2022-12-08 14:29:36
12 ᠰᠠᠷ᠎ᠠ᠎ᠶᠢᠨ 7 ᠤ ᠡᠳᠦᠷ᠂ ᠲᠥᠷᠥ᠍᠎ᠶᠢᠨ ᠶᠠᠪᠤᠳᠠᠯ᠎ᠤᠨ ᠬᠣᠷᠢᠶᠠᠨ᠎ᠤ ᠬᠣᠯᠪᠤᠭᠠᠯᠠᠨ ᠰᠡᠷᠭᠡᠢᠯᠡᠵᠦ ᠬᠣᠯᠪᠤᠭᠠᠯᠠᠨ ᠡᠵᠡᠮᠳᠡᠬᠦ ᠲᠣᠭᠲᠠᠴᠠ᠎ᠶᠢᠨ ᠬᠢᠨ ᠰᠣᠨᠢᠨ ᠮᠡᠳᠡᠭᠡ ᠨᠡᠢᠲᠡᠯᠡᠬᠦ ᠬᠤᠷᠠᠯ ᠬᠢᠵᠦ᠂ ᠬᠢᠵᠢᠭ᠌᠎ᠦᠨ ᠪᠠᠢᠳᠠᠯ᠎ᠢ ᠰᠡᠷᠭᠡᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠤᠯᠠᠮ ᠴᠢᠨᠠᠭᠰᠢᠳᠠ ᠰᠢᠯᠢᠳᠡᠭᠵᠢᠭᠦᠯᠦᠨ ᠨᠠᠢᠳᠠᠪᠤᠷᠢᠵᠢᠭᠤᠯᠤᠭᠰᠠᠨ ᠬᠣᠯᠪᠣᠭᠳᠠᠯ ᠪᠦᠬᠦᠢ ᠪᠠᠢᠳᠠᠯ᠎ᠢ ᠲᠠᠨᠢᠯᠴᠠᠭᠤᠯᠪᠠ᠃
ᠶᠠᠭᠤᠨ᠎ᠳᠤ 《ᠰᠢᠨ᠎ᠡ ᠠᠷᠪᠠᠨ ᠵᠤᠷᠪᠤᠰ》 ᠢ ᠨᠡᠢᠲᠡᠯᠡᠭᠰᠡᠨ ᠪᠤᠶ?
ᠲᠥᠷᠥ᠍᠎ᠶᠢᠨ ᠶᠠᠪᠤᠳᠠᠯ᠎ᠤᠨ ᠬᠣᠷᠢᠶᠠᠨ᠎ᠤ ᠬᠣᠯᠪᠤᠭᠠᠯᠠᠨ ᠰᠡᠷᠭᠡᠢᠯᠡᠵᠦ ᠬᠣᠯᠪᠤᠭᠠᠯᠠᠨ ᠡᠵᠡᠮᠳᠡᠬᠦ ᠲᠣᠭᠲᠠᠴᠠ ᠶᠢᠨ ᠶᠡᠷᠦᠩᠬᠡᠢᠯᠡᠭᠰᠡᠨ ᠳᠤᠭᠤᠢᠯᠠᠩ 《ᠰᠢᠨ᠎ᠡ ᠲᠢᠲᠢᠮᠯᠢᠭ᠌ ᠠᠭᠤᠰᠬᠢᠨ ᠦᠷᠪᠢᠰᠦᠯ᠎ᠦᠨ ᠬᠢᠵᠢᠭ᠌᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠎ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ ᠨᠠᠢᠳᠠᠪᠤᠷᠢᠵᠢᠭᠤᠯᠬᠤ ᠠᠷᠭ᠎ᠠ ᠬᠡᠮᠵᠢᠶ᠎ᠡ》ᠵᠢ ᠨᠡᠢᠲᠡᠯᠡᠪᠡ᠃ ᠡᠨᠡ ᠠᠷᠪᠠᠨ ᠵᠤᠷᠪᠤᠰ ᠠᠷᠭ᠎ᠠ ᠬᠡᠮᠵᠢᠶ᠎ᠡ ᠪᠣᠯ ᠰᠡᠷᠭᠡᠢᠯᠡᠨ ᠡᠵᠡᠮᠳᠡᠬᠦ ᠠᠵᠢᠯ᠎ᠤᠨ ᠰᠢᠨᠵᠢᠯᠡᠬᠦ ᠤᠬᠠᠭᠠᠨᠴᠢ ᠨᠠᠷᠢᠯᠢᠭ᠋ ᠣᠨᠣᠪᠴᠢᠲᠠᠢ ᠪᠠᠢᠬᠤ ᠬᠢᠷᠢ ᠲᠦᠪᠰᠢᠨ᠎ᠢ ᠦᠷᠭᠦᠯᠵᠢᠯᠡᠨ ᠳᠡᠭᠡᠭᠰᠢᠯᠡᠭᠦᠯᠬᠦ᠎ᠶᠢᠨ ᠲᠥᠯᠥᠭᠡ ᠶᠤᠮ᠂ ᠬᠡᠷᠡᠭᠵᠢᠭᠦᠯᠬᠦ ᠶᠠᠪᠤᠴᠠ᠎ᠳᠤ ᠳᠥᠭᠥᠮᠴᠢᠯᠡᠬᠦ᠂ 《ᠨᠢᠭᠡ ᠯᠡ ᠪᠠᠷᠢᠮᠵᠢᠶ᠎ᠠ᠎ᠪᠠᠷ ᠱᠠᠭᠠᠷᠳᠠᠬᠤ》ᠵᠢ ᠡᠷᠡᠰ ᠵᠠᠯᠠᠷᠠᠭᠤᠯᠬᠤ ᠬᠡᠷᠡᠭᠲᠡᠢ᠂ ᠱᠠᠲᠤ ᠱᠠᠲᠤ᠎ᠪᠠᠷ ᠡᠭᠦᠷᠭᠡ ᠨᠡᠮᠡᠵᠦ ᠪᠣᠯᠬᠤ ᠦᠭᠡᠢ ᠬᠡᠪᠡ᠃
ᠰᠢᠯᠢᠳᠡᠭᠵᠢᠭᠦᠯᠬᠦ ᠨᠢ ᠪᠦᠷᠢᠮᠦᠰᠦᠨ ᠴᠢᠯᠦᠭᠡᠲᠡᠢ ᠪᠤᠯᠤᠭᠰᠠᠨ ᠤᠴᠢᠷ ᠦᠦ?
ᠡᠨᠡ ᠤᠳᠠᠭᠠᠨ᠎ᠤ ᠰᠢᠯᠢᠳᠡᠭᠵᠢᠭᠦᠯᠦᠯᠲᠡ ᠨᠢ ᠪᠦᠷᠢᠮᠦᠰᠦᠨ ᠴᠢᠯᠦᠭᠡᠲᠡᠢ ᠲᠠᠯᠪᠢᠵᠤ ᠰᠡᠷᠭᠡᠢᠯᠡᠬᠦ ᠦᠭᠡᠢ ᠭᠡᠰᠡᠨ ᠶᠠᠪᠤᠳᠠᠯ ᠪᠢᠰᠢ᠂ ᠬᠠᠷᠢᠨ ᠰᠠᠨᠠᠭᠠᠴᠢᠯᠠᠭ᠎ᠠ᠎ᠲᠠᠢ ᠰᠢᠯᠢᠳᠡᠭᠵᠢᠭᠦᠯᠦᠯᠲᠡ ᠪᠣᠯᠬᠤ᠎ᠠᠴᠠ ᠪᠢᠰᠢ ᠰᠠᠨᠠᠭᠠᠴᠢᠯᠠᠭ᠎ᠠ ᠦᠭᠡᠢ ᠠᠵᠢᠯᠯᠠᠭ᠎ᠠ ᠪᠢᠰᠢ ᠶᠤᠮ᠃
ᠪᠢᠳᠡ ᠦᠷᠭᠦᠯᠵᠢᠯᠡᠨ ᠰᠡᠷᠭᠡᠢᠯᠡᠨ ᠡᠵᠡᠮᠳᠡᠬᠦ᠎ᠶᠢᠨ ᠳᠠᠭᠠᠤ ᠰᠤᠳᠤᠯᠵᠤ᠂ ᠳ᠋ᠦᠩᠨᠡᠬᠦ᠎ᠶᠢᠨ ᠳᠠᠭᠠᠤ ᠲᠣᠬᠢᠷᠠᠭᠤᠯᠤᠯᠲᠠ ᠬᠢᠵᠦ᠂ ᠪᠠᠭ᠎ᠠ ᠠᠯᠬᠤᠮ᠎ᠢᠶᠠᠷ᠂ ᠵᠣᠭᠰᠣᠯ ᠦᠭᠡᠢ ᠤᠷᠤᠭᠰᠢᠯᠠᠵᠤ᠂ ᠰᠡᠷᠭᠡᠢᠯᠡᠨ ᠡᠵᠡᠮᠳᠡᠬᠦ ᠠᠷᠭ᠎ᠠ ᠬᠡᠮᠵᠢᠶ᠎ᠡ᠎ᠪᠡᠨ ᠲᠠᠰᠤᠷᠠᠯᠲᠠ ᠦᠭᠡᠢ ᠰᠢᠯᠢᠳᠡᠭᠵᠢᠭᠦᠯᠦᠨ ᠲᠡᠭᠦᠯᠳᠡᠷᠵᠢᠭᠦᠯᠦᠨ᠎ᠡ᠃
ᠡᠮ ᠬᠠᠳᠠᠭᠠᠯᠠᠬᠤ ᠪᠠ ᠪᠤᠯᠢᠶᠠᠯᠳᠤᠨ ᠠᠪᠬᠤ ᠴᠢᠬᠤᠯᠠᠲᠠᠢ ᠦᠦ?
ᠨᠢᠭᠡᠨᠲᠡ ᠰᠢᠶᠠᠨ᠎ᠤ ᠱᠠᠲᠤᠨ᠎ᠠᠴᠠ ᠳᠡᠭᠡᠭᠰᠢᠬᠢ ᠡᠮᠴᠢᠯᠡᠭᠡᠨ᠎ᠦ ᠪᠠᠢᠭᠤᠯᠤᠮᠵᠢ ᠵᠢ ᠡᠪᠡᠳᠴᠢᠨ ᠳ᠋ᠦ᠍ᠨᠢ ᠲᠠᠭᠠᠷᠠᠭᠤᠯᠵᠤ ᠡᠮᠨᠡᠨ ᠵᠠᠰᠠᠬᠤ ᠡᠮ ᠵᠢᠴᠢ ᠸᠢᠷᠦ᠋ᠰ᠎ᠢ ᠡᠰᠡᠷᠭᠦᠴᠡᠬᠦ ᠡᠮ᠂ ᠬᠢᠲᠠᠳ ᠡᠮ᠂ ᠡᠸᠦ᠋ᠷᠦᠫᠡ ᠡᠮ ᠵᠡᠷᠭᠡ ᠡᠮ ᠪᠣᠯᠣᠨ ᠥᠳᠥᠭᠡᠭᠴᠢ᠎ᠶᠢᠨ ᠤᠷᠪᠠᠯᠵᠢ᠎ᠶᠢ ᠪᠠᠭᠲᠠᠭᠠᠭᠰᠠᠨ ᠵᠣᠬᠢᠬᠤ ᠪᠡᠯᠡᠳᠬᠡᠯ ᠬᠢᠬᠦ ᠬᠡᠷᠡᠭᠲᠡᠢ ᠬᠡᠵᠤ ᠱᠠᠭᠠᠷᠳᠠᠪᠠ᠃ ᠡᠭᠦᠨ᠎ᠦ ᠬᠠᠮᠲᠤ᠂ ᠦᠨᠳᠦᠰᠦᠨ ᠱᠠᠲᠤᠨ᠎ᠤ ᠡᠮᠴᠢᠯᠡᠭᠡᠨ᠎ᠦ ᠪᠠᠢᠭᠤᠯᠤᠮᠵᠢ ᠪᠣᠯᠣᠨ ᠡᠮ᠎ᠦᠨ ᠵᠦᠢᠯᠡᠰ᠎ᠦᠨ ᠵᠢᠵᠢᠭᠯᠡᠨ ᠬᠤᠳᠠᠯᠳᠤᠬᠤ ᠲᠣᠣᠷ ᠴᠡᠭ ᠵᠡᠷᠭᠡ᠎ᠳᠦ ᠴᠦ᠍ ᠵᠣᠬᠢᠴᠠᠩᠭᠤᠢ ᠪᠡᠯᠡᠳᠬᠡᠯ ᠬᠢᠵᠦ᠂ ᠡᠮ᠎ᠦᠨ ᠵᠦᠢᠯᠡᠰ᠎ᠦᠨ ᠪᠣᠯᠣᠮᠵᠢᠲᠤ ᠴᠢᠨᠠᠷ᠎ᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ ᠡᠮ ᠬᠠᠳᠠᠭᠠᠯᠠᠬᠤ ᠪᠠ ᠪᠤᠯᠢᠶᠠᠯᠳᠤᠨ ᠠᠪᠬᠤ ᠴᠢᠬᠤᠯᠠ ᠦᠭᠡᠢ᠃ ᠪᠦᠬᠦᠢᠯᠡ ᠠᠵᠢᠯ᠎ᠤᠨ ᠪᠠᠢᠷᠢᠯᠠᠭᠤᠯᠤᠯᠲᠠ᠎ᠶᠢ ᠳᠠᠭᠠᠯᠳᠤᠨ᠂ ᠡᠮ᠎ᠦᠨ ᠵᠦᠢᠯᠡᠰ᠎ᠦᠨ ᠪᠣᠷᠤᠯᠠᠭᠤᠯᠭ᠎ᠠ᠎ᠶᠢᠨ ᠴᠡᠭ ᠴᠦ᠍ ᠲᠡᠷᠡ᠂ ᠡᠮᠴᠢᠯᠡᠭᠡᠨ᠎ᠦ ᠪᠠᠢᠭᠤᠯᠤᠮᠵᠢ᠎ᠶᠢᠨ ᠬᠢ ᠴᠤ᠌ ᠲᠡᠷᠡ᠂ ᠡᠲᠡᠭᠡᠷ ᠡᠮ ᠨᠢ ᠭᠦᠢᠴᠡᠳ ᠪᠠᠢᠨ᠎ᠠ᠃
ᠡᠮᠨᠡᠯᠭᠡ᠎ᠶᠢᠨ ᠬᠣᠷᠢᠶ᠎ᠠ ᠬᠠᠯᠠᠭᠤᠷᠠᠯ᠎ᠤᠨ ᠡᠭᠦᠳᠡᠨ ᠡᠮᠨᠡᠯᠭᠡ ᠵᠢ ᠬᠣᠵᠢᠮ ᠬᠡᠷᠬᠢᠨ ᠲᠣᠬᠢᠷᠠᠭᠤᠯᠬᠤ ᠪᠤᠢ?
ᠬᠠᠯᠠᠭᠤᠷᠠᠯ᠎ᠤᠨ ᠡᠭᠦᠳᠡᠨ ᠡᠮᠨᠡᠯᠭᠡ ᠪᠠᠶ᠋ᠢᠭᠤᠯᠬᠤ ᠱᠠᠭᠠᠷᠳᠠᠯᠭ᠎ᠠ ᠶᠣᠰᠣᠭᠠᠷ᠂ ᠬᠣᠶᠠᠳᠤᠭᠠᠷ ᠳᠡᠰ᠎ᠠᠴᠠ ᠳᠡᠭᠡᠭᠰᠢᠬᠢ ᠡᠮᠨᠡᠯᠭᠡ᠎ᠶᠢᠨ ᠬᠣᠷᠢᠶ᠎ᠠ ᠪᠠᠶ᠋ᠢᠭᠤᠯᠬᠤ ᠶᠣᠰᠣᠲᠠᠢ᠎ᠶᠢ ᠨᠢ ᠪᠦᠬᠦᠨ᠎ᠢ ᠪᠠᠢᠭᠤᠯᠵᠤ᠂ ᠨᠡᠭᠡᠭᠡᠬᠦ ᠶᠣᠰᠣᠲᠠᠢ᠎ᠶᠢ ᠨᠢ ᠪᠦᠬᠦᠨ᠎ᠢ ᠨᠡᠭᠡᠭᠡᠬᠦ ᠬᠡᠷᠡᠭᠲᠡᠢ ᠪᠥᠭᠡᠳ ᠪᠦᠬᠦᠯᠢ ᠡᠳᠦᠷ᠎ᠢᠶᠡᠷ ᠨᠡᠭᠡᠭᠡᠬᠦ᠎ᠶᠢ ᠪᠠᠲᠤᠯᠠᠬᠤ ᠬᠡᠷᠡᠭᠲᠡᠢ᠃
ᠬᠠᠯᠠᠭᠤᠷᠠᠯ᠎ᠤᠨ ᠡᠭᠦᠳᠡᠨ ᠡᠮᠨᠡᠯᠭᠡ᠎ᠶᠢᠨ ᠣᠷᠣᠨ ᠪᠦᠰᠡ᠎ᠶᠢ ᠤᠯᠠᠮ ᠨᠢᠭᠡ ᠠᠯᠬᠤᠮ ᠥᠷᠭᠡᠳᠬᠡᠵᠦ᠂ ᠡᠮᠨᠡᠬᠦ ᠲᠠᠰᠤᠭ᠎ᠤᠨ ᠲᠣᠭ᠎ᠠ ᠬᠡᠮᠵᠢᠶ᠎ᠡ᠎ᠶᠢ ᠨᠡᠮᠡᠭᠳᠡᠭᠦᠯᠬᠦ᠎ᠶᠢᠨ ᠬᠠᠮᠲᠤ ᠪᠠᠰᠠ ᠡᠮᠨᠡᠯᠭᠡ᠎ᠶᠢᠨ ᠬᠦᠴᠦᠨ᠎ᠢ ᠪᠦᠷᠢᠨ ᠲᠣᠬᠢᠷᠠᠭᠤᠯᠵᠤ᠂ ᠬᠠᠯᠠᠭᠤᠷᠠᠯ᠎ᠤᠨ ᠡᠭᠦᠳᠡᠨ ᠡᠮᠨᠡᠯᠭᠡ᠎ᠶᠢᠨ ᠦᠢᠯᠡᠴᠢᠯᠡᠭᠡᠨ᠎ᠦ ᠴᠢᠳᠠᠪᠤᠷᠢ᠎ᠶᠢ ᠳᠡᠭᠡᠭᠰᠢᠯᠡᠭᠦᠯᠬᠦ ᠬᠡᠷᠡᠭᠲᠡᠢ᠃
ᠤᠳᠠᠭᠠᠨ ᠴᠢᠨᠠᠷᠲᠠᠢ ᠡᠪᠡᠳᠴᠢᠨ ᠣᠯᠣᠭᠰᠠᠨ ᠨᠠᠰᠤᠲᠠᠢᠴᠤᠳ᠎ᠲᠤ ᠰᠢᠨ᠎ᠡ ᠲᠢᠲᠢᠮᠯᠢᠭ᠌ ᠠᠭᠤᠰᠬᠢᠨ ᠦᠷᠪᠢᠰᠦᠯ᠎ᠦᠨ ᠸᠠᠺᠼᠢᠨ ᠳᠠᠷᠢᠭᠤᠯᠵᠤ ᠪᠣᠯᠣᠨ᠎ᠠ ᠦᠦ?
ᠮᠠᠨ᠎ᠤ ᠤᠯᠤᠰ᠎ᠤᠨ ᠰᠢᠨ᠎ᠡ ᠲᠢᠲᠢᠮᠯᠢᠭ᠌ ᠸᠢᠷᠦ᠋ᠰ᠎ᠦᠨ ᠸᠠᠺᠼᠢᠨ᠎ᠤ ᠮᠠᠭᠤ ᠤᠷᠪᠠᠯ ᠡᠭᠦᠰᠬᠦ ᠨᠤᠷᠮ᠎ᠠ ᠨᠢ ᠮᠠᠨ᠎ᠤ ᠵᠢᠯ ᠲᠤᠷᠰᠢ ᠲᠠᠷᠢᠳᠠᠭ ᠪᠤᠰᠤᠳ ᠵᠠᠷᠢᠮ ᠸᠠᠺᠼᠢᠨ᠎ᠲᠠᠢ ᠠᠳᠠᠯᠢ ᠪᠥᠭᠡᠳ ᠨᠠᠰᠤᠲᠠᠢᠴᠤᠳ᠎ᠤᠨ ᠮᠠᠭᠤ ᠤᠷᠪᠠᠯ ᠡᠭᠦᠰᠬᠦ ᠨᠤᠷᠮ᠎ᠠ ᠨᠢ ᠵᠠᠯᠠᠭᠤᠴᠤᠳ᠎ᠠᠴᠠ ᠪᠠᠭ᠎ᠠ ᠳᠣᠣᠷ᠎ᠠ ᠪᠠᠢᠨ᠎ᠠ᠃
ᠪᠥᠬᠥ ᠳᠡᠯᠡᠬᠡᠢ᠎ᠶᠢᠨ 60 ᠨᠠᠰᠤᠨ᠎ᠠᠴᠠ ᠳᠡᠭᠡᠭᠰᠢᠬᠢ ᠨᠠᠰᠤᠲᠠᠢᠴᠤᠳ᠎ᠤᠨ ᠳᠤᠮᠳᠠᠳᠤ ᠤᠯᠤᠰ᠎ᠲᠤ ᠳᠠᠷᠢᠭ᠍ᠰᠠᠨ ᠰᠢᠨ᠎ᠡ ᠲᠢᠲᠢᠮᠯᠢᠭ᠌ ᠸᠢᠷᠦ᠋ᠰ᠎ᠦᠨ ᠸᠠᠺᠼᠢᠨ ᠨᠢᠭᠡᠨᠲᠡ 10 ᠳ᠋ᠦᠩᠰᠢᠭᠤᠷ ᠤᠳᠠᠭ᠎ᠠ᠎ᠶᠢ ᠳᠠᠪᠠᠵᠤ᠂ ᠴᠥᠮ ᠮᠠᠰᠢ ᠠᠮᠤᠷ ᠲᠦᠪᠰᠢᠨ ᠪᠠᠢᠨ᠎ᠠ᠃
ᠤᠳᠠᠭᠠᠨ ᠴᠢᠨᠠᠷᠳᠠᠢ ᠡᠪᠡᠳᠴᠢᠨ ᠨᠢ ᠰᠢᠨ᠎ᠡ ᠲᠢᠲᠢᠮᠯᠢᠭ᠌ ᠸᠢᠷᠦ᠋ᠰ᠎ᠦᠨ ᠸᠠᠺᠼᠢᠨ᠎ᠤ ᠲᠠᠷᠢᠯᠭ᠎ᠠ᠎ᠶᠢᠨ ᠬᠠᠷᠢᠴᠠᠯᠠᠰᠢᠭᠦᠢ ᠴᠡᠭᠡᠷ ᠪᠢᠰᠢ᠂ ᠡᠳᠡᠭᠡᠷ ᠤᠳᠠᠭᠠᠨ ᠴᠢᠨᠠᠷᠳᠠᠢ ᠡᠪᠡᠳᠴᠢᠨ᠎ᠢ ᠰᠠᠢᠲᠤᠷ ᠡᠵᠡᠮᠳᠡᠵᠦ᠂ ᠲᠣᠭᠲᠠᠪᠤᠷᠢᠲᠤ ᠬᠤᠭᠤᠴᠠᠭᠠᠨ᠎ᠳᠤ ᠪᠠᠢᠪᠠᠯ ᠴᠥᠮ ᠰᠢᠨ᠎ᠡ ᠲᠢᠲᠢᠮᠯᠢᠭ᠌ ᠸᠢᠷᠦ᠋ᠰ᠎ᠦᠨ ᠸᠠᠺᠼᠢᠨ᠎ᠢ ᠳᠠᠷᠢᠵᠤ ᠪᠣᠯᠣᠨ᠎ᠠ᠃
ᠶᠠᠭᠤᠨ᠎ᠳᠤ ᠨᠠᠰᠤᠲᠠᠢᠴᠤᠳ᠎ᠤᠨ ᠸᠠᠺᠼᠢᠨ ᠲᠠᠷᠢᠬᠤ ᠬᠤᠭᠤᠴᠠᠭ᠎ᠠ ᠵᠢ 3 ᠰᠠᠷ᠎ᠠ ᠠᠯᠤᠰᠯᠠᠬᠤ ᠪᠣᠯᠭᠠᠨ ᠲᠣᠬᠢᠷᠠᠭᠤᠯᠤᠭᠰᠠᠨ ᠪᠣᠶ?
ᠡᠨᠡ ᠤᠳᠠᠭ᠎ᠠ᠎ᠶᠢᠨ ᠲᠥᠰᠥᠯ᠎ᠳᠦ᠂ ᠪᠢᠳᠡ ᠰᠠᠭᠤᠷᠢ ᠡᠭᠡᠯᠢᠯᠡᠭᠡ᠎ᠶᠢᠨ ᠳᠠᠷᠠᠭᠠᠬᠢ ᠨᠢᠭᠡᠳᠦᠭᠡᠷ ᠡᠮ᠎ᠦᠨ ᠴᠢᠩᠭᠠᠳᠬᠠᠬᠤ ᠴᠠᠭ᠎ᠢ 6 ᠰᠠᠷ᠎ᠠ ᠪᠠᠢᠭᠰᠠᠨ᠎ᠠᠴᠠ 3 ᠰᠠᠷ᠎ᠠ ᠪᠣᠯᠭᠠᠨ ᠲᠣᠬᠢᠷᠠᠭᠤᠯᠪᠠ᠂ ᠡᠨᠡ ᠨᠢ ᠪᠢᠳᠡᠨ᠎ᠦ ᠰᠤᠳᠤᠯᠤᠨ ᠨᠡᠭᠡᠭᠡᠬᠦ ᠨᠢᠭᠡᠴᠢ᠎ᠶᠢᠨ ᠰᠤᠳᠤᠯᠭᠠᠨ᠎ᠤ ᠲᠣᠭ᠎ᠠ ᠪᠠᠷᠢᠮᠲᠠ᠎ᠶᠢ ᠭᠦᠢᠴᠡᠳ ᠦᠨᠡᠯᠡᠨ ᠵᠢᠱ᠌ᠢᠬᠦ᠎ᠪᠡᠷ ᠳᠡᠮᠵᠢᠨ᠂ ᠲᠤᠰᠬᠠᠢ ᠮᠡᠷᠭᠡᠵᠢᠯᠲᠡᠨ ᠭᠦᠢᠴᠡᠳ ᠨᠤᠲᠠᠯᠠᠵᠤ᠂ ᠬᠣᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ᠎ᠤᠨ ᠳᠠᠷᠠᠭᠠᠯᠠᠯ ᠶᠣᠰᠣᠭᠠᠷ ᠬᠢᠨᠠᠨ ᠲᠣᠭᠲᠠᠭᠠᠵᠤ ᠵᠥᠪᠰᠢᠶᠡᠷᠡᠭᠰᠡᠨ ᠶᠤᠮ᠂ ᠡᠨᠡ ᠨᠢ ᠰᠢᠨᠵᠢᠯᠡᠬᠦ ᠤᠬᠠᠭᠠᠨᠴᠢ ᠪᠥᠭᠡᠳ ᠮᠠᠨ᠎ᠤ ᠤᠯᠤᠰ᠎ᠤᠨ ᠬᠢᠵᠢᠭ᠌᠎ᠦᠨ ᠪᠠᠢᠳᠠᠯ᠎ᠢ ᠰᠡᠷᠭᠡᠢᠯᠡᠨ ᠡᠵᠡᠮᠳᠡᠬᠦ ᠬᠡᠷᠡᠭᠴᠡᠭᠡ᠎ᠳᠦ ᠨᠡᠢᠴᠡᠵᠦ ᠪᠠᠢᠨ᠎ᠠ᠃
ᠡᠮᠴᠢᠯᠡᠭᠡᠨ᠎ᠦ ᠡᠬᠢ ᠪᠠᠶᠠᠯᠢᠭ᠋᠎ᠢ ᠡᠵᠡᠯᠡᠬᠦ ᠦᠵᠡᠭᠳᠡᠯ ᠭᠠᠷᠬᠤ᠎ᠶᠢ ᠬᠡᠷᠬᠢᠨ ᠴᠢᠩᠭ᠎ᠠ ᠰᠡᠷᠭᠡᠢᠯᠡᠬᠦ ᠪᠣᠶ?
ᠣᠳᠣᠬᠠᠨ᠎ᠳᠤ ᠰᠢᠨ᠎ᠡ ᠲᠢᠲᠢᠮᠯᠢᠭ᠌ ᠸᠢᠷᠦ᠋ᠰ᠎ᠦᠨ ᠣᠨᠳᠣᠣᠰᠢᠯ᠎ᠤᠨ ᠪᠠᠢᠳᠠᠯ᠎ᠢ ᠨᠢᠭ᠍ᠲᠠ ᠠᠩᠬᠠᠷᠴᠤ᠂ ᠡᠯ᠎ᠡ ᠭᠠᠵᠠᠷ᠎ᠤᠨ ᠬᠢᠨ ᠰᠢᠨ᠎ᠡ ᠲᠢᠲᠢᠮᠯᠢᠭ᠌ ᠸᠢᠷᠦ᠋ᠰ᠎ᠲᠦ ᠬᠠᠯᠳᠠᠪᠤᠷᠢᠯᠠᠭᠳᠠᠭᠰᠠᠨᠤ ᠳᠠᠷᠠᠭᠠᠬᠢ ᠬᠦᠨᠳᠦ ᠡᠪᠡᠳᠴᠢᠨ᠂ ᠦᠬᠦᠯ᠎ᠦᠨ ᠪᠠᠢᠳᠠᠯ ᠵᠢᠴᠢ ᠡᠮᠴᠢᠯᠡᠭᠡᠨ᠎ᠦ ᠡᠬᠢ ᠪᠠᠶᠠᠯᠢᠭ᠋᠎ᠢ ᠡᠵᠡᠯᠡᠨ ᠬᠡᠷᠡᠭᠯᠡᠭᠰᠡᠨ ᠪᠠᠢᠳᠠᠯ᠎ᠢ ᠮᠡᠳᠡᠭᠦᠯᠵᠦ᠂ ᠡᠮᠴᠢᠯᠡᠭᠡᠨ᠎ᠦ ᠡᠬᠢ ᠪᠠᠶᠠᠯᠢᠭ᠋᠎ᠢ ᠡᠵᠡᠯᠡᠵᠤ ᠰᠣᠯᠢᠬᠤ ᠵᠡᠷᠭᠡ ᠪᠠᠢᠳᠠᠯ ᠭᠠᠷᠬᠤ᠎ᠶᠢ ᠴᠢᠩᠭ᠎ᠠ ᠰᠡᠷᠭᠡᠢᠯᠡᠬᠦ ᠬᠡᠷᠡᠭᠲᠡᠢ᠃
ᠡᠳᠡᠭᠡᠷ ᠲᠠᠯ᠎ᠠ᠎ᠪᠠᠷ ᠪᠢᠳᠡ ᠨᠢᠭᠡᠨᠲᠡ ᠶᠡᠬᠡ ᠬᠡᠮᠵᠢᠶᠡᠨ᠎ᠦ ᠪᠡᠯᠡᠳᠬᠡᠯ ᠠᠵᠢᠯ ᠬᠢᠭᠰᠡᠨ ᠪᠠᠢᠨ᠎ᠠ᠃ ᠨᠢᠭᠡ᠎ᠳᠦ᠂ ᠸᠠᠺᠼᠢᠨ᠂ ᠡᠮ᠎ᠦᠨ ᠵᠦᠢᠯᠡᠰ᠎ᠢ ᠰᠤᠳᠤᠯᠤᠨ ᠨᠡᠭᠡᠭᠡᠬᠦ᠂ ᠸᠠᠺᠼᠢᠨ᠎ᠤ ᠲᠠᠷᠢᠯᠭ᠎ᠠ ᠪᠠ ᠡᠮ᠎ᠦᠨ ᠵᠦᠢᠯᠡᠰ᠎ᠦᠨ ᠨᠥᠭᠡᠴᠡ᠃ ᠬᠣᠶᠠᠷ᠎ᠲᠤ᠂ ᠡᠮᠴᠢᠯᠡᠭᠡᠨ᠎ᠦ ᠠᠪᠤᠷᠠᠨ ᠵᠠᠰᠠᠬᠤ ᠡᠬᠢ ᠪᠠᠶᠠᠯᠢᠭ᠋᠎ᠤᠨ ᠪᠡᠯᠡᠳᠬᠡᠯ ᠠᠵᠢᠯ᠎ᠢ ᠴᠢᠩᠭᠠᠳᠬᠠᠨ᠎ᠠ᠃ ᠭᠤᠷᠪᠠ᠎ᠳᠤ᠂ ᠸᠢᠷᠦ᠋ᠰ᠎ᠦᠨ ᠣᠨᠳᠣᠣᠰᠢᠯ᠂ ᠡᠪᠡᠳᠴᠢᠨ ᠡᠮᠭᠡᠭ᠎ᠦᠨ ᠬᠦᠨᠳᠦ ᠨᠣᠴᠢᠲᠠᠢ ᠴᠢᠨᠠᠷ᠂ ᠡᠮᠴᠢᠯᠡᠭᠡᠨ᠎ᠦ ᠡᠬᠢ ᠪᠠᠶᠠᠯᠢᠭ᠋᠎ᠢ ᠬᠡᠷᠡᠭᠯᠡᠵᠦ ᠪᠠᠢᠭ᠎ᠠ ᠪᠠᠢᠳᠠᠯ᠎ᠢ ᠬᠢᠨᠠᠨ ᠬᠡᠮᠵᠢᠬᠦ᠎ᠪᠡᠨ ᠴᠢᠩᠭᠠᠳᠬᠠᠨ᠎ᠠ᠃ ᠳᠥᠷᠪᠡ᠎ᠳᠦ᠂ ᠨᠡᠢᠭᠡᠮ᠎ᠦᠨ ᠬᠠᠮᠲᠤ᠎ᠶᠢᠨ ᠲᠠᠨᠢᠯᠲᠠ᠎ᠶᠢ ᠨᠢᠭ᠍ᠲᠠᠷᠠᠭᠤᠯᠤᠨ᠎ᠠ᠃
ᠪᠠᠴᠢᠮ ᠡᠮᠨᠡᠯᠭᠡ᠎ᠶᠢᠨ ᠱᠠᠭᠠᠷᠳᠠᠯᠭ᠎ᠠ᠎ᠲᠠᠢ ᠡᠪᠡᠳᠴᠢᠲᠡᠨ ᠪᠥᠭᠡᠮ ᠬᠦᠴᠢᠯ᠎ᠤᠨ ᠪᠠᠢᠴᠠᠭᠠᠯᠳᠠ ᠬᠢᠭᠰᠡᠨ ᠦᠭᠡᠢ ᠪᠣᠯ ᠡᠮᠴᠢᠯᠡᠭᠦᠯᠵᠦ ᠪᠣᠯᠣᠨ᠎ᠠ ᠦᠦ?
ᠪᠠᠴᠢᠮ ᠡᠮᠴᠢᠯᠡᠭᠡᠨ᠎ᠦ ᠬᠡᠷᠡᠭᠴᠡᠭᠡ ᠱᠠᠭᠠᠷᠳᠠᠯᠭ᠎ᠠ᠎ᠲᠠᠢ ᠡᠪᠡᠳᠴᠢᠲᠡᠨ᠂ ᠪᠥᠭᠡᠮ ᠬᠦᠴᠢᠯ᠎ᠦᠨ ᠦᠷ᠎ᠡ ᠳ᠋ᠦᠩ ᠪᠠᠢᠬᠤ ᠡᠰᠡᠬᠦ ᠭᠡᠰᠡᠨ ᠦᠭᠡᠢ᠂ ᠲᠡᠳᠡᠨ᠎ᠦ ᠡᠮᠴᠢᠯᠡᠭᠡᠨ᠎ᠦ ᠬᠡᠷᠡᠭᠴᠡᠭᠡ ᠱᠠᠭᠠᠷᠳᠠᠯᠭ᠎ᠠ᠎ᠶᠢ ᠡᠷᠬᠡᠪᠰᠢ ᠬᠠᠩᠭᠠᠬᠤ ᠬᠡᠷᠡᠭᠲᠡᠢ᠃ ᠡᠪᠡᠳᠴᠢᠲᠡᠨ᠎ᠢ ᠠᠪᠤᠷᠠᠨ ᠵᠠᠰᠠᠬᠤ᠎ᠳᠤ ᠶᠠᠭᠠᠬᠢᠭ᠍ᠰᠠᠨ ᠴᠤ᠌ ᠪᠥᠭᠡᠮ ᠬᠦᠴᠢᠯ᠎ᠦᠨ ᠪᠠᠢᠴᠠᠭᠠᠯᠲᠠ᠎ᠶᠢᠨ ᠦᠷ᠎ᠡ ᠳ᠋ᠦᠩ ᠪᠠᠢᠬᠤ ᠡᠰᠡᠬᠦ᠎ᠪᠡᠷ ᠤᠷᠢᠲᠠᠯ ᠨᠥᠬᠥᠴᠡᠯ ᠪᠣᠯᠭᠠᠵᠤ ᠪᠣᠯᠬᠤ ᠦᠭᠡᠢ᠃
ᠪᠥᠭᠡᠮ ᠬᠦᠴᠢᠯ᠎ᠦᠨ ᠦᠷ᠎ᠡ ᠳ᠋ᠦᠩ ᠦᠭᠡᠢ ᠡᠨᠡ ᠬᠦ᠌ ᠬᠡᠰᠡᠭ ᠪᠠᠴᠢᠮ ᠲᠦᠭᠰᠢᠭᠦᠷᠢᠲᠡᠢ ᠬᠦᠨᠳᠦ ᠡᠪᠡᠳᠴᠢᠲᠡᠨ᠎ᠢ ᠰᠢᠭᠤᠳ ᠵᠠᠪᠰᠠᠷ᠎ᠤᠨ ᠣᠷᠣᠨ᠎ᠳᠤ ᠣᠷᠣᠭᠤᠯᠵᠤ ᠪᠠᠴᠢᠮ ᠠᠪᠤᠷᠠᠨ ᠵᠠᠰᠠᠬᠤ᠎ᠶᠢᠨ ᠬᠠᠮᠲᠤ᠂ ᠡᠮᠨᠡᠯᠭᠡ᠎ᠶᠢᠨ ᠬᠣᠷᠢᠶ᠎ᠠ ᠴᠤ᠌ ᠥᠳᠥᠭᠡᠭᠴᠢ᠎ᠶᠢᠨ ᠤᠷᠪᠠᠯᠵᠢ ᠪᠤᠶᠤ ᠪᠥᠭᠡᠮ ᠬᠦᠴᠢᠯ᠎ᠦᠨ ᠪᠠᠢᠴᠠᠭᠠᠯᠲᠠ᠎ᠶᠢ ᠲᠡᠭᠦᠯᠳᠡᠷᠵᠢᠭᠦᠯᠵᠦ᠂ ᠡᠪᠡᠳᠴᠢᠲᠡᠨ᠎ᠦ ᠪᠠᠴᠢᠮ ᠡᠮᠴᠢᠯᠡᠭᠡ᠎ᠶᠢ ᠲᠡᠷᠡ ᠳᠠᠷᠤᠢ ᠳ᠋ᠤᠨᠢ ᠬᠠᠩᠭᠠᠬᠤ᠎ᠶᠢ ᠦᠨᠡᠨ ᠬᠦ᠌ ᠪᠠᠲᠤᠯᠠᠨ᠎ᠠ᠃
ᠬᠢᠵᠢᠭ᠌᠎ᠡᠴᠡ ᠡᠮᠦᠨᠡᠬᠢ ᠠᠮᠢᠳᠤᠷᠠᠯ᠎ᠤᠨ ᠪᠠᠢᠳᠠᠯ᠎ᠢᠶᠠᠨ ᠰᠡᠷᠭᠦᠭᠡᠬᠦ᠎ᠳᠦ ᠶᠠᠮᠠᠷ ᠶᠠᠮᠠᠷ ᠦᠨᠳᠦᠰᠦᠨ ᠨᠥᠬᠥᠴᠡᠯ ᠬᠡᠷᠡᠭᠰᠡᠬᠦ ᠪᠣᠶ?
ᠸᠢᠷᠦ᠋ᠰ ᠪᠣᠯᠣᠨ ᠡᠪᠡᠳᠴᠢᠨ ᠡᠮᠭᠡᠭ᠎ᠦᠨ ᠲᠤᠬᠠᠢ ᠲᠠᠨᠢᠯᠲᠠ ᠤᠯᠠᠮ ᠨᠢᠭᠡ ᠠᠯᠬᠤᠮ ᠭᠦᠨᠵᠡᠭᠡᠢᠷᠡᠭᠰᠡᠨ᠂ ᠡᠪᠡᠳᠴᠢᠨ ᠡᠮᠭᠡᠭ᠎ᠦᠨ ᠬᠣᠣᠷ ᠬᠥᠨᠥᠭᠡᠯᠳᠦ ᠴᠢᠨᠠᠷ ᠪᠠᠭᠤᠷᠠᠭᠰᠠᠨ᠂ ᠸᠠᠺᠼᠢᠨ ᠪᠣᠯᠣᠨ ᠡᠮ᠎ᠦᠨ ᠪᠦᠲᠦᠮᠵᠢᠲᠡᠶ ᠬᠠᠩᠭᠠᠯᠭ᠎ᠠ᠂ ᠵᠢᠴᠢ ᠪᠠᠴᠢᠮ ᠪᠠᠢᠳᠠᠯ᠎ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠪᠣᠯᠣᠨ ᠠᠪᠤᠷᠠᠨ ᠵᠠᠰᠠᠬᠤ ᠴᠢᠳᠠᠪᠤᠷᠢ ᠳᠡᠭᠡᠭᠰᠢᠯᠡᠭᠰᠡᠨ ᠵᠡᠷᠭᠡ ᠨᠢ ᠴᠥᠮ ᠬᠢᠵᠢᠭ᠌᠎ᠦᠨ ᠡᠮᠦᠨᠡᠬᠢ ᠠᠮᠢᠳᠤᠷᠠᠯ᠎ᠤᠨ ᠪᠠᠢᠳᠠᠯ᠎ᠢ ᠰᠡᠷᠭᠦᠭᠡᠬᠦ ᠵᠠᠷᠢᠮ ᠨᠥᠬᠥᠴᠡᠯ ᠪᠣᠯᠬᠤ ᠪᠤᠶᠤ ᠵᠠᠩᠭᠢᠯᠠᠭ᠎ᠠ᠎ᠶᠢᠨ ᠡᠯᠧᠮᠧᠨ᠋ᠲ ᠪᠣᠯᠣᠨ᠎ᠠ᠃
ᠣᠳᠣᠬᠠᠨ᠎ᠳᠤ ᠬᠣᠯᠪᠣᠭᠳᠠᠯ ᠪᠦᠬᠦᠢ ᠪᠡᠯᠡᠳᠬᠡᠯ ᠠᠵᠢᠯ᠎ᠢ ᠦᠷᠭᠦᠯᠵᠢᠯᠡᠨ ᠰᠠᠢᠲᠤᠷ ᠬᠢᠬᠦ ᠬᠡᠷᠡᠭᠲᠡᠢ᠃ ᠨᠢᠭᠡ᠎ᠳᠦ᠂ ᠸᠠᠺᠼᠢᠨ᠎ᠤ ᠲᠠᠷᠢᠯᠭ᠎ᠠ᠎ᠶᠢ ᠴᠢᠩᠭᠠᠳᠬᠠᠨ᠎ᠠ᠂ ᠢᠯᠠᠩᠭᠤᠶ᠎ᠠ ᠨᠠᠰᠤᠲᠠᠢᠴᠤᠳ᠎ᠤᠨ ᠸᠠᠺᠼᠢᠨ᠎ᠤ ᠲᠠᠷᠢᠯᠭ᠎ᠠ᠎ᠶᠢ ᠴᠢᠩᠭᠠᠳᠬᠠᠨ᠎ᠠ᠃ ᠬᠣᠶᠠᠷ᠎ᠲᠤ᠂ ᠡᠮ᠎ᠦᠨ ᠵᠦᠢᠯᠡᠰ᠎ᠢ ᠰᠤᠳᠤᠯᠤᠨ ᠨᠡᠭᠡᠭᠡᠬᠦ᠂ ᠦᠢᠯᠡᠳᠪᠦᠷᠢᠯᠡᠬᠦ᠂ ᠨᠥᠭᠡᠴᠡᠯᠡᠬᠦ᠎ᠶᠢ ᠴᠢᠩᠭᠠᠳᠬᠠᠵᠤ᠂ ᠡᠪᠡᠳᠴᠢᠲᠡᠨ᠎ᠦ ᠡᠮ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ᠎ᠶᠢ ᠬᠠᠩᠭᠠᠬᠤ ᠬᠡᠷᠡᠭᠲᠡᠢ᠃ ᠭᠤᠷᠪᠠ᠎ᠳᠤ᠂ ᠸᠢᠷᠦ᠋ᠰ᠎ᠦᠨ ᠣᠨᠳᠣᠣᠰᠢᠯᠢ ᠠᠩᠬᠠᠷᠴᠤ᠂ ᠸᠢᠷᠦ᠋ᠰ᠎ᠦᠨ ᠣᠨᠳᠣᠣᠰᠢᠯ᠎ᠤᠨ ᠪᠠᠢᠳᠠᠯ᠎ᠢ ᠦᠷᠭᠦᠯᠵᠢᠯᠡᠨ ᠬᠢᠨᠠᠨ ᠬᠡᠮᠵᠢᠵᠦ᠂ ᠸᠢᠷᠦ᠋ᠰ᠎ᠦᠨ ᠬᠠᠯᠳᠠᠪᠤᠷᠢᠯᠠᠬᠤ ᠬᠦᠴᠦᠨ᠂ ᠡᠪᠡᠳᠴᠢᠯᠡᠭᠦᠯᠬᠦ ᠬᠦᠴᠦᠨ᠎ᠦ ᠬᠤᠪᠢᠷᠠᠯᠲᠠ᠎ᠶᠢ ᠣᠨᠴᠠᠭᠠᠢᠯᠠᠨ ᠠᠩᠬᠠᠷᠬᠤ ᠬᠡᠷᠡᠭᠲᠡᠢ᠃ ᠳᠥᠷᠪᠡ᠎ᠳᠦ᠂ ᠡᠮᠴᠢᠯᠡᠭᠡᠨ᠎ᠦ ᠠᠪᠤᠷᠠᠨ ᠵᠠᠰᠠᠬᠤ ᠲᠥᠰᠥᠯ ᠪᠠ ᠡᠬᠢ ᠪᠠᠶᠠᠯᠢᠭ᠋᠎ᠤᠨ ᠪᠡᠯᠡᠳᠬᠡᠯ᠎ᠢ ᠰᠢᠯᠢᠳᠡᠭᠵᠢᠭᠦᠯᠦᠨ ᠲᠡᠭᠦᠯᠳᠡᠷᠵᠢᠭᠦᠯᠦᠨ᠎ᠡ᠃ ᠲᠠᠪᠤ᠎ᠳᠤ᠂ ᠦᠨᠳᠦᠰᠦᠨ ᠱᠠᠲᠤᠨ᠎ᠤ ᠴᠢᠳᠠᠪᠤᠷᠢ᠎ᠶᠢᠨ ᠪᠠᠢᠭᠤᠯᠤᠯᠲᠠ᠎ᠶᠢ ᠴᠢᠩᠭᠠᠳᠬᠠᠨ᠎ᠠ᠃ ᠵᠢᠷᠭᠤᠭ᠎ᠠ᠎ᠳᠤ᠂ ᠭᠣᠣᠯᠳᠠᠯᠭ᠎ᠠ᠎ᠲᠠᠢ ᠲᠠᠯᠠᠪᠤᠷ ᠭᠠᠵᠠᠷ᠂ ᠭᠣᠣᠯᠳᠠᠯᠭ᠎ᠠ᠎ᠲᠠᠢ ᠬᠥᠮᠥᠰ᠎ᠦᠨ ᠬᠠᠮᠠᠭᠠᠯᠠᠯᠲᠠ᠎ᠶᠢ ᠴᠢᠩᠭᠠᠳᠬᠠᠨ᠎ᠠ᠃ ᠳᠣᠯᠣᠭ᠎ᠠ᠎ᠳᠤ᠂ ᠤᠬᠠᠭᠤᠯᠭ᠎ᠠ ᠨᠡᠪᠲᠡᠷᠡᠯᠴᠡᠭᠡ᠎ᠪᠡᠨ ᠴᠢᠩᠭᠠᠳᠬᠠᠵᠤ᠂ ᠬᠤᠪᠢ ᠬᠥᠮᠥᠨ᠎ᠦ ᠡᠷᠡᠭᠦᠯ ᠮᠡᠨᠳᠦ᠎ᠶᠢᠨ ᠤᠬᠠᠮᠰᠠᠷ᠎ᠢᠶᠠᠨ ᠳᠡᠭᠡᠭᠰᠢᠯᠡᠭᠦᠯᠦᠨ᠎ᠡ᠃
ᠶᠠᠮᠠᠷ ᠬᠠᠯᠳᠠᠪᠤᠷᠢᠯᠠᠭᠳᠠᠭᠴᠢ ᠭᠡᠷ᠎ᠲᠡᠬᠡᠨ ᠰᠠᠭᠤᠵᠤ ᠪᠣᠯᠬᠤ ᠪᠣᠶ?
ᠳᠡᠰ ᠬᠤᠪᠢᠶᠠᠨ ᠲᠥᠷᠥᠯ ᠬᠤᠪᠢᠶᠠᠨ ᠡᠮᠨᠡᠨ ᠵᠠᠰᠠᠬᠤ᠎ᠳᠤ᠂ ᠡᠩ ᠲᠡᠷᠢᠭᠦᠨ᠎ᠳᠦ ᠬᠥᠩᠭᠡᠨ ᠡᠪᠡᠳᠴᠢᠨ᠂ ᠡᠪᠡᠳᠴᠢᠨ᠎ᠦ ᠢᠯᠡᠷᠡᠯ ᠦᠭᠡᠢ ᠬᠠᠯᠳᠠᠪᠤᠷᠢᠯᠠᠭᠳᠠᠭᠴᠢ ᠭᠡᠷ᠎ᠲᠡᠬᠡᠨ ᠪᠡᠶ᠎ᠡ᠎ᠪᠡᠨ ᠰᠤᠪᠢᠯᠠᠵᠤ ᠪᠣᠯᠣᠨ᠎ᠠ᠃ ᠰᠠᠭᠤᠷᠢ ᠴᠢᠨᠠᠷᠲᠠᠢ ᠡᠪᠡᠳᠴᠢᠨ ᠡᠮᠭᠡᠭ ᠨᠢ ᠨᠡᠯᠢᠶᠡᠳ ᠲᠣᠭᠲᠠᠪᠤᠷᠢᠲᠠᠢ ᠪᠠᠢᠪᠠᠯ ᠪᠠᠰᠠ ᠭᠡᠷ᠎ᠲᠡᠬᠡᠨ ᠡᠮᠨᠡᠭᠦᠯᠵᠦ ᠪᠣᠯᠣᠨ᠎ᠠ᠃ ᠥᠨᠳᠥᠷ ᠨᠠᠰᠤᠲᠠᠢ᠂ ᠬᠥᠳᠡᠯᠵᠦ ᠪᠠᠷᠢᠬᠤ᠎ᠳᠤ ᠳᠥᠭᠥᠮ ᠦᠭᠡᠢ ᠡᠳᠡᠭᠡᠷ ᠬᠠᠯᠳᠠᠪᠤᠷᠢᠯᠠᠭᠳᠠᠭᠴᠢ ᠪᠠᠰᠠ ᠭᠡᠷ᠎ᠲᠡᠬᠡᠨ ᠰᠠᠭᠤᠬᠤ᠎ᠶᠢ ᠰᠠᠨᠠᠭᠤᠯᠤᠶ᠎ᠠ᠃
ᠬᠦᠨᠳᠦ ᠠᠶᠤᠯ ᠲᠦᠭᠰᠢᠭᠦᠷᠢ᠎ᠶᠢᠨ ᠡᠯᠧᠮᠧᠨ᠋ᠲ᠎ᠲᠠᠢ ᠡᠪᠡᠳᠴᠢᠲᠡᠨ᠎ᠢ ᠮᠥᠨ ᠬᠦ᠌ ᠲᠣᠭᠲᠠᠭᠰᠠᠨ ᠡᠮᠨᠡᠯᠭᠡ᠎ᠶᠢᠨ ᠬᠣᠷᠢᠶ᠎ᠠ᠎ᠠᠴᠠ ᠭᠥᠯᠢᠶᠡᠨ ᠠᠪᠴᠤ ᠡᠮᠨᠡᠨ ᠵᠠᠰᠠᠵᠤ᠂ ᠬᠦᠨᠳᠦ ᠡᠪᠡᠳᠴᠢᠨ ᠪᠠ ᠬᠦᠨᠳᠦ ᠡᠪᠡᠳᠴᠢᠨ᠎ᠦ ᠠᠶᠤᠯ ᠲᠦᠭᠰᠢᠭᠦᠷᠢ᠎ᠶᠢᠨ ᠡᠯᠧᠮᠧᠨ᠋ᠲ᠎ᠲᠠᠢ ᠡᠪᠡᠳᠴᠢᠲᠡᠨ᠎ᠢ ᠴᠠᠭ ᠲᠤᠬᠠᠢ ᠳ᠋ᠤᠨᠢ ᠡᠮᠨᠡᠨ ᠵᠠᠰᠠᠬᠤ᠎ᠶᠢ ᠪᠠᠲᠤᠯᠠᠨ᠎ᠠ᠃
ᠢᠷᠡᠯᠳᠡ᠄ ᠠᠷᠠᠳ᠎ᠤᠨ ᠡᠳᠦᠷ᠎ᠤᠨ ᠰᠤᠨᠢᠨ
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠴᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃