2022-12-12 10:51:58
ᠬᠡᠷ᠎ᠲᠡᠬᠡᠨ ᠲᠤᠰᠠᠭᠠᠷᠯᠠᠬᠤ᠎ᠳᠤ ᠠᠩᠬᠠᠷᠬᠤ ᠵᠦᠢᠯᠡᠰ᠎ᠤᠨ ᠭᠠᠷ ᠠᠪᠤᠯᠭ᠎ᠠ ᠂ ᠸᠢᠷᠦ᠋ᠰ᠎ᠢ ᠡᠰᠡᠷᠭᠦᠴᠡᠬᠦ᠌ ᠵᠢᠵᠢᠭ ᠡᠮ᠎ᠦᠨ ᠬᠠᠢᠷᠴᠠᠭ᠂ ᠬᠢᠵᠢᠭ᠎ᠢ ᠰᠡᠷᠭᠡᠢᠯᠡᠬᠦ᠌ ᠪᠠᠢᠡᠭᠭᠤ ᠵᠢᠨ ᠠᠷᠭ᠎ᠠ ᠬᠡᠮᠵᠢᠶ᠎ᠡ ᠁ ᠬᠢᠵᠢᠭ᠎ᠢ ᠰᠡᠷᠭᠡᠢᠯᠡᠨ ᠡᠵᠡᠮᠳᠡᠬᠦ ᠠᠵᠢᠯ ᠱᠢᠨ᠎ᠡ ᠱᠠᠲᠤᠨ᠎ᠳᠤ ᠣᠷᠣᠬᠤ᠎ᠶ᠋ᠢ ᠳᠠᠭᠠᠯᠳᠤᠨ᠂ ᠬᠤᠪᠢ ᠬᠥᠮᠦᠨ᠎ᠦ ᠰᠡᠷᠭᠡᠢᠯᠡᠨ ᠬᠠᠮᠠᠭᠠᠯᠠᠯᠲᠠ᠎ᠶ᠋ᠢᠨ ᠱᠢᠨᠵᠢᠯᠡᠬᠦ᠌ ᠤᠬᠠᠭᠠᠨ᠎ᠤ ᠮᠡᠳᠡᠯᠭᠡ ᠵᠢ ᠲᠦᠭᠡᠮᠡᠯᠵᠢᠭᠦᠯᠬᠦ᠌ ᠨᠢ ᠣᠯᠠᠨ᠎ᠤ ᠠᠩᠬᠠᠷᠤᠯ᠎ᠢ ᠶᠡᠬᠡᠳᠡ ᠲᠠᠲᠠᠵᠤ ᠪᠤᠢ ᠃ ᠬᠢᠵᠢᠭ᠎ᠢ ᠰᠡᠷᠭᠡᠢᠯᠡᠬᠦ᠌ ᠠᠷᠭ᠎ᠠ ᠬᠡᠮᠵᠢᠢ᠎ᠡ᠎ᠶ᠋ᠢ ᠢᠳᠡᠪᠬᠢᠲᠡᠢ ᠨᠠᠢᠳᠠᠪᠤᠷᠢᠵᠢᠭᠤᠯᠵᠤ᠂ ᠬᠤᠪᠢ ᠬᠥᠮᠦᠨ᠎ᠦ ᠰᠡᠷᠭᠡᠢᠯᠡᠨ ᠬᠠᠮᠠᠭᠠᠯᠠᠯᠲᠠ᠎ᠪᠡᠨ ᠰᠠᠨᠠᠭᠠᠴᠢᠯᠠᠭ᠎ᠠ᠎ᠡᠴᠡ᠎ᠪᠠᠨ ᠰᠠᠢᠲᠤᠷ ᠬᠢᠬᠦ᠌ ᠨᠢ ᠬᠥᠮᠦᠰ᠎ᠦᠨ ᠤᠬᠠᠮᠰᠠᠷᠲᠤ ᠠᠵᠢᠯᠯᠠᠭ᠎ᠠ ᠪᠣᠯᠵᠠᠢ᠃
ᠬᠠᠮᠤᠭ᠎ᠤᠨ ᠬᠦᠴᠢᠷ ᠪᠡᠷᠬᠡᠱᠢᠶᠡᠯ᠎ᠲᠡᠶ ᠴᠠᠭ ᠦᠶ᠎ᠡ ᠨᠢᠭᠡᠨᠲᠡ ᠥᠩᠭᠡᠷᠡᠭ᠌ᠰᠡᠨ ᠪᠣᠯᠪᠠᠴᠤ᠌ ᠬᠢᠵᠢᠭ᠎ᠦᠨ ᠪᠠᠢᠳᠠᠯ᠎ᠤᠨ ᠠᠶᠤᠯ ᠲᠦᠭ᠌ᠰᠢᠭᠦᠷᠢ ᠮᠥᠨ ᠯᠡ ᠣᠷᠣᠱᠢᠭ᠍ᠰᠠᠭᠠᠷ ᠪᠠᠢᠨ᠎ᠠ᠃ ᠰᠡᠷᠭᠡᠢᠯᠡᠨ ᠡᠵᠡᠮᠳᠡᠬᠦ᠌ ᠠᠷᠭ᠎ᠠ ᠬᠡᠮᠵᠢᠶ᠎ᠡ᠎ᠶ᠋ᠢ ᠱᠢᠯᠢᠳᠡᠭ᠌ᠵᠢᠭᠦᠯᠬᠦ᠌᠎ᠨᠢ ᠰᠡᠷᠭᠡᠢᠯᠡᠨ ᠡᠵᠡᠮᠳᠡᠬᠦ᠌᠎ᠶ᠋ᠢ ᠰᠤᠯᠠᠷᠠᠭᠤᠯᠵᠤ ᠪᠠᠢᠭ᠎ᠠ ᠶᠠᠪᠤᠳᠠᠯ ᠪᠢᠰᠢ᠂ ᠨᠠᠩ ᠴᠤ᠌ ᠴᠢᠯᠥᠭᠡᠲᠡᠶ ᠪᠣᠯᠭᠠᠬᠤ ᠡᠰᠡᠬᠥᠯᠠ 《ᠠᠵᠢᠯ ᠬᠢᠬᠦ ᠦᠭᠡᠢ》 ᠶᠠᠪᠤᠳᠠᠯ ᠪᠢᠰᠢ᠂ ᠬᠠᠷᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠱᠢᠨ᠎ᠡ ᠪᠠᠢᠳᠠᠯ ᠪᠣᠯᠤᠨ ᠱᠢᠨ᠎ᠡ ᠲᠢᠲᠢᠮᠯᠢᠭ ᠸᠢᠷᠦ᠋ᠰ᠎ᠦᠨ ᠤᠨᠳᠤᠤᠱᠢᠯ᠎ᠤᠨ ᠱᠢᠨ᠎ᠡ ᠣᠨᠴᠠᠯᠢᠭᠲᠤ ᠵᠣᠬᠢᠴᠠᠭᠤᠯᠵᠤ ᠂ ᠰᠡᠷᠭᠡᠢᠯᠡᠨ ᠡᠵᠡᠮᠳᠡᠬᠦ᠌ ᠠᠵᠢᠯ᠎ᠤᠨ ᠱᠢᠨᠵᠢᠯᠡᠬᠦ᠌ ᠤᠬᠠᠭᠠᠨᠴᠢ ᠴᠢᠨᠠᠷ᠂ ᠨᠠᠷᠢᠯᠢᠭ ᠤᠨᠤᠪᠴᠢᠲᠠᠢ ᠴᠢᠨᠠᠷ᠎ᠢ ᠤᠯᠠᠮ ᠴᠢᠨᠠᠭ᠍ᠰᠢᠳᠠ ᠳᠡᠭᠡᠭ᠌ᠰᠢᠯᠡᠭᠦᠯᠦᠭᠰᠡᠨ ᠶᠠᠪᠤᠳᠠᠯ ᠪᠣᠯᠤᠨ᠎ᠠ᠃ ᠡᠨᠡ ᠬᠦ᠌ ᠪᠠᠢᠳᠠᠯ᠎ᠳᠤ ᠬᠥᠮᠦᠨ ᠨᠢᠭᠡ ᠪᠦᠷᠢ ᠱᠢᠨ᠎ᠡ ᠬᠤᠪᠢᠷᠠᠯᠲᠠ᠎ᠳᠤ ᠵᠣᠬᠢᠴᠠᠵᠤ᠂ ᠥᠪᠡᠷ᠎ᠦᠨ ᠡᠷᠡᠭᠦᠯ ᠮᠡᠨᠳᠦ᠍᠎ᠶ᠋ᠢᠨ ᠭᠣᠣᠯ ᠴᠣᠭ᠍ᠴᠠ᠎ᠶ᠋ᠢᠨ ᠬᠠᠷᠢᠭᠤᠴᠠᠯᠭ᠎ᠠ᠎ᠪᠠᠨ ᠤᠬᠠᠮᠰᠠᠷ᠎ᠡᠴᠡ᠎ᠪᠠᠨ ᠡᠭᠦᠷᠭᠡᠯᠡᠬᠦ᠌᠎ᠶ᠋ᠢ ᠱᠠᠭᠠᠷᠳᠠᠵᠤ ᠪᠠᠢᠨ᠎ᠠ᠃
ᠲᠣᠰ ᠪᠡᠶ᠎ᠡ᠎ᠶ᠋ᠢᠨ ᠡᠷᠡᠭᠦᠯ ᠮᠡᠨᠳᠦ᠍᠎ᠶ᠋ᠢᠨ᠎ᠢᠶᠡᠨ 《ᠨᠢᠭᠡᠳᠦᠭᠡᠷ ᠬᠠᠷᠢᠭᠤᠴᠠᠯᠭᠠᠲᠠᠨ》 ᠪᠣᠯᠵᠣ᠂ ᠰᠡᠷᠭᠡᠢᠯᠡᠨ ᠬᠠᠮᠠᠭᠠᠯᠠᠬᠤ ᠤᠬᠠᠮᠰᠠᠷ᠎ᠢᠶᠠᠨ ᠰᠤᠯᠠᠷᠠᠭᠤᠯᠵᠤ ᠪᠣᠯᠬᠤ ᠥᠬᠡᠶ᠃ ᠣᠲᠣ ᠤᠮᠢᠺᠷᠤᠨ ᠸᠢᠷᠦ᠋ᠰ᠎ᠦᠨ ᠡᠪᠡᠳᠴᠢᠨ ᠡᠭᠦᠰᠭᠡᠬᠦ᠌ ᠬᠦᠴᠦ᠍ ᠨᠢ ᠪᠠᠢᠭ᠎ᠠ ᠪᠤᠯᠪᠠᠴᠤ ᠬᠠᠯᠳᠠᠪᠤᠷᠢᠯᠠᠬᠤ ᠬᠤᠷᠳᠤᠴᠠ ᠨᠢ ᠨᠠᠩ ᠲᠦᠷᠭᠡᠨ᠂ ᠬᠠᠯᠳᠠᠪᠤᠷᠢᠯᠠᠬᠤ ᠴᠢᠨᠠᠷ ᠨᠢ ᠨᠠᠩ ᠴᠢᠩᠭ᠎ᠠ᠂ ᠨᠢᠭᠤᠭ᠍ᠳᠠᠮᠠᠯ ᠬᠤᠭᠤᠴᠠᠭ᠎ᠠ ᠨᠢ ᠨᠠᠩ ᠣᠬᠣᠷ᠂ ᠳᠠᠯᠳᠠᠯᠠᠬᠤ ᠴᠢᠨᠠᠷ ᠨᠢ ᠨᠠᠩ ᠴᠢᠩᠭ᠎ᠠ ᠪᠠᠢᠳᠠᠭ᠃ ᠡᠢᠮᠦ᠍᠎ᠡᠴᠡ᠂ ᠪᠢᠳᠡ ᠣᠶᠤᠨᠴᠢ ᠪᠠ ᠱᠢᠨᠵᠢᠯᠡᠬᠦ᠌ ᠤᠬᠠᠭᠠᠨᠴᠢ ᠣᠪᠣᠷ᠎ᠲᠠᠶ ᠪᠠᠢᠵᠤ ᠂ ᠱᠢᠯᠢᠳᠡᠭ᠌ᠵᠢᠭᠦᠯᠦᠭᠰᠡᠨ ᠬᠣᠷᠢᠨ ᠵᠦᠢᠯ᠎ᠤᠨ ᠠᠷᠭ᠎ᠠ ᠬᠡᠮᠵᠢᠶ᠎ᠡ ᠪᠠ ᠠᠷᠪᠠᠨ ᠵᠦᠢᠯ᠎ᠤᠨ ᠱᠢᠨ᠎ᠡ ᠠᠷᠭ᠎ᠠ ᠬᠡᠮᠵᠢᠶ᠎ᠡ᠎ᠶ᠋ᠢ ᠨᠠᠩ ᠤᠬᠠᠮᠰᠠᠷ᠎ᠡᠴᠡ᠎ᠪᠠᠨ᠂ ᠨᠠᠩ ᠰᠠᠨᠠᠭᠠᠴᠢᠯᠠᠭ᠎ᠠ᠎ᠡᠴᠡ᠎ᠪᠠᠨ ᠨᠠᠢᠳᠠᠪᠤᠷᠢᠵᠢᠭᠤᠯᠵᠤ ᠂ ᠬᠤᠪᠢ ᠬᠥᠮᠦᠨ᠎ᠦ ᠰᠡᠷᠭᠡᠢᠯᠡᠨ ᠬᠠᠮᠠᠭᠠᠯᠠᠯᠲᠠ᠎ᠶ᠋ᠢ ᠰᠤᠯᠠᠷᠠᠭᠤᠯᠬᠤ ᠥᠬᠡᠶ ᠪᠠᠢᠯᠭᠠᠵᠤ ᠂ ᠬᠢᠵᠢᠭ᠎ᠢ ᠰᠡᠷᠭᠡᠢᠯᠡᠬᠦ᠌᠎ᠳᠦ ᠬᠠᠮᠵᠢᠯᠴᠠᠨ 《ᠡᠩᠨᠡᠭᠡ᠎ᠡᠴᠡ᠎ᠪᠡᠨ ᠬᠣᠴᠣᠷᠬᠤ ᠥᠬᠡᠶ》ᠪᠠᠢᠵᠤ ᠂ ᠤᠬᠠᠮᠰᠠᠷ᠎ᠡᠴᠡ᠎ᠪᠠᠨ ᠥᠪᠡᠷ᠎ᠢ᠎ᠪᠡᠨ ᠱᠠᠭᠠᠷᠳᠠᠬᠤ᠎ᠳᠤ 《ᠴᠠᠯᠠᠭᠠᠢᠳᠠᠬᠤ ᠥᠬᠡᠶ》 ᠪᠠᠢᠬᠤ ᠬᠡᠷᠡᠭ᠌ᠲᠡᠶ᠃ ᠬᠤᠪᠢ ᠬᠥᠮᠦᠨ᠎ᠦ ᠰᠡᠷᠭᠡᠢᠯᠡᠯᠲᠡ᠎ᠶ᠋ᠢ ᠰᠠᠢᠲᠤᠷ ᠬᠢᠬᠦ᠌ ᠭᠢᠭᠡᠤᠨ ᠥᠪᠡᠷ ᠪᠡᠶ᠎ᠡ᠎ᠶ᠋ᠢᠨ ᠡᠭᠡᠯᠢᠯᠡᠭᠡ᠎ᠶ᠋ᠢᠨ ᠴᠢᠳᠠᠪᠤᠷᠢ᠎ᠪᠠᠨ ᠳᠡᠭᠡᠭ᠌ᠰᠢᠯᠡᠭᠦᠯᠬᠦ᠌ ᠪᠣᠯ ᠪᠥᠷ ᠤᠮᠳᠤᠭᠠᠢᠯᠠᠵᠤ ᠪᠤᠯᠤᠰᠢ ᠥᠭᠡᠢ ᠶᠠᠪᠤᠳᠠᠯ ᠪᠤᠯᠤᠨ᠎ᠠ᠃ ᠵᠢᠮ᠎ᠡ ᠶᠣᠰᠣᠲᠠᠶ ᠠᠵᠢᠯᠯᠠᠵᠤ ᠠᠮᠠᠷᠠᠬᠤ᠎ᠪᠡᠨ ᠪᠠᠲᠤᠯᠠᠵᠤ ᠂ ᠢᠳᠡᠭᠡᠨ ᠤᠮᠳᠠᠭᠠᠨ᠎ᠢᠶᠠᠨ ᠲᠡᠩᠴᠡᠭᠦᠷᠢᠲᠡᠶ ᠪᠠᠢᠯᠭᠠᠵᠤ ᠂ ᠪᠡᠶ᠎ᠡ᠎ᠶ᠋ᠢᠨ ᠲᠠᠮᠢᠷ᠎ᠤᠨ ᠬᠥᠳᠡᠯᠭᠡᠭᠡᠨ ᠳᠤ ᠢᠯᠡᠬᠥᠭᠡᠨ ᠤᠷᠤᠯᠴᠠᠵᠤ ᠂ ᠢᠳᠡᠪᠬᠢᠲᠡᠶ ᠪᠡᠷ ᠡᠷᠡᠭᠦᠯ ᠠᠮᠢᠳᠤᠷᠠᠯ᠎ᠤᠨ ᠠᠷᠭ᠎ᠠ ᠬᠡᠯᠪᠡᠷᠢ᠎ᠶ᠋ᠢ ᠪᠦᠷᠢᠯᠳᠦᠭᠦᠯᠪᠡᠯ ᠰᠠᠶᠢ ᠬᠤᠪᠢ ᠬᠥᠮᠦᠨ᠎ᠦ ᠪᠡᠶ᠎ᠡ ᠮᠠᠬᠠᠪᠣᠳ᠎ᠤᠨ ᠡᠷᠡᠭᠦᠯ ᠴᠢᠭᠢᠷᠠᠭ᠎ᠢᠶᠡᠨ ᠪᠠᠲᠤᠯᠠᠵᠤ ᠂ ᠡᠭᠦᠨ᠎ᠦ ᠤᠯᠠᠮ᠎ᠡᠴᠡ ᠸᠢᠷᠦ᠋ᠰ᠎ᠢ ᠡᠰᠡᠷᠭᠦᠴᠡᠬᠦ᠌ ᠴᠢᠳᠠᠪᠤᠷᠢ᠎ᠪᠡᠨ ᠪᠦᠲᠦᠮᠵᠢᠲᠡᠶ ᠳᠡᠭᠡᠭ᠌ᠰᠢᠯᠡᠭᠦᠯᠵᠦ᠍ ᠴᠢᠳᠠᠨ᠎ᠠ᠃
ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌᠎ᠳᠦ ᠬᠦᠮᠦᠨ ᠪᠥᠬᠥᠨ ᠬᠠᠷᠢᠭᠤᠴᠠᠯᠭ᠎ᠠ ᠲᠠᠢ᠃ ᠬᠥᠮᠦᠨ ᠨᠢᠭᠡ ᠪᠦᠷᠢ ᠥᠪᠡᠷ᠎ᠦᠨ ᠪᠡᠶ᠎ᠡ᠎ᠶ᠋ᠢᠨ ᠡᠷᠡᠭᠦᠯ ᠮᠡᠨᠳᠦ᠍᠎ᠶ᠋ᠢᠨ᠎ᠢᠶᠡᠨ 《ᠨᠢᠭᠡᠳᠦᠭᠡᠷ ᠬᠠᠷᠢᠭᠤᠴᠠᠯᠭᠠᠲᠠᠨ》ᠪᠤᠯᠵᠤ ᠂ ᠨᠡᠢᠭᠡᠮᠲᠠᠶᠠᠭᠠᠷ ᠵᠢᠡᠷ ᠢᠶᠡᠨ ᠰᠡᠳᠭᠢᠯ ᠨᠢᠭᠡᠳᠴᠦ᠍ ᠂ ᠵᠤᠷᠢᠭᠰᠡᠨ ᠬᠠᠷᠠᠯᠲᠡ ᠵᠦᠭ᠎ᠢᠶᠡᠨ ᠬᠠᠮᠲᠤ ᠪᠡᠷ ᠤᠷᠤᠭ᠍ᠰᠢᠯᠠᠪᠡᠯ ᠰᠠᠶᠢ ᠬᠢᠵᠢᠭ᠎ᠦᠨ ᠪᠠᠢᠳᠠᠯ᠎ᠢ ᠡᠷᠲᠡᠬᠡᠨ ᠢᠯᠠᠨ ᠳᠠᠪᠠᠵᠤ ᠴᠢᠳᠠᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠴᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃