ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠮᠡᠳᠡᠭᠡᠯᠡᠯ

2022-12-09 16:16:55

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

— ᠨᠡᠷ᠎ᠡ ᠬᠦᠨᠳᠦᠲᠦ ᠲᠤᠰᠭᠠᠶ ᠮᠡᠷᠭᠡᠵᠢᠯᠲᠡᠨ ᠬᠢᠵᠢᠭ᠎ᠢ ᠰᠡᠷᠭᠡᠢᠯᠡᠬᠦ᠌ ᠬᠠᠯᠠᠮᠱᠢᠯ ᠠᠰᠠᠭᠤᠳᠠᠯ᠎ᠳᠤ ᠬᠠᠷᠢᠭᠤᠯᠲᠠ ᠥᠭ᠌ᠪᠡ

ᠤᠮᠢᠺᠷᠤᠨ ᠸᠢᠷᠦ᠋ᠰ᠎ᠦᠨ ᠡᠪᠡᠳᠴᠢᠯᠡᠭᠦᠯᠬᠦ᠌ ᠴᠢᠨᠠᠷ᠎ᠨᠢ ᠪᠠᠭᠤᠷᠠᠵᠤ ᠪᠠᠢᠨ᠎ᠠ᠂ ᠬᠡᠷᠪᠡ ᠬᠡᠷ᠎ᠲᠡᠬᠡᠨ ᠪᠠᠢᠭᠠᠳ ᠬᠢᠮᠤᠷᠠᠭ᠎ᠠ᠎ᠲᠠᠶ ᠠᠳᠠᠯᠢᠪᠲᠤᠷ ᠢᠯᠡᠷᠡᠯ ᠭᠠᠷᠪᠠᠯ᠂ ᠱᠢᠨ᠎ᠡ ᠲᠢᠲᠢᠮᠯᠢᠭ ᠸᠢᠷᠦ᠋ᠰ᠎ᠲᠦ ᠬᠠᠯᠳᠠᠪᠤᠷᠢᠯᠠᠭ᠍ᠳᠠᠭ᠍ᠰᠠᠨ ᠡᠰᠡᠬᠦ᠌᠎ᠶ᠋ᠢ ᠬᠡᠷᠬᠢᠨ ᠮᠠᠭᠠᠳᠯᠠᠬᠤ ᠪᠣᠶ? ᠬᠡᠷᠪᠡ ᠬᠠᠯᠳᠠᠪᠤᠷᠢᠯᠠᠯ᠎ᠲᠠᠶ ᠪᠣᠯ ᠬᠢᠲᠠᠳ ᠡᠮ ᠤᠤᠭᠤᠬᠤ᠎ᠳᠤ ᠶᠠᠭᠤ᠎ᠶ᠋ᠢ ᠠᠩᠬᠠᠷᠬᠤ ᠴᠢᠬᠤᠯᠠᠳᠠᠢ ᠪᠣᠶ? ᠲᠥᠷᠥ᠎ᠶ᠋ᠢᠨ ᠶᠠᠪᠤᠳᠠᠯ᠎ᠤᠨ ᠬᠣᠷᠢᠶᠠᠨ᠎ᠤ ᠬᠤᠯᠪᠤᠭᠠᠯᠠᠨ ᠰᠡᠷᠭᠡᠢᠯᠡᠵᠦ᠍ ᠬᠤᠯᠪᠤᠭᠠᠯᠠᠨ ᠡᠵᠡᠮᠳᠡᠬᠦ᠌ ᠲᠣᠭ᠍ᠲᠠᠴᠠ᠎ᠶ᠋ᠢᠨ ᠵᠣᠬᠢᠶᠠᠨ ᠪᠠᠢᠭᠤᠯᠤᠯᠲᠠ᠎ᠶ᠋ᠢᠨ ᠡᠷᠬᠡ ᠰᠦᠷᠲᠦ ᠲᠤᠰᠭᠠᠶ ᠮᠡᠷᠭᠡᠵᠢᠯᠲᠡᠨ — ᠨᠡᠢᠰᠯᠡᠯ ᠎ᠦᠨ ᠠᠨᠠᠭᠠᠬᠤ ᠤᠬᠠᠭᠠᠨ ᠎ᠤ ᠶᠡᠬᠡ ᠰᠤᠷᠭᠠᠭᠤᠯᠢ᠎ᠶ᠋ᠢᠨ ᠬᠠᠷᠢᠶᠠᠲᠤ ᠪᠡᠭᠡᠵᠢᠩ᠎ᠦᠨ ᠬᠢᠲᠠᠳ ᠡᠮᠨᠡᠯᠭᠡ᠎ᠶ᠋ᠢᠨ ᠬᠣᠷᠢᠶᠠᠨ ᠎ᠤ ᠳᠠᠷᠤᠭ᠎ᠠ ᠯᠢᠦ ᠴᠢᠩ ᠴᠢᠤᠸᠠᠨ᠂ ᠪᠡᠭᠡᠵᠢᠩ ᠶᠡᠬᠡ ᠰᠤᠷᠭᠠᠭᠤᠯᠢ᠎ᠶ᠋ᠢᠨ ᠨᠢᠭᠡᠳᠦᠭᠡᠷ ᠡᠮᠨᠡᠯᠭᠡ᠎ᠶ᠋ᠢᠨ ᠬᠣᠷᠢᠶᠠᠨ᠎ᠤ ᠬᠠᠯᠳᠠᠪᠤᠷᠢᠯᠠᠯ᠎ᠤᠨ ᠰᠠᠯᠠᠭᠠᠨ᠎ᠤ ᠡᠷᠬᠢᠯᠡᠭ᠌ᠴᠢ ᠸᠠᠩ ᠬᠦᠶ ᠴᠢᠶᠠᠩ ᠣᠯᠠᠨ ᠨᠡᠢᠲᠡ᠎ᠶ᠋ᠢᠨ ᠠᠩᠬᠠᠷᠴᠤ᠌ ᠪᠠᠢᠭ᠎ᠠ ᠠᠰᠠᠭᠤᠳᠠᠯ᠎ᠤᠨ ᠲᠤᠬᠠᠶ ᠰᠤᠷᠪᠤᠯᠵᠢᠯᠠᠭ᠎ᠠ ᠬᠦᠯᠢᠶᠡᠪᠡ᠃

1 . ᠠᠰᠠᠭᠤᠯᠲᠠ ᠄ ᠭᠡᠷ᠎ᠲᠡᠬᠡᠨ ᠬᠢᠮᠤᠷᠠᠭ᠎ᠠ᠎ᠲᠠᠶ ᠠᠳᠠᠯᠢᠪᠲᠤᠷ ᠡᠪᠡᠳᠴᠢᠨ᠎ᠦ ᠢᠯᠡᠷᠡᠯ ᠭᠠᠷᠪᠠᠯ᠂ ᠱᠢᠨ᠎ᠡ ᠲᠢᠲᠢᠮᠯᠢᠭ ᠸᠢᠷᠦ᠋ᠰ᠎ᠲᠦ ᠬᠠᠯᠳᠠᠪᠤᠷᠢᠯᠠᠭ᠍ᠳᠠᠭ᠍ᠰᠠᠨ ᠡᠰᠡᠬᠦ᠌᠎ᠶ᠋ᠢ ᠬᠡᠷᠬᠢᠨ ᠮᠠᠭᠠᠳᠯᠠᠬᠤ ᠪᠤᠢ? ᠬᠠᠯᠳᠠᠪᠤᠷᠢᠯᠠᠪᠠᠯ ᠬᠡᠷᠬᠢᠨ ᠠᠷᠭᠠᠴᠠᠭᠠᠬᠤ ᠪᠤᠢ?

ᠸᠠᠩ ᠬᠦᠶ ᠴᠢᠶᠠᠩ ᠄ ᠣᠳᠣᠬᠠᠨ᠎ᠤ ᠪᠥᠬᠥ᠌ ᠤᠯᠤᠰ᠎ᠤᠨ ᠡᠪᠡᠳᠴᠢᠨ᠎ᠦ ᠵᠢᠱ᠌ᠢᠶ᠎ᠡ᠎ᠡᠴᠡ ᠦᠵᠡᠪᠡᠯ᠂ ᠤᠮᠢᠺᠷᠤᠨ ᠬᠠᠯᠳᠠᠪᠤᠷᠢᠯᠠᠭ᠍ᠰᠠᠨ᠎ᠤ ᠲᠠᠷᠠᠭ᠎ᠠ ᠲᠡᠭᠡᠷ᠎ᠠ ᠠᠮᠢᠰᠭᠤᠯ᠎ᠤᠨ ᠵᠠᠮ᠎ᠤᠨ ᠡᠪᠡᠳᠴᠢᠨ᠎ᠦ ᠢᠯᠡᠷᠡᠯ᠎ᠢᠶᠡᠷ ᠭᠤᠤᠯ ᠪᠣᠯᠵᠤ ᠂ ᠬᠦᠨᠳᠦ ᠡᠪᠡᠳᠴᠢᠨ᠎ᠦ ᠵᠢᠱ᠌ᠢᠶ᠎ᠡ᠎ᠶ᠋ᠢᠨ ᠬᠠᠷᠢᠴᠠᠯ ᠢᠯᠡᠳᠲᠡ ᠳᠣᠷᠣᠭ᠍ᠰᠢᠯᠠᠵᠠᠶ᠃ ᠸᠠᠺᠼᠢᠨ᠎ᠤ ᠲᠠᠷᠢᠯᠭ᠎ᠠ᠎ᠶ᠋ᠢᠨ ᠲᠦᠭᠡᠮᠡᠯᠵᠢᠬᠦ᠌᠎ᠶ᠋ᠢ ᠳᠠᠭᠠᠯᠳᠤᠨ᠂ ᠠᠭᠠᠵᠢᠮ᠎ᠢᠶᠠᠷ ᠵᠣᠬᠢᠬᠤ ᠬᠡᠮᠵᠢᠶᠡᠨ᠎ᠦ ᠡᠭᠡᠯᠢᠯᠡᠭᠡ᠎ᠶ᠋ᠢᠨ ᠴᠢᠳᠠᠪᠤᠷᠢ᠎ᠶ᠋ᠢ ᠪᠦᠷᠢᠯᠳᠦᠭᠦᠯᠵᠦ᠍᠂ ᠸᠢᠷᠦ᠋ᠰ ᠤ᠋ᠨ ᠡᠪᠡᠳᠴᠢᠨ ᠡᠭᠦᠰᠭᠡᠬᠦ᠌ ᠬᠦᠴᠦᠨ᠎ᠢ ᠪᠠᠭᠤᠷᠠᠭᠤᠯᠵᠠᠢ᠃

ᠪᠢᠳᠠ ᠲᠡᠰ ᠬᠤᠪᠢᠶᠠᠨ ᠣᠨᠣᠱᠢᠯᠠᠨ ᠡᠮᠨᠡᠬᠦ᠌ ᠪᠠ ᠡᠮᠨᠡᠨ ᠵᠠᠰᠠᠬᠤ᠎ᠶ᠋ᠢ ᠴᠢᠬᠤᠯᠠᠴᠢᠯᠠᠵᠤ᠂ ᠡᠩ᠎ᠦᠨ ᠡᠪᠡᠳᠴᠢᠲᠡᠨ᠎ᠢ ᠭᠡᠷ᠎ᠲᠡᠬᠡᠨ ᠠᠵᠢᠭ᠍ᠯᠠᠨ ᠱᠢᠨᠵᠢᠵᠦ᠍ ᠡᠮᠨᠡᠨ ᠵᠠᠰᠠᠵᠤ ᠪᠣᠯᠤᠨ᠎ᠠ᠂ ᠬᠦᠨᠳᠦ ᠡᠪᠡᠳᠴᠢᠲᠡᠨ ᠪᠤᠶᠤ ᠬᠦᠨᠳᠦ ᠡᠪᠡᠳᠴᠢᠨ᠎ᠦ ᠠᠶᠤᠯ ᠲᠦᠭ᠌ᠰᠢᠭᠦᠷᠢ᠎ᠲᠡᠶ ᠡᠪᠡᠳᠴᠢᠲᠡᠨ᠎ᠡᠮᠨᠡᠯᠭᠡ ᠎ᠳᠦ ᠣᠴᠢᠵᠤ ᠴᠢᠨᠠᠭ᠍ᠰᠢᠳᠠ ᠣᠨᠣᠱᠢᠯᠠᠨ ᠵᠠᠰᠠᠬᠤ ᠬᠡᠷᠡᠭ᠌ᠲᠡᠢ᠃ ᠭᠡᠷ᠎ᠲᠡᠬᠡᠨ ᠬᠡᠷᠪᠡ ᠬᠠᠯᠠᠭᠤᠷᠠᠵᠤ ᠬᠠᠨᠢᠶᠠᠬᠤ ᠵᠡᠷᠭᠡ ᠡᠪᠡᠳᠴᠢᠨ᠎ᠦ ᠪᠠᠢᠳᠠᠯ ᠢᠯᠡᠷᠡᠪᠡᠯ᠂ ᠬᠠᠯᠠᠭᠤᠨ᠎ᠢ ᠪᠠᠭᠤᠷᠠᠭᠤᠯᠵᠤ ᠡᠪᠡᠳᠬᠦ᠌᠎ᠶ᠋ᠢ ᠵᠣᠭ᠍ᠰᠣᠭᠠᠬᠤ ᠡᠮ ᠤᠤᠭᠤᠵᠤ᠂ ᠹᠢᠽᠢᠺ᠎ᠦᠨ ᠠᠷᠭ᠎ᠠ᠎ᠪᠠᠷ ᠬᠠᠯᠠᠭᠤᠨ᠎ᠢ ᠪᠠᠭᠤᠷᠠᠭᠤᠯᠬᠤ ᠪᠤᠶᠤ ᠡᠮᠴᠢ᠎ᠶ᠋ᠢᠨ ᠵᠢᠯᠣᠭᠣᠳᠤᠯᠭ᠎ᠠ ᠳᠣᠣᠷ᠎ᠠ ᠵᠠᠷᠢᠮ ᠬᠢᠲᠠᠳ ᠡᠮ᠂ ᠸᠢᠷᠦ᠋ᠰ᠎ᠢ ᠡᠰᠡᠷᠭᠦᠴᠡᠬᠦ᠌ ᠡᠮ ᠵᠡᠷᠭᠡ᠎ᠶ᠋ᠢ ᠤᠤᠭᠤᠵᠤ ᠪᠣᠯᠤᠨ᠎ᠠ᠂ ᠡᠭᠦᠨ᠎ᠦ ᠬᠠᠮᠲᠤ ᠥᠳᠥᠭᠡᠭ᠌ᠴᠢ᠎ᠪᠡᠷ ᠥᠪᠡᠷ ᠲᠡᠭᠡᠨ ᠬᠡᠮᠵᠢᠬᠦ᠌᠎ᠶ᠋ᠢ ᠰᠠᠨᠠᠭᠤᠯᠤᠶ᠎ᠠ᠃

ᠥᠳᠥᠭᠡᠭ᠌ᠴᠢ᠎ᠶ᠋ᠢᠨ ᠪᠠᠢᠴᠠᠭᠠᠯᠲᠠ ᠬᠢᠭ᠌ᠰᠡᠨ᠎ᠦ ᠳᠠᠷᠠᠭ᠎ᠠ᠂ ᠬᠡᠷᠪᠡ ᠠᠷᠭ᠎ᠠ ᠴᠢᠨᠠᠷᠲᠠᠶ ᠪᠣᠯ ᠴᠠᠭ ᠲᠤᠬᠠᠶ᠎ᠳᠤᠨᠢ ᠳᠡᠭᠡᠭ᠌ᠰᠢ ᠮᠡᠳᠡᠭᠦᠯᠵᠦ᠍ ᠳᠠᠩᠰᠠᠯᠠᠭᠤᠯᠬᠤ᠎ᠶ᠋ᠢᠨ ᠬᠠᠮᠲᠤ ᠥᠪᠡᠷ᠎ᠦᠨ ᠪᠡᠶ᠎ᠡ᠎ᠶ᠋ᠢᠨ ᠪᠠᠢᠳᠠᠯ᠎ᠢᠶᠠᠨ ᠨᠢᠭ᠍ᠲᠠ ᠬᠢᠨᠠᠨ ᠬᠡᠮᠵᠢᠵᠦ᠍᠂ ᠬᠡᠪ᠎ᠦᠨ ᠪᠤᠰᠤ ᠡᠪᠡᠳᠴᠢᠨ᠎ᠦ ᠢᠯᠡᠷᠡᠯ ᠪᠠᠢᠬᠤ ᠡᠰᠡᠬᠦ᠌᠎ᠶ᠋ᠢ ᠠᠵᠢᠭ᠍ᠯᠠᠬᠤ ᠬᠡᠷᠡᠭ᠌ᠲᠡᠶ᠂ ᠬᠡᠷᠪᠡ ᠢᠯᠡᠷᠬᠡᠶ ᠡᠪᠡᠳᠴᠢᠨ᠎ᠦ ᠪᠠᠢᠳᠠᠯ᠎ᠤᠨ ᠬᠤᠪᠢᠷᠠᠯᠲᠠ ᠭᠠᠷᠪᠠᠯ᠂ ᠵᠢᠱ᠌ᠢᠶᠡᠯᠡᠪᠡᠯ ᠠᠮᠢᠰᠭᠤᠯ ᠴᠢᠬᠤᠯᠳᠠᠬᠤ᠂ ᠰᠠᠭᠤᠷᠢ ᠡᠪᠡᠳᠴᠢᠨ ᠬᠦᠨᠳᠦᠷᠡᠬᠦ᠌ ᠵᠡᠷᠭᠡ ᠪᠠᠢᠳᠠᠯ ᠭᠠᠷᠪᠠᠯ᠂ ᠴᠠᠭ ᠲᠤᠬᠠᠶ᠎ᠳᠤᠨᠢ ᠨᠡᠢᠭᠡᠮ ᠲᠣᠭᠣᠷᠢᠭ᠎ᠤᠨ ᠡᠮᠴᠢ᠎ᠲᠡᠶ ᠬᠠᠷᠢᠯᠴᠠᠵᠤ ᠮᠡᠳᠡᠭᠦᠯᠦᠨ ᠳᠠᠩᠰᠠᠯᠠᠭᠤᠯᠵᠤ᠂ ᠴᠢᠬᠤᠯᠠ ᠲᠠᠶ ᠦᠶ᠎ᠡ᠎ᠳᠦ ᠡᠮᠨᠡᠯᠭᠡ᠎ᠳᠦ ᠬᠦᠷᠴᠦ᠍ ᠤᠯᠠᠮ ᠨᠢᠭᠡ ᠠᠯᠬᠤᠮ ᠣᠨᠣᠱᠢᠯᠠᠨ ᠡᠮᠨᠡᠵᠦ᠍ ᠠᠪᠤᠷᠠᠨ ᠵᠠᠰᠠᠬᠤ ᠬᠡᠷᠡᠭ᠌ᠲᠡᠶ᠃

2 . ᠠᠰᠠᠭᠤᠯᠲᠠ ᠄ ᠸᠢᠷᠦ᠋ᠰ ᠬᠠᠯᠳᠠᠪᠤᠷᠢᠯᠠᠪᠠᠯ ᠬᠢᠲᠠᠳ ᠡᠮ ᠤᠤᠭᠤᠬᠤ ᠎ᠳᠤ ᠶᠠᠭᠤ᠎ᠶ᠋ᠢ ᠠᠩᠬᠠᠷᠬᠤ ᠴᠢᠬᠤᠯᠠᠳᠠᠢ ᠪᠤᠢ?

ᠯᠢᠦ ᠴᠢᠩ ᠴᠢᠤᠸᠠᠨ ᠄ ᠠᠩᠬᠠᠨ᠎ᠤ ᠡᠪᠡᠳᠴᠢᠨ ᠤ᠋ ᠸᠢᠷᠦ᠋ᠰ ᠡᠴᠡ ᠳ᠋ᠸᠯᠲ᠋ᠠ ᠂ ᠳᠠᠬᠢᠨ ᠤᠮᠢᠺᠷᠤᠨ ᠬᠦᠷᠲᠡᠯ᠎ᠡ ᠸᠢᠷᠦ᠋ᠰ᠎ᠦᠨ ᠡᠪᠡᠳᠴᠢᠯᠡᠭᠦᠯᠬᠦ᠌ ᠴᠢᠨᠠᠷ ᠨᠢ ᠶᠠᠪᠤᠬᠤ ᠳᠤᠳᠤᠮ ᠪᠠᠭᠤᠷᠠᠵᠤ᠂ ᠬᠠᠯᠳᠠᠪᠤᠷᠢᠯᠠᠬᠤ ᠴᠢᠨᠠᠷ ᠨᠢ ᠤᠯᠠᠮ ᠴᠢᠩᠭᠠᠷᠠᠵᠠᠢ᠃ ᠬᠢᠲᠠᠳ ᠡᠮᠨᠡᠯᠭᠡ᠎ᠶ᠋ᠢᠨ ᠲᠠᠯ᠎ᠠ ᠡᠴᠡ ᠠᠪᠴᠤ᠌ ᠦᠵᠡᠪᠡᠯ᠂ ᠭᠤᠤᠯ ᠡᠪᠡᠳᠴᠢᠨ᠎ᠦ ᠪᠠᠢᠳᠠᠯ ᠤ᠋ᠨ ᠬᠤᠪᠢᠷᠠᠯᠲᠠ ᠪᠣᠯ ᠨᠢᠭᠡ ᠵᠦᠶ᠋ᠯ᠎ᠦᠨ ᠬᠠᠯᠠᠭᠤᠨ ᠣᠷᠭᠢᠵᠤ᠂ ᠴᠢᠬᠢᠭ ᠬᠤᠤᠷ ᠲᠠᠭᠠᠯᠳᠤᠵᠤ᠂ ᠢᠯᠡᠷᠡᠯ ᠨᠢ 1 ᠎ᠡᠴᠡ 2 ᠡᠳᠦᠷ ᠬᠠᠯᠠᠭᠤᠷᠠᠬᠤ ᠪᠣᠯᠤᠨ᠎ᠠ; ᠬᠣᠶᠠᠷ᠎ᠲᠤ᠂ ᠬᠣᠭᠣᠯᠠᠢ ᠡᠪᠡᠳᠬᠦ᠌᠂ ᠬᠣᠭᠣᠯᠠᠢ ᠬᠠᠲᠠᠬᠤ ; ᠭᠤᠷᠪᠠ᠎ᠳᠤ᠂ ᠲᠠᠮᠢᠷᠳᠠᠬᠤ᠂ ᠵᠠᠷᠢᠮ ᠬᠥᠮᠦᠨ ᠬᠠᠯᠠᠭᠤᠷᠠᠬᠤ ᠡᠴᠡ ᠡᠮᠦᠨ᠎ᠡ ᠪᠤᠶᠤ ᠬᠠᠯᠠᠭᠤᠷᠠᠬᠤ ᠶᠠᠪᠤᠴᠠ᠎ᠳᠤ ᠶᠠᠰᠤ ᠱᠠᠷᠬᠢᠷᠠᠵᠤ ᠡᠪᠡᠳᠬᠦ᠌᠂ ᠪᠥᠬᠥ᠌ ᠪᠡᠶ᠎ᠡ ᠱᠠᠷᠬᠢᠷᠠᠵᠤ ᠡᠪᠡᠳᠬᠦ᠌ ᠵᠡᠷᠭᠡ ᠢᠯᠡᠷᠡᠯ ᠭᠠᠷᠳᠠᠭ᠃ 3 ᠡᠴᠡ 5 ᠡᠳᠦᠷ᠎ᠦᠨ ᠬᠤᠪᠢᠷᠠᠯᠲᠠ᠎ᠶ᠋ᠢ ᠳᠠᠭᠠᠯᠳᠤᠨ᠂ ᠡᠳᠡᠭᠡᠷ ᠢᠯᠡᠷᠡᠯ ᠨᠢ ᠠᠭᠠᠵᠢᠮ᠎ᠢᠶᠠᠷ ᠠᠷᠢᠯᠤᠨ᠎ᠠ᠃

ᠡᠢᠮᠦᠷᠬᠦᠦ ᠬᠡᠢ ᠬᠠᠯᠠᠭᠤᠨ ᠡᠴᠡ ᠪᠣᠯᠤᠭ᠍ᠰᠠᠨ ᠭᠠᠳᠠᠷ ᠬᠠᠯᠳᠠᠪᠤᠷᠢᠯᠠᠯ᠎ᠤᠨ ᠲᠥᠷᠥᠯ᠎ᠦᠨ ᠡᠪᠡᠳᠴᠢᠨ᠎ᠢ ᠡᠮᠨᠡᠨ ᠵᠠᠰᠠᠬᠤ ᠲᠠᠯ᠎ᠠ᠎ᠪᠠᠷ ᠶᠡᠷᠦ᠍᠎ᠳᠡᠭᠡᠨ ᠡᠪᠡᠳᠴᠢᠲᠡᠨ᠎ᠳᠦ ᠬᠡᠢ ᠵᠢ ᠲᠠᠷᠤᠬᠤ᠂ ᠬᠠᠯᠠᠭᠤᠨ᠎ᠢ ᠪᠠᠭᠤᠷᠠᠭᠤᠯᠬᠤ᠂ ᠴᠢᠭᠢᠭ᠎ᠢ ᠠᠷᠢᠯᠭᠠᠬᠤ᠂ ᠬᠤᠤᠷ᠎ᠢ ᠲᠠᠢᠯᠬᠤ ᠦᠶ᠋ᠯᠡᠳᠦᠯ᠎ᠲᠡᠶ ᠲᠥᠷᠥᠯ᠎ᠦᠨ ᠡᠮ ᠲᠠᠩ ᠢ᠋ ᠭᠡᠷᠡᠭᠯᠡᠨ᠎ᠠ᠃

(ᠱᠢᠨᠬᠤᠸᠠ ᠬᠣᠷᠢᠶᠠᠨ᠎ᠤ ᠪᠡᠭᠡᠵᠢᠩ᠎ᠦᠨ 12 ᠰᠠᠷ᠎ᠠ᠎ᠶ᠋ᠢᠨ 7 ᠤ᠋ ᠴᠠᠬᠢᠯᠭᠠᠨ ᠮᠡᠳᠡᠭᠡ )

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠠᠨᠠᠷ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面