ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠮᠡᠳᠡᠭᠡᠯᠡᠯ

2022-12-09 15:57:21

ᠵᠣᠬᠢᠶᠠᠭ᠍ᠴᠢ᠄ ᠨᠠᠪᠴᠢ ᠣᠩᠱᠢᠭ᠍ᠰᠠᠨ ᠣᠳᠠᠭ᠎ᠠ᠄ 3

ᠬᠦᠬᠡᠬᠤᠳᠠ ᠵᠢᠨ ᠰᠤᠷᠭᠠᠨ ᠬᠥᠮᠦᠵᠢᠯ ᠎ᠦᠨ ᠲᠣᠪᠴᠢᠶ᠎ᠠ ᠎ᠶᠢᠨ ᠲᠣᠬᠢᠷᠠᠭᠤᠯᠤᠯᠲᠠ ᠪᠠᠢᠷᠢᠯᠠᠭᠤᠯᠤᠯᠲᠠ ᠪᠡᠷ᠂ ᠬᠣᠲᠠ᠎ᠶᠢᠨ ᠡᠯ᠎ᠡ ᠰᠤᠷᠭᠠᠭᠤᠯᠢ ᠨᠤᠭᠤᠳ ᠰᠦᠯᠵᠢᠶᠡᠨ ᠳ᠋ᠡᠬᠢ ᠭᠡᠷ᠎ᠦᠨ ᠠᠬᠠᠮᠠᠳ᠎ᠤᠨ ᠬᠤᠷᠠᠯ᠂ ᠰᠦᠯᠵᠢᠶᠡᠨ ᠳ᠋ᠡᠬᠢ ᠭᠡᠷ᠎ᠦᠨ ᠰᠣᠷᠪᠤᠯᠵᠢᠯᠠᠭ᠎ᠠ ᠵᠡᠷᠭᠡ ᠬᠡᠯᠪᠡᠷᠢ ᠎ᠪᠡᠷ ᠳᠠᠮᠵᠢᠭᠤᠯᠤᠨ ᠰᠤᠷᠭᠠᠭᠤᠯᠢ ᠪᠠ ᠭᠡᠷ ᠎ᠦᠨ ᠠᠬᠠᠮᠠᠳ ᠎ᠤᠨ ᠬᠤᠭᠤᠷᠤᠨᠳᠤᠬᠢ ᠤᠢᠯᠠᠭᠠᠯᠴᠠᠭ᠎ᠠ ᠨᠡᠪᠳᠡᠷᠡᠯᠴᠡᠭᠡ ᠵᠢ ᠴᠢᠩᠭᠠᠳᠬᠠᠵᠤ᠂ ᠬᠢᠵᠢᠭ ᠎ᠤᠨ ᠬᠤᠭᠤᠴᠠᠭᠠᠨ ᠳ᠋ᠤ ᠭᠡᠷ᠎ᠲᠡᠬᠡᠨ ᠪᠠᠢᠬᠤ ᠰᠣᠷᠣᠭ᠍ᠴᠢᠳ᠎ᠤᠨ ᠰᠤᠷᠤᠯᠴᠠᠯᠭ᠎ᠠ ᠪᠤᠯᠤᠨ ᠰᠡᠳᠬᠢᠴᠡ᠎ᠶᠢᠨ ᠪᠠᠢᠳᠠᠯ᠎ᠳᠤ ᠠᠩᠬᠠᠷᠤᠯ ᠲᠠᠯᠪᠢᠵᠤ᠂ ᠭᠡᠷ᠎ᠦᠨ ᠠᠬᠠᠮᠠᠳ᠎ᠤᠨ ᠬᠡᠦᠬᠡᠳ᠎ᠲᠠᠢ᠎ᠪᠡᠨ ᠢᠳᠡᠪᠬᠢᠳᠡᠢ ᠬᠠᠷᠢᠯᠴᠠᠵᠤ ᠰᠠᠢᠨ ᠰᠠᠢᠬᠠᠨ ᠬᠡᠷ ᠪᠦᠯᠢ ᠵᠢᠨ ᠬᠠᠷᠢᠴᠠᠭ᠎ᠠ ᠵᠢ ᠪᠤᠢ ᠪᠤᠯᠭᠠᠬᠤ ᠎ᠶᠢ ᠬᠦᠳᠦᠯᠦᠨ ᠵᠢᠯᠤᠭᠤᠳᠴᠤ᠂ ᠰᠤᠷᠤᠭᠴᠢ ᠵᠢᠨ ᠬᠢᠴᠢᠶᠡᠯ ᠰᠤᠷᠤᠯᠭ᠎ᠠ ᠪᠠ ᠪᠡᠶ᠎ᠡ ᠰᠡᠳᠬᠢᠴᠡ ᠵᠢᠨ ᠡᠷᠡᠬᠦᠯ ᠮᠡᠨᠳᠦ ᠬᠢᠵᠢᠭ᠎ᠤᠨ ᠪᠠᠢᠳᠠᠯ ᠳ᠋ᠤ ᠦᠯᠦ ᠨᠦᠯᠦᠭᠡᠯᠡᠭᠳᠡᠬᠦ ᠵᠢ ᠠᠬᠢᠭᠤᠯᠪᠠ᠃

ᠬᠢᠵᠢᠭ᠌ ᠎ᠦᠨ ᠬᠤᠭᠤᠴᠠᠭᠠᠨ ᠎ᠳ᠋ᠡᠬᠢ ᠰᠤᠷᠤᠭ᠍ᠴᠢᠳ᠎ᠤᠨ ᠰᠡᠳᠬᠢᠴᠡ᠎ᠶᠢᠨ ᠡᠷᠡᠭᠦᠯ ᠮᠡᠨᠳᠦ ᠎ᠶᠢᠨ ᠠᠰᠠᠭᠤᠳᠠᠯ ᠪᠣᠯ ᠰᠤᠷᠭᠠᠭᠤᠯᠢ᠎ᠶᠢᠨ ᠭᠤᠤᠯ ᠠᠩᠬᠠᠷᠤᠯ ᠳᠠᠯᠪᠢᠵᠤ ᠪᠠᠢᠭ᠎ᠠ ᠶᠠᠪᠤᠳᠠᠯ ᠪᠤᠯᠤᠨ᠎ᠠ᠃ ᠬᠥᠬᠡᠬᠣᠲᠠ᠎ᠶᠢᠨ ᠭᠤᠴᠢᠳᠤᠭᠠᠷ ᠳᠤᠮᠳᠠᠳᠤ ᠰᠤᠷᠭᠠᠭᠤᠯᠢ 《ᠰᠠᠢᠨ ᠬᠠᠷᠢᠴᠠᠭ᠎ᠠ ᠪᠣᠯ ᠰᠠᠢᠨ ᠰᠤᠷᠭᠠᠨ ᠬᠥᠮᠦᠵᠢᠯ ᠮᠦᠨ》 ᠭᠡᠬᠦ ᠰᠦᠯᠵᠢᠶᠡᠨ ᠲᠠᠢᠯᠤᠮᠵᠢ ᠡᠷᠭᠢᠯᠡᠪᠡ᠃ ᠰᠢᠨ᠎ᠡ ᠬᠣᠲᠠ ᠲᠣᠭᠣᠷᠢᠭ᠋᠎ᠤᠨ ᠮᠠᠨᠵᠤ ᠦᠨᠳᠦᠰᠦᠲᠡᠨ᠎ᠦ ᠪᠠᠭ᠎ᠠ ᠰᠤᠷᠭᠠᠭᠤᠯᠢ ᠰᠦᠯᠵᠢᠶᠡᠨ ᠳ᠋ᠡᠬᠢ ᠭᠡᠷ ᠪᠦᠯᠢ᠎ᠶᠢᠨ ᠰᠣᠷᠪᠤᠯᠵᠢᠯᠠᠭ᠎ᠠ ᠥᠷᠨᠢᠭᠦᠯᠵᠦ᠂ ᠰᠤᠷᠤᠭ᠍ᠴᠢᠳ᠎ᠤᠨ ᠭᠡᠷ᠎ᠲᠡᠬᠡᠨ ᠰᠠᠭᠤᠵᠤ ᠰᠤᠷᠤᠯᠴᠠᠵᠤ ᠠᠮᠢᠳᠤᠷᠠᠵᠤ ᠪᠠᠢᠭ᠎ᠠ ᠪᠠᠢᠳᠠᠯ᠂ ᠪᠠᠭ᠍ᠰᠢ᠎ᠶᠢᠨ ᠰᠦᠯᠵᠢᠶᠡᠨ ᠳ᠋ᠡᠬᠢ ᠰᠤᠷᠭᠠᠨ ᠬᠥᠮᠦᠵᠢᠯ ᠵᠢᠭᠠᠨ ᠰᠤᠷᠭᠠᠯᠲᠠ ᠵᠡᠷᠭᠡ ᠪᠠᠢᠳᠠᠯ ᠎ᠢ ᠪᠥᠬᠥ ᠲᠠᠯ᠎ᠠ ᠎ᠪᠠᠷ ᠣᠢᠯᠠᠭᠠᠵᠤ ᠂ ᠭᠡᠷ᠎ᠦᠨ ᠠᠬᠠᠮᠠᠳ᠎ᠤᠨ ᠰᠠᠨᠠᠯ ᠰᠠᠨᠠᠭᠤᠯᠭ᠎ᠠ᠎ᠶᠢ ᠬᠤᠷᠢᠶᠠᠪᠠ ᠃

ᠬᠦᠬᠡᠬᠤᠳᠠ ᠵᠢᠨ ᠦᠨᠳᠦᠰᠦᠳᠡᠨ᠎ᠤ ᠳᠤᠷᠰᠢᠯᠳᠠ ᠵᠢᠨ ᠰᠤᠷᠭᠠᠭᠤᠯᠢ ᠬᠡᠷ᠎ᠤᠨ ᠠᠬᠠᠮᠠᠳ ᠢ᠋ ᠵᠤᠬᠢᠶᠠᠨ ᠪᠠᠢᠭᠤᠯᠵᠤ᠂ 《ᠢᠳᠡᠪᠬᠢ ᠬᠡᠯᠡ ᠶᠠᠷᠢᠶ᠎ᠠ ᠪᠡᠷ ᠠᠪᠤ ᠡᠵᠢ ᠦᠷ᠎ᠠ ᠬᠡᠦᠬᠡᠳ᠎ᠤᠨ ᠬᠠᠷᠢᠴᠠᠭ᠎ᠠ ᠵᠢ ᠰᠠᠢᠵᠢᠷᠠᠭᠤᠯᠤᠶ᠎ᠠ》 ᠬᠡᠬᠦ ᠨᠡᠢᠳᠡ ᠵᠢᠨ ᠠᠰᠠᠷᠠᠮᠵᠢ ᠵᠢᠨ ᠰᠡᠳᠬᠢᠴᠡ ᠵᠢᠨ ᠲᠠᠢᠯᠤᠮᠵᠢ ᠵᠢ ᠦᠵᠡᠬᠦᠯᠵᠦ᠂ ᠪᠠᠰᠠ ᠰᠡᠳᠬᠢᠴᠡ ᠵᠢᠨ ᠵᠦᠪᠯᠡᠯᠬᠡ ᠦᠭᠬᠦ ᠳᠤᠰᠬᠠᠢ ᠪᠠᠭᠰᠢ ᠳᠤᠬᠢᠷᠠᠭᠤᠯᠵᠤ᠂ ᠬᠡᠷ ᠪᠦᠯᠢ ᠵᠢᠨ ᠰᠤᠷᠪᠤᠯᠵᠢᠯᠠᠭ᠎ᠠ ᠦᠷᠨᠢᠬᠦᠯᠵᠦ᠂ ᠰᠦᠯᠵᠢᠶᠡᠨ ᠬᠢᠴᠢᠶᠡᠯ ᠪᠠ ᠬᠡᠦᠭᠡᠳ᠎ᠤᠨ ᠰᠡᠳᠬᠢᠴᠡ ᠵᠢᠨ ᠳᠤᠬᠠᠢ ᠠᠯᠢ ᠤᠯᠠᠨ ᠰᠠᠨᠠᠯ ᠰᠠᠨᠠᠭᠤᠯᠭ᠎ᠠ ᠵᠢ ᠬᠤᠷᠢᠶᠠᠪᠠ᠃ ᠡᠳᠡᠭᠡᠷ ᠠᠯᠢ ᠤᠯᠠᠨ ᠠᠵᠢᠯᠯᠠᠭ᠎ᠠ ᠨᠢ ᠣᠨᠴᠠᠭᠠᠢ ᠴᠠᠭ ᠦᠶ᠎ᠡ᠎ᠶᠢᠨ ᠭᠡᠷ ᠪᠦᠯᠢ ᠪᠠ ᠰᠤᠷᠭᠠᠭᠤᠯᠢ ᠵᠢᠨ ᠬᠢᠨ᠎ᠤ ᠢᠳᠡᠪᠬᠢᠳᠡᠢ ᠬᠠᠮᠵᠢᠯᠴᠠᠨ ᠰᠤᠷᠤᠭᠴᠢ ᠬᠦᠮᠦᠵᠢᠬᠦᠯᠬᠦ ᠬᠠᠯᠠᠭᠤᠨ ᠳᠤᠯᠠᠭᠠᠨ ᠬᠦᠬᠦᠷᠬᠡ ᠬᠤᠯᠪᠤᠭᠠᠰᠤ ᠪᠤᠯᠤᠭᠰᠠᠨ ᠪᠠᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠠᠨᠠᠷ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面