2022-12-10 16:26:28
ᠠᠨᠲ᠋ᠢᠪᠤᠳᠢ ᠵᠢᠨ ᠤᠷᠪᠠᠯ᠎ᠤᠨ ᠪᠠᠢᠴᠠᠭᠠᠨ ᠬᠡᠮᠵᠢᠯᠳᠡ᠎ᠨᠢ ᠬᠠᠯᠳᠠᠪᠤᠷᠢᠯᠠᠯ᠎ᠤᠨ ᠡᠬᠢᠨ᠎ᠦ ᠦᠶ᠎ᠡ᠎ᠶ᠋ᠢᠨ ᠮᠡᠳᠡᠷᠡᠴᠡ᠎ᠪᠠᠷ ᠥᠨᠳᠥᠷ ᠪᠠᠢᠳᠠᠭ ᠣᠨᠴᠠᠯᠢᠭ᠎ᠲᠠᠶ᠂ ᠬᠡᠷᠡᠭ᠌ᠴᠡᠭᠡ ᠱᠠᠭᠠᠷᠳᠠᠯᠭ᠎ᠠ᠎ᠲᠠᠶ ᠬᠥᠮᠦᠰ᠎ᠦᠨ ᠱᠢᠨ᠎ᠡ ᠲᠢᠲᠢᠮᠯᠢᠭ ᠸᠢᠷᠦ᠋ᠰ᠎ᠦᠨ ᠠᠨᠲ᠋ᠢᠪᠤᠳᠢ ᠵᠢᠨ ᠤᠷᠪᠠᠯ᠎ᠤᠨ ᠪᠠᠢᠴᠠᠭᠠᠨ ᠬᠡᠮᠵᠢᠯᠳᠡ ᠵᠢ ᠪᠡᠶ᠎ᠡ᠎ᠪᠡᠨ ᠳᠠᠭᠠᠭᠠᠵᠤ᠂ ᠵᠢᠷᠤᠮᠵᠢᠭᠤᠯᠤᠨ ᠰᠠᠢᠲᠤᠷ ᠬᠢᠬᠦ᠌ ᠵᠢ ᠵᠢᠭᠠᠨ ᠵᠢᠯᠤᠭᠤᠳᠬᠤ᠎ᠶ᠋ᠢᠨ ᠲᠥᠯᠥᠭᠡ᠂ ᠲᠥᠷᠥ᠎ᠶ᠋ᠢᠨ ᠶᠠᠪᠤᠳᠠᠯ᠎ᠤᠨ ᠬᠣᠷᠢᠶᠠᠨ᠎ᠤ ᠬᠤᠯᠪᠤᠭᠠᠯᠠᠨ ᠰᠡᠷᠭᠡᠢᠯᠡᠵᠦ᠍ ᠬᠤᠯᠪᠤᠭᠠᠯᠠᠨ ᠡᠵᠡᠮᠳᠡᠬᠦ᠌ ᠲᠣᠭ᠍ᠲᠠᠴᠠ᠎ᠶ᠋ᠢᠨ ᠶᠡᠷᠦᠩᠬᠡᠢᠯᠡᠭ᠌ᠰᠡᠨ ᠳᠤᠭᠤᠢᠯᠠᠩ 8 ᠤ᠋ ᠡᠳᠦᠷ 《ᠱᠢᠨ᠎ᠡ ᠲᠢᠲᠢᠮᠯᠢᠭ ᠸᠢᠷᠦ᠋ᠰ᠎ᠦᠨ ᠠᠨᠲ᠋ᠢᠪᠤᠳᠢ ᠵᠢᠨ ᠤᠷᠪᠠᠯ᠎ᠤᠨ ᠪᠠᠢᠴᠠᠭᠠᠨ ᠬᠡᠮᠵᠢᠯᠳᠡ ᠵᠢᠨ ᠬᠡᠷᠡᠭ᠌ᠯᠡᠬᠡᠨ᠎ᠤ ᠲᠥᠰᠦᠯ》 ᠢ᠋ ᠨᠡᠢᠲᠡᠯᠡᠪᠡ᠃ ᠲᠣᠰ ᠬᠡᠷᠡᠭ᠌ᠯᠡᠭᠡᠨ᠎ᠦ ᠲᠥᠰᠦᠯ ᠨᠢ ᠪᠡᠶ᠎ᠡ᠎ᠪᠡᠨ ᠳᠠᠭᠠᠭᠠᠵᠥ ᠠᠨᠲ᠋ᠢᠪᠤᠳᠢ ᠵᠢᠨ ᠤᠷᠪᠠᠯ᠎ᠤᠨ ᠪᠠᠢᠴᠠᠭᠠᠨ ᠬᠡᠮᠵᠢᠯᠳᠡ ᠬᠢᠬᠦ ᠬᠡᠷᠡᠭ᠌ᠴᠡᠭᠡ᠎ᠲᠡᠶ ᠬᠥᠮᠦᠰ᠎ᠲᠦ ᠳᠤᠬᠢᠷᠠᠨ᠎ᠠ ; ᠬᠥᠮᠦᠨ ᠣᠯᠠᠨ ᠴᠤᠭ᠍ᠯᠠᠷᠠᠬᠤ ᠲᠠᠯᠠᠪᠤᠷ᠎ᠤᠨ ᠬᠥᠮᠦᠰ᠂ ᠵᠢᠱ᠌ᠢᠶᠡᠯᠡᠪᠡᠯ ᠲᠣᠮᠣ ᠬᠡᠯᠪᠡᠷᠢ᠎ᠶ᠋ᠢᠨ ᠠᠵᠤ ᠠᠬᠤᠢᠯᠠᠯ᠂ ᠪᠠᠷᠢᠯᠭ᠎ᠠ᠎ᠶ᠋ᠢᠨ ᠭᠠᠵᠠᠷ᠂ ᠶᠡᠬᠡ ᠰᠤᠷᠭᠠᠭᠤᠯᠢ ᠵᠡᠷᠭᠡ ᠳ᠋ᠤ ᠳᠤᠬᠢᠷᠠᠨ᠎ᠠ ; ᠭᠡᠷ᠎ᠲᠡᠬᠡᠨ ᠰᠠᠭᠤᠵᠤ ᠪᠠᠢᠭ᠎ᠠ ᠨᠠᠰᠤᠲᠠᠢᠴᠤᠳ ᠪᠠ ᠨᠠᠰᠤᠵᠢᠯ᠎ᠤᠨ ᠪᠠᠢᠭᠤᠯᠤᠮᠵᠢ᠎ᠳᠠᠬᠢ ᠨᠠᠰᠤᠲᠠᠢᠴᠤᠳ ᠲᠤ᠌ ᠳᠤᠬᠢᠷᠠᠨ᠎ᠠ᠃
ᠪᠡᠶ᠎ᠡ᠎ᠪᠡᠨ ᠳᠠᠭᠠᠭᠠᠵᠥ ᠠᠨᠲ᠋ᠢᠪᠤᠳᠢ ᠵᠢᠨ ᠤᠷᠪᠠᠯ᠎ᠤᠨ ᠪᠠᠢᠴᠠᠭᠠᠨ ᠬᠡᠮᠵᠢᠯᠳᠡ ᠬᠢᠬᠦ ᠬᠡᠷᠡᠭ᠌ᠴᠡᠭᠡ᠎ᠲᠡᠶ ᠬᠥᠮᠦᠰ᠎ᠤᠨ ᠲᠤᠬᠠᠶ ᠲᠦᠰᠦᠯ ᠳ᠋ᠦ᠂ ᠪᠣᠶ ᠪᠥᠬᠥᠶ ᠬᠥᠮᠦᠰ ᠴᠥᠮ ᠪᠡᠶ᠎ᠡ᠎ᠪᠡᠨ ᠳᠠᠭᠠᠭᠠᠬᠤ᠂ ᠰᠠᠢᠨ ᠳᠤᠷ᠎ᠠ ᠡᠴᠡ᠎ᠪᠠᠨ ᠪᠠᠢᠬᠤ ᠵᠠᠷᠴᠢᠮ ᠶᠣᠰᠣᠭᠠᠷ ᠴᠠᠭ ᠲᠤᠬᠠᠶ᠎ᠳᠤᠨᠢ ᠥᠪᠡᠷ ᠳᠡᠬᠡᠨ ᠠᠨᠲ᠋ᠢᠪᠤᠳᠢ ᠵᠢᠨ ᠤᠷᠪᠠᠯ᠎ᠤᠨ ᠪᠠᠢᠴᠠᠭᠠᠨ ᠬᠡᠮᠵᠢᠯᠳᠡ ᠬᠢᠵᠥ ᠪᠣᠯᠤᠨ᠎ᠠ᠃ ᠬᠡᠷᠪᠡ ᠠᠨᠲ᠋ᠢᠪᠤᠳᠢ ᠵᠢᠨ ᠤᠷᠪᠠᠯ᠎ᠤᠨ ᠪᠠᠢᠴᠠᠭᠠᠨ ᠬᠡᠮᠵᠢᠯᠳᠡ ᠳ᠋ᠤ ᠠᠷᠭ᠎ᠠ ᠴᠢᠨᠠᠷ ᠢᠯᠡᠷᠡᠪᠡᠯ᠂ ᠪᠡᠶ᠎ᠡ᠎ᠪᠡᠨ ᠳᠠᠭᠠᠭᠠᠵᠥ ᠠᠨᠲ᠋ᠢᠪᠤᠳᠢ ᠵᠢᠨ ᠤᠷᠪᠠᠯ᠎ᠤᠨ ᠪᠠᠢᠴᠠᠭᠠᠨ ᠬᠡᠮᠵᠢᠯᠳᠡ ᠬᠢᠭᠴᠢ ᠨᠢ ᠪᠠᠢᠭ᠎ᠠ ᠭᠠᠵᠠᠷ᠎ᠤᠨ᠎ᠢᠶᠠᠨ ᠦᠨᠳᠦᠰᠦᠨ ᠱᠠᠲᠤᠨ᠎ᠤ ᠡᠮ ᠡᠮᠨᠡᠯᠭᠡ ᠡᠷᠡᠭᠦᠯ ᠬᠠᠮᠠᠭᠠᠯᠠᠯ᠎ᠤᠨ ᠪᠠᠢᠭᠤᠯᠤᠮᠵᠢ᠎ᠳᠤ ᠠᠨᠲ᠋ᠢᠪᠤᠳᠢ ᠵᠢᠨ ᠤᠷᠪᠠᠯ᠎ᠤᠨ ᠪᠠᠢᠴᠠᠭᠠᠨ ᠬᠡᠮᠵᠢᠯᠳᠡ ᠨᠢ ᠠᠷᠭ᠎ᠠ ᠴᠢᠨᠠᠷ ᠲᠠᠶ ᠪᠠᠢᠬᠤ ᠦᠷ᠎ᠡ ᠳ᠋ᠦᠩ ᠵᠢᠡᠨ ᠮᠡᠳᠡᠭᠦᠯᠦᠨ᠎ᠡ᠃ ᠡᠪᠡᠳᠴᠢᠨ᠎ᠦ ᠢᠯᠡᠷᠡᠯ ᠦᠭᠡᠢ ᠪᠤᠶᠤ ᠡᠪᠡᠳᠴᠢᠨ᠎ᠦ ᠢᠯᠡᠷᠡᠯ ᠨᠢ ᠬᠥᠩᠭᠡᠪᠳᠤᠷ ᠦᠶ᠎ᠡ᠎ᠳᠦ ᠭᠡᠷ᠎ᠲᠡᠬᠡᠨ ᠲᠤᠰᠠᠭᠠᠷᠯᠠᠨ ᠡᠮᠨᠡᠬᠦᠯᠵᠦ᠍᠂ ᠭᠡᠷ᠎ᠲᠡᠬᠡᠨ ᠲᠤᠰᠠᠭᠠᠷᠯᠠᠨ ᠡᠮᠨᠡᠭᠦᠯᠦᠭ᠌ᠴᠢᠶ᠋ᠢᠨ ᠡᠮ ᠬᠡᠷᠡᠭ᠌ᠯᠡᠬᠦ᠌ ᠵᠢᠯᠣᠭᠣᠳᠤᠮᠵᠢ᠎ᠪᠠᠷ ᠲᠣᠬᠢᠷᠠᠮᠵᠢᠲᠠᠢ ᠡᠮ᠎ᠢ ᠰᠣᠩᠭᠣᠵᠤ ᠡᠮᠨᠡᠨ ᠵᠠᠰᠠᠨ᠎ᠠ᠃ ᠡᠪᠡᠳᠴᠢᠨ᠎ᠦ ᠢᠯᠡᠷᠡᠯ ᠨᠢ ᠬᠦᠨᠳᠦᠷᠡᠪᠡᠯ᠂ ᠬᠠᠷᠢᠶ᠎ᠠ ᠣᠷᠣᠨ᠎ᠤ ᠦᠨᠳᠦᠰᠦᠨ ᠱᠠᠲᠤᠨ᠎ᠤ ᠡᠮᠴᠢᠯᠡᠬᠡ ᠡᠷᠡᠭᠦᠯ ᠬᠠᠮᠠᠭᠠᠯᠠᠯ᠎ᠤᠨ ᠪᠠᠢᠭᠤᠯᠤᠮᠵᠢ ᠡᠴᠡ ᠴᠠᠭ ᠲᠤᠬᠠᠶ᠎ᠳᠤᠨᠢ ᠬᠠᠪᠰᠤᠷᠴᠤ᠌ ᠪᠠᠢᠭᠠᠳ ᠡᠮᠴᠢᠯᠡᠬᠡ ᠡᠷᠡᠭᠦᠯ ᠬᠠᠮᠠᠭᠠᠯᠠᠯ᠎ᠤᠨ ᠪᠠᠢᠭᠤᠯᠤᠮᠵᠢ᠎ᠶ᠋ᠢᠨ ᠬᠠᠯᠠᠭᠤᠷᠠᠯ᠎ᠤᠨ ᠡᠭᠦᠳᠡᠨ ᠡᠮᠨᠡᠯᠭᠡ (ᠡᠮᠴᠢᠯᠡᠬᠡᠨ᠎ᠤ ᠲᠠᠰᠤᠭ) ᠳ᠋ᠤ ᠬᠦᠷᠴᠦ᠍ ᠡᠮᠨᠡᠭᠦᠯᠬᠦ᠌ ᠬᠡᠷᠡᠭ᠌ᠲᠡᠶ ᠭᠡᠵᠥ ᠲᠣᠳᠣᠷᠬᠠᠶ ᠲᠣᠭ᠍ᠲᠠᠭᠠᠪᠠ᠃
ᠬᠥᠮᠦᠨ ᠣᠯᠠᠨ ᠴᠤᠭ᠍ᠯᠠᠷᠠᠬᠤ ᠲᠠᠯᠠᠪᠤᠷ᠎ᠤᠨ ᠬᠥᠮᠦᠰ᠎ᠤᠨ ᠳᠤᠬᠠᠢ᠂ ᠡᠢᠮᠦ᠍ ᠲᠥᠷᠥᠯ᠎ᠦᠨ ᠬᠥᠮᠦᠰ ᠬᠡᠷᠪᠡ ᠠᠨᠲ᠋ᠢᠪᠤᠳᠢ ᠵᠢᠨ ᠤᠷᠪᠠᠯ᠎ᠤᠨ ᠪᠠᠢᠴᠠᠭᠠᠨ ᠬᠡᠮᠵᠢᠯᠳᠡ ᠳ᠋ᠤ ᠨᠢ ᠠᠷᠭ᠎ᠠ ᠴᠢᠨᠠᠷ ᠢᠯᠡᠷᠡᠪᠡᠯ᠂ ᠪᠠᠢᠭ᠎ᠠ ᠪᠠᠢᠭᠤᠯᠤᠮᠵᠢ ᠵᠢᠴᠢ ᠪᠠᠢᠭ᠎ᠠ ᠭᠠᠵᠠᠷ᠎ᠤᠨ᠎ᠢᠶᠠᠨ ᠦᠨᠳᠦᠰᠦᠨ ᠱᠠᠲᠤᠨ᠎ᠤ ᠡᠮ ᠡᠮᠨᠡᠯᠭᠡ ᠡᠷᠡᠭᠦᠯ ᠬᠠᠮᠠᠭᠠᠯᠠᠯ᠎ᠤᠨ ᠪᠠᠢᠭᠤᠯᠤᠮᠵᠢ᠎ᠳᠤ ᠠᠨᠲ᠋ᠢᠪᠤᠳᠢ ᠵᠢᠨ ᠤᠷᠪᠠᠯ᠎ᠤᠨ ᠪᠠᠢᠴᠠᠭᠠᠨ ᠬᠡᠮᠵᠢᠯᠳᠡ ᠨᠢ ᠠᠷᠭ᠎ᠠ ᠴᠢᠨᠠᠷ ᠲᠠᠶ ᠪᠠᠢᠬᠤ ᠦᠷ᠎ᠡ ᠳ᠋ᠦᠩ ᠵᠢᠡᠨ ᠮᠡᠳᠡᠭᠦᠯᠦᠨ᠎ᠡ᠃ ᠡᠪᠡᠳᠴᠢᠨ᠎ᠦ ᠢᠯᠡᠷᠡᠯ ᠥᠬᠡᠶ ᠪᠤᠶᠤ ᠡᠪᠡᠳᠴᠢᠨ᠎ᠦ ᠢᠯᠡᠷᠡᠯ ᠨᠢ ᠬᠥᠩᠭᠡᠪᠲᠦᠷ ᠦᠶ᠎ᠡ᠎ᠳᠦ᠂ ᠠᠵᠢᠯᠯᠠᠬᠤ ᠪᠤᠶᠤ ᠰᠤᠷᠤᠯᠴᠠᠬᠤ᠎ᠪᠠᠨ ᠲᠦᠷ ᠵᠣᠭ᠍ᠰᠣᠵᠤ᠂ ᠣᠷᠣᠨ ᠰᠠᠭᠤᠴᠠ᠎ᠳᠠᠭᠠᠨ ᠲᠤᠰᠠᠭᠠᠷᠯᠠᠨ ᠡᠮᠨᠡᠭᠦᠯᠵᠦ᠍᠂ ᠬᠡᠷ᠎ᠲᠡᠬᠡᠨ ᠲᠤᠰᠠᠭᠠᠷᠯᠠᠨ ᠡᠮᠨᠡᠬᠦᠯᠦᠭᠴᠢ ᠵᠢᠨ ᠡᠮ ᠬᠡᠷᠡᠭ᠌ᠯᠡᠬᠦ᠌ ᠵᠢᠯᠤᠭᠤᠳᠤᠮᠵᠢ ᠶᠣᠰᠣᠭᠠᠷ ᠲᠣᠬᠢᠷᠠᠮᠵᠢᠲᠠᠶ ᠡᠮ᠎ᠢ ᠰᠣᠩᠭᠣᠵᠤ ᠡᠮᠨᠡᠨ ᠵᠠᠰᠠᠨ᠎ᠠ᠃ ᠡᠪᠡᠳᠴᠢᠨ᠎ᠦ ᠢᠯᠡᠷᠡᠯ ᠨᠢ ᠬᠦᠨᠳᠦᠷᠡᠪᠡᠯ᠂ ᠴᠠᠭ ᠲᠤᠬᠠᠶ᠎ᠳᠤᠨᠢ ᠪᠠᠢᠭ᠎ᠠ ᠪᠠᠢᠭᠤᠯᠤᠮᠵᠢ᠎ᠶ᠋ᠢᠨ᠎ᠢᠶᠠᠨ ᠳᠣᠲᠣᠭᠠᠳᠤ᠎ᠳᠤ ᠳᠤᠬᠢᠷᠠᠭᠤᠯᠤᠬᠰᠠᠨ ᠡᠮᠴᠢᠯᠡᠭᠡᠨ᠎ᠦ ᠪᠠᠢᠭᠤᠯᠤᠮᠵᠢ ᠪᠤᠶᠤ ᠬᠠᠷᠢᠶ᠎ᠠ ᠲᠣᠭᠣᠷᠢᠭ᠎ᠤᠨ ᠡᠮᠴᠢᠯᠡᠬᠡ ᠡᠷᠡᠭᠦᠯ ᠬᠠᠮᠠᠭᠠᠯᠠᠯ᠎ᠤᠨ ᠪᠠᠢᠭᠤᠯᠤᠮᠵᠢ᠎ᠶ᠋ᠢᠨ ᠬᠠᠯᠠᠭᠤᠷᠠᠯ᠎ᠤᠨ ᠡᠭᠦᠳᠡᠨ ᠡᠮᠨᠡᠯᠭᠡ (ᠡᠮᠴᠢᠯᠡᠭᠡᠨ᠎ᠦ ᠲᠠᠰᠤᠭ) ᠳ᠋ᠤ ᠬᠦᠷᠴᠦ᠍ ᠡᠮᠨᠡᠭᠦᠯᠬᠦ᠌ ᠬᠡᠷᠡᠭ᠌ᠲᠡᠶ ᠬᠡᠵᠥ ᠳᠦᠰᠦᠯ ᠳ᠋ᠤ ᠳᠤᠳᠤᠷᠬᠠᠢ ᠳᠤᠬᠳᠠᠭᠠᠪᠠ᠃
ᠬᠡᠷ᠎ᠲᠡᠬᠡᠨ ᠰᠠᠭᠤᠵᠤ ᠪᠠᠢᠭ᠎ᠠ ᠨᠠᠰᠤᠲᠠᠢᠴᠤᠳ ᠪᠣᠯᠤᠨ ᠨᠠᠰᠤᠵᠢᠯ᠎ᠤᠨ ᠠᠰᠠᠷᠠᠮᠵᠢ᠎ᠶ᠋ᠢᠨ ᠪᠠᠢᠭᠤᠯᠤᠮᠵᠢ᠎ᠶ᠋ᠢᠨ ᠨᠠᠰᠤᠲᠠᠢᠴᠤᠳ᠎ᠤᠨ ᠳᠤᠬᠠᠢ᠂ ᠲᠣᠰ ᠲᠥᠷᠥᠯ᠎ᠦᠨ ᠬᠥᠮᠦᠰ ᠴᠥᠮ ᠪᠡᠶ᠎ᠡ᠎ᠪᠡᠨ ᠳᠠᠭᠠᠭᠠᠵᠤ ᠠᠨᠲ᠋ᠢᠪᠤᠳᠢ ᠵᠢᠨ ᠤᠷᠪᠠᠯ᠎ᠤᠨ ᠪᠠᠢᠴᠠᠭᠠᠨ ᠬᠡᠮᠵᠢᠯᠳᠡ ᠵᠢᠨ ᠤᠷᠪᠠᠯᠵᠢ ᠬᠤᠳᠠᠯᠳᠤᠨ ᠠᠪᠴᠤ᠌ ᠪᠣᠯᠤᠨ᠎ᠠ᠃ ᠲᠡᠭᠦᠨ᠎ᠦ ᠪᠠᠢᠭ᠎ᠠ ᠭᠠᠵᠠᠷ᠎ᠤᠨ ᠲᠠᠰ᠎ᠤᠨ ᠬᠣᠲᠠ / ᠲᠣᠭᠣᠷᠢᠭ ᠱᠢᠶᠠᠨ᠎ᠨᠢ ᠬᠠᠷᠢᠶ᠎ᠠ ᠲᠣᠭᠣᠷᠢᠭ᠎ᠤᠨ ᠨᠠᠰᠤᠲᠠᠢᠴᠤᠳ᠎ᠤᠨ ᠲᠣᠭ᠎ᠠ ᠬᠡᠮᠵᠢᠶ᠎ᠡ ᠵᠢᠴᠢ ᠭᠠᠷᠠᠭ ᠪᠦᠷᠢ᠎ᠶ᠋ᠢᠨ ᠠᠨᠲ᠋ᠢᠪᠤᠳᠢ ᠵᠢᠨ ᠤᠷᠪᠠᠯ᠎ᠤᠨ ᠪᠠᠢᠴᠠᠭᠠᠨ ᠬᠡᠮᠵᠢᠯᠳᠡ ᠵᠢᠨ ᠳᠠᠪᠲᠠᠮᠵᠢ ᠤᠳᠠᠭ᠎ᠠ ᠶᠣᠰᠣᠭᠠᠷ᠂ ᠨᠠᠰᠤᠲᠠᠢᠴᠤᠳ᠎ᠲᠤ ᠠᠨᠲ᠋ᠢᠪᠤᠳᠢ ᠵᠢᠨ ᠤᠷᠪᠠᠯ᠎ᠤᠨ ᠪᠠᠢᠴᠠᠭᠠᠨ ᠬᠡᠮᠵᠢᠯᠳᠡ ᠵᠢᠨ ᠤᠷᠪᠠᠯᠵᠢ᠎ᠶ᠋ᠢ ᠰᠦᠶ᠋ᠳᠭᠡᠯ ᠬᠤᠷᠢᠶᠠᠬᠤ ᠥᠬᠡᠶ᠎ᠪᠡᠷ ᠳᠠᠷᠬᠠᠭᠠᠨ ᠦᠭᠭᠦ ᠬᠡᠷᠡᠭ᠌ᠲᠡᠶ᠃ ᠡᠭᠦᠨ᠎ᠦ ᠬᠠᠮᠲᠤ᠂ ᠡᠢᠮᠦ᠍ ᠲᠥᠷᠥᠯ᠎ᠦᠨ ᠬᠥᠮᠦᠰ ᠭᠠᠷᠠᠭ ᠪᠦᠷᠢ 2 ᠤᠳᠠᠭ᠎ᠠ ᠠᠨᠲ᠋ᠢᠪᠤᠳᠢ ᠵᠢᠨ ᠤᠷᠪᠠᠯ᠎ᠤᠨ ᠪᠠᠢᠴᠠᠭᠠᠨ ᠬᠡᠮᠵᠢᠯᠳᠡ ᠬᠢᠬᠦ ᠬᠡᠷᠡᠭ᠌ᠲᠡᠶ᠂ ᠪᠠᠰᠠ ᠴᠠᠬ ᠳᠤᠬᠠᠢ ᠳ᠋ᠤᠨᠢ ᠪᠡᠶ᠎ᠡ ᠪᠠᠨ ᠳᠠᠭᠠᠭᠠᠵᠥ ᠠᠨᠲ᠋ᠢᠪᠤᠳᠢ ᠵᠢᠨ ᠤᠷᠪᠠᠯ᠎ᠤᠨ ᠪᠠᠢᠴᠠᠭᠠᠨ ᠬᠡᠮᠵᠢᠯᠳᠡ ᠬᠢᠵᠥ ᠪᠣᠯᠤᠨ᠎ᠠ᠃ ᠬᠡᠷᠪᠡ ᠠᠨᠲ᠋ᠢᠪᠤᠳᠢ ᠵᠢᠨ ᠤᠷᠪᠠᠯ᠎ᠤᠨ ᠪᠠᠢᠴᠠᠭᠠᠨ ᠬᠡᠮᠵᠢᠯᠳᠡ ᠳ᠋ᠤ ᠠᠷᠭ᠎ᠠ ᠴᠢᠨᠠᠷ ᠢᠯᠡᠷᠡᠪᠡᠯ᠂ ᠲᠡᠭᠦᠨ᠎ᠦ ᠭᠡᠷ᠎ᠦᠨ ᠬᠥᠮᠦᠰ ᠪᠤᠶᠤ ᠨᠠᠰᠤᠵᠢᠯ᠎ᠤᠨ ᠠᠰᠠᠷᠠᠮᠵᠢ᠎ᠶ᠋ᠢᠨ ᠪᠠᠢᠭᠤᠯᠤᠮᠵᠢ ᠡᠴᠡ ᠪᠠᠢᠭ᠎ᠠ ᠭᠠᠵᠠᠷ᠎ᠤᠨ᠎ᠢᠶᠠᠨ ᠦᠨᠳᠦᠰᠦᠨ ᠱᠠᠲᠤᠨ᠎ᠤ ᠡᠮᠴᠢᠯᠡᠬᠡ ᠡᠷᠡᠭᠦᠯ ᠬᠠᠮᠠᠭᠠᠯᠠᠯ᠎ᠤᠨ ᠪᠠᠢᠭᠤᠯᠤᠮᠵᠢ᠎ᠳᠤ ᠠᠨᠲ᠋ᠢᠪᠤᠳᠢ ᠵᠢᠨ ᠤᠷᠪᠠᠯ᠎ᠤᠨ ᠪᠠᠢᠴᠠᠭᠠᠨ ᠬᠡᠮᠵᠢᠯᠳᠡ ᠨᠢ ᠠᠷᠭ᠎ᠠ ᠴᠢᠨᠠᠷ ᠲᠠᠶ ᠪᠠᠢᠬᠤ ᠦᠷ᠎ᠡ ᠳ᠋ᠦᠩ᠎ᠢ ᠮᠡᠳᠡᠭᠦᠯᠦᠨ᠎ᠡ᠃ ᠡᠪᠡᠳᠴᠢᠨ᠎ᠦ ᠢᠯᠡᠷᠡᠯ ᠥᠬᠡᠶ ᠪᠤᠶᠤ ᠡᠪᠡᠳᠴᠢᠨ᠎ᠦ ᠢᠯᠡᠷᠡᠯ᠎ᠨᠢ ᠬᠥᠩᠭᠡᠪᠲᠦᠷ ᠪᠠᠢᠪᠠᠯ᠂ ᠬᠡᠷ᠎ᠲᠡᠬᠡᠨ ᠰᠠᠭᠤᠵᠤ ᠪᠠᠢᠭ᠎ᠠ ᠨᠠᠰᠤᠲᠠᠢᠴᠤᠳ ᠬᠡᠷ᠎ᠲᠡᠬᠡᠨ ᠲᠤᠰᠠᠭᠠᠷᠯᠠᠨ ᠡᠮᠨᠡᠬᠦᠯᠦᠭᠴᠢ ᠵᠢᠨ ᠡᠮ ᠬᠡᠷᠡᠭ᠌ᠯᠡᠬᠦ᠌ ᠵᠢᠯᠣᠭᠣᠳᠤᠮᠵᠢ ᠶᠣᠰᠣᠭᠠᠷ᠂ ᠬᠠᠷᠢᠶ᠎ᠠ ᠣᠷᠣᠨ᠎ᠤ ᠦᠨᠳᠦᠰᠦᠨ ᠱᠠᠲᠤᠨ᠎ᠤ ᠡᠮᠴᠢᠯᠡᠬᠡ ᠡᠷᠡᠭᠦᠯ ᠬᠠᠮᠠᠭᠠᠯᠠᠯ᠎ᠤᠨ ᠪᠠᠢᠭᠤᠯᠤᠮᠵᠢ᠎ᠶ᠋ᠢᠨ ᠭᠡᠷ᠎ᠡ ᠲᠣᠭ᠍ᠲᠠᠨ ᠦᠶ᠋ᠯᠡᠴᠢᠯᠡᠬᠦ᠌ ᠡᠮᠴᠢᠯᠡᠭᠡᠨ᠎ᠦ ᠠᠵᠢᠯᠲᠠᠨ᠎ᠤ ᠵᠢᠯᠣᠭᠣᠳᠣᠯᠭ᠎ᠠ ᠳᠤᠤᠷ᠎ᠠ᠂ ᠲᠣᠬᠢᠷᠠᠮᠵᠢᠲᠠᠶ ᠡᠮ᠎ᠢ ᠰᠣᠩᠭᠣᠨ ᠬᠡᠷ᠎ᠲᠡᠬᠡᠨ ᠡᠮᠨᠡᠭᠦᠯᠵᠦ᠍ ᠪᠣᠯᠤᠨ᠎ᠠ᠃ ᠨᠠᠰᠤᠵᠢᠯ᠎ᠤᠨ ᠠᠰᠠᠷᠠᠮᠵᠢ ᠵᠢᠨ ᠪᠠᠢᠭᠤᠯᠤᠮᠵᠢ᠎ᠨᠢ ᠬᠠᠷᠢᠴᠠᠩᠭᠤᠶ ᠲᠤᠰᠠᠭᠠᠷ ᠥᠷᠥᠭᠡ ᠰᠣᠩᠭᠣᠵᠤ᠂ ᠬᠡᠷ᠎ᠲᠡᠬᠡᠨ ᠲᠤᠰᠠᠭᠠᠷᠯᠠᠨ ᠡᠮᠨᠡᠬᠦᠯᠦᠭᠴᠢ ᠵᠢᠨ ᠡᠮ ᠬᠡᠷᠡᠭ᠌ᠯᠡᠬᠦ᠌ ᠵᠢᠯᠣᠭᠣᠳᠤᠮᠵᠢ ᠶᠣᠰᠣᠭᠠᠷ᠂ ᠳᠣᠲᠣᠭᠠᠳᠤ᠎ᠳᠠᠭᠠᠨ ᠳᠤᠬᠢᠷᠠᠭᠤᠯᠤᠬᠰᠠᠨ ᠡᠮᠴᠢᠯᠡᠬᠡᠨ᠎ᠤ ᠪᠠᠢᠭᠤᠯᠤᠮᠵᠢ᠎ᠶ᠋ᠢᠨ ᠡᠮᠴᠢᠯᠡᠬᠡᠨ᠎ᠤ ᠠᠵᠢᠯᠲᠠᠨ᠎ᠤ ᠵᠢᠯᠣᠭᠣᠳᠣᠯᠭ᠎ᠠ ᠳᠤᠤᠷ᠎ᠠ᠂ ᠲᠣᠬᠢᠷᠠᠮᠵᠢᠲᠠᠶ ᠡᠮ᠎ᠢ ᠰᠣᠩᠭᠣᠨ ᠡᠮᠨᠡᠨ ᠵᠠᠰᠠᠨ᠎ᠠ᠃ ᠭᠡᠷ᠎ᠲᠡᠬᠡᠨ ᠰᠠᠭᠤᠵᠤ ᠪᠠᠢᠭ᠎ᠠ ᠨᠠᠰᠤᠲᠠᠢᠴᠤᠳ ᠭᠡᠰᠡᠨ ᠥᠬᠡᠶ᠂ ᠨᠠᠰᠤᠵᠢᠯ᠎ᠤᠨ ᠠᠰᠠᠷᠠᠮᠵᠢ ᠵᠢᠨ ᠪᠠᠢᠭᠤᠯᠤᠮᠵᠢ᠎ᠶ᠋ᠢᠨ ᠨᠠᠰᠤᠲᠠᠢᠴᠤᠳ ᠭᠡᠰᠡᠨ ᠥᠬᠡᠶ᠂ ᠡᠪᠡᠳᠴᠢᠨ᠎ᠦ ᠢᠯᠡᠷᠡᠯ ᠨᠢ ᠬᠦᠨᠳᠦᠷᠡᠪᠡᠯ᠂ ᠴᠥᠮ ᠴᠠᠭ ᠲᠤᠬᠠᠶ᠎ᠳᠤᠨᠢ ᠭᠤᠷᠪᠠᠳᠤᠭᠠᠷ ᠳᠡᠰ᠎ᠤᠨ ᠡᠮᠨᠡᠯᠭᠡ᠎ᠶ᠋ᠢᠨ ᠬᠣᠷᠢᠶ᠎ᠠ᠎ᠳᠤ ᠬᠦᠷᠴᠦ᠍ ᠡᠮᠨᠡᠭᠦᠯᠪᠡᠯ ᠵᠤᠬᠢᠨ᠎ᠠ ᠬᠡᠵᠥ ᠳᠦᠰᠦᠯ ᠳ᠋ᠤ ᠳᠤᠳᠤᠷᠬᠠᠢ ᠳᠤᠬᠳᠠᠭᠠᠪᠠ᠃
ᠲᠥᠰᠦᠯ᠎ᠳᠦ᠂ ᠦᠨᠳᠦᠰᠦᠨ ᠱᠠᠲᠤᠨ᠎ᠤ ᠡᠮᠴᠢᠯᠡᠬᠡ ᠡᠷᠡᠭᠦᠯ ᠬᠠᠮᠠᠭᠠᠯᠠᠯ᠎ᠤᠨ ᠪᠠᠢᠭᠤᠯᠤᠮᠵᠢ᠎ᠪᠠᠷ ᠨᠢᠭᠡᠴᠢ ᠪᠣᠯᠭᠠᠨ ᠠᠨᠲ᠋ᠢᠪᠤᠳᠢ ᠵᠢᠨ ᠤᠷᠪᠠᠯ᠎ᠤᠨ ᠪᠠᠢᠴᠠᠭᠠᠨ ᠬᠡᠮᠵᠢᠯᠳᠡ ᠵᠢᠨ ᠤᠷᠪᠠᠯᠵᠢ᠎ᠶ᠋ᠢ ᠨᠥᠭᠡᠴᠡᠯᠡᠵᠦ᠍᠂ ᠦᠨᠳᠦᠰᠦᠨ ᠱᠠᠲᠤᠨ᠎ᠤ ᠡᠮ ᠡᠮᠨᠡᠯᠬᠡ ᠡᠷᠡᠭᠦᠯ ᠬᠠᠮᠠᠭᠠᠯᠠᠯ᠎ᠤᠨ ᠪᠠᠢᠭᠤᠯᠤᠮᠵᠢ ᠨᠢᠭᠡᠪᠦᠷᠢ᠎ᠨᠢ ᠦᠶ᠋ᠯᠡᠴᠢᠯᠡᠬᠦ᠌ ᠬᠥᠮᠦᠨ ᠠᠮᠠ᠎ᠶ᠋ᠢᠨ ᠶᠡᠷᠦᠩᠬᠡᠶ ᠲᠣᠭᠠᠨ᠎ᠤ 15 - 20% ᠪᠠᠷ ᠠᠨᠲ᠋ᠢᠪᠤᠳᠢ ᠵᠢᠨ ᠤᠷᠪᠠᠯ᠎ᠤᠨ ᠪᠠᠢᠴᠠᠭᠠᠨ ᠬᠡᠮᠵᠢᠯᠳᠡ ᠵᠢᠨ ᠤᠷᠪᠠᠯᠵᠢ᠎ᠶ᠋ᠢ ᠨᠥᠭᠡᠴᠡᠯᠡᠬᠦ ᠬᠡᠷᠡᠭᠳᠡᠢ᠃ ᠪᠤᠢ ᠪᠦᠬᠦᠢ ᠬᠥᠮᠦᠰ᠎ᠦᠨ ᠠᠨᠲ᠋ᠢᠪᠤᠳᠢ ᠵᠢᠨ ᠤᠷᠪᠠᠯ᠎ᠤᠨ ᠪᠠᠢᠴᠠᠭᠠᠨ ᠬᠡᠮᠵᠢᠯᠳᠡ ᠨᠢ ᠪᠢᠯᠢᠭ ᠴᠢᠨᠠᠷᠲᠠᠶ ᠪᠤᠯ ᠪᠦᠷ ᠬᠡᠪ᠎ᠦᠨ ᠶᠣᠰᠣᠭᠠᠷ ᠠᠵᠢᠯᠯᠠᠵᠤ᠂ ᠰᠤᠷᠤᠯᠴᠠᠵᠤ᠂ ᠠᠮᠢᠳᠤᠷᠠᠵᠤ ᠪᠣᠯᠤᠨ᠎ᠠ ᠬᠡᠵᠥ ᠳᠤᠬᠳᠠᠭᠠᠪᠠ᠃
(ᠱᠢᠨᠬᠤᠸᠠ ᠬᠣᠷᠢᠶᠠᠨ᠎ᠤ ᠪᠡᠭᠡᠵᠢᠩ᠎ᠦᠨ 12 ᠰᠠᠷ᠎ᠠ᠎ᠶ᠋ᠢᠨ 8 ᠤ᠋ ᠴᠠᠬᠢᠯᠭᠠᠨ ᠮᠡᠳᠡᠭᠡ )
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠴᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃