2022-12-10 16:33:43
12 ᠰᠠᠷ᠎ᠠ ᠶ᠋ᠢᠨ 9᠎ᠦ ᠡᠳᠦᠷ᠎ᠤᠨ ᠲᠥᠷᠥ᠍ ᠶ᠋ᠢᠨ ᠶᠠᠪᠤᠳᠠᠯ᠎ᠤᠨ ᠬᠣᠷᠢᠶᠠᠨ᠎ᠤ ᠬᠤᠯᠪᠤᠭᠠᠯᠠᠨ ᠰᠡᠷᠭᠡᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ ᠰᠣᠨᠢᠨ ᠮᠡᠳᠡᠭᠡ ᠨᠡᠢᠲᠡᠯᠡᠬᠦ ᠬᠤᠷᠠᠯ ᠬᠢᠵᠦ ᠬᠢᠵᠢᠭ᠌᠎ᠦᠨ ᠪᠠᠢᠳᠠᠯ ᠢ᠋ ᠰᠡᠷᠭᠡᠢᠯᠡᠨ ᠡᠵᠡᠮᠳᠡᠬᠦ ᠬᠠᠮᠤᠭ᠎ᠤᠨ ᠰᠢᠨ᠎ᠡ ᠪᠠᠢᠳᠠᠯ ᠢ᠋ ᠮᠡᠳᠡᠭᠳᠡᠵᠡᠢ᠃ ᠭᠤᠤᠯᠳᠠᠯᠭ᠎ᠠ ᠵᠢ ᠨᠢ ᠬᠤᠷᠢᠶᠠᠨᠭᠭᠤᠢᠯᠠᠪᠠᠯ᠄

★ ᠬᠠᠯᠠᠭᠤᠷᠠᠯ᠎ᠤᠨ ᠡᠭᠦᠳᠡᠨ ᠡᠮᠨᠡᠯᠭᠡ᠎ᠶᠢᠨ ᠪᠠᠢᠭᠤᠯᠤᠯᠲᠠ᠎ᠶᠢ ᠤᠯᠠᠮ ᠨᠢᠭᠡ ᠠᠯᠬᠤᠮ ᠰᠠᠢᠲᠤᠷ ᠬᠢᠨ᠎ᠡ᠃ ᠬᠣᠶᠠᠳᠤᠭᠠᠷ ᠳᠡᠰ᠎ᠠᠴᠠ ᠳᠡᠭᠡᠭᠰᠢᠬᠢ ᠡᠮᠨᠡᠯᠭᠡ᠎ᠶᠢᠨ ᠬᠣᠷᠢᠶ᠎ᠠ᠎ᠳᠤ ᠴᠥᠮ ᠬᠠᠯᠠᠭᠤᠷᠠᠯ᠎ᠤᠨ ᠡᠭᠦᠳᠡᠨ ᠡᠮᠨᠡᠯᠭᠡ ᠭᠠᠷᠭᠠᠵᠤ᠂ ᠪᠠᠶ᠋ᠢᠭᠤᠯᠬᠤ ᠶᠣᠰᠣᠲᠠᠢ ᠳ᠋ᠤ ᠨᠢ ᠪᠦᠬᠦᠨ᠎ᠢ ᠪᠠᠢᠭᠤᠯᠵᠤ᠂ ᠨᠡᠭᠡᠭᠡᠬᠦ ᠶᠣᠰᠣᠲᠠᠢ᠎ᠶᠢ ᠨᠢ ᠴᠥᠮ ᠨᠡᠭᠡᠭᠡᠬᠦ ᠬᠡᠷᠡᠭᠲᠡᠢ᠃
★ ᠭᠠᠵᠠᠷ᠎ᠤᠨ ᠳᠡᠰ᠎ᠤᠨ ᠬᠤᠳᠠ᠎ᠪᠠᠷ ᠨᠢᠭᠡᠴᠢ ᠪᠣᠯᠭᠠᠨ ᠬᠤᠳᠠ᠎ᠶᠢᠨ ᠬᠥᠮᠥᠨ ᠠᠮᠠ᠎ᠶᠢᠨ ᠬᠡᠪᠴᠢᠶ᠎ᠡ᠎ᠶᠢ ᠦᠨᠳᠦᠰᠦᠯᠡᠵᠦ᠂ ᠴᠢᠨᠭᠭᠡᠯᠢᠭ ᠡᠮᠨᠡᠯᠭᠡ᠎ᠶᠢᠨ ᠬᠣᠷᠢᠶ᠎ᠠ᠎ᠶᠢ ᠲᠡᠰ ᠳᠡᠪᠰᠢᠭᠦᠯᠦᠨ ᠳᠡᠳ᠋ ᠲᠣᠭᠲᠠᠮᠠᠯ ᠴᠡᠭ᠎ᠦᠨ ᠡᠮᠨᠡᠯᠭᠡ᠎ᠶᠢᠨ ᠬᠣᠷᠢᠶ᠎ᠠ ᠪᠣᠯᠭᠠᠨ ᠥᠭᠡᠷᠡᠴᠢᠯᠡᠬᠦ ᠬᠡᠷᠡᠭᠲᠡᠢ᠃ ᠳᠡᠳ᠋ ᠲᠣᠭᠲᠠᠮᠠᠯ ᠴᠡᠭ᠎ᠦᠨ ᠡᠮᠨᠡᠯᠭᠡ᠎ᠶᠢᠨ ᠬᠣᠷᠢᠶ᠎ᠠ ᠭᠡᠳᠡᠭ ᠨᠢ ᠳᠠᠷᠤᠢ ᠴᠢᠨᠭᠭᠡᠯᠢᠭ ᠡᠮᠨᠡᠯᠭᠡ᠎ᠶᠢᠨ ᠬᠣᠷᠢᠶ᠎ᠠ᠎ᠶᠢᠨ ᠰᠠᠭᠤᠷᠢᠨ ᠳᠡᠭᠡᠷ᠎ᠡ ᠂ ᠵᠣᠬᠢᠬᠤ ᠡᠮᠴᠢᠯᠡᠭᠡᠨ᠎ᠦ ᠴᠢᠳᠠᠪᠤᠷᠢ᠎ᠲᠠᠢ ᠪᠣᠯᠭᠠᠵᠤ᠂ ᠡᠪᠡᠳᠴᠢᠳᠡᠨ᠎ᠤ ᠣᠷᠣ᠌᠎ᠶᠢᠨ 10%᠎ᠶᠢᠨ ᠬᠠᠷᠢᠴᠠᠯ᠎ᠢᠶᠠᠷ ᠬᠢᠨᠠᠨ ᠬᠠᠮᠠᠭᠠᠯᠠᠬᠤ ᠣᠷᠣ᠌ᠪᠤᠯᠭᠠᠨ ᠥᠭᠡᠷᠡᠴᠢᠯᠡᠬᠦ᠎ᠶᠢ ᠬᠡᠯᠡᠵᠦ ᠪᠤᠢ᠃
★ ᠥᠩᠭᠡᠷᠡᠭᠰᠡᠨ᠎ᠳᠦ ᠪᠥᠭᠡᠮ ᠬᠦᠴᠢᠯ᠎ᠦᠨ ᠪᠠᠢᠴᠠᠭᠠᠯᠳᠠ᠎ᠳᠦ ᠠᠷᠭ᠎ᠠ ᠴᠢᠨᠠᠷ ᠢᠯᠡᠷᠡᠭᠰᠡᠨ ᠡᠪᠡᠳᠴᠢᠲᠡᠳ ᠲᠣᠭᠲᠠᠭᠰᠠᠨ ᠴᠡᠭ᠎ᠦᠨ ᠡᠮᠨᠡᠯᠭᠡ᠎ᠶᠢᠨ ᠬᠣᠷᠢᠶᠠᠨ᠎ᠳᠤ ᠣᠴᠢᠵᠤ ᠡᠮᠨᠡᠭᠦᠯᠳᠡᠭ᠂ ᠤᠳᠤ ᠡᠴᠡ ᠡᠮᠴᠢᠯᠡᠭᠡᠨ᠎ᠦ ᠪᠠᠢᠭᠤᠯᠤᠮᠵᠢ ᠪᠦᠬᠦᠨ ᠠᠷᠭ᠎ᠠ ᠴᠢᠨᠠᠷᠢᠯᠡᠷᠡᠭᠰᠡᠨ ᠡᠪᠡᠳᠴᠢᠲᠡᠨ᠎ᠢ ᠭᠥᠯᠢᠶᠡᠨ ᠠᠪᠴᠤ ᠡᠮᠴᠢᠯᠡᠨ᠎ᠡ᠃ ᠪᠣᠢ ᠪᠦᠬᠦᠢ ᠡᠮᠴᠢᠯᠡᠭᠡᠨ᠎ᠦ ᠪᠠᠢᠭᠤᠯᠤᠮᠵᠢᠪᠦᠭᠡᠮ ᠬᠦᠴᠢᠯ᠎ᠦᠨ ᠪᠢᠯᠢᠭ᠌ ᠴᠢᠨᠠᠷ ᠠᠷᠭ᠎ᠠ ᠴᠢᠨᠠᠷ᠎ᠢᠶᠠᠷ ᠢᠯᠭᠠᠪᠤᠷᠢᠯᠠᠨ ᠡᠮᠴᠢᠯᠡᠵᠦ ᠪᠣᠯᠬᠤ ᠦᠭᠡᠢ᠂ ᠪᠦᠷᠢᠮᠦᠰᠦᠨ ᠡᠮᠴᠢᠯᠡᠭᠡᠨ᠎ᠦ ᠬᠡᠷᠡᠭᠴᠡᠭᠡᠶᠤᠰᠤᠭᠠᠷ ᠬᠦᠯᠢᠶᠡᠨ ᠠᠪᠴᠤ ᠡᠮᠴᠢᠯᠡᠬᠦ ᠬᠡᠷᠡᠭᠳᠡᠢ᠃
★ ᠡᠯ᠎ᠡ ᠭᠠᠵᠠᠷ᠎ᠤᠨ ᠬᠢᠨ ᠬᠢᠵᠢᠭ᠌᠎ᠦᠨ ᠪᠠᠢᠳᠠᠯ᠎ᠢ ᠰᠡᠷᠭᠡᠢᠯᠡᠨ ᠡᠵᠡᠮᠳᠡᠬᠦ ᠠᠷᠭ᠎ᠠ ᠬᠡᠮᠵᠢᠶ᠎ᠡ᠎ᠶᠢ ᠰᠢᠯᠢᠳᠡᠭᠵᠢᠭᠦᠯᠦᠨ ᠲᠣᠬᠢᠷᠠᠭᠤᠯᠬᠤ ᠶᠠᠪᠤᠴᠠ᠎ᠳᠤ ᠪᠦᠭᠡᠮ ᠬᠦᠴᠢᠯ᠎ᠦᠨ ᠥᠯᠢᠭᠡᠷ ᠠᠪᠬᠤ ᠴᠡᠭ᠎ᠢ ᠳᠤᠷ᠎ᠠ᠎ᠪᠠᠷ᠎ᠢᠶᠠᠨ ᠬᠠᠰᠤᠵᠤ ᠪᠣᠯᠬᠤ ᠦᠭᠡᠢ᠂ ᠪᠠᠰᠠ ᠣᠲᠣ᠌᠎ᠶᠢᠨ ᠪᠠᠢᠭ᠎ᠠ ᠪᠦᠭᠡᠮ ᠬᠦᠴᠢᠯ᠎ᠦᠨ ᠥᠯᠢᠭᠡᠷ ᠠᠪᠬᠤ ᠴᠡᠭ᠎ᠦᠨ ᠪᠠᠢᠷᠢᠰᠢᠯ ᠪᠠ ᠬᠡᠪᠴᠢᠶ᠎ᠡ᠎ᠶᠢ ᠬᠤᠪᠢᠷᠠᠭᠤᠯᠬᠤ ᠦᠭᠡᠢ ᠪᠠᠢᠬᠤ᠎ᠶᠢ ᠪᠠᠲᠤᠯᠠᠬᠤ ᠬᠡᠷᠡᠭᠲᠡᠢ ᠪᠥᠭᠡᠳ ᠬᠡᠰᠡᠭ ᠬᠤᠭᠤᠴᠠᠭ᠎ᠠ ᠲᠣᠭᠲᠠᠪᠤᠷᠢᠲᠠᠢ ᠪᠠᠢᠯᠭᠠᠬᠤ᠎ᠶᠢ ᠪᠠᠲᠤᠯᠠᠵᠤ᠂ ᠪᠠᠢᠴᠠᠭᠠᠬᠤ ᠳᠤᠷᠠᠲᠠᠢ ᠬᠥᠮᠥᠰ᠎ᠤᠨ ᠬᠡᠷᠡᠭᠴᠡᠭᠡ᠎ᠶᠢ ᠬᠠᠩᠭᠠᠬᠤ ᠬᠡᠷᠡᠭᠲᠡᠢ᠃
ᠢᠷᠡᠯᠳᠡ᠄ ᠲᠥᠪ ᠲᠸᠯᠸᠢᠰ᠎ᠤᠨ ᠰᠤᠨᠢᠨ ᠮᠡᠳᠡᠭᠡ
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠴᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃