2022-12-10 16:37:02
12 ᠰᠠᠷ᠎ᠠ᠎ᠶᠢᠨ 9᠎ᠦ ᠡᠳᠦᠷ᠂ ᠰᠤᠷᠪᠤᠯᠵᠢᠯᠠᠭ᠍ᠴᠢ ᠬᠥᠬᠡᠬᠣᠲᠠ᠎ᠶᠢᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ᠎ᠠᠴᠠ ᠣᠢᠯᠠᠭᠠᠭᠰᠠᠨ ᠵᠢᠡᠷ ᠬᠢᠵᠢᠭ᠌᠎ᠦᠨ ᠪᠠᠢᠳᠠᠯ᠎ᠢ ᠰᠡᠷᠭᠡᠢᠯᠡᠨ ᠡᠵᠡᠮᠳᠡᠬᠦ ᠬᠠᠮᠢᠶ᠎ᠠ ᠪᠦᠬᠦᠢ ᠠᠷᠭ᠎ᠠ ᠬᠡᠮᠵᠢᠶ᠎ᠡ᠎ᠶᠢ ᠰᠢᠯᠢᠳᠡᠭᠵᠢᠭᠦᠯᠦᠨ ᠲᠣᠬᠢᠷᠠᠭᠤᠯᠬᠤ᠎ᠶᠢ ᠳᠠᠭᠠᠯᠳᠤᠨ ᠣᠢᠷ᠎ᠠ᠎ᠶᠢᠨ ᠬᠤᠭᠤᠴᠠᠭᠠᠨ ᠳᠤ ᠬᠥᠬᠡᠬᠣᠲᠠ ᠳ᠋ᠤ ᠬᠠᠯᠠᠭᠤᠨ᠎ᠢ ᠪᠠᠭᠤᠷᠠᠭᠤᠯᠬᠤ᠂ ᠬᠠᠨᠢᠶᠠᠳᠤ᠎ᠶᠢ ᠵᠣᠭᠰᠤᠭᠠᠬᠤ᠂ ᠸᠢᠷᠦ᠋ᠰ᠎ᠢ ᠡᠰᠡᠷᠭᠦᠴᠡᠬᠦ᠂ ᠬᠢᠮᠤᠷᠠᠭ᠎ᠠ᠎ᠶᠢ ᠵᠠᠰᠠᠬᠤ ᠵᠡᠷᠭᠡ ᠡᠮ᠎ᠦᠨ ᠵᠦᠢᠯᠡᠰ᠎ᠢ ᠬᠤᠳᠠᠯᠳᠤᠨ ᠠᠪᠬᠤ ᠬᠡᠮᠵᠢᠶ᠎ᠡ ᠶᠡᠬᠡᠪᠡᠷ ᠨᠡᠮᠡᠭᠳᠡᠵᠡᠢ᠃ ᠵᠠᠬ᠎ᠠ ᠳᠡᠯᠭᠡᠭᠦᠷ᠎ᠦᠨ ᠦᠨ᠎ᠡ ᠬᠠᠩᠰᠢ᠎ᠶᠢᠨ ᠠᠵᠢᠯᠯᠠᠭ᠎ᠠ᠎ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠦᠨ᠎ᠡ ᠬᠠᠩᠰᠢ᠎ᠶᠢ ᠳᠦᠷᠭᠢᠬᠦᠯᠦᠨ ᠥᠰᠬᠡᠬᠦ᠂ ᠬᠤᠷᠠᠮᠳᠤᠭᠤᠯᠤᠨ ᠳᠠᠷᠤᠵᠤ ᠵᠠᠪᠰᠢᠨ ᠬᠤᠨᠵᠢᠬᠤ ᠵᠡᠷᠭᠡ ᠬᠠᠤᠯᠢ ᠠ᠋ᠴᠠ ᠵᠥᠷᠢᠴᠡᠭᠰᠡᠨ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠴᠦ᠂ ᠥᠷᠭᠡᠨ ᠣᠯᠠᠨ ᠠᠷᠠᠳ ᠲᠦᠮᠡᠨ᠎ᠦ ᠬᠠᠤᠯᠢ ᠶᠣᠰᠣᠨ᠎ᠤ ᠡᠷᠬᠡ ᠠᠰᠢᠭ᠋ ᠪᠠ ᠰᠠᠢᠨ ᠰᠠᠢᠬᠠᠨ ᠵᠠᠬ᠎ᠠ ᠳᠡᠯᠭᠡᠭᠦᠷ᠎ᠦᠨ ᠡᠮᠬᠢ ᠳᠢᠭ᠌ᠯᠢᠮ᠎ᠢ ᠬᠠᠮᠠᠭᠠᠯᠠᠬᠤ᠎ᠶᠢᠨ ᠲᠥᠯᠥᠭᠡ ᠬᠥᠬᠡᠬᠣᠲᠠ᠎ᠶᠢᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ ᠠ᠋ᠴᠠ ᠪᠥᠬᠥ ᠬᠣᠲᠠ᠎ᠶᠢᠨ ᠡᠮ ᠡᠮᠨᠡᠯᠭᠡ᠎ᠶᠢᠨ ᠵᠦᠢᠯᠡᠰ᠎ᠦᠨ ᠡᠵᠡᠩᠨᠡᠭᠴᠢ ᠵᠢᠴᠢ ᠬᠠᠮᠢᠶ᠎ᠠ ᠪᠦᠬᠦᠢ ᠨᠢᠭᠡᠴᠢ᠎ᠳᠦ 《ᠡᠮ ᠡᠮᠨᠡᠯᠭᠡ᠎ᠶᠢᠨ ᠵᠦᠢᠯᠡᠰ᠎ᠦᠨ ᠦᠨ᠎ᠡ ᠬᠠᠩᠰᠢ᠎ᠶᠢᠨ ᠠᠵᠢᠯᠯᠠᠭ᠎ᠠ᠎ᠶᠢ ᠵᠢᠷᠤᠮᠵᠢᠭᠤᠯᠬᠤ ᠲᠤᠬᠠᠢ ᠰᠠᠨᠠᠭᠤᠯᠤᠨ ᠰᠡᠷᠡᠮᠵᠢᠯᠡᠭᠦᠯᠬᠦ ᠪᠢᠴᠢᠭ》 ᠢ ᠨᠡᠢᠲᠡᠯᠡᠪᠡ ᠃
ᠰᠡᠷᠡᠮᠵᠢᠯᠡᠭᠦᠯᠬᠦ ᠪᠢᠴᠢᠭ᠌᠎ᠲᠦ ᠲᠣᠳᠣᠷᠬᠠᠢ ᠳᠤᠷᠠᠳᠤᠭᠰᠠᠨ ᠵᠢᠡᠷ᠂ ᠬᠣᠯᠪᠣᠭᠳᠠᠯ ᠪᠦᠬᠦᠢ ᠡᠵᠡᠩᠨᠡᠭᠴᠢᠳ 《ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠦᠨ᠎ᠡ ᠬᠠᠩᠰᠢ ᠶ᠋ᠢᠨ ᠬᠠᠤᠯᠢ》᠂ 《ᠦᠨ᠎ᠡ ᠬᠠᠩᠰᠢ ᠶ᠋ᠢᠨ ᠬᠠᠤᠯᠢ ᠠ᠋ᠴᠠ ᠵᠥᠷᠢᠴᠡᠭᠰᠡᠨ ᠠᠵᠢᠯᠯᠠᠭ᠎ᠠ᠎ᠳᠤ ᠵᠠᠰᠠᠭ ᠵᠠᠬᠢᠷᠭᠠᠨ᠎ᠤ ᠰᠢᠳᠬᠡᠯ ᠥᠭᠬᠦ ᠳᠤᠬᠠᠢ ᠲᠣᠭᠲᠠᠭᠠᠯ》᠂ 《ᠦᠨ᠎ᠡ ᠬᠠᠩᠰᠢ ᠶ᠋ᠢ ᠢᠯᠡ ᠬᠠᠳᠠᠬᠤ ᠪᠠ ᠦᠨ᠎ᠡ ᠬᠠᠩᠰᠢ ᠶ᠋ᠢᠨ ᠮᠡᠬᠡᠯᠡᠯ᠎ᠦᠨ ᠠᠵᠢᠯᠯᠠᠭ᠎ᠠ ᠶ᠋ᠢ ᠬᠤᠷᠢᠭᠯᠠᠬᠤ ᠳᠤᠬᠠᠢ ᠲᠣᠭᠲᠠᠭᠠᠯ》 ᠵᠡᠷᠭᠡ ᠬᠣᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ᠋ ᠴᠢᠩᠭ᠎ᠠ ᠵᠢᠷᠤᠮᠯᠠᠵᠤ ᠂ ᠬᠠᠤᠯᠢ ᠶᠣᠰᠣᠭᠠᠷ ᠡᠵᠡᠩᠨᠡᠵᠦ᠂ ᠵᠠᠬ᠎ᠠ ᠳᠡᠯᠭᠡᠭᠦᠷ᠎ᠦᠨ ᠡᠮᠬᠢ ᠵᠢᠷᠤᠮ ᠪᠣᠯᠣᠨ ᠣᠯᠠᠨ ᠨᠡᠶ᠋ᠢᠲᠡ ᠶ᠋ᠢᠨ ᠠᠰᠢᠭ᠋ ᠲᠤᠰᠠ ᠶ᠋ᠢ ᠤᠬᠠᠮᠰᠠᠷ ᠠ᠋ᠴᠠ᠎ᠪᠠᠨ ᠬᠠᠮᠠᠭᠠᠯᠠᠬᠤ ᠬᠡᠷᠡᠭᠲᠡᠢ᠃ ᠵᠠᠪᠰᠢᠶᠠᠨ᠎ᠢ ᠳᠠᠯᠢᠮᠳᠠᠭᠤᠯᠤᠨ ᠡᠮᠴᠢᠯᠡᠭᠡᠨ᠎ᠦ ᠡᠮ᠎ᠦᠨ ᠵᠦᠢᠯᠡᠰ ᠵᠢᠴᠢ ᠰᠡᠷᠭᠡᠢᠯᠡᠨ ᠬᠠᠮᠠᠭᠠᠯᠠᠬᠤ ᠬᠡᠷᠡᠭᠰᠡᠯ᠎ᠦᠨ ᠦᠨ᠎ᠡ ᠬᠠᠩᠰᠢ᠎ᠶᠢ ᠶᠡᠬᠡ ᠪᠡᠷ ᠥᠰᠬᠡᠵᠤ᠂ ᠬᠡᠪ᠎ᠦᠨ ᠦᠨ᠎ᠡ ᠬᠠᠩᠰᠢ᠎ᠶᠢᠨ ᠡᠮᠬᠢ ᠵᠢᠷᠤᠮ᠎ᠢ ᠰᠠᠮᠠᠭᠤᠷᠠᠭᠤᠯᠵᠤ ᠪᠣᠯᠬᠤ ᠦᠭᠡᠢ᠃ ᠬᠣᠭᠣᠷᠣᠨᠳᠤ᠎ᠪᠠᠨ ᠰᠥᠯᠪᠡᠭᠡᠯᠳᠦᠵᠦ ᠵᠠᠪᠰᠢᠶᠠᠨ᠎ᠢ ᠳᠠᠯᠢᠮᠳᠠᠭᠤᠯᠤᠨ ᠦᠨ᠎ᠡ᠎ᠶᠢ ᠥᠰᠬᠡᠵᠦ᠂ ᠬᠤᠷᠠᠮᠳᠤᠭᠤᠯᠤᠨ ᠳᠠᠷᠤᠵᠤ ᠵᠠᠪᠰᠢᠨ ᠬᠤᠨᠵᠢᠵᠦ᠂ ᠵᠠᠬ᠎ᠠ ᠳᠡᠯᠭᠡᠭᠦᠷ᠎ᠦᠨ ᠦᠨ᠎ᠡ ᠬᠠᠩᠰᠢ᠎ᠶᠢ ᠡᠵᠡᠮᠳᠡᠵᠦ᠂ ᠦᠨ᠎ᠡ ᠥᠰᠬᠦ ᠮᠡᠳᠡᠭᠡ ᠵᠠᠩᠭᠢ᠎ᠶᠢ ᠬᠤᠳᠠᠯ᠎ᠢᠶᠠᠷ ᠵᠣᠬᠢᠶᠠᠵᠤ᠂ ᠲᠠᠷᠬᠠᠭᠠᠵᠤ᠂ ᠳᠦᠷᠭᠢᠭᠦᠯᠦᠨ ᠥᠰᠬᠡᠵᠦ ᠪᠣᠯᠬᠤ ᠦᠭᠡᠢ᠃ ᠨᠡᠢᠭᠡᠮ᠎ᠦᠨ ᠬᠠᠷᠢᠭᠤᠴᠠᠯᠭ᠎ᠠ᠎ᠪᠠᠨ ᠦᠨᠡᠨ ᠬᠦ᠌ ᠭᠦᠢᠴᠡᠳᠬᠡᠵᠦ᠂ ᠪᠠᠷᠠᠭᠠᠨ᠎ᠤ ᠢᠷᠡᠯᠲᠡ᠎ᠶᠢ ᠢᠳᠡᠪᠬᠢᠲᠡᠢ ᠵᠣᠬᠢᠶᠠᠨ ᠪᠠᠢᠭᠤᠯᠵᠤ᠂ ᠵᠠᠬ᠎ᠠ ᠳᠡᠯᠭᠡᠭᠦᠷ᠎ᠦᠨ ᠬᠠᠩᠭᠠᠯᠭ᠎ᠠ᠎ᠶᠢ ᠪᠠᠲᠤᠯᠠᠬᠤ ᠬᠡᠷᠡᠭᠲᠡᠢ᠃ ᠡᠵᠡᠩᠨᠡᠭᠴᠢᠳ ᠦᠨ᠎ᠡ ᠬᠠᠩᠰᠢ ᠶ᠋ᠢ ᠢᠯᠡ ᠬᠠᠳᠠᠬᠤ ᠳᠦᠷᠢᠮ ᠢ᠋ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠦᠨ᠎ᠡ ᠬᠠᠩᠰᠢ ᠶ᠋ᠢᠨ ᠲᠠᠯ᠎ᠠ᠎ᠪᠠᠷ ᠥᠪᠡᠷ ᠢ᠋᠎ᠪᠡᠨ ᠱᠠᠭᠠᠷᠳᠠᠬᠤ ᠶ᠋ᠢ ᠴᠢᠩᠭᠠᠳᠬᠠᠨ᠂ ᠲᠠᠸᠠᠷ ᠪᠣᠷᠣᠯᠠᠭᠤᠯᠬᠤ ᠳ᠋ᠠᠭᠠᠨ ᠨᠡᠷ᠎ᠡ᠂ ᠬᠡᠪ ᠪᠠᠷᠢᠮᠵᠢᠶ᠎ᠠ᠂ ᠦᠨ᠎ᠡ ᠬᠠᠩᠰᠢ ᠪᠣᠯᠣᠨ ᠦᠨ᠎ᠡ ᠪᠤᠳᠤᠬᠤ ᠨᠢᠭᠡᠴᠢ ᠵᠡᠷᠭᠡ ᠶ᠋ᠢᠨ ᠮᠡᠳᠡᠭᠡ ᠵᠠᠩᠭᠢ ᠶ᠋ᠢ ᠲᠣᠳᠣᠷᠬᠠᠢᠯᠠᠵᠤ᠂ ᠦᠨ᠎ᠡ ᠬᠠᠲᠠᠭᠰᠠᠨ ᠨᠢ ᠦᠨᠡᠨ ᠪᠣᠳᠠᠲᠠᠢ ᠪᠥᠭᠡᠳ ᠣᠨᠣᠪᠴᠢᠲᠠᠶ᠂ ᠪᠠᠷᠠᠭᠠᠨ᠎ᠤ ᠱᠣᠰᠢᠭ᠎ᠠ ᠶ᠋ᠢ ᠣᠷᠣᠨ ᠪᠠᠢᠷᠢ ᠳ᠋ᠤᠨᠢ ᠲᠠᠭᠠᠷᠠᠭᠤᠯᠵᠤ᠂ ᠢᠯᠡ ᠲᠣᠳᠣ᠌ ᠲᠡᠮᠳᠡᠭ᠎ᠲᠠᠢ ᠪᠠᠢᠯᠭᠠᠬᠤ ᠬᠡᠷᠡᠭᠲᠡᠢ᠂ ᠬᠠᠲᠠᠭᠰᠠᠨ ᠦᠨ᠎ᠡ᠎ᠵᠢᠨ ᠳᠡᠭᠡᠷ᠎ᠠ ᠦᠨ᠎ᠡ ᠨᠡᠮᠡᠵᠦ ᠬᠤᠳᠠᠯᠳᠤᠵᠤ ᠪᠣᠯᠬᠤ ᠦᠭᠡᠢ᠂ ᠶᠠᠮᠠᠷ ᠴᠤ᠌ ᠲᠣᠳᠣᠷᠬᠠᠢᠯᠠᠭᠰᠠᠨ ᠪᠤᠰᠤ ᠰᠦᠢᠳᠬᠡᠯ ᠬᠤᠷᠢᠶᠠᠵᠤ ᠪᠣᠯᠬᠤ ᠦᠭᠡᠢ᠃
ᠡᠵᠡᠩᠨᠡᠭᠴᠢ ᠦᠨ᠎ᠡ ᠬᠠᠩᠰᠢ᠎ᠶᠢ ᠢᠯᠡ ᠬᠠᠳᠠᠬᠤ ᠲᠣᠭᠲᠠᠭᠠᠯ ᠡᠴᠡ ᠵᠥᠷᠢᠴᠡᠭᠰᠡᠨ ᠪᠠᠢᠪᠠᠯ᠂ ᠵᠠᠷᠯᠢᠭ᠍ᠳᠠᠨ ᠵᠠᠯᠠᠷᠠᠭᠤᠯᠤᠭᠤᠯᠵᠤ᠂ ᠬᠠᠤᠯᠢ ᠡᠴᠡ ᠵᠥᠷᠢᠴᠡᠵᠦ ᠣᠯᠣᠭᠰᠠᠨ ᠣᠯᠵᠠ ᠠᠰᠢᠭ᠋᠎ᠢ ᠨᠢ ᠬᠣᠷᠢᠶᠠᠨ ᠠᠪᠴᠤ᠂ 5000 ᠲᠥᠭᠥᠷᠢᠭ᠎ᠡᠴᠡ ᠳᠣᠭᠣᠭ᠍ᠰᠢ ᠵᠣᠭᠣᠰ᠎ᠢᠶᠠᠷ ᠲᠣᠷᠭᠠᠬᠤ᠎ᠪᠠᠷ ᠰᠢᠢᠳᠭᠡᠵᠦ ᠪᠣᠯᠣᠨ᠎ᠠ; ᠦᠨ᠎ᠡ ᠬᠠᠩᠰᠢ᠎ᠶᠢᠨ ᠮᠡᠬᠡᠯᠡᠯ᠎ᠦᠨ ᠠᠵᠢᠯᠯᠠᠭ᠎ᠠ᠎ᠲᠠᠢ ᠪᠤᠯ ᠬᠠᠮᠤᠭ᠎ᠤᠨ ᠥᠨᠳᠥᠷ ᠲᠡᠬᠡᠨ 50 ᠲᠦᠮᠡᠨ ᠲᠥᠭᠥᠷᠢᠭ᠎ᠤᠨ ᠵᠣᠭᠣᠰ᠎ᠢᠶᠠᠷ ᠲᠣᠷᠭᠠᠬᠤ᠎ᠪᠠᠷ ᠰᠢᠢᠳᠭᠡᠵᠦ ᠪᠣᠯᠣᠨ᠎ᠠ᠃ ᠦᠨ᠎ᠡ ᠬᠠᠩᠰᠢ ᠦᠰᠬᠡᠭᠰᠡᠨ ᠮᠡᠳᠡᠭᠡ ᠵᠠᠩᠭᠢ᠎ᠶᠢ ᠬᠤᠳᠠᠯ᠎ᠢᠶᠠᠷ ᠵᠣᠬᠢᠶᠠᠬᠤ᠂ ᠲᠠᠷᠬᠠᠭᠠᠬᠤ᠂ ᠦᠨ᠎ᠡ ᠬᠠᠩᠰᠢ᠎ᠶᠢ ᠳᠦᠷᠭᠢᠬᠦᠯᠦᠨ ᠥᠰᠬᠡᠬᠦ᠂ ᠬᠤᠷᠠᠮᠳᠤᠭᠤᠯᠤᠨ ᠳᠠᠷᠤᠵᠤ ᠵᠠᠪᠰᠢᠨ ᠬᠤᠨᠵᠢᠭᠠᠳ ᠲᠠᠸᠠᠷ᠎ᠤᠨ ᠦᠨ᠎ᠡ ᠬᠠᠩᠰᠢ᠎ᠶᠢ ᠬᠡᠲᠦ ᠲᠦᠷᠭᠡᠨ ᠬᠡᠲᠦ ᠥᠨᠳᠥᠷ ᠥᠰᠬᠡᠬᠦ ᠠᠵᠢᠯᠯᠠᠭ᠎ᠠ᠎ᠶᠢ ᠠᠬᠢᠭᠤᠯᠤᠭᠰᠠᠨ ᠪᠠᠢᠪᠠᠯ᠂ ᠬᠠᠮᠤᠭ ᠥᠨᠳᠥᠷ᠎ᠲᠡᠬᠡᠨ 300 ᠲᠦᠮᠡᠨ ᠲᠥᠭᠥᠷᠢᠭ᠎ᠦᠨ ᠵᠣᠭᠣᠰ᠎ᠢᠶᠠᠷ ᠲᠣᠷᠭᠠᠬᠤ᠎ᠪᠠᠷ ᠰᠢᠳᠭᠡᠵᠦ ᠪᠣᠯᠣᠨ᠎ᠠ᠃ ᠬᠠᠷᠢᠯᠴᠠᠨ ᠰᠥᠯᠪᠡᠭᠡᠯᠳᠦᠵᠦ ᠪᠠᠢᠭᠠᠳ ᠵᠠᠬ᠎ᠠ ᠳᠡᠯᠭᠡᠭᠦᠷ᠎ᠦᠨ ᠦᠨ᠎ᠡ ᠬᠠᠩᠰᠢ᠎ᠶᠢ ᠡᠵᠡᠮᠳᠡᠭᠡᠳ ᠲᠠᠸᠠᠷ᠎ᠤᠨ ᠦᠨ᠎ᠡ ᠬᠠᠩᠰᠢ᠎ᠶᠢ ᠨᠡᠯᠢᠶᠡᠳ ᠶᠡᠬᠡ ᠬᠡᠮᠵᠢᠶ᠎ᠡ᠎ᠪᠡᠷ ᠥᠰᠬᠡᠭᠰᠡᠨ ᠪᠠᠢᠪᠠᠯ ᠬᠠᠮᠤᠭ᠎ᠤᠨ ᠥᠨᠳᠥᠷ᠎ᠲᠡᠬᠡᠨ 500 ᠲᠦᠮᠡᠨ ᠲᠥᠭᠥᠷᠢᠭ᠎ᠦᠨ ᠵᠣᠭᠣᠰ᠎ᠢᠶᠠᠷ ᠲᠣᠷᠭᠠᠬᠤ᠎ᠪᠠᠷ ᠰᠢᠳᠭᠡᠵᠦ ᠪᠣᠯᠣᠨ᠎ᠠ᠃
ᠡᠭᠦᠨ᠎ᠦ ᠵᠡᠷᠭᠡ᠎ᠳᠦ᠂ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ ᠶ᠋ᠢᠨ ᠰᠠᠯᠠᠭ᠎ᠠ ᠮᠥᠴᠢᠷ ᠴᠦ᠍ ᠦᠨ᠎ᠡ ᠬᠠᠩᠰᠢ ᠶ᠋ᠢᠨ ᠪᠠᠢᠴᠠᠭᠠᠯᠲᠠ ᠶ᠋ᠢ ᠦᠷᠭᠦᠯᠵᠢᠯᠡᠨ ᠥᠷᠨᠢᠭᠦᠯᠵᠦ᠂ ᠰᠠᠨᠠᠭᠤᠯᠵᠤ ᠰᠡᠷᠡᠮᠵᠢᠯᠡᠭᠦᠯᠦᠭᠰᠡᠨᠦ ᠳᠠᠷᠠᠭ᠎ᠠ ᠮᠥᠨ ᠴᠡᠭᠴᠡᠯᠡᠨ ᠥᠭᠡᠷᠡᠴᠢᠯᠡᠬᠦ ᠦᠭᠡᠢ ᠡᠵᠡᠩᠨᠡᠭᠴᠢ ᠶ᠋ᠢ ᠬᠠᠤᠯᠢ ᠶᠣᠰᠣᠭᠠᠷ ᠴᠢᠩᠭ᠎ᠠ ᠰᠢᠢᠳᠪᠦᠷᠢᠯᠡᠬᠦ ᠶ᠋ᠢᠨ ᠬᠠᠮᠲᠤ ᠨᠡᠢᠭᠡᠮ᠎ᠳᠦ ᠢᠯᠡ ᠨᠡᠢᠲᠡᠯᠡᠨ᠎ᠡ᠃
ᠢᠷᠡᠯᠳᠡ᠄ ᠤᠮᠠᠷᠠᠲᠤ ᠵᠢᠨ ᠰᠢᠨ᠎ᠡ ᠰᠤᠨᠢᠨ
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠴᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃