᠲᠣᠭᠣᠷᠢᠭ ᠪᠠ ᠰᠠᠭᠤᠭ᠎ᠠ ᠭᠠᠵᠠᠷ᠎ᠤᠨ ᠨᠡᠢᠭᠡᠮ ᠲᠣᠭᠣᠷᠢᠭ᠎ᠲᠠᠭᠠᠨ ᠨᠡᠷ᠎ᠡ ᠮᠡᠳᠡᠬᠦᠯᠵᠦ ᠂ ᠰᠠᠢᠨ ᠳᠤᠷ᠎ᠠ᠎ᠶ᠋ᠢᠨ ᠦᠶ᠋ᠯᠡᠴᠢᠯᠡᠭᠡ ᠬᠠᠩᠭᠠᠪᠠ᠃
《ᠬᠤᠤᠰ ᠨᠡᠷ᠎ᠡ ᠮᠡᠳᠡᠭᠦᠯᠬᠦ᠌ 》 ᠬᠠᠮᠢᠶ᠎ᠠ ᠪᠥᠬᠥᠶ ᠠᠵᠢᠯ᠎ᠤᠨ ᠲᠣᠭ᠍ᠲᠠᠴᠠ᠎ᠶ᠋ᠢ ᠤᠯᠠᠮ ᠲᠡᠭᠦᠯᠳᠡᠷᠵᠢᠭᠦᠯᠬᠦ᠌᠎ᠶ᠋ᠢᠨ ᠲᠤᠰᠠᠳᠠ ᠂ ᠦᠪᠡᠷᠳᠡᠬᠡᠨ ᠵᠠᠰᠠᠬᠤ ᠤᠷᠤᠨ ᠤ᠋ ᠳᠣᠲᠣᠭᠠᠳᠤ᠎ᠶ᠋ᠢ ᠬᠠᠮᠠᠭᠠᠯᠠᠬᠤ ᠲᠢᠩᠬᠢᠮ 《 〈 ᠬᠤᠤᠰ ᠨᠡᠷ᠎ᠡ ᠮᠡᠳᠡᠭᠦᠯᠬᠦ᠌ 〉 ᠠᠵᠢᠯ᠎ᠤᠨ ᠲᠣᠭ᠍ᠲᠠᠴᠠ᠎ᠶ᠋ᠢ ᠨᠠᠢᠳᠠᠪᠤᠷᠢᠵᠢᠭᠤᠯᠵᠤ ᠬᠥᠬᠡᠬᠣᠲᠠ᠎ᠶ᠋ᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠬᠠᠮᠠᠭᠠᠯᠠᠯᠲᠠ᠎ᠶ᠋ᠢᠨ ᠳᠠᠢᠯᠠᠯᠳᠤᠭᠠᠨ᠎ᠤ ᠢᠯᠠᠯᠲᠠ᠎ᠶ᠋ᠢ ᠤᠯᠬᠤ᠎ᠳᠤ ᠬᠦᠴᠦᠨ ᠨᠡᠮᠡᠷᠢᠯᠡᠬᠦ᠌ ᠲᠤᠬᠠᠶ ᠠᠵᠢᠯ᠎ᠤᠨ ᠲᠥᠰᠦᠯ 》 ᠢ᠋ ᠲᠣᠭ᠍ᠲᠠᠭᠠᠨ ᠳᠠᠷᠤᠮᠠᠯᠯᠠᠨ ᠲᠠᠷᠬᠠᠭᠠᠪᠠ᠃ ᠡᠬᠦᠨ ᠳ᠋ᠤ᠂ ᠲᠤᠰᠠᠯᠠᠬᠤ ᠪᠡᠷ ᠬᠦᠷᠦᠯᠴᠡᠨ ᠤᠴᠢᠬᠰᠠᠨ ᠦᠨᠳᠦᠰᠦᠨ ᠱᠠᠲᠤᠨ᠎ᠤ ᠴᠠᠭ᠍ᠳᠠᠭ᠎ᠠ ᠨᠠᠷ ᠳᠠᠭᠠᠭᠠᠴᠢᠯᠠᠨ ᠬᠠᠷᠢᠯᠴᠠᠬᠤ ᠨᠡᠢᠭᠡᠮ ᠲᠣᠭᠣᠷᠢᠭ᠎ᠲᠤ ᠲᠦᠷ ᠴᠠᠭ᠎ᠤᠨ ᠨᠠᠮ᠎ᠤᠨ ᠡᠭᠦᠷ ᠪᠠᠢᠭᠤᠯᠬᠤ᠎ᠶ᠋ᠢᠨ ᠬᠠᠮᠲᠤ ᠨᠡᠢᠭᠡᠮ ᠲᠣᠭᠣᠷᠢᠭ᠎ᠲᠠᠶ ᠬᠠᠮᠲᠤᠷᠠᠨ ᠶᠡᠷᠦᠩᠬᠡᠢᠯᠡᠨ ᠵᠣᠬᠢᠴᠠᠭᠤᠯᠬᠤ ᠠᠵᠢᠯ ᠢ᠋ ᠴᠢᠩᠭᠠᠳᠬᠠᠬᠤ᠂ ᠬᠠᠷᠢᠭᠤᠴᠠᠯᠭ᠎ᠠ᠎ᠶ᠋ᠢ ᠨᠠᠢᠳᠠᠪᠤᠷᠢᠵᠢᠭᠤᠯᠬᠤ᠂ ᠤᠬᠠᠭᠤᠯᠤᠨ ᠵᠢᠯᠣᠭᠣᠳᠭᠤ ᠭᠤᠷᠪᠠᠨ ᠵᠦᠶ᠋ᠯ᠎ᠦᠨ ᠠᠵᠢᠯ᠎ᠤᠨ ᠲᠣᠭ᠍ᠲᠠᠴᠠ᠎ᠶ᠋ᠢ ᠪᠠᠢᠭᠤᠯᠵᠤ ᠂ ᠳᠠᠭᠠᠭᠠᠴᠢᠯᠠᠨ ᠬᠠᠷᠢᠯᠴᠠᠬᠤ ᠺᠠᠳ᠋ᠷ ᠤ᠋ᠨ 6 ᠵᠦᠶ᠋ᠯ᠎ᠦᠨ ᠲᠤᠱᠢᠶᠠᠯ ᠬᠠᠷᠢᠭᠤᠴᠠᠯᠭ᠎ᠠ ᠪᠠ ᠰᠠᠢᠨ ᠳᠤᠷ᠎ᠠ᠎ᠶ᠋ᠢᠨ ᠦᠶ᠋ᠯᠡᠴᠢᠯᠡᠭᠡ᠎ᠳᠦ ᠣᠷᠣᠯᠴᠠᠬᠤ 6 ᠵᠦᠶ᠋ᠯ᠎ᠦᠨ ᠨᠠᠷᠢᠨ ᠲᠠᠩᠰᠠ ᠶ᠋ᠢ ᠤᠯᠠᠮ ᠲᠣᠳᠣᠷᠬᠠᠶ ᠲᠣᠭ᠍ᠲᠠᠭᠠᠵᠤ ᠂ ᠳᠣᠲᠣᠭᠠᠳᠤ᠎ᠶ᠋ᠢ ᠬᠠᠮᠠᠭᠠᠯᠠᠬᠤ ᠲᠢᠩᠬᠢᠮ᠎ᠦᠨ ᠰᠠᠭᠤᠭᠠᠯᠢ ᠠᠷᠠᠳ ᠤ᠋ᠨ ᠲᠣᠭᠣᠷᠢᠭ᠎ᠲᠤ ᠰᠠᠭᠤᠭ᠎ᠠ 38 ᠨᠠᠮ᠎ᠤᠨ ᠭᠡᠱᠢᠭᠦᠨ ᠴᠠᠭ᠍ᠳᠠᠭ᠎ᠠ ᠵᠢ ᠵᠣᠬᠢᠶᠠᠨ ᠪᠠᠢᠭᠤᠯᠤᠨ ᠰᠠᠢᠨ ᠳᠤᠷ᠎ᠠ ᠶ᠋ᠢᠨ ᠦᠶ᠋ᠯᠡᠴᠢᠯᠡᠭᠡᠨ ᠦ ᠠᠩᠭᠢ ᠪᠠᠢᠭᠤᠯᠵᠤ᠂ ᠨᠡᠢᠭᠡᠮ ᠲᠣᠭᠣᠷᠢᠭ᠎ᠲᠤ ᠰᠠᠭᠤᠵᠤ ᠪᠠᠢᠭ᠎ᠠ 125 ᠨᠠᠮ᠎ᠤᠨ ᠭᠡᠱᠢᠭᠦᠨ ᠺᠠᠳ᠋ᠷ᠎ᠢ ᠳᠠᠢᠴᠢᠯᠠᠨ ᠨᠡᠢᠭᠡᠮ ᠲᠣᠭᠣᠷᠢᠭ᠎ᠲᠤ ᠨᠡᠷ᠎ᠡ ᠮᠡᠳᠡᠭᠦᠯᠦᠨ ᠰᠠᠢᠨ ᠳᠤᠷ᠎ᠠ ᠵᠢᠨ ᠦᠢᠯᠡᠴᠢᠯᠡᠭᠡᠨ᠎ᠤ ᠠᠵᠢᠯᠯᠠᠭ᠎ᠠ᠎ᠳᠤ ᠤᠷᠤᠯᠴᠠᠭᠤᠯᠪᠠ᠃
ᠬᠢᠵᠢᠭ ᠤ᠋ᠨ ᠪᠠᠢᠳᠠᠯ ᠡᠬᠦᠰᠦᠭᠰᠡᠨ ᠡᠴᠨ ᠨᠠᠭᠠᠰᠢ ᠂ ᠦᠪᠡᠷᠳᠡᠬᠡᠨ ᠵᠠᠰᠠᠬᠤ ᠤᠷᠤᠨ ᠤ᠋ ᠲᠤᠳᠤᠭᠠᠳᠤ ᠵᠢ ᠬᠠᠮᠠᠭᠠᠯᠠᠬᠤ ᠲᠢᠩᠬᠢᠮ ᠤ᠋ᠨ ᠪᠠᠢᠭᠤᠯᠭ᠎ᠠ ᠵᠢᠨ ᠴᠠᠬᠳᠠᠭ᠎ᠠ ᠲᠤᠰᠠᠯᠠᠬᠤ ᠴᠠᠬᠳᠠᠭ᠎ᠠ ᠪᠠᠷᠢᠨ ᠳᠤᠤᠷ᠎ᠠ ᠨᠢ ᠬᠦᠳᠡᠯᠦᠯᠴᠡᠵᠦ ᠂ ᠰᠠᠨᠠᠭᠠᠴᠢᠯᠠᠭ᠎ᠠ ᠲᠠᠢ ᠪᠡᠷ ᠵᠢᠳᠬᠦᠯ ᠴᠢᠷᠮᠠᠢᠯᠭ᠎ᠠ ᠭᠠᠷᠭᠠᠵᠤ᠂ ᠦᠳᠳᠡᠷ ᠲᠦᠷᠬᠡᠨ ᠡᠯ᠎ᠡ ᠨᠡᠢᠬᠡᠮ ᠲᠤᠭᠤᠷᠢᠬ ᠲᠦ᠍ ᠬᠦᠷᠴᠦ ᠨᠡᠷ᠎ᠡ ᠮᠡᠳᠡᠬᠦᠯᠵᠦ᠂ ᠢᠳᠡᠪᠬᠢᠳᠡᠢ ᠪᠡᠷ ᠬᠢᠵᠢᠭ ᠤ᠋ᠨ ᠪᠠᠢᠳᠠᠯ ᠢ᠋ ᠰᠡᠷᠬᠡᠢᠯᠡᠵᠦ ᠡᠵᠡᠮᠳᠡᠬᠦ ᠠᠵᠢᠯ ᠳ᠋ᠤ ᠰᠢᠭᠤᠷᠬᠠᠢᠯᠠᠨ ᠤᠷᠤᠯᠴᠠᠵᠤ ᠂ ᠨᠠᠮ ᠤ᠋ᠨ ᠬᠡᠰᠢᠬᠦᠨ ᠤ᠋ ᠬᠤᠰᠢᠭᠤᠴᠢ ᠵᠢᠱ᠌ᠢᠶᠡᠴᠢ ᠦᠢᠯᠡᠳᠦᠯ ᠢ᠋ ᠬᠦᠢᠴᠡᠳ ᠪᠠᠳᠠᠷᠠᠭᠤᠯᠤᠬᠰᠠᠨ ᠪᠠᠢᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠠᠨᠠᠷ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃