2022-12-12 10:46:24
ᠲᠥᠷᠥ᠎ᠶ᠋ᠢᠨ ᠶᠠᠪᠤᠳᠠᠯ᠎ᠤᠨ ᠬᠣᠷᠢᠶᠠᠨ᠎ᠤ ᠬᠣᠯᠪᠣᠭᠠᠯᠠᠨ ᠰᠡᠷᠭᠡᠢᠯᠡᠵᠦ᠍ ᠬᠣᠯᠪᠣᠭᠠᠯᠠᠨ ᠡᠵᠡᠮᠳᠡᠬᠦ᠌ ᠲᠣᠭ᠍ᠲᠠᠴᠠ᠎ᠶ᠋ᠢᠨ ᠱᠢᠨ᠎ᠡ ᠠᠷᠪᠠᠨ ᠵᠤᠢᠯ ᠤᠨ ᠰᠡᠷᠭᠡᠢᠯᠡᠨ ᠡᠵᠡᠮᠳᠡᠬᠦ᠌ ᠠᠷᠭ᠎ᠠ ᠬᠡᠮᠵᠢᠶ᠎ᠡ᠎ᠶ᠋ᠢ ᠨᠠᠷᠢᠨ ᠬᠢᠨᠠᠮᠠᠭᠠᠶ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢᠨ ᠲᠥᠯᠥᠭᠡ ᠂ 12 ᠰᠠᠷ᠎ᠠ᠎ᠶ᠋ᠢᠨ 9 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠵᠢᠯᠣᠭᠣᠳᠭᠤ ᠭᠠᠵᠠᠷ ᠮᠠᠨ᠎ᠤ ᠣᠷᠣᠨ᠎ᠤ 《ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠷᠭ᠎ᠠ ᠬᠡᠮᠵᠢᠶ᠎ᠡ᠎ᠶ᠋ᠢ ᠤᠯᠠᠮ ᠴᠢᠨᠠᠭ᠍ᠰᠢᠳᠠ ᠱᠢᠯᠢᠳᠡᠭ᠌ᠵᠢᠭᠦᠯᠬᠦ᠌ ᠲᠤᠬᠠᠶ ᠮᠡᠳᠡᠭ᠌ᠳᠡᠯ》 ᠢ᠋ ᠲᠣᠭ᠍ᠲᠠᠭᠠᠪᠠ᠃ ᠤᠯᠠᠨ ᠲᠦᠮᠡᠨ᠎ᠦ ᠠᠩᠬᠠᠷᠴᠤ᠌ ᠪᠠᠢᠭ᠎ᠠ ᠬᠠᠯᠠᠮᠱᠢᠯ ᠠᠰᠠᠭᠤᠳᠠᠯ᠎ᠳᠤ ᠴᠢᠭ᠌ᠯᠡᠭᠦᠯᠦᠨ᠂ 12 ᠰᠠᠷ᠎ᠠ᠎ᠶ᠋ᠢᠨ 9 ᠤ᠋ ᠡᠳᠦᠷ᠂ ᠰᠤᠷᠪᠤᠯᠵᠢᠯᠠᠭ᠍ᠴᠢ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠥᠪᠯᠡᠯ᠎ᠦᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠡᠷᠬᠢᠯᠡᠭ᠌ᠴᠢ ᠱᠢᠤᠢ ᠬᠣᠩ ᡁᠢ᠎ᠶ᠋ᠢ ᠰᠤᠷᠪᠤᠯᠵᠢᠯᠠᠪᠠ᠃
ᠱᠢᠤᠢ ᠬᠣᠩ ᡁᠢ ᠂ ᠮᠠᠨ᠎ᠤ ᠣᠷᠣᠨ᠎ᠤ ᠲᠣᠭ᠍ᠲᠠᠭᠠᠭ᠍ᠰᠠᠨ《ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠷᠭ᠎ᠠ ᠬᠡᠮᠵᠢᠶ᠎ᠡ᠎ᠶ᠋ᠢ ᠤᠯᠠᠮ ᠴᠢᠨᠠᠭ᠍ᠰᠢᠳᠠ ᠱᠢᠯᠢᠳᠡᠭ᠌ᠵᠢᠭᠦᠯᠬᠦ᠌ ᠲᠤᠬᠠᠶ ᠮᠡᠳᠡᠭ᠌ᠳᠡᠯ》᠎ᠳ᠋ᠤ ᠂ ᠨᠢᠭᠡ ᠲᠠᠯ᠎ᠠ᠎ᠪᠠᠷ ᠡᠯ᠎ᠡ ᠭᠠᠵᠠᠷ ᠣᠷᠣᠨ᠂ ᠡᠯ᠎ᠡ ᠬᠣᠯᠪᠣᠭ᠍ᠳᠠᠯ ᠪᠥᠬᠥᠶ ᠰᠠᠯᠠᠭ᠎ᠠ ᠮᠥᠴᠢᠷ᠎ᠦᠨ᠎ᠬᠢᠨ ᠦᠵᠡᠯ ᠰᠠᠨᠠᠭ᠎ᠠ ᠪᠠ ᠦᠶ᠋ᠯᠡ ᠠᠵᠢᠯᠯᠠᠭ᠎ᠠ᠎ᠪᠠᠨ ᠨᠠᠮ᠎ᠤᠨ ᠲᠥᠪ ᠬᠣᠷᠢᠶᠠᠨ᠎ᠤ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠳᠡᠭᠡᠷ᠎ᠡ ᠨᠢᠭᠡᠳᠭᠡᠵᠦ᠍ ᠂ ᠱᠢᠨ᠎ᠡ ᠠᠷᠪᠠᠨ ᠵᠤᠢᠯ ᠤᠨ ᠰᠡᠷᠭᠡᠢᠯᠡᠨ ᠡᠵᠡᠮᠳᠡᠬᠦ᠌ ᠠᠷᠭ᠎ᠠ ᠬᠡᠮᠵᠢᠶ᠎ᠡ᠎ᠶ᠋ᠢ ᠴᠢᠩᠭ᠎ᠠ ᠬᠡᠷᠡᠭ᠌ᠵᠢᠭᠦᠯᠵᠦ᠍᠂ ᠳᠡᠷᠡ ᠶᠤᠰᠤᠭᠠᠷ ᠨᠢ ᠬᠢᠵᠥ᠂ ᠬᠡᠯᠪᠡᠷᠢ ᠵᠢ ᠨᠢ ᠦᠬᠡᠷᠡᠳᠤᠬᠦᠯᠬᠦ ᠦᠬᠡᠢ ᠪᠠᠢᠵᠥ᠂ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠡᠯ᠎ᠡ ᠵᠦᠶ᠋ᠯ᠎ᠦᠨ ᠠᠷᠭ᠎ᠠ ᠬᠡᠮᠵᠢᠶ᠎ᠡ᠎ᠶ᠋ᠢ ᠨᠠᠢᠳᠠᠪᠤᠷᠢᠵᠢᠭᠤᠯᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠶ ᠭᠡᠵᠦ᠍ ᠱᠠᠭᠠᠷᠳᠠᠪᠠ; ᠨᠥᠭᠥᠭᠡ ᠲᠠᠯ᠎ᠠ᠎ᠪᠠᠷ ᠮᠠᠨ᠎ᠤ ᠣᠷᠣᠨ ᠲᠥᠷᠥ᠎ᠶ᠋ᠢᠨ ᠶᠠᠪᠤᠳᠠᠯ᠎ᠤᠨ ᠬᠣᠷᠢᠶᠠᠨ᠎ᠤ ᠱᠢᠨ᠎ᠡ ᠠᠷᠪᠠᠨ ᠵᠤᠢᠯ ᠤᠨ ᠰᠡᠷᠭᠡᠢᠯᠡᠨ ᠡᠵᠡᠮᠳᠡᠬᠦ ᠠᠷᠭ᠎ᠠ ᠬᠡᠮᠵᠢᠶ᠎ᠡ᠎ᠶ᠋ᠢᠨ ᠰᠠᠭᠤᠷᠢᠨ ᠳᠡᠭᠡᠷ᠎ᠡ᠂ ᠪᠠᠰᠠ 14 ᠲᠠᠯ᠎ᠠ᠎ᠪᠠᠷ ᠨᠠᠷᠢᠯᠢᠬ᠍ᠵᠢᠭᠤᠯᠵᠤ ᠂ ᠲᠠᠰᠤᠷᠠᠯᠲᠠ ᠥᠬᠡᠶ ᠱᠢᠯᠢᠳᠡᠭ᠌ᠵᠢᠭ᠌ᠰᠡᠨ ᠰᠡᠷᠭᠡᠢᠯᠡᠨ ᠡᠵᠡᠮᠳᠡᠬᠦ ᠠᠷᠭ᠎ᠠ ᠬᠡᠮᠵᠢᠶ᠎ᠡ᠎ᠶ᠋ᠢ ᠨᠠᠩ ᠨᠠᠷᠢᠯᠢᠭ ᠣᠨᠣᠪᠴᠢᠲᠠᠶ ᠪᠣᠯᠭᠠᠵᠠᠶ ᠬᠡᠵᠥ ᠳᠠᠨᠢᠯᠴᠠᠭᠤᠯᠤᠯ᠎ᠠ᠃
ᠱᠢᠤᠢ ᠬᠣᠩ ᡁᠢ᠂ ᠬᠥᠬᠡᠬᠣᠲᠠ᠎ᠶ᠋ᠢᠨ ᠡᠮᠨᠡᠨ ᠵᠠᠰᠠᠭ᠍ᠰᠠᠨ ᠡᠪᠡᠳᠴᠢᠨ᠎ᠤ ᠵᠢᠱ᠌ᠢᠶ᠎ᠡ ᠳ᠋ᠤ 99 % ᠡᠴᠠ ᠳᠡᠭᠡᠭ᠌ᠰᠢᠬᠢ᠎ᠨᠢ ᠴᠥᠮ ᠡᠪᠡᠳᠴᠢᠨ᠎ᠦ ᠢᠯᠡᠷᠡᠯ ᠥᠬᠡᠶ ᠪᠠ ᠬᠥᠩᠭᠡᠨ ᠡᠪᠡᠳᠴᠢᠳᠡᠨ ᠪᠠᠢᠵᠤ ᠂ ᠬᠦᠨᠳᠦ ᠡᠪᠡᠳᠴᠢᠳᠡᠨ ᠪᠠ ᠬᠦᠨᠳᠦ ᠲᠦᠭ᠌ᠰᠢᠭᠦᠷᠢᠲᠡᠶ ᠡᠪᠡᠳᠴᠢᠳᠡᠨ᠎ᠨᠢ 1 % ᠳ᠋ᠤ ᠬᠥᠷᠬᠥ᠌ ᠥᠬᠡᠶ᠂ ᠪᠦᠷᠢᠮᠦᠰᠦᠨ ᠰᠡᠷᠭᠡᠢᠯᠡᠵᠦ᠍ ᠪᠣᠯᠬᠤ ᠪᠥᠭᠡᠳ ᠵᠠᠰᠠᠵᠤ ᠴᠤ᠌ ᠳᠡᠢᠯᠤᠨᠠ᠂ ᠣᠯᠠᠨ ᠲᠦᠮᠡᠨ ᠳᠡᠩᠳᠡᠭᠦᠦ ᠪᠠᠴᠢᠮᠳᠠᠭ᠍ᠰᠠᠨᠤ ᠬᠡᠷᠡᠭ ᠥᠬᠡᠶ᠃ ᠮᠠᠨ᠎ᠤ ᠣᠷᠣᠨ᠎ᠤ ᠳᠠᠷᠤᠮᠠᠯᠯᠠᠨ ᠲᠠᠷᠬᠠᠭᠠᠭ᠍ᠰᠠᠨ 《ᠮᠡᠳᠡᠭ᠌ᠳᠡᠯ》 ᠳ᠋ᠤ ᠪᠠᠰᠠ᠂ ᠬᠦᠨᠳᠦ ᠡᠪᠡᠳᠴᠢᠨ ᠡᠭᠦᠰᠭᠡᠵᠦ᠍ ᠮᠡᠳᠡᠬᠦ᠌ ᠵᠢᠷᠭᠤᠭᠠᠨ ᠲᠥᠷᠥᠯ᠎ᠦᠨ ᠰᠠᠭᠤᠷᠢ ᠡᠪᠡᠳᠴᠢᠨ᠎ᠲᠡᠶ ᠬᠥᠮᠦᠰ᠎ᠲᠦ ᠡᠯ᠎ᠡ ᠭᠠᠵᠠᠷ ᠤᠷᠤᠨ᠎ᠦ᠎ᠬᠢᠨ ᠡᠯ᠎ᠡ ᠵᠦᠶ᠋ᠯ᠎ᠦᠨ ᠡᠬᠢ ᠪᠠᠶᠠᠯᠢᠭ᠎ᠢ ᠠᠱᠢᠭ᠍ᠯᠠᠬᠤ ᠬᠡᠷᠡᠭ᠌ᠲᠡᠶ ᠂ ᠵᠢᠱ᠌ᠢᠶᠡᠯᠡᠪᠡᠯ ᠰᠠᠭᠤᠭᠠᠯᠢ ᠠᠷᠠᠳ᠎ᠤᠨ ᠡᠷᠡᠭᠦᠯ ᠮᠡᠨᠳᠦ᠍᠎ᠶ᠋ᠢᠨ ᠲᠠᠩᠰᠠ ᠡᠪᠬᠡᠮᠡᠯ ᠪᠠᠢᠭᠤᠯᠬᠤ᠂ ᠨᠡᠢᠭᠡᠮ ᠲᠣᠭᠣᠷᠢᠭ᠎ᠤᠨ᠎ᠬᠢᠨ ᠡᠷᠦᠬᠡ᠎ᠳᠦ ᠬᠦᠷᠴᠦ᠍ ᠪᠠᠢᠴᠠᠭᠠᠨ ᠣᠢᠯᠠᠭᠠᠵᠤ᠂ ᠵᠢᠷᠭᠤᠭᠠᠨ ᠲᠥᠷᠥᠯ᠎ᠦᠨ ᠬᠥᠮᠦᠰ᠎ᠢ ᠪᠦᠷᠢᠳᠭᠡᠨ ᠭᠠᠷᠭᠠᠵᠤ᠂ ᠡᠬᠡ ᠲᠠᠩᠰᠠ ᠪᠠᠢᠭᠤᠯᠤᠨ᠂ ᠤᠷᠢᠳᠴᠢᠯᠠᠨ ᠬᠠᠮᠢᠶᠠᠷᠬᠤ ᠬᠡᠪᠴᠢᠶᠡᠨ᠎ᠳᠦ ᠣᠷᠣᠭᠤᠯᠵᠤ᠂ ᠬᠦᠨᠳᠦ ᠡᠪᠡᠳᠴᠢᠨ ᠡᠭᠦᠰᠭᠦ᠎ᠶ᠋ᠢ ᠰᠡᠷᠭᠡᠢᠯᠡᠬᠦ᠌ ᠬᠡᠷᠡᠭ᠌ᠲᠡᠶ ᠬᠡᠵᠥ ᠢᠯᠡᠳᠬᠡᠪᠡ᠃
《ᠡᠭᠦᠨ᠎ᠦ ᠬᠠᠮᠲᠤ᠂ ᠸᠠᠺᠼᠢᠨ ᠳᠠᠷᠢᠪᠠᠯ ᠬᠠᠯᠳᠠᠪᠤᠷᠢᠯᠠᠯ ᠪᠠ ᠡᠪᠡᠳᠴᠢᠨ ᠡᠭᠦᠰᠭᠦ ᠲᠦᠭ᠌ᠰᠢᠭᠦᠷᠢ᠎ᠶ᠋ᠢ ᠪᠠᠭᠤᠷᠠᠭᠤᠯᠵᠥ ᠴᠢᠳᠠᠬᠤ᠎ᠪᠠᠷ ᠪᠠᠷᠠᠬᠤ ᠥᠬᠡᠶ᠂ ᠢᠯᠠᠩᠭᠤᠶ᠎ᠠ ᠬᠠᠯᠳᠠᠪᠤᠷᠢᠯᠠᠭ᠍ᠰᠠᠨ᠎ᠤ ᠳᠠᠷᠠᠭᠠᠬᠢ ᠬᠦᠨᠳᠦ ᠡᠪᠡᠳᠴᠢᠨ ᠪᠠ ᠦᠬᠦᠯ᠎ᠦᠨ ᠲᠦᠭ᠌ᠰᠢᠭᠦᠷᠢ᠎ᠶ᠋ᠢ ᠢᠯᠡᠳᠲᠡ ᠪᠠᠭᠤᠷᠠᠭᠤᠯᠵᠤ ᠴᠢᠳᠠᠨ᠎ᠠ》᠃ ᠱᠢᠤᠢ ᠬᠣᠩ ᡁᠢ᠂ ᠲᠠᠷᠢᠯᠭ᠎ᠠ ᠬᠢᠬᠦ᠌ ᠨᠥᠬᠥᠴᠡᠯ᠎ᠳᠦ ᠨᠡᠢᠴᠡᠬᠦ᠌ 60 ᠨᠠᠰᠤᠨ ᠡᠴᠡ ᠳᠡᠭᠡᠭ᠌ᠰᠢᠬᠢ ᠬᠥᠮᠦᠰ᠂ ᠢᠯᠠᠩᠭᠤᠶ᠎ᠠ 80 ᠨᠠᠰᠤᠨ ᠡᠴᠡ ᠳᠡᠭᠡᠭ᠌ᠰᠢᠬᠢ ᠨᠠᠰᠤᠲᠠᠢᠴᠤᠳ ᠳᠠᠷᠤᠶ ᠲᠦᠷᠭᠡᠨ ᠸᠠᠺᠼᠢᠨ ᠳᠠᠷᠢᠵᠤ᠂ ᠰᠠᠭᠤᠷᠢ ᠡᠭᠡᠯᠢᠯᠡᠭᠡ᠎ᠶ᠋ᠢ ᠪᠡᠶᠡᠯᠡᠭᠦᠯᠦᠭ᠌ᠰᠡᠨ᠎ᠦ ᠳᠠᠷᠠᠭ᠎ᠠ ᠡᠷᠲᠡᠬᠡᠨ ᠴᠢᠩᠭᠠᠳᠬᠠᠬᠤ ᠲᠠᠷᠢᠯᠭ᠎ᠠ᠎ᠶ᠋ᠢ ᠳᠠᠷᠢᠵᠥ᠂ ᠡᠭᠡᠯᠢᠯᠡᠭᠡ᠎ᠶ᠋ᠢᠨ ᠴᠢᠳᠠᠪᠤᠷᠢ ᠪᠠᠨ ᠬᠠᠮᠤᠭ᠎ᠤᠨ ᠶᠡᠬᠡ ᠬᠡᠮᠵᠢᠶ᠎ᠡ᠎ᠪᠡᠷ ᠳᠡᠭᠡᠭ᠌ᠰᠢᠯᠡᠭᠦᠯᠬᠦ᠌ ᠬᠡᠷᠡᠭ᠌ᠲᠡᠶ ᠭᠡᠵᠦ᠍ ᠤᠷᠢᠶᠠᠯᠠᠪᠠ᠃
ᠥᠩᠭᠡᠷᠡᠭ᠌ᠰᠡᠨ᠎ᠦ ᠣᠯᠠᠨ ᠲᠦᠮᠡᠨ᠎ᠦ ᠡᠮ ᠬᠤᠳᠠᠯᠳᠤᠨ ᠠᠪᠬᠤ᠎ᠳᠤ ᠳᠥᠭᠥᠮ ᠦᠭᠡᠢ ᠪᠠᠢᠬᠤ ᠵᠡᠷᠭᠡ ᠠᠰᠠᠭᠤᠳᠠᠯ᠎ᠳᠤ ᠴᠢᠭ᠌ᠯᠡᠭᠦᠯᠦᠨ ᠱᠢᠤᠢ ᠬᠣᠩ ᡁᠢ ᠂ ᠮᠠᠨ᠎ᠤ ᠣᠷᠣᠨ ᠬᠠᠯᠠᠭᠤᠨ᠎ᠢ ᠪᠠᠭᠤᠷᠠᠭᠤᠯᠬᠤ᠂ ᠬᠠᠨᠢᠶᠠᠳᠤ᠎ᠶ᠋ᠢ ᠵᠣᠭ᠍ᠰᠣᠭᠠᠬᠤ᠂ ᠬᠠᠯᠳᠠᠪᠤᠷᠢᠯᠠᠯ᠎ᠢ ᠡᠰᠡᠷᠭᠦᠴᠡᠬᠦ᠌ ᠂ ᠲᠠᠭ᠍ᠰᠢᠭᠤᠷ᠎ᠢ ᠵᠠᠰᠠᠬᠤ《ᠳᠥᠷᠪᠡᠨ ᠲᠥᠷᠥᠯ᠎ᠦᠨ ᠡᠮ᠎ᠦᠨ ᠵᠦᠶ᠋ᠯ》 ᠢ᠋ ᠬᠤᠳᠠᠯᠳᠤᠨ ᠠᠪᠬᠤ ᠬᠢᠵᠠᠭᠠᠷᠯᠠᠯ᠎ᠢ ᠴᠢᠯᠥᠭᠡᠲᠡᠶ ᠪᠣᠯᠭᠠᠵᠤ ᠂ ᠦᠨᠡᠨ ᠨᠡᠷ᠎ᠡ᠎ᠪᠡᠷ ᠳᠠᠩᠰᠠᠯᠠᠭᠤᠯᠬᠤ ᠴᠢᠬᠤᠯᠠ ᠥᠬᠡᠶ ᠪᠤᠯᠭᠠᠨ᠂ ᠡᠮ ᠬᠤᠳᠠᠯᠳᠤᠨ ᠠᠪᠬᠤ᠎ᠶ᠋ᠢ ᠬᠡᠪ᠎ᠦᠨ ᠪᠣᠯᠭᠠᠵᠤ ᠂ ᠠᠷᠠᠳ ᠣᠯᠠᠨ᠎ᠳᠤ ᠲᠥᠬᠥᠮ ᠦᠵᠡᠭᠦᠯᠵᠤ ᠪᠤᠢ ᠬᠡᠵᠥ ᠢᠯᠡᠳᠬᠡᠪᠡ᠃
《ᠮᠠᠨ᠎ᠤ ᠣᠷᠣᠨ ᠪᠥᠭᠡᠮ ᠬᠦᠴᠢᠯ᠎ᠢ ᠪᠠᠢᠴᠠᠭᠠᠬᠤ᠎ᠳᠤ ᠶᠡᠷᠦᠩᠬᠡᠶ᠎ᠳᠦᠨᠢ ᠴᠢᠯᠥᠭᠡᠲᠡᠶ ᠪᠣᠯᠭᠠᠬᠤ ᠲᠥᠷᠥ᠎ᠶ᠋ᠢᠨ ᠪᠣᠳᠣᠯᠭ᠎ᠠ᠎ᠶ᠋ᠢ ᠬᠡᠷᠡᠭ᠌ᠵᠢᠭᠦᠯᠵᠦ᠍᠂ ᠨᠠᠰᠤᠲᠠᠨ᠎ᠢ ᠠᠰᠠᠷᠠᠬᠤ ᠬᠦᠷᠢᠶᠡᠯᠡᠩ ᠂ ᠠᠰᠠᠷᠠᠮᠵᠢ᠎ᠶ᠋ᠢᠨ ᠬᠦᠷᠢᠶᠡᠯᠡᠩ᠂ ᠡᠮᠴᠢᠯᠡᠭᠡᠨ᠎ᠦ ᠪᠠᠢᠭᠤᠯᠤᠮᠵᠢ᠂ ᠬᠡᠦᠬᠡᠳ ᠰᠠᠭᠠᠲᠠᠭᠤᠯᠬᠤ ᠪᠠᠢᠭᠤᠯᠤᠮᠵᠢ ᠂ ᠳᠤᠮᠳᠠᠳᠤ ᠪᠠᠭ᠎ᠠ ᠰᠤᠷᠭᠠᠭᠤᠯᠢ ᠵᠡᠷᠭᠡ ᠣᠨᠴᠠᠭᠠᠶ ᠲᠠᠯᠠᠪᠤᠷ ᠡᠴᠡ ᠭᠠᠳᠠᠨ᠎ᠠ᠂ ᠪᠥᠭᠡᠮ ᠬᠦᠴᠢᠯ᠎ᠦᠨ ᠪᠢᠯᠢᠭ ᠴᠢᠨᠠᠷ᠎ᠤᠨ ᠭᠡᠷᠡᠴᠢ᠎ᠶ᠋ᠢ ᠳᠠᠭᠢᠵᠤ ᠪᠠᠢᠴᠠᠭᠠᠬᠤ ᠥᠬᠡᠶ᠂ ᠡᠷᠡᠭᠦᠯ ᠮᠡᠨᠳᠦ᠍᠎ᠶ᠋ᠢᠨ ᠺᠣᠳ᠋ ᠪᠠ ᠠᠶᠠᠯᠠᠯ᠎ᠤᠨ ᠺᠣᠳ᠋᠎ᠢ ᠳᠠᠭᠢᠵᠤ ᠪᠠᠢᠴᠠᠭᠠᠬᠤ ᠥᠬᠡᠶ ᠪᠤᠯᠪᠠ᠃ ᠡᠭᠦᠨ᠎ᠦ ᠬᠠᠮᠲᠤ ᠂ ᠡᠮᠴᠢᠯᠡᠭᠡᠨ᠎ᠦ ᠪᠠᠢᠭᠤᠯᠤᠮᠵᠢ ᠪᠥᠭᠡᠮ ᠬᠦᠴᠢᠯ᠎ᠦᠨ ᠪᠠᠢᠴᠠᠭᠠᠯᠳᠠ᠎ᠶ᠋ᠢᠨ ᠦᠷ᠎ᠡ ᠳ᠋ᠦᠩ᠎ᠢᠶᠡᠷ ᠱᠢᠯᠲᠠᠭ ᠪᠣᠯᠭᠠᠵᠤ ᠬᠦᠨᠳᠦ ᠲᠦᠭ᠌ᠰᠢᠭᠦᠷᠢᠲᠡᠶ ᠡᠪᠡᠳᠴᠢᠲᠡᠨ᠎ᠢ ᠭᠥᠯᠢᠶᠡᠨ ᠠᠪᠴᠤ᠌ ᠡᠮᠨᠡᠬᠦ᠌᠎ᠶ᠋ᠢ ᠲᠡᠪᠴᠢᠵᠦ᠍ ᠪᠣᠯᠬᠤ ᠥᠬᠡᠶ ᠬᠡᠵᠥ ᠳᠤᠬᠳᠠᠵᠥ᠂ ᠡᠪᠡᠳᠴᠢᠨ ᠦᠵᠡᠭᠦᠯᠬᠦ᠌ ᠣᠷᠴᠢᠨ ᠲᠣᠭᠣᠷᠢᠨ᠎ᠤ ᠠᠮᠤᠷ ᠲᠦᠪᠱᠢᠨ ᠡᠮᠬᠢ ᠵᠢᠷᠤᠮ᠎ᠲᠠᠶ ᠪᠠᠢᠬᠤ᠎ᠶ᠋ᠢ ᠦᠨᠡᠨ ᠬᠦ᠌ ᠪᠠᠲᠤᠯᠠᠪᠠ》 ᠭᠡᠵᠦ᠍ ᠱᠢᠤᠢ ᠬᠣᠩ ᡁᠢ ᠬᠡᠯᠡᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠴᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃