2022-12-09 16:13:34
《ᠱᠢᠨ᠎ᠡ ᠲᠢᠲᠢᠮᠯᠢᠭ ᠸᠢᠷᠦ᠋ᠰ᠎ᠲᠦ ᠬᠠᠯᠳᠠᠪᠤᠷᠢᠯᠠᠭ᠍ᠳᠠᠭ᠍ᠰᠠᠳᠤᠨ ᠬᠡᠷ᠎ᠲᠡᠬᠡᠨ ᠡᠮᠨᠡᠨ ᠵᠠᠰᠠᠬᠤ ᠵᠦᠭ᠌ᠯᠡᠭᠦᠷ 》 ᠢ᠋ ᠨᠡᠢᠲᠡᠯᠡᠪᠡ
ᠱᠢᠨ᠎ᠡ ᠲᠢᠲᠢᠮᠯᠢᠭ ᠸᠢᠷᠦ᠋ᠰ᠎ᠲᠦ ᠬᠠᠯᠳᠠᠪᠤᠷᠢᠯᠠᠭ᠍ᠳᠠᠭ᠍ᠰᠠᠳᠤᠨ ᠬᠡᠷ᠎ᠲᠡᠬᠡᠨ ᠡᠮᠨᠡᠨ ᠵᠠᠰᠠᠬᠤ ᠬᠠᠮᠢᠶ᠎ᠠ ᠪᠥᠬᠥᠶ ᠠᠵᠢᠯ᠎ᠢ ᠪᠦᠲᠦᠮᠵᠢᠲᠡᠶ ᠰᠠᠢᠲᠤᠷ ᠬᠢᠵᠦ᠍ ᠂ ᠠᠷᠠᠳ ᠣᠯᠠᠨ᠎ᠤ ᠠᠮᠢ ᠨᠠᠰᠤᠨ᠎ᠤ ᠠᠮᠤᠷ ᠲᠦᠪᠱᠢᠨ ᠪᠠ ᠪᠡᠶ᠎ᠡ ᠮᠠᠬᠠᠪᠣᠳ᠎ᠤᠨ ᠡᠷᠡᠭᠦᠯ ᠮᠡᠨᠳᠦ᠍᠎ᠶ᠋ᠢ ᠦᠨᠡᠨ ᠬᠦ᠌ ᠬᠠᠮᠠᠭᠠᠯᠠᠬᠤ᠎ᠶ᠋ᠢᠨ ᠲᠥᠯᠥᠭᠡ᠂ ᠲᠥᠷᠥ᠎ᠶ᠋ᠢᠨ ᠶᠠᠪᠤᠳᠠᠯ᠎ᠤᠨ ᠬᠣᠷᠢᠶᠠᠨ᠎ᠤ ᠬᠤᠯᠪᠤᠭᠠᠯᠠᠨ ᠰᠡᠷᠭᠡᠢᠯᠡᠵᠦ᠍ ᠬᠤᠯᠪᠤᠭᠠᠯᠠᠨ ᠡᠵᠡᠮᠳᠡᠬᠦ᠌ ᠲᠣᠭ᠍ᠲᠠᠴᠠ᠎ᠶ᠋ᠢᠨ ᠶᠡᠷᠦᠩᠬᠡᠢᠯᠡᠭ᠌ᠰᠡᠨ ᠳᠤᠭᠤᠢᠯᠠᠩ 8 ᠤ᠋ ᠡᠳᠦᠷ 《ᠱᠢᠨ᠎ᠡ ᠲᠢᠲᠢᠮᠯᠢᠭ ᠸᠢᠷᠦ᠋ᠰ᠎ᠲᠦ ᠬᠠᠯᠳᠠᠪᠤᠷᠢᠯᠠᠭ᠍ᠳᠠᠭ᠍ᠰᠠᠳᠤᠨ ᠬᠡᠷ᠎ᠲᠡᠬᠡᠨ ᠡᠮᠨᠡᠨ ᠵᠠᠰᠠᠬᠤ ᠵᠦᠭ᠌ᠯᠡᠭᠦᠷ 》 ᠢ᠋ ᠨᠡᠢᠲᠡᠯᠡᠪᠡ᠃ ᠲᠤᠰ ᠵᠦᠭ᠌ᠯᠡᠭᠦᠷ ᠨᠢ ᠬᠦᠨᠳᠦ ᠨᠣᠴᠢᠲᠠᠢ ᠰᠠᠭᠤᠷᠢ ᠡᠪᠡᠳᠴᠢᠨ ᠳᠠᠪᠬᠤᠴᠠᠭ᠍ᠰᠠᠨ ᠦᠭᠡᠢ ᠡᠪᠡᠳᠴᠢᠨ᠎ᠦ ᠢᠯᠡᠷᠡᠯ ᠦᠭᠡᠢ ᠪᠤᠶᠤ ᠡᠪᠡᠳᠴᠢᠨ᠎ᠦ ᠢᠯᠡᠷᠡᠯ ᠨᠢ ᠬᠥᠩᠭᠡᠨ ᠬᠠᠯᠳᠠᠪᠤᠷᠢᠯᠠᠭ᠍ᠲᠠᠬᠰᠠᠳᠲᠤ ᠲᠣᠬᠢᠷᠠᠨ᠎ᠠ; ᠰᠠᠭᠤᠷᠢ ᠡᠪᠡᠳᠴᠢᠨ ᠲᠣᠭ᠍ᠲᠠᠭᠤᠨ ᠬᠤᠭᠤᠴᠠᠭᠠᠨ᠎ᠳᠤ ᠪᠠᠢᠬᠤ᠂ ᠬᠦᠨᠳᠦ ᠨᠣᠴᠢᠲᠠᠶ ᠵᠢᠷᠦᠬᠡ ᠡᠯᠢᠭᠡ ᠠᠭᠤᠰᠭᠢ ᠪᠥᠭᠡᠷ᠎ᠡ ᠲᠠᠷᠢᠬᠢ ᠵᠡᠷᠭᠡ ᠴᠢᠬᠤᠯᠠ ᠡᠷᠬᠡᠲᠡᠨ᠎ᠦ ᠠᠵᠢᠯᠯᠠᠭ᠎ᠠ ᠪᠦᠷᠢᠨ ᠪᠤᠰᠤ ᠵᠡᠷᠭᠡ ᠢᠯᠡᠷᠡᠯ ᠦᠬᠡᠢ ᠡᠮᠨᠡᠯᠭᠡ᠎ᠳᠦ ᠰᠠᠭᠤᠵᠤ ᠡᠮᠨᠡᠭᠦᠯᠬᠦ᠌ ᠴᠢᠬᠤᠯᠠᠲᠠᠶ ᠬᠠᠯᠳᠠᠪᠤᠷᠢᠯᠠᠭ᠍ᠲᠠᠬᠰᠠᠳ ᠲᠤ᠌ ᠵᠤᠬᠢᠴᠠᠨ᠎ᠠ᠃
ᠵᠦᠭᠯᠡᠬᠦᠷ ᠲᠤ᠌᠂ ᠨᠥᠬᠥᠴᠡᠯ ᠪᠣᠯᠤᠯᠴᠠᠭ᠎ᠠ᠎ᠲᠠᠶ ᠪᠠᠢᠳᠠᠯ ᠳᠤᠤᠷ᠎ᠠ᠂ ᠬᠡᠷ᠎ᠲᠡᠬᠡᠨ ᠡᠮᠨᠡᠨ ᠵᠠᠰᠠᠵᠤ ᠪᠠᠢᠭ᠎ᠠ ᠬᠥᠮᠦᠨ ᠠᠯᠢ ᠴᠢᠳᠠᠬᠤ᠎ᠪᠠᠷ ᠬᠡᠷ᠎ᠲᠡᠬᠡᠨ ᠲᠤᠰᠠᠭᠠᠷᠯᠠᠨ ᠰᠠᠭᠤᠵᠤ᠂ ᠲᠤᠰᠠᠭᠠᠷ ᠠᠷᠢᠭᠤᠨ ᠴᠡᠪᠡᠷ᠎ᠦᠨ ᠲᠠᠰᠤᠯᠭ᠎ᠠ ᠬᠡᠷᠡᠭ᠌ᠯᠡᠨ᠎ᠡ᠃ ᠭᠡᠷ ᠪᠦᠯᠢ᠎ᠳᠡᠭᠡᠨ ᠪᠡᠶ᠎ᠡ᠎ᠶ᠋ᠢᠨ ᠳᠤᠯᠠᠭᠠᠨ᠎ᠤ ᠬᠡᠮᠵᠢᠭᠦᠷ (ᠬᠠᠯᠳᠠᠪᠤᠷᠢᠯᠠᠭ᠍ᠲᠠᠬᠰᠠᠳᠲᠤ ᠲᠤᠰᠭᠠᠶ ᠬᠡᠷᠡᠭ᠌ᠯᠡᠬᠦ᠌) ᠂ ᠠᠯᠴᠢᠭᠤᠷ᠂ ᠠᠮᠠᠪᠴᠢ᠂ ᠨᠢᠭᠡ ᠤᠳᠠᠭ᠎ᠠ᠎ᠶ᠋ᠢᠨ ᠴᠢᠨᠠᠷᠲᠠᠶ ᠪᠡᠭᠡᠯᠡᠶ᠂ ᠠᠷᠢᠭᠤᠳᠭᠠᠬᠤ ᠡᠳ᠋ ᠵᠡᠷᠭᠡ ᠬᠤᠪᠢ ᠬᠥᠮᠦᠨ᠎ᠦ ᠰᠡᠷᠭᠡᠢᠯᠡᠨ ᠬᠠᠮᠠᠭᠠᠯᠠᠬᠤ ᠬᠡᠷᠡᠭ᠌ᠰᠡᠯ ᠪᠣᠯᠤᠨ ᠠᠷᠢᠭᠤᠳᠭᠠᠬᠤ ᠦᠶ᠋ᠯᠡᠳᠬᠦᠨ ᠵᠢᠴᠢ ᠬᠠᠪᠬᠠᠭᠠᠰᠤ᠎ᠲᠠᠶ ᠬᠣᠭ ᠨᠣᠪᠰᠢ᠎ᠶ᠋ᠢᠨ ᠰᠠᠪᠠ ᠲᠣᠬᠢᠷᠠᠭᠤᠯᠪᠠᠯ ᠵᠤᠬᠢᠨ᠎ᠠ ᠬᠡᠵᠤ ᠳᠤᠳᠤᠷᠬᠠᠢᠯᠠᠪᠠ᠃
ᠵᠦᠭ᠌ᠯᠡᠭᠦᠷ᠎ᠲᠦ᠂ ᠡᠯ᠎ᠡ ᠭᠠᠵᠠᠷ᠎ᠤᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠨᠡᠢᠭᠡᠮ ᠲᠣᠭᠣᠷᠢᠭ (ᠦᠨᠳᠦᠰᠦᠨ ᠱᠠᠳᠤᠨ ) ᠤᠨ ᠠᠵᠢᠯ᠎ᠤᠨ ᠲᠣᠭ᠍ᠲᠠᠴᠠ᠎ᠶ᠋ᠢᠨ ᠵᠣᠬᠢᠶᠠᠨ ᠪᠠᠢᠭᠤᠯᠬᠤ᠂ ᠳᠠᠢᠴᠢᠯᠠᠬᠤ᠂ ᠬᠦᠳᠦᠯᠦᠨ ᠵᠢᠯᠣᠭᠣᠳᠭᠤ ᠂ ᠦᠢᠯᠡᠴᠢᠯᠡᠬᠦ᠌ ᠂ ᠪᠠᠲᠤᠯᠠᠬᠤ ᠂ ᠬᠠᠮᠢᠶᠠᠷᠬᠤ ᠴᠢᠬᠤᠯᠠ ᠦᠢᠯᠡᠳᠦᠯ᠎ᠢ ᠪᠠᠳᠠᠷᠠᠭᠤᠯᠬᠤ ᠬᠡᠷᠡᠭ᠌ᠲᠡᠢ᠃ ᠦᠨᠳᠦᠰᠦᠨ ᠱᠠᠲᠤᠨ᠎ᠤ ᠡᠮᠴᠢᠯᠡᠭᠡ ᠡᠷᠡᠭᠦᠯ ᠬᠠᠮᠠᠭᠠᠯᠠᠯ᠎ᠤᠨ ᠪᠠᠢᠭᠤᠯᠤᠮᠵᠢ᠎ᠨᠢ ᠠᠰᠠᠭᠤᠨ ᠯᠠᠪᠯᠠᠬᠤ ᠤᠳᠠᠰᠤ᠎ᠪᠠᠨ ᠢᠯᠡ ᠪᠡᠷ ᠨᠡᠢᠳᠠᠯᠠᠵᠤ᠂ ᠬᠡᠷ᠎ᠲᠡᠬᠡᠨ ᠡᠮᠨᠡᠨ ᠵᠠᠰᠠᠬᠤ᠎ᠳᠤ ᠠᠩᠬᠠᠷᠬᠤ ᠵᠦᠶ᠋ᠯᠡᠰ᠎ᠢ ᠮᠡᠳᠡᠭ᠌ᠳᠡᠬᠦ᠌᠎ᠶ᠋ᠢᠨ ᠬᠠᠮᠲᠤ ᠬᠡᠷ᠎ᠲᠡᠬᠡᠨ ᠡᠮᠨᠡᠨ ᠵᠠᠰᠠᠵᠤ ᠪᠠᠢᠭ᠎ᠠ ᠬᠥᠮᠦᠰ᠎ᠢ ᠲᠤᠤᠷᠵᠢᠭᠰᠠᠨ ᠬᠠᠮᠢᠶᠠᠷᠤᠯᠲᠠ᠎ᠳᠤ ᠣᠷᠣᠭᠤᠯᠬᠤ ᠬᠡᠷᠡᠭ᠌ᠲᠡᠶ ᠃ ᠭᠠᠭ᠍ᠴᠠᠭᠠᠷ ᠰᠠᠭᠤᠭ᠎ᠠ ᠨᠠᠰᠤᠲᠠᠨ᠂ ᠰᠠᠭᠤᠷᠢ ᠡᠪᠡᠳᠴᠢᠨ᠎ᠲᠡᠶ ᠡᠪᠡᠳᠴᠢᠲᠡᠨ᠂ ᠵᠢᠷᠮᠦᠰᠦᠨ ᠪᠠ ᠬᠥᠩᠭᠡᠵᠢᠭ᠌ᠰᠡᠨ ᠡᠮᠡᠭ᠌ᠲᠡᠶ᠂ ᠴᠢᠰᠤ ᠨᠡᠪᠴᠢᠭᠦᠯᠦᠨ ᠢᠯᠭᠠᠷᠠᠭᠤᠯᠬᠤ ᠡᠪᠡᠳᠴᠢᠲᠡᠨ ᠵᠡᠷᠭᠡ ᠬᠡᠷ᠎ᠲᠡᠬᠡᠨ ᠡᠮᠨᠡᠨ ᠵᠠᠰᠠᠬᠤ ᠣᠨᠴᠠᠭᠠᠢ ᠬᠥᠮᠦᠰ᠎ᠲᠦ ᠡᠬᠡ ᠲᠠᠩᠰᠠ ᠪᠠᠢᠭᠤᠯᠵᠤ᠂ ᠴᠢᠬᠤᠯᠠ ᠪᠥᠬᠥᠶ ᠡᠮᠴᠢᠯᠡᠭᠡᠨ᠎ᠦ ᠦᠶ᠋ᠯᠡᠴᠢᠯᠡᠭᠡ᠎ᠶ᠋ᠢᠨ ᠪᠠᠲᠤᠯᠠᠭ᠎ᠠ᠎ᠶ᠋ᠢ ᠰᠠᠢᠲᠤᠷ ᠬᠢᠬᠦ᠌ ᠬᠡᠷᠡᠭ᠌ᠲᠡᠶ ᠬᠡᠵᠤ ᠴᠢᠬᠤᠯᠠᠴᠢᠯᠠᠪᠠ᠃
ᠡᠭᠦᠨ᠎ᠦ ᠬᠠᠮᠲᠤ᠂ ᠨᠡᠢᠭᠡᠮ ᠲᠣᠭᠣᠷᠢᠭ ᠪᠤᠶᠤ ᠦᠨᠳᠦᠰᠦᠨ ᠱᠠᠲᠤᠨ᠎ᠤ ᠡᠮᠴᠢᠯᠡᠭᠡ ᠡᠷᠡᠭᠦᠯ ᠬᠠᠮᠠᠭᠠᠯᠠᠯ᠎ᠤᠨ ᠪᠠᠢᠭᠤᠯᠤᠮᠵᠢ᠎ᠨᠢ ᠬᠡᠷ᠎ᠲᠡᠬᠡᠨ ᠡᠮᠨᠡᠨ ᠵᠠᠰᠠᠵᠤ ᠪᠠᠢᠭ᠎ᠠ ᠬᠥᠮᠦᠰ᠎ᠦᠨ ᠭᠠᠳᠠᠭ᠍ᠰᠢ ᠭᠠᠷᠴᠤ᠌ ᠡᠮᠨᠡᠭᠦᠯᠬᠦ᠌ ᠬᠡᠷᠡᠭ᠌ᠴᠡᠭᠡ ᠱᠠᠭᠠᠷᠳᠠᠯᠭ᠎ᠠ᠎ᠶ᠋ᠢ ᠬᠠᠪᠰᠤᠷᠤᠨ ᠲᠣᠬᠢᠷᠠᠭᠤᠯᠤᠭ᠍ᠰᠠᠨᠤ ᠳᠠᠷᠠᠭ᠎ᠠ᠂ ᠲᠡᠭᠦᠨ᠎ᠦ ᠭᠤᠤᠯ ᠪᠣᠯᠬᠤ ᠡᠪᠡᠳᠴᠢᠨ᠎ᠦ ᠪᠠᠢᠳᠠᠯ᠎ᠢ ᠴᠠᠭ ᠲᠤᠬᠠᠶ᠎ᠳᠤᠨᠢ ᠣᠢᠯᠠᠭᠠᠵᠤ᠂ ᠦᠨᠳᠦᠰᠦᠨ ᠱᠠᠲᠤᠨ᠎ᠤ ᠡᠮᠴᠢᠯᠡᠭᠡ ᠡᠷᠡᠭᠦᠯ ᠬᠠᠮᠠᠭᠠᠯᠠᠯ᠎ᠤᠨ ᠪᠠᠢᠭᠤᠯᠤᠮᠵᠢ ᠡᠴᠡ ᠪᠠᠴᠢᠮ ᠲᠦᠭ᠌ᠰᠢᠭᠦᠷᠢᠲᠡᠶ ᠬᠦᠨᠳᠦ ᠡᠪᠡᠳᠴᠢᠲᠡᠨ᠎ᠢ ᠵᠢᠭᠠᠨ ᠵᠢᠯᠣᠭᠣᠳᠴᠤ᠌ ᠪᠠᠢᠭᠠᠳ ᠪᠠᠴᠢᠮ ᠪᠠᠢᠳᠠᠯ᠎ᠢ ᠠᠷᠭᠠᠴᠠᠭᠠᠨ ᠱᠢᠶ᠋ᠳᠪᠦᠷᠢᠯᠡᠬᠦ᠌᠎ᠶ᠋ᠢ ᠰᠠᠢᠲᠤᠷ ᠬᠢᠬᠦ᠌᠎ᠶ᠋ᠢᠨ ᠬᠠᠮᠲᠤ᠂ ᠬᠠᠮᠢᠶ᠎ᠠ ᠪᠥᠬᠥᠶ ᠡᠮᠨᠡᠯᠭᠡ᠎ᠶ᠋ᠢᠨ ᠬᠣᠷᠢᠶ᠎ᠠ᠎ᠳᠤ ᠬᠠᠪᠰᠤᠷᠤᠨ ᠳᠠᠷᠤᠢᠬᠠᠨ ᠪᠢᠳᠡᠬᠦᠮᠵᠢᠯᠠᠨ ᠱᠢᠯᠵᠢᠭᠦᠯᠵᠤ ᠠᠪᠤᠷᠠᠨ ᠡᠮᠨᠡᠬᠦ᠌ ᠬᠡᠷᠡᠭ᠌ᠲᠡᠶ᠃ ᠱᠢᠶᠠᠨ (ᠬᠣᠲᠠ᠂ ᠲᠣᠭᠣᠷᠢᠭ ) ᠵᠢᠨᠷ ᠨᠢᠭᠡᠴᠢ ᠪᠣᠯᠭᠠᠨ᠂ ᠳᠡᠭᠡᠳᠦ ᠱᠠᠲᠤᠨ᠎ᠤ ᠡᠮᠨᠡᠯᠭᠡ᠎ᠶ᠋ᠢᠨ ᠬᠣᠷᠢᠶ᠎ᠠ ᠬᠢᠭᠡᠳ ᠬᠣᠲᠠ ᠬᠥᠳᠡᠭᠡ᠎ᠶ᠋ᠢᠨ ᠨᠡᠢᠭᠡᠮ ᠲᠣᠭᠣᠷᠢᠭ᠎ᠤᠨ ᠲᠦᠷᠭᠡᠨ ᠱᠢᠯᠵᠢᠭᠦᠯᠦᠨ ᠲᠡᠭᠡᠭᠡᠪᠦᠷᠢᠯᠡᠬᠦ᠌ ᠨᠡᠪᠲᠡᠷᠡᠬᠦ ᠵᠠᠮ᠎ᠢ ᠪᠠᠢᠭᠤᠯᠬᠤ ᠬᠡᠷᠡᠭ᠌ᠲᠡᠶ᠃
ᠬᠡᠷ᠎ᠲᠡᠬᠡᠨ ᠡᠮᠨᠡᠨ ᠵᠠᠰᠠᠵᠤ ᠪᠠᠢᠭ᠎ᠠ ᠬᠥᠮᠦᠰ᠎ᠦᠨ ᠥᠪᠡᠷ᠎ᠢ᠎ᠪᠡᠨ ᠬᠠᠮᠢᠶᠠᠷᠬᠤ ᠱᠠᠭᠠᠷᠳᠠᠯᠭ᠎ᠠ᠎ᠳᠤ ᠴᠢᠭ᠌ᠯᠡᠭᠦᠯᠦᠨ ᠵᠦᠭᠯᠡᠬᠦᠷ ᠲᠤ᠌ ᠂ ᠬᠡᠷ᠎ᠲᠡᠬᠡᠨ ᠡᠮᠴᠢᠯᠡᠵᠦ᠍ ᠪᠠᠢᠭ᠎ᠠ ᠬᠥᠮᠦᠰ ᠡᠳᠦᠷ ᠪᠦᠷᠢ ᠥᠷᠯᠥᠭᠡ ᠣᠷᠣᠶ ᠲᠣᠰ ᠪᠦᠷᠢ ᠨᠢᠭᠡ ᠤᠳᠠᠭ᠎ᠠ ᠪᠡᠶ᠎ᠡ᠎ᠶ᠋ᠢᠨ ᠬᠠᠯᠠᠭᠤᠨ ᠵᠢᠨᠨ ᠬᠡᠮᠵᠢᠬᠦ ᠪᠠ ᠥᠪᠡᠷ᠎ᠦᠨ ᠡᠷᠡᠭᠦᠯ ᠮᠡᠨᠳᠦ᠍᠎ᠶ᠋ᠢᠨ ᠬᠢᠨᠠᠨ ᠬᠡᠮᠵᠢᠯᠲᠡ ᠬᠢᠬᠦ᠌ ᠬᠡᠷᠡᠭ᠌ᠲᠡᠶ᠂ ᠬᠡᠷᠪᠡ ᠬᠠᠯᠠᠭᠤᠷᠠᠬᠤ᠂ ᠬᠠᠨᠢᠶᠠᠬᠤ ᠵᠡᠷᠭᠡ ᠡᠪᠡᠳᠴᠢᠨ᠎ᠦ ᠢᠯᠡᠷᠡᠯ ᠭᠠᠷᠪᠠᠯ ᠡᠪᠡᠳᠴᠢᠨᠳ᠋ᠡᠬᠡᠨ ᠲᠣᠬᠢᠷᠠᠭᠤᠯᠤᠨ ᠱᠢᠶ᠋ᠳᠪᠦᠷᠢᠯᠡᠬᠦ᠌ ᠪᠤᠶᠤ ᠡᠮ ᠤᠤᠭᠤᠵᠤ ᠪᠣᠯᠤᠨ᠎ᠠ᠃ ᠬᠡᠷᠪᠡ ᠠᠮᠢᠰᠭᠤᠯ ᠴᠢᠬᠤᠯᠳᠠᠬᠤ ᠪᠤᠶᠤ ᠠᠮᠢᠰᠭᠤᠯ ᠳᠠᠪᠬᠤᠴᠠᠵᠤ ᠡᠮ᠎ᠢᠶᠡᠷ ᠵᠠᠰᠠᠭ᠍ᠰᠠᠨ᠎ᠤ ᠳᠠᠷᠠᠭ᠎ᠠ ᠪᠡᠶ᠎ᠡ᠎ᠶ᠋ᠢᠨ ᠬᠠᠯᠠᠭᠤᠨ ᠨᠢ ᠮᠥᠨ 38.5°C ᠡᠴᠡ ᠥᠨᠳᠥᠷ ᠪᠠᠢᠵᠤ ᠂ 3 ᠡᠳᠦᠷ᠎ᠡᠴᠡ ᠬᠡᠲᠦᠷᠡᠵᠤ᠂ ᠤᠤᠯ᠎ᠤᠨ ᠰᠠᠭᠤᠷᠢ ᠡᠪᠡᠳᠴᠢᠨ᠎ᠨᠢ ᠢᠯᠡᠳᠲᠡ ᠬᠦᠨᠳᠦᠷᠡᠭ᠌ᠰᠡᠨ ᠪᠥᠭᠡᠳ ᠡᠵᠡᠮᠳᠡᠵᠦ᠍ ᠳᠡᠢᠯᠬᠦ᠌ ᠥᠬᠡᠶ ᠵᠡᠷᠭᠡ ᠪᠠᠢᠳᠠᠯᠢᠯᠡᠷᠡᠪᠠᠯ ᠥᠪᠡᠰᠦᠪᠡᠨ ᠲᠡᠷᠭᠡ ᠵᠢᠯᠣᠭᠣᠳᠭᠤ᠂ 120 ᠲᠦᠷᠭᠡᠨ ᠠᠪᠤᠷᠠᠯᠳᠠ ᠵᠢᠨ ᠲᠡᠷᠭᠡ ᠶᠢ ᠲᠠᠭᠤᠳᠠᠬᠤ ᠵᠡᠷᠭᠡ ᠠᠷᠭ᠎ᠠ ᠮᠠᠶᠢᠭ᠎ᠢᠶᠠᠷ ᠳᠠᠮᠵᠢᠭᠤᠯᠤᠨ᠂ ᠬᠠᠮᠢᠶ᠎ᠠ ᠪᠥᠬᠥᠶ ᠡᠮᠨᠡᠯᠭᠡ᠎ᠶ᠋ᠢᠨ ᠬᠣᠷᠢᠶ᠎ᠠ᠎ᠳᠤ ᠱᠢᠯᠵᠢᠭᠦᠯᠦᠨ ᠡᠮᠨᠡᠭᠦᠯᠵᠦ᠍ ᠪᠣᠯᠤᠨ᠎ᠠ᠃
ᠵᠦᠭ᠌ᠯᠡᠭᠦᠷ᠎ᠲᠦ ᠲᠣᠳᠣᠷᠬᠠᠢᠯᠠᠭ᠍ᠰᠠᠨ᠎ᠢᠶᠠᠷ ᠂ ᠬᠡᠷ᠎ᠲᠡᠬᠡᠨ ᠡᠮᠨᠡᠨ ᠵᠠᠰᠠᠵᠤ ᠪᠠᠢᠭ᠎ᠠ ᠬᠥᠮᠦᠰ᠎ᠦᠨ ᠡᠪᠡᠳᠴᠢᠨ᠎ᠦ ᠪᠠᠢᠳᠠᠯ ᠢᠯᠡᠳᠲᠡ ᠰᠠᠢᠵᠢᠷᠠᠭ᠍ᠰᠠᠨ ᠪᠤᠶᠤ ᠢᠯᠡᠷᠬᠡᠶ ᠡᠪᠡᠳᠴᠢᠨ᠎ᠦ ᠢᠯᠡᠷᠡᠯ ᠥᠬᠡᠶ᠂ ᠥᠳᠥᠭᠡᠭ᠌ᠴᠢ᠎ᠶ᠋ᠢᠨ ᠪᠢᠯᠢᠭ ᠴᠢᠨᠠᠷ᠎ᠢ ᠥᠪᠡᠷ᠎ᠢᠶᠡᠨ ᠬᠡᠮᠵᠢᠭ᠌ᠰᠡᠨ ᠪᠥᠭᠡᠳ ᠵᠠᠯᠭᠠᠭ᠎ᠠ᠎ᠪᠠᠷ ᠬᠣᠶᠠᠷ ᠤᠳᠠᠭ᠎ᠠ ᠱᠢᠨ᠎ᠡ ᠲᠢᠲᠢᠮᠯᠢᠭ ᠸᠢᠷᠦ᠋ᠰ᠎ᠦᠨ ᠪᠥᠭᠡᠮ ᠬᠦᠴᠢᠯ᠎ᠦᠨ ᠪᠠᠢᠴᠠᠭᠠᠯᠲᠠ᠎ᠶ᠋ᠢᠨ Ct ᠬᠡᠮᠵᠢᠭ᠌ᠳᠡᠯ ≥35 (ᠬᠣᠶᠠᠷ ᠤᠳᠠᠭᠠᠨ ᠤ ᠱᠢᠯᠭᠠᠨ ᠪᠠᠢᠴᠠᠭᠠᠯᠲᠠ᠎ᠶ᠋ᠢᠨ ᠬᠤᠭᠤᠴᠠᠭ᠎ᠠ᠎ᠨᠢ 24 ᠴᠠᠬ ᠠᠯᠤᠰᠯᠠᠬᠰᠠᠨ) ᠪᠠᠢᠪᠠᠯ᠂ ᠬᠡᠷ᠎ᠲᠡᠬᠡᠨ ᠡᠮᠨᠡᠬᠦ᠌᠎ᠶ᠋ᠢ ᠵᠣᠭ᠍ᠰᠣᠭᠠᠵᠤ᠂ ᠬᠡᠪ᠎ᠦᠨ ᠠᠮᠢᠳᠤᠷᠠᠯ᠎ᠢᠶᠡᠨ ᠰᠡᠷᠭᠦᠭᠡᠬᠦ ᠪᠠ ᠭᠠᠳᠠᠭ᠍ᠰᠢ ᠭᠠᠷᠴᠤ ᠪᠣᠯᠤᠨ᠎ᠠ᠃
( ᠱᠢᠨᠬᠤᠸᠠ ᠬᠣᠷᠢᠶᠠᠨ᠎ᠤ ᠪᠡᠭᠡᠵᠢᠩ᠎ᠦᠨ 12 ᠰᠠᠷ᠎ᠠ᠎ᠶ᠋ᠢᠨ 8 ᠤ᠋ ᠴᠠᠬᠢᠯᠭᠠᠨ ᠮᠡᠳᠡᠭᠡ )
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠠᠨᠠᠷ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃