2022-12-10 16:42:52
ᠬᠥᠬᠡᠬᠣᠲᠠ᠎ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠦᠨ ᠬᠢᠵᠢᠭ᠌ ᠦᠨ ᠪᠠᠢᠳᠠᠯ ᠢ ᠰᠡᠷᠭᠡᠢᠯᠡᠨ ᠡᠵᠡᠮᠳᠡᠬᠦ ᠠᠵᠢᠯ ᠤᠨ ᠵᠢᠯᠤᠭᠣᠳᠬᠤ ᠭᠠᠵᠠᠷ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠦᠨ ᠬᠢᠵᠢᠭ᠌᠎ᠦᠨ ᠪᠠᠢᠳᠠᠯ᠎ᠢ ᠰᠡᠷᠭᠡ
ᠲᠥᠷᠥ᠍᠎ᠶᠢᠨ ᠶᠠᠪᠤᠳᠠᠯ᠎ᠤᠨ ᠬᠣᠷᠢᠶ᠎ᠠ᠎ᠶᠢᠨ ᠬᠣᠯᠪᠤᠭᠠᠯᠠᠨ ᠰᠡᠷᠭᠡᠢᠯᠡᠵᠦ ᠬᠣᠯᠪᠤᠭᠠᠯᠠᠨ ᠡᠵᠡᠮᠳᠡᠬᠦ ᠲᠣᠭᠲᠠᠴᠠ᠎ᠶᠢᠨ ᠶᠡᠷᠦᠩᠬᠡᠢᠯᠡᠭᠰᠡᠨ ᠳᠤᠭᠤᠢᠯᠠᠩ᠎ᠤᠨ 《ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠦᠨ ᠬᠢᠵᠢᠭ᠌᠎ᠦᠨ ᠪᠠᠢᠳᠠᠯ᠎ᠢ ᠰᠡᠷᠭᠡᠢᠯᠡᠨ ᠡᠵᠡᠮᠳᠡᠬᠦ ᠠᠷᠭ᠎ᠠ ᠬᠡᠮᠵᠢᠶ᠎ᠡ᠎ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ ᠨᠠᠢᠳᠠᠪᠤᠷᠢᠵᠢᠭᠤᠯᠬᠤ ᠲᠤᠬᠠᠢ ᠮᠡᠳᠡᠭᠳᠡᠯ 》 ([2022]113 ᠳ᠋ᠤᠭᠠᠷ ᠲᠣᠭᠠᠲᠤ) ᠢ ᠬᠢᠨᠠᠮᠠᠭᠠᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶᠢᠨ ᠳᠤᠰᠠᠳᠠ᠂ ᠡᠳᠦᠭᠡ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠦᠨ ᠬᠢᠵᠢᠭ᠌᠎ᠦᠨ ᠪᠠᠢᠳᠠᠯ᠎ᠢ ᠰᠡᠷᠭᠡᠢᠯᠡᠨ ᠡᠵᠡᠮᠳᠡᠬᠦ ᠠᠷᠭ᠎ᠠ ᠬᠡᠮᠵᠢᠶ᠎ᠡ᠎ᠶᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠲᠤᠬᠠᠢ ᠳᠠᠷᠠᠭᠠᠬᠢ ᠮᠡᠲᠦ ᠵᠠᠷᠯᠠᠶ᠎ᠠ᠄
1. ᠲᠦᠭᠰᠢᠭᠦᠷᠢᠳᠡᠢ ᠣᠷᠣᠨ ᠪᠦᠰᠡ᠎ᠶᠢ ᠰᠢᠨᠵᠢᠯᠡᠬᠦ ᠤᠬᠠᠭᠠᠨᠴᠢ ᠨᠠᠷᠢᠯᠢᠭ᠋ ᠣᠨᠣᠴᠠᠲᠠᠢ᠎ᠪᠠᠷ ᠬᠤᠪᠢᠶᠠᠷᠢᠯᠠᠨ᠎ᠠ᠃ ᠠᠰᠠᠷ᠂ ᠤᠷᠤᠴᠡ᠂ ᠳᠠᠪᠬᠤᠷᠭ᠎ᠠ᠂ ᠰᠠᠭᠤᠭᠠᠯᠢ ᠡᠷᠥᠭᠡ ᠪᠡᠷ ᠲᠦᠭᠰᠢᠭᠦᠷᠢᠲᠡᠢ ᠣᠷᠣᠨ ᠪᠦᠰᠡ ᠵᠢ ᠬᠤᠪᠢᠶᠠᠷᠢᠯᠠᠨ ᠲᠣᠭᠲᠠᠭᠠᠬᠤ ᠬᠡᠷᠡᠭᠲᠡᠢ᠃ ᠨᠢᠭᠡᠨᠲᠡ ᠵᠠᠭᠠᠭᠯᠠᠨ ᠲᠣᠭᠲᠠᠭᠠᠭᠰᠠᠨ ᠦᠨᠳᠦᠷ ᠲᠦᠭᠰᠢᠭᠦᠷᠢᠲᠡᠢ ᠣᠷᠣᠨ᠎ᠳᠤ ᠵᠠᠯᠭ᠎ᠠ᠎ᠪᠠᠷ 5 ᠡᠳᠦᠷ ᠠᠷᠭ᠎ᠠ ᠴᠢᠨᠠᠷᠲᠠᠢ ᠬᠠᠯᠳᠠᠪᠤᠷᠢᠯᠠᠭᠳᠠᠬᠰᠠᠳ ᠰᠢᠨ᠎ᠡ᠎ᠪᠡᠷ ᠨᠡᠮᠡᠭᠳᠡᠭᠰᠡᠨ ᠦᠭᠡᠢ ᠪᠠᠢᠪᠠᠯ ᠴᠠᠭ ᠲᠤᠬᠠᠢ ᠳ᠋ᠤᠨᠢ ᠪᠢᠲᠡᠭᠦᠮᠵᠢᠯᠡᠯ᠎ᠢ ᠲᠠᠢᠯᠬᠤ ᠬᠡᠷᠡᠭᠲᠡᠢ ᠃
2. ᠪᠥᠭᠡᠮ ᠬᠦᠴᠢᠯ᠎ᠦᠨ ᠪᠠᠢᠴᠠᠭᠠᠯᠲᠡ᠎ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ᠎ᠡ᠃ ᠳᠠᠬᠢᠵᠤ ᠪᠥᠬᠥ ᠬᠦᠮᠦᠰ ᠲᠦ᠍ ᠪᠥᠭᠡᠮ ᠬᠦᠴᠢᠯ᠎ᠦᠨ ᠪᠠᠢᠴᠠᠭᠠᠯᠲᠡᠬᠢᠬᠦ ᠦᠭᠡᠢ᠃ ᠲᠥᠪᠯᠡᠷᠡᠭᠦᠯᠦᠨ ᠲᠤᠰᠠᠭᠠᠷᠯᠠᠬᠤ ᠴᠡᠭ᠎ᠲᠦ ᠪᠠᠢᠭ᠎ᠠ ᠡᠪᠡᠳᠴᠢᠳᠡᠨ 5 ᠳ᠋ᠤᠭᠠᠷ ᠡᠳᠦᠷ᠎ᠲᠦ ᠨᠢᠭᠡ ᠤᠳᠠᠭ᠎ᠠ ᠪᠥᠭᠡᠮ ᠬᠦᠴᠢᠯ᠎ᠦᠨ ᠪᠠᠢᠴᠠᠭᠠᠯᠲᠠ ᠬᠢᠨ᠎ᠡ᠃ ᠲᠥᠪᠯᠡᠷᠡᠭᠦᠯᠦᠨ ᠲᠤᠰᠠᠭᠠᠷᠯᠠᠬᠤ ᠲᠠᠯᠠᠪᠤᠷ᠎ᠤᠨ ᠠᠵᠢᠯᠲᠠᠨ᠂ ᠬᠢᠯᠢ᠎ᠪᠡᠷ ᠣᠷᠣᠵᠤ ᠢᠷᠡᠬᠦ ᠬᠥᠮᠥᠰ ᠪᠠ ᠡᠳ᠋ ᠪᠣᠳᠠᠰ ᠣᠷᠴᠢᠨ ᠲᠣᠭᠣᠷᠢᠨ ᠯᠤᠭ᠎ᠠ ᠰᠢᠭᠤᠳ ᠬᠦᠷᠦᠯᠴᠡᠬᠦ ᠬᠥᠮᠥᠰ᠂ ᠲᠣᠭᠲᠠᠭᠰᠠᠨ ᠴᠡᠭ᠎ᠤᠨ ᠡᠮᠴᠢᠯᠡᠭᠡᠨ᠎ᠦ ᠪᠠᠢᠭᠤᠯᠤᠮᠵᠢ ᠪᠠ ᠡᠩ᠎ᠦᠨ ᠡᠮᠴᠢᠯᠡᠭᠡᠨ᠎ᠦ ᠪᠠᠢᠭᠤᠯᠤᠮᠵᠢ᠎ᠶᠢᠨ ᠬᠠᠯᠠᠭᠤᠷᠠᠯ᠎ᠤᠨ ᠡᠭᠦᠳᠡᠨ ᠡᠮᠨᠡᠯᠭᠡ᠎ᠶᠢᠨ ᠠᠵᠢᠯᠲᠠᠨ᠂ ᠥᠯᠢᠭᠡᠷ ᠠᠪᠬᠤ ᠬᠥᠮᠥᠰ 24 ᠴᠠᠭ᠎ᠲᠤ ᠨᠢᠭᠡ ᠤᠳᠠᠭ᠎ᠠ ᠪᠥᠭᠡᠮ ᠬᠦᠴᠢᠯ᠎ᠦᠨ ᠪᠠᠢᠴᠠᠭᠠᠯᠳᠠ ᠬᠢᠨ᠎ᠡ᠃ ᠡᠮᠴᠢᠯᠡᠭᠡᠨ᠎ᠦ ᠪᠠᠢᠭᠤᠯᠤᠮᠵᠢ᠎ᠳᠤ ᠡᠮᠨᠡᠭᠦᠯᠬᠦ ᠬᠦᠮᠦᠰ ᠡᠷᠬᠡᠪᠰᠢ 48 ᠴᠠᠭ᠎ᠤᠨ ᠪᠦᠭᠡᠮ ᠬᠦᠴᠢᠯ᠎ᠦᠨ ᠪᠠᠢᠴᠠᠭᠠᠯᠲᠠ᠎ᠶᠢᠨ ᠪᠢᠯᠢᠭ᠌ ᠴᠢᠨᠠᠷ᠎ᠤᠨ ᠭᠡᠷᠡᠴᠢ ᠬᠠᠩᠭᠠᠬᠤ ᠬᠡᠷᠡᠭᠲᠡᠢ᠂ ᠭᠡᠪᠡᠴᠦ ᠡᠮᠴᠢᠯᠡᠭᠡᠨ᠎ᠦ ᠪᠠᠢᠭᠤᠯᠤᠮᠵᠢ ᠨᠢ ᠪᠦᠭᠡᠮ ᠬᠦᠴᠢᠯ᠎ᠦᠨ ᠪᠠᠢᠴᠠᠭᠠᠯᠲᠠ᠎ᠶᠢᠨ ᠪᠢᠯᠢᠭ᠌ ᠴᠢᠨᠠᠷ᠎ᠤᠨ ᠭᠡᠷᠡᠴᠢ ᠦᠭᠡᠢ᠎ᠪᠡᠷ ᠰᠢᠯᠲᠠᠭ ᠪᠤᠯᠭᠠᠵᠤ ᠪᠠᠴᠢᠮ ᠲᠦᠭᠰᠢᠭᠦᠷᠢᠲᠡᠢ ᠬᠦᠨᠳᠦ ᠡᠪᠡᠳᠴᠢᠲᠡᠨ᠎ᠢ ᠡᠮᠴᠢᠯᠡᠬᠦ ᠦᠭᠡᠢ ᠪᠠᠢᠵᠤ ᠪᠣᠯᠬᠤ ᠦᠭᠡᠢ ᠃
3. ᠲᠤᠰᠠᠭᠠᠷᠯᠠᠬᠤ ᠠᠷᠭ᠎ᠠ ᠮᠠᠶᠢᠭ᠋᠎ᠢ ᠰᠢᠯᠢᠳᠡᠭᠵᠢᠭᠦᠯᠦᠨ ᠲᠣᠬᠢᠷᠠᠭᠤᠯᠤᠨ᠎ᠠ᠃ ᠬᠠᠯᠳᠠᠪᠤᠷᠢᠯᠠᠭᠳᠠᠬᠰᠠᠳᠢ ᠰᠢᠨᠵᠢᠯᠡᠬᠦ ᠤᠬᠠᠭᠠᠨᠴᠢ᠎ᠪᠠᠷ ᠲᠦᠷᠦᠯ ᠬᠤᠪᠢᠶᠠᠨ ᠭᠥᠯᠢᠶᠡᠨ ᠠᠪᠴᠤ ᠡᠮᠨᠡᠨ ᠵᠠᠰᠠᠵᠤ᠂ ᠭᠡᠷ᠎ᠲᠡᠬᠡᠨ ᠲᠤᠰᠠᠭᠠᠷᠯᠠᠬᠤ ᠨᠥᠬᠥᠴᠡᠯ᠎ᠢ ᠪᠦᠷᠢᠯᠳᠦᠭᠦᠯᠦᠭᠰᠡᠨ ᠡᠪᠡᠳᠴᠢᠨ᠎ᠦ ᠢᠯᠡᠷᠡᠯ ᠦᠭᠡᠢ ᠬᠠᠯᠳᠠᠪᠤᠷᠢᠯᠠᠭᠳᠠᠬᠰᠠᠳ ᠪᠠ ᠬᠥᠩᠭᠡᠨ ᠬᠡᠯᠪᠡᠷᠢ᠎ᠶᠢᠨ ᠡᠪᠡᠳᠴᠢᠨ᠎ᠦ ᠵᠢᠱ᠌ᠢᠶ᠎ᠡ᠎ᠶᠢ ᠶᠡᠷᠦ᠎ᠳᠡᠭᠡᠨ ᠭᠡᠷ ᠳᠤᠨᠢ ᠲᠤᠰᠠᠭᠠᠷᠯᠠᠨ᠎ᠠ᠂ ᠲᠤᠰ ᠬᠥᠮᠥᠨ ᠨᠢ ᠨᠡᠢᠭᠡᠮ ᠲᠣᠭᠣᠷᠢᠭ᠋᠎ᠲᠤ ᠭᠤᠶᠤᠴᠢᠯᠠᠯ ᠭᠠᠷᠭᠠᠪᠠᠯ ᠴᠢᠨᠭᠭᠡᠯᠢᠭ ᠡᠮᠨᠡᠯᠭᠡ᠎ᠶᠢᠨ ᠬᠣᠷᠢᠶᠠᠨ᠎ᠳᠤ ᠭᠥᠯᠢᠶᠡᠨ ᠠᠪᠴᠤ ᠲᠥᠪᠯᠡᠷᠡᠭᠦᠯᠦᠨ ᠲᠤᠰᠠᠭᠠᠷᠯᠠᠵᠤ ᠪᠣᠯᠣᠨ᠎ᠠ᠃ ᠭᠡᠷ᠎ᠲᠡᠬᠡᠨ ᠲᠤᠰᠠᠭᠠᠷᠯᠠᠬᠤ ᠬᠤᠭᠤᠴᠠᠭᠠᠨ᠎ᠳᠤ ᠡᠷᠡᠭᠦᠯ ᠮᠡᠨᠳᠦ᠎ᠶᠢᠨ ᠬᠢᠨᠠᠨ ᠬᠡᠮᠵᠢᠯᠲᠡ ᠵᠢ ᠴᠢᠩᠭᠠᠳᠬᠠᠵᠤ᠂ ᠲᠤᠰᠠᠭᠠᠷᠯᠠᠭᠰᠠᠨ᠎ᠤ 6᠂ 7 ᠳ᠋ᠤᠭᠠᠷ ᠡᠳᠦᠷ᠎ᠲᠦ ᠵᠠᠯᠭᠠᠪᠡᠷ 2 ᠤᠳᠠᠭ᠎ᠠ ᠪᠥᠭᠡᠮ ᠬᠦᠴᠢᠯ᠎ᠦᠨ ᠪᠠᠢᠴᠠᠭᠠᠯᠲᠡ᠎ᠶᠢᠨ Ct ᠬᠡᠮᠵᠢᠭᠳᠡᠯ > 35 ᠪᠤᠯᠪᠠᠯ ᠲᠤᠰᠠᠭᠠᠷᠯᠠᠬᠤ᠎ᠪᠠᠨ ᠪᠣᠯᠢᠨ᠎ᠠ᠃ ᠡᠪᠡᠳᠴᠢᠨ᠎ᠦ ᠪᠠᠢᠳᠠᠯ ᠨᠢ ᠬᠦᠨᠳᠦᠷᠡᠪᠡᠯ ᠴᠠᠭ ᠲᠤᠬᠠᠢ ᠳ᠋ᠤᠨᠢ ᠲᠣᠭᠲᠠᠭᠰᠠᠨ ᠴᠡᠭ᠎ᠦᠨ ᠡᠮᠨᠡᠯᠭᠡ᠎ᠶᠢᠨ ᠬᠣᠷᠢᠶ᠎ᠠ᠎ᠳᠤ ᠰᠢᠯᠵᠢᠭᠦᠯᠦᠨ ᠡᠮᠨᠡᠭᠦᠯᠦᠨ᠎ᠡ᠃ ᠭᠡᠷ ᠲᠡᠭᠡᠨ ᠲᠤᠰᠠᠭᠠᠷᠯᠠᠬᠤ ᠨᠥᠬᠥᠴᠡᠯ ᠲᠠᠢ ᠨᠢᠭ᠍ᠲᠠ ᠣᠢᠷᠠᠲᠤᠭᠰᠠᠳ ᠲᠦ᠍ 5 ᠡᠳᠦᠷ ᠭᠡᠷ ᠲᠦ᠍ᠨᠢ ᠲᠤᠰᠠᠭᠠᠷᠯᠠᠬᠤ ᠠᠷᠭ᠎ᠠ ᠭᠡᠮᠵᠢᠶ᠎ᠠ ᠠᠪᠤᠨ᠎ᠠ᠃ ᠲᠣᠰ ᠬᠥᠮᠥᠨ ᠨᠢ ᠨᠡᠢᠭᠡᠮ ᠲᠣᠭᠣᠷᠢᠭ᠋᠎ᠲᠤ ᠭᠤᠶᠤᠴᠢᠯᠠᠯ ᠭᠠᠷᠭᠠᠪᠠᠯ ᠡᠯ᠎ᠡ ᠬᠣᠰᠢᠭᠤ ᠰᠢᠶᠠᠨ ᠲᠣᠭᠣᠷᠢᠭ᠋᠎ᠤᠨ ᠵᠢᠭᠠᠨ ᠲᠣᠭᠲᠠᠭᠠᠭᠰᠠᠨ ᠭᠠᠵᠠᠷ ᠲᠦ᠍ ᠲᠥᠪᠯᠡᠷᠡᠭᠦᠯᠦᠨ ᠲᠤᠰᠠᠭᠠᠷᠯᠠᠵᠤ ᠪᠣᠯᠣᠨ᠎ᠠ᠂ 5 ᠳ᠋ᠤᠭᠠᠷ ᠡᠳᠦᠷ᠎ᠦᠨ ᠪᠥᠭᠡᠮ ᠬᠦᠴᠢᠯ᠎ᠦᠨ ᠪᠠᠢᠴᠠᠭᠠᠯᠲᠡ ᠨᠢ ᠪᠢᠯᠢᠭ᠌ ᠴᠢᠨᠠᠷᠳᠠᠢ ᠪᠤᠯ ᠲᠤᠰᠠᠭᠠᠷᠯᠠᠬᠤ᠎ᠪᠠᠨ ᠵᠣᠭᠰᠣᠨ᠎ᠠ ᠃
4. ᠨᠠᠰᠤᠲᠠᠨ᠎ᠢ ᠠᠰᠠᠷᠠᠬᠤ ᠬᠦᠷᠢᠶᠡᠯᠡᠩ᠂ ᠠᠰᠠᠷᠠᠮᠵᠢ᠎ᠶᠢᠨ ᠬᠦᠷᠢᠶᠡᠯᠡᠩ᠂ ᠭᠢᠨᠳᠠᠨ᠎ᠳ᠋ᠤ ᠪᠢᠲᠡᠭᠦᠮᠵᠢᠯᠡᠨ ᠬᠠᠮᠢᠶᠠᠷᠬᠤ᠎ᠶᠢ ᠦᠷᠭᠦᠯᠵᠢᠯᠡᠨ ᠬᠡᠷᠡᠭᠵᠢᠭᠦᠯᠦᠨ᠎ᠡ᠃
5. ᠥᠨᠳᠥᠷ ᠳᠤᠮᠳᠠᠳᠤ᠎ᠶᠢᠨ ᠭᠤᠷᠪᠠᠳᠤᠭᠠᠷ ᠣᠨ᠂ ᠠᠩᠬ᠎ᠠ ᠳᠤᠮᠳᠠᠳᠤ᠎ᠶᠢᠨ ᠭᠤᠷᠪᠠᠳᠤᠭᠠᠷ ᠣᠨ᠎ᠤ ᠰᠦᠯᠵᠢᠶᠡᠨᠭᠠᠳᠠᠨᠠᠬᠢ ᠵᠢᠭᠠᠨ ᠰᠤᠷᠭᠠᠯᠲᠠ᠎ᠶᠢ ᠡᠮᠬᠢ ᠵᠢᠷᠤᠮ᠎ᠲᠠᠢ ᠰᠡᠷᠭᠦᠭᠡᠵᠦ᠂ ᠰᠡᠷᠭᠡᠢᠯᠡᠨ ᠡᠵᠡᠮᠳᠡᠬᠦ ᠠᠷᠭ᠎ᠠ ᠬᠡᠮᠵᠢᠶ᠎ᠡ᠎ᠶᠢ ᠬᠠᠮᠢᠶ᠎ᠠ ᠪᠦᠬᠦᠢ ᠲᠥᠷᠥ᠍᠎ᠶᠢᠨ ᠪᠣᠳᠣᠯᠭᠠᠶᠣᠰᠣᠭᠠᠷ ᠬᠡᠷᠡᠭᠵᠢᠭᠦᠯᠦᠨ᠎ᠠ᠃ ᠰᠤᠷᠭᠠᠭᠤᠯᠢ᠎ᠶᠢᠨ ᠭᠠᠳᠠᠨᠠᠬᠢ ᠬᠠᠮᠢᠶ᠎ᠠ ᠦᠭᠡᠢ ᠬᠥᠮᠥᠰ ᠰᠤᠷᠭᠠᠭᠤᠯᠢ ᠵᠢᠨ ᠬᠦᠷᠢᠶᠡᠨ ᠳ᠋ᠤ ᠤᠷᠤᠵᠤ ᠪᠣᠯᠬᠤ ᠦᠭᠡᠢ᠃ ᠳᠤᠮᠳᠠᠳᠤ ᠰᠤᠷᠭᠠᠭᠤᠯᠢ᠎ᠶᠢᠨ ᠪᠤᠰᠤᠳ ᠣᠨ᠂ ᠪᠠᠭ᠎ᠠ ᠰᠤᠷᠭᠠᠭᠤᠯᠢ᠎ᠳᠤ ᠰᠦᠯᠵᠢᠶᠡᠨ᠎ᠤ ᠵᠢᠭᠠᠨ ᠰᠤᠷᠭᠠᠯᠲᠠ᠎ᠶᠢ ᠦᠷᠭᠦᠯᠵᠢᠯᠡᠨ ᠥᠷᠨᠢᠭᠦᠯᠵᠦ᠂ ᠬᠡᠦᠬᠡᠳ᠎ᠦᠨ ᠴᠡᠴᠡᠷᠯᠢᠭ᠎ᠤᠨ ᠬᠢᠴᠢᠶᠡᠯ ᠡᠬᠢᠯᠡᠬᠦ᠎ᠶᠢ ᠲᠦᠷ ᠬᠣᠢᠰᠢᠯᠠᠭᠤᠯᠤᠨᠠ ᠃
6. ᠪᠤᠰᠤᠳ ᠣᠯᠠᠨ ᠨᠡᠶ᠋ᠢᠲᠡ᠎ᠶᠢᠨ ᠲᠠᠯᠠᠪᠤᠷ᠎ᠲᠤ ᠣᠷᠣᠬᠤ᠎ᠳᠤ ᠬᠥᠬᠡᠬᠣᠲᠠ ᠵᠢᠨ ᠺᠣᠳ᠋ ᠪᠠ ᠪᠥᠭᠡᠮ ᠬᠦᠴᠢᠯ᠎ᠦᠨ ᠪᠠᠢᠴᠠᠭᠠᠯᠲᠠ᠎ᠶᠢᠨ ᠪᠢᠯᠢᠭ᠌ ᠴᠢᠨᠠᠷ᠎ᠤᠨ ᠭᠡᠷᠡᠴᠢ᠎ᠶᠢ ᠳᠠᠭᠢᠵᠤ ᠪᠠᠢᠴᠠᠭᠠᠨ ᠰᠢᠯᠭᠠᠬᠤ ᠦᠭᠡᠢ᠂ ᠭᠡᠪᠡᠴᠦ ᠬᠤᠪᠢ ᠬᠥᠮᠥᠨ᠎ᠦ ᠬᠠᠮᠠᠭᠠᠯᠠᠯᠲᠠ᠎ᠪᠡᠨ ᠰᠠᠢᠲᠤᠷ ᠬᠢᠵᠦ᠂ ᠬᠦᠮᠦᠨ ᠬᠠᠷ᠎ᠠ ᠤᠯᠠᠨ ᠴᠤᠭᠯᠠᠷᠠᠬᠤ ᠠ᠋ᠴᠠ ᠵᠠᠢᠯᠠᠰᠬᠢᠬᠦ ᠬᠡᠷᠡᠭᠲᠡᠢ᠃ ᠬᠤᠳᠠᠯᠳᠤᠭᠠᠨ᠎ᠤ ᠲᠠᠯᠠᠪᠤᠷ ᠬᠡᠲᠦ ᠳᠡᠯᠭᠡᠭᠦᠷ᠂ ᠲᠦᠷᠭᠡᠨ ᠬᠦᠷᠭᠡᠯᠲᠡ᠂ ᠵᠠᠬᠢᠶᠠᠯᠠᠭ᠎ᠠ ᠵᠢᠨ ᠬᠣᠭᠣᠯᠠ ᠵᠡᠷᠭᠡ ᠬᠥᠮᠥᠨ ᠣᠯᠠᠨᠳᠠᠢ ᠤᠷᠴᠢᠨ᠎ᠳᠦ ᠪᠠᠢᠭ᠎ᠠ ᠪᠦᠬᠡᠳ ᠤᠷᠤᠨ ᠵᠠᠢ ᠤᠯᠠᠨᠳᠠ ᠰᠢᠯᠵᠢᠳᠡᠭ ᠦᠨᠳᠦᠷ ᠲᠦᠭᠰᠢᠭᠦᠷᠢᠲᠡᠢ ᠠᠵᠢᠯ᠎ᠤᠨ ᠪᠠᠢᠷᠢ᠎ᠳᠤ ᠠᠵᠢᠯᠯᠠᠳᠠᠭ ᠬᠥᠮᠥᠰ᠎ᠦᠨ ᠰᠡᠷᠭᠡᠢᠯᠡᠨ ᠡᠵᠡᠮᠳᠡᠬᠦ ᠠᠷᠭ᠎ᠠ ᠬᠡᠮᠵᠢᠶ᠎ᠡ᠎ᠶᠢ ᠬᠠᠮᠢᠶ᠎ᠠ ᠪᠦᠬᠦᠢ ᠲᠥᠷᠥ᠍᠎ᠶᠢᠨ ᠪᠣᠳᠣᠯᠭ᠎ᠠ᠎ᠶᠢᠨ ᠶᠣᠰᠣᠭᠠᠷ ᠬᠡᠷᠡᠭᠵᠢᠭᠦᠯᠦᠨ᠎ᠡ ᠃
7. ᠴᠢᠬᠤᠯᠠ ᠪᠠᠢᠭᠤᠯᠭ᠎ᠠ᠂ ᠲᠣᠮᠣ᠌ ᠬᠡᠯᠪᠡᠷᠢ᠎ᠶᠢᠨ ᠠᠵᠤ ᠠᠬᠤᠢᠯᠠᠯ ᠵᠢᠴᠢ ᠣᠨᠴᠠ ᠲᠣᠭᠲᠠᠭᠠᠭᠰᠠᠨ ᠲᠠᠯᠠᠪᠤᠷ ᠭᠠᠵᠠᠷ ᠲᠦ᠍ ᠬᠠᠷᠢᠶ᠎ᠠ ᠭᠠᠵᠠᠷ ᠪᠠ ᠠᠵᠤ ᠠᠬᠤᠢᠯᠠᠯ ᠠ᠋ᠴᠠ ᠥᠪᠡᠰᠦᠪᠡᠨ ᠰᠡᠷᠭᠡᠢᠯᠡᠨ ᠡᠵᠡᠮᠳᠡᠬᠦ ᠠᠷᠭ᠎ᠠ ᠬᠡᠮᠵᠢᠶ᠎ᠡ᠎ᠪᠡᠨ ᠲᠣᠭᠲᠠᠭᠠᠨ᠎ᠠ᠃
8. ᠭᠠᠵᠠᠷ ᠣᠷᠣᠨ ᠠᠯᠤᠰᠯᠠᠨ ᠶᠠᠪᠤᠵᠤ ᠰᠠᠭᠤᠬᠤ ᠬᠥᠮᠥᠰ᠎ᠤᠨ ᠬᠥᠬᠡᠬᠣᠲᠠ ᠵᠢᠨ ᠺᠣᠳ᠋ ᠪᠠ ᠪᠥᠭᠡᠮ ᠬᠦᠴᠢᠯ᠎ᠦᠨ ᠪᠠᠢᠴᠠᠭᠠᠯᠲᠡ᠎ᠶᠢᠨ ᠪᠢᠯᠢᠭ᠌ ᠴᠢᠨᠠᠷ᠎ᠤᠨ ᠭᠡᠷᠡᠴᠢ᠎ᠶᠢ ᠳᠠᠭᠢᠵᠤ ᠪᠠᠢᠴᠠᠭᠠᠨ ᠰᠢᠯᠭᠠᠬᠤ ᠦᠭᠡᠢ᠂ ᠬᠦᠷᠦᠭᠰᠡᠨ ᠭᠠᠵᠠᠷ ᠲᠦ᠍ ᠨᠢ ᠪᠦᠭᠡᠮ ᠬᠦᠴᠢᠯ᠎ᠤᠨ ᠪᠠᠢᠴᠠᠭᠠᠯᠲᠠ ᠳᠠᠭᠢᠵᠤ ᠬᠢᠬᠦ ᠦᠭᠡᠢ ᠃
9. ᠣᠯᠠᠨ ᠲᠦᠮᠡᠨ᠎ᠦ ᠡᠮ ᠬᠤᠳᠠᠯᠳᠤᠨ ᠠᠪᠬᠤ ᠦᠨᠳᠦᠰᠦᠨ ᠬᠡᠷᠡᠭᠴᠡᠭᠡ ᠱᠠᠭᠠᠷᠳᠠᠯᠭ᠎ᠠ᠎ᠶᠢ ᠪᠠᠲᠤᠯᠠᠨ᠎ᠠ᠃ ᠡᠯ᠎ᠡ ᠭᠠᠵᠠᠷ ᠣᠷᠣᠨ ᠡᠮ᠎ᠦᠨ ᠵᠦᠢᠯᠡᠰ᠎ᠦᠨ ᠬᠠᠩᠭᠠᠯᠭᠠᠨᠥᠭᠡᠴᠡᠯᠡᠯᠲᠡᠶᠢ ᠰᠠᠢᠲᠤᠷ ᠬᠢᠵᠦ᠂ ᠡᠮ᠎ᠦᠨ ᠳᠡᠯᠭᠡᠭᠦᠷ᠎ᠦᠨ ᠬᠡᠪ᠎ᠦᠨ ᠡᠵᠡᠩᠨᠡᠯᠲᠡ᠎ᠶᠢ ᠪᠠᠲᠤᠯᠠᠬᠤ ᠬᠡᠷᠡᠭᠲᠡᠢ᠂ ᠡᠮ᠎ᠦᠨ ᠳᠡᠯᠭᠡᠭᠦᠷ᠎ᠢ ᠳᠤᠷ᠎ᠠ ᠪᠠᠷ᠎ᠢᠶᠠᠨ ᠬᠠᠭᠠᠵᠤ ᠵᠣᠭᠰᠣᠭᠠᠵᠤ ᠪᠣᠯᠬᠤ ᠦᠭᠡᠢ᠃ ᠰᠠᠭᠤᠭᠠᠯᠢ ᠠᠷᠠᠳ ᠰᠦᠯᠵᠢᠶᠡᠨ᠎ᠦ ᠲᠠᠪᠴᠠᠩ ᠪᠤᠶᠤ ᠡᠮ᠎ᠦᠨ ᠳᠡᠯᠭᠡᠭᠦᠷ᠎ᠡᠴᠡ ᠬᠠᠯᠠᠭᠤᠨ᠎ᠢ ᠪᠠᠭᠤᠷᠠᠭᠤᠯᠬᠤ ᠂ ᠬᠠᠨᠢᠶᠠᠳᠤ᠎ᠶᠢ ᠵᠣᠭᠰᠤᠭᠠᠬᠤ᠂ ᠬᠠᠯᠳᠠᠪᠤᠷᠢᠯᠠᠯ᠎ᠢ ᠡᠰᠡᠷᠭᠦᠴᠡᠬᠦ ᠂ ᠬᠢᠮᠤᠷᠠᠭ᠎ᠠ᠎ᠶᠢ ᠵᠠᠰᠠᠬᠤ ᠵᠡᠷᠭᠡ ᠵᠣᠷ᠎ᠤᠨ ᠪᠤᠰᠤ ᠡᠮ ᠬᠤᠳᠠᠯᠳᠤᠨ ᠠᠪᠬᠤ ᠳ᠋ᠤ ᠬᠥᠬᠡᠬᠣᠲᠠ ᠵᠢᠨ ᠺᠣᠳ᠋ ᠪᠠ ᠪᠥᠭᠡᠮ ᠬᠦᠴᠢᠯ᠎ᠦᠨ ᠪᠠᠢᠴᠠᠭᠠᠯᠲᠡ᠎ᠶᠢᠨ ᠪᠢᠯᠢᠭ᠌ ᠴᠢᠨᠠᠷ᠎ᠤᠨ ᠭᠡᠷᠡᠴᠢ᠎ᠶᠢ ᠳᠠᠭᠢᠵᠤ ᠪᠠᠢᠴᠠᠭᠠᠨ ᠰᠢᠯᠭᠠᠬᠤ ᠦᠭᠡᠢ᠂ ᠦᠨᠡᠨ ᠨᠡᠷ᠎ᠡ᠎ᠪᠡᠷ ᠳᠠᠩᠰᠠᠯᠠᠭᠤᠯᠬᠤ ᠴᠢᠬᠤᠯᠠ ᠦᠭᠡᠢ᠃
10. ᠨᠠᠰᠤᠲᠠᠢᠴᠤᠳ᠎ᠤᠨ ᠰᠢᠨ᠎ᠡ ᠲᠢᠲᠢᠮᠯᠢᠭ ᠸᠢᠷᠦ᠋ᠰ᠎ᠦᠨ ᠸᠠᠺᠼᠢᠨ᠎ᠤ ᠲᠠᠷᠢᠯᠭ᠎ᠠ᠎ᠶᠢ ᠲᠦᠷᠭᠡᠳᠬᠡᠨ ᠠᠬᠢᠭᠤᠯᠤᠨ᠎ᠠ᠃ ᠭᠥᠯᠢᠶᠡᠨ ᠠᠪᠬᠤ ᠶᠣᠰᠣᠲᠠᠢ᠎ᠶᠢ ᠨᠢ ᠴᠥᠮ ᠭᠥᠯᠢᠶᠡᠨ ᠠᠪᠬᠤ ᠵᠠᠷᠴᠢᠮ᠎ᠢ ᠪᠠᠷᠢᠮᠲᠠᠯᠠᠵᠤ᠂ 60 ᠨᠠᠰᠤᠨ᠎ᠠᠴᠠ ᠳᠡᠭᠡᠭᠰᠢᠬᠢ ᠨᠠᠰᠤᠲᠠᠢᠴᠤᠳ᠎ᠤᠨ ᠸᠠᠺᠼᠢᠨ᠎ᠤ ᠲᠠᠷᠢᠯᠭ᠎ᠠ ᠬᠢᠬᠦ ᠠᠵᠢᠯ᠎ᠢ ᠰᠠᠢᠲᠤᠷ ᠬᠢᠵᠦ᠂ 60 - 79 ᠨᠠᠰᠤᠨ᠎ᠤ ᠬᠥᠮᠥᠰ᠎ᠦᠨ ᠲᠠᠷᠢᠯᠭ᠎ᠠ ᠬᠢᠬᠦ ᠨᠤᠷᠮ᠎ᠠ᠎ᠶᠢ ᠳᠡᠭᠡᠭᠰᠢᠯᠡᠭᠦᠯᠵᠦ᠂ 80 ᠨᠠᠰᠤ ᠵᠢᠴᠢ 80 ᠨᠠᠰᠤᠨ᠎ᠠᠴᠠ ᠳᠡᠭᠡᠭᠰᠢᠬᠢ ᠬᠥᠮᠥᠰ᠎ᠦᠨ ᠲᠠᠷᠢᠯᠭ᠎ᠠ ᠬᠢᠬᠦ ᠨᠤᠷᠮ᠎ᠠ᠎ᠶᠢ ᠲᠦᠷᠭᠡᠪᠴᠢᠯᠡᠨ ᠳᠡᠭᠡᠭᠰᠢᠯᠡᠭᠦᠯᠦᠨ᠎ᠡ᠃ ᠨᠠᠰᠤᠲᠠᠢᠴᠤᠳ᠎ᠤᠨ ᠰᠠᠭᠠᠳ ᠦᠭᠡᠢ ᠨᠡᠪᠲᠡᠷᠡᠬᠦ ᠵᠠᠮ᠂ ᠲᠦᠷ ᠴᠠᠭ᠎ᠤᠨ ᠲᠠᠷᠢᠯᠭ᠎ᠠ᠎ᠶᠢᠨ ᠴᠡᠭ᠂ ᠨᠡᠭᠦᠳᠡᠯ ᠲᠠᠷᠢᠯᠭ᠎ᠠ᠎ᠶᠢᠨ ᠲᠡᠷᠭᠡ᠂ ᠭᠡᠷ ᠲᠦ᠍ᠨᠢ ᠬᠦᠷᠴᠦ ᠲᠠᠷᠢᠯᠭ᠎ᠠ ᠬᠢᠬᠦ ᠵᠡᠷᠭᠡ ᠠᠷᠭ᠎ᠠ ᠬᠡᠮᠵᠢᠶ᠎ᠡ᠎ᠪᠠᠷ ᠳᠠᠮᠵᠢᠭᠤᠯᠤᠨ ᠲᠠᠷᠢᠯᠭ᠎ᠠ᠎ᠶᠢᠨ ᠦᠢᠯᠡᠴᠢᠯᠡᠭᠡ᠎ᠶᠢ ᠰᠢᠯᠢᠳᠡᠭᠵᠢᠭᠦᠯᠵᠦ᠂ ᠤᠬᠠᠭᠤᠯᠤᠨ ᠯᠠᠪᠯᠠᠬᠤᠠᠵᠢᠯᠢ ᠰᠠᠢᠲᠤᠷ ᠬᠢᠵᠦ ᠂ ᠨᠠᠰᠤᠲᠠᠢᠴᠤᠳ᠎ᠤᠨ ᠸᠠᠺᠼᠢᠨ᠎ᠤ ᠲᠠᠷᠢᠯᠭ᠎ᠠ ᠵᠢᠨ ᠢᠳᠡᠪᠬᠢᠵᠢᠯ᠎ᠢ ᠳᠠᠢᠴᠢᠯᠠᠨ᠎ᠠ ᠃
11. ᠭᠣᠣᠯᠳᠠᠯᠭ᠎ᠠ᠎ᠲᠠᠢ ᠬᠥᠮᠥᠰ᠎ᠦᠨ ᠡᠷᠡᠭᠦᠯ ᠮᠡᠨᠳᠦ᠎ᠶᠢᠨ ᠪᠠᠢᠳᠠᠯ᠎ᠢ ᠣᠢᠯᠠᠭᠠᠬᠤ ᠵᠢᠴᠢ ᠲᠥᠷᠥᠯ ᠬᠤᠪᠢᠶᠠᠨ ᠬᠠᠮᠢᠶᠠᠷᠬᠤ᠎ᠶᠢ ᠴᠢᠩᠭᠠᠳᠬᠠᠨ᠎ᠠ᠃ ᠨᠡᠢᠭᠡᠮ ᠲᠣᠭᠣᠷᠢᠭ᠋ ᠪᠣᠯᠣᠨ ᠦᠨᠳᠦᠰᠦᠨ ᠱᠠᠲᠤᠨ᠎ᠤ ᠡᠷᠡᠭᠦᠯ ᠬᠠᠮᠠᠭᠠᠯᠠᠯ᠎ᠤᠨ ᠦᠢᠯᠡᠴᠢᠯᠡᠭᠡᠨ᠎ᠦ ᠪᠠᠢᠭᠤᠯᠤᠮᠵᠢ᠎ᠶᠢᠨ ᠦᠢᠯᠡᠳᠦᠯ᠎ᠢ ᠦᠨᠡᠨ ᠬᠦ ᠪᠠᠳᠠᠷᠠᠭᠤᠯᠵᠤ᠂ ᠬᠠᠷᠢᠶ᠎ᠠ ᠣᠷᠣᠨ᠎ᠤ ᠵᠢᠷᠮᠦᠰᠦᠨ ᠪᠦᠰᠡᠭᠦᠢ᠂ ᠬᠠᠪᠤᠳᠠᠷ᠎ᠤᠨ ᠡᠪᠡᠳᠴᠢᠨ᠂ ᠵᠢᠷᠦᠬᠡ ᠲᠠᠷᠢᠬᠢ ᠴᠢᠰᠤᠨ ᠰᠤᠳᠠᠯ᠎ᠤᠨ ᠡᠪᠡᠳᠴᠢᠨ᠂ ᠤᠳᠠᠭᠠᠨ ᠴᠢᠨᠠᠷᠳᠠᠢ ᠠᠭᠤᠰᠬᠢᠨ ᠡᠪᠡᠳᠴᠢᠨ᠂ ᠰᠢᠬᠢᠷ ᠰᠢᠵᠢᠩ ᠡᠪᠡᠳᠴᠢᠨ᠂ ᠤᠳᠠᠭᠠᠨ ᠴᠢᠨᠠᠷᠲᠠᠢ ᠪᠥᠭᠡᠷᠡᠨ ᠡᠪᠡᠳᠴᠢᠨ ᠳᠠᠢ ᠬᠦᠮᠦᠰ᠂ ᠡᠭᠡᠯᠢᠯᠡᠭᠡ᠎ᠶᠢᠨ ᠴᠢᠳᠠᠮᠵᠢ ᠳᠤᠲᠠᠮᠠᠭ ᠵᠡᠷᠭᠡ ᠡᠪᠡᠳᠴᠢᠨ᠎ᠲᠠᠢ ᠨᠠᠰᠤᠲᠠᠢᠴᠤᠳ ᠵᠢᠴᠢ ᠣᠷᠳᠣ᠌ ᠬᠤᠭᠤᠴᠠᠭ᠎ᠠ᠎ᠪᠠᠷ ᠬᠡᠪᠳᠡᠷᠢ ᠳ᠋ᠤ ᠤᠷᠤᠵᠤ ᠤᠬᠠᠭᠠᠨ ᠴᠢᠳᠠᠪᠤᠷᠢ ᠪᠡᠨ ᠠᠯᠳᠠᠭᠰᠠᠨ ᠬᠥᠮᠥᠰ᠎ᠦᠨ ᠰᠠᠭᠤᠷᠢ ᠲᠣᠭ᠎ᠠ ᠵᠢᠴᠢ ᠰᠢᠨ᠎ᠡ ᠲᠢᠲᠢᠮᠯᠢᠭᠸᠢᠷᠦ᠋ᠰᠦᠨ ᠸᠠᠺᠼᠢᠨ᠎ᠤ ᠲᠠᠷᠢᠯᠭ᠎ᠠ᠎ᠶᠢᠨ ᠪᠠᠢᠳᠠᠯ᠎ᠢ ᠲᠣᠳᠣᠷᠬᠠᠢ ᠣᠢᠯᠠᠭᠠᠵᠤ᠂ ᠭᠣᠣᠯᠳᠠᠯᠭ᠎ᠠ ᠲᠠᠢ ᠬᠥᠮᠥᠰ᠎ᠦᠨ ᠡᠬᠡ ᠲᠠᠩᠰᠠ᠎ᠶᠢ ᠪᠠᠢᠭᠤᠯᠤᠨ ᠲᠡᠭᠦᠯᠳᠡᠷᠵᠢᠭᠦᠯᠵᠦ ᠂ ᠠᠮᠢᠳᠤᠷᠠᠯ᠎ᠤᠨ ᠦᠢᠯᠡᠴᠢᠯᠡᠭᠡᠨ᠎ᠦ ᠪᠠᠲᠤᠯᠠᠭ᠎ᠠ᠂ ᠡᠷᠡᠭᠦᠯ ᠮᠡᠨᠳᠦ᠎ᠶᠢᠨ ᠡᠮ ᠬᠡᠷᠡᠭᠯᠡᠬᠦ ᠵᠢᠯᠣᠭᠣᠳᠤᠯᠭ᠎ᠠ ᠵᠢ ᠴᠢᠩᠭᠠᠳᠬᠠᠨ᠂ ᠲᠠᠰ ᠲᠥᠷᠥᠯ ᠬᠤᠪᠢᠶᠠᠨ ᠦᠢᠯᠡᠴᠢᠯᠡᠭᠡ ᠬᠠᠩᠭᠠᠨ᠎ᠠ ᠃
12. ᠣᠯᠠᠨ ᠲᠦᠮᠡᠨ᠎ᠦ ᠡᠪᠡᠳᠴᠢᠨ ᠦᠵᠡᠭᠦᠯᠵᠦ ᠡᠮᠨᠡᠭᠦᠯᠬᠦ ᠂ ᠠᠶᠤᠯ ᠠ᠋ᠴᠠ ᠪᠠᠴᠢᠮ ᠵᠠᠢᠯᠠᠬᠤ ᠵᠡᠷᠭᠡ ᠭᠠᠳᠠᠭ᠍ᠰᠢ ᠭᠠᠷᠬᠤ ᠵᠠᠮ ᠮᠥᠷ᠎ᠦᠨ ᠰᠠᠭᠠᠳ ᠦᠭᠡᠢ ᠨᠡᠪᠲᠡᠷᠡᠬᠦ᠎ᠶᠢ ᠦᠨᠡᠨ ᠬᠦ ᠪᠠᠲᠤᠯᠠᠬᠤ ᠬᠡᠷᠡᠭᠲᠡᠢ᠃ ᠨᠡᠢᠭᠡᠮ ᠲᠣᠭᠣᠷᠢᠭ᠋ ᠬᠢᠭᠡᠳ ᠲᠤᠰᠬᠠᠢ ᠡᠮᠴᠢᠯᠡᠭᠡᠨ᠎ᠦ ᠪᠠᠢᠭᠤᠯᠤᠮᠵᠢ᠎ᠶᠢ ᠵᠣᠯᠭᠠᠭᠤᠯᠬᠤ ᠲᠣᠭᠲᠠᠴᠠ᠎ᠶᠢ ᠠᠬᠢᠭᠤᠯᠵᠤ᠂ ᠭᠠᠭᠴᠠᠭᠠᠷ ᠰᠠᠭᠤᠭ᠎ᠠ ᠨᠠᠰᠤᠲᠠᠨ᠂ ᠨᠠᠰᠤᠨ᠎ᠳᠤ ᠥᠯᠥ᠍ ᠭᠦᠷᠦᠭᠰᠡᠳ᠂ ᠵᠢᠷᠮᠦᠰᠦᠨ ᠪᠠ ᠬᠥᠩᠭᠡᠵᠢᠭᠰᠡᠨ ᠪᠦᠰᠡᠬᠦᠢ᠂ ᠵᠡᠮᠳᠡᠭᠴᠦᠳ᠂ ᠤᠳᠠᠭᠠᠨ ᠴᠢᠨᠠᠷᠲᠠᠢ ᠡᠪᠡᠳᠴᠢᠲᠡᠨ ᠵᠡᠷᠭᠡᠬᠦᠮᠦᠰᠤᠨ ᠡᠪᠡᠳᠴᠢᠨ ᠦᠵᠡᠭᠦᠯᠬᠦ᠎ᠳᠦ ᠲᠥᠬᠥᠮ ᠦᠵᠡᠭᠦᠯᠦᠨ᠎ᠡ᠃ ᠪᠢᠲᠡᠭᠦᠮᠵᠢᠯᠡᠨ ᠡᠵᠡᠮᠳᠡᠬᠦ ᠬᠥᠮᠥᠰ᠂ ᠡᠪᠡᠳᠴᠢᠲᠡᠨ ᠪᠠ ᠡᠮᠦᠨ᠎ᠡ ᠹᠷᠣᠨᠲ᠎ᠤᠨ ᠠᠵᠢᠯᠲᠠᠨ ᠵᠡᠷᠭᠡ᠎ᠶᠢ ᠬᠠᠯᠠᠮᠵᠢᠯᠠᠨ ᠬᠠᠢᠷᠠᠯᠠᠬᠤ ᠪᠠ ᠰᠡᠳᠬᠢᠴᠡ᠎ᠶᠢᠨ ᠲᠠᠯ᠎ᠠ᠎ᠪᠠᠷ ᠵᠢᠭᠠᠨ ᠵᠢᠯᠤᠭᠣᠳᠬᠤ᠎ᠶᠢ ᠴᠢᠩᠭᠠᠳᠬᠠᠨ᠎ᠠ᠃
13. ᠡᠮᠴᠢᠯᠡᠭᠡᠨ᠎ᠦ ᠡᠬᠢ ᠪᠠᠶᠠᠯᠢᠭ᠋᠎ᠢ ᠨᠥᠭᠡᠴᠡᠯᠡᠬᠦ ᠠᠵᠢᠯ᠎ᠢ ᠰᠠᠢᠲᠤᠷ ᠬᠢᠨ᠎ᠡ᠃ ᠡᠮᠴᠢᠯᠡᠭᠡᠨ᠎ᠦ ᠦᠢᠯᠡᠴᠢᠯᠡᠭᠡᠨ᠎ᠦ ᠰᠢᠰᠲᠧᠮᠵᠢ᠎ᠶᠢ ᠤᠯᠠᠮ ᠨᠢᠭᠡ ᠠᠯᠬᠤᠮ ᠪᠦᠷᠢᠨᠰᠢᠭᠦᠯᠵᠦ᠂ ᠬᠢᠵᠢᠭ᠌᠎ᠦᠨ ᠪᠠᠢᠳᠠᠯ᠎ᠢ ᠰᠡᠷᠭᠡᠢᠯᠡᠨ ᠡᠵᠡᠮᠳᠡᠬᠦ ᠪᠠᠴᠢᠮ ᠪᠠᠢᠳᠠᠯ᠎ᠢ ᠠᠷᠭᠠᠴᠠᠭᠠᠬᠤ᠂ ᠬᠠᠯᠳᠠᠪᠤᠷᠢᠯᠠᠭᠰᠠᠳ᠎ᠢ ᠠᠪᠤᠷᠠᠨ ᠵᠠᠰᠠᠬᠤ᠂ ᠡᠩ᠎ᠦᠨ ᠡᠮᠴᠢᠯᠡᠭᠡᠨ᠎ᠦ ᠦᠢᠯᠡᠴᠢᠯᠡᠭᠡ ᠵᠡᠷᠭᠡ ᠠᠵᠢᠯ᠎ᠢ ᠨᠢᠭᠡᠳᠦᠯᠲᠡᠢ ᠲᠥᠯᠥᠪᠯᠡᠨ ᠰᠠᠢᠲᠤᠷ ᠬᠢᠵᠦ᠂ ᠡᠮᠴᠢᠯᠡᠭᠡᠨ᠎ᠦ ᠠᠪᠤᠷᠠᠨ ᠵᠠᠰᠠᠬᠤ ᠴᠢᠳᠠᠪᠤᠷᠢ᠎ᠶᠢ ᠦᠷᠭᠦᠯᠵᠢᠯᠡᠨ ᠳᠡᠭᠡᠭᠰᠢᠯᠡᠭᠦᠯᠦᠨ᠎ᠡ᠃
14. ᠨᠡᠢᠭᠡᠮ᠎ᠦᠨ ᠬᠡᠪ᠎ᠦᠨ ᠠᠵᠢᠯᠯᠠᠭ᠎ᠠ᠎ᠢ ᠪᠠᠲᠤᠯᠠᠨ᠎ᠠ᠃ ᠦᠨᠳᠦᠷ ᠲᠦᠭᠰᠢᠭᠦᠷᠢᠲᠡᠢ ᠤᠷᠤᠨ ᠪᠦᠰᠡ ᠡᠴᠡ ᠭᠠᠳᠠᠨ᠎ᠠ ᠬᠥᠮᠥᠰ᠎ᠦᠨ ᠶᠠᠪᠤᠵᠤ ᠰᠠᠭᠤᠬᠤ᠎ᠶᠢ ᠬᠢᠵᠠᠭᠠᠷᠯᠠᠵᠤ ᠪᠣᠯᠬᠤ ᠦᠭᠡᠢ᠂ ᠠᠵᠢᠯ᠎ᠢ ᠵᠣᠭᠰᠣᠭᠠᠵᠤ᠂ ᠦᠢᠯᠡᠳᠪᠦᠷᠢᠯᠡᠯ᠎ᠢ ᠵᠣᠭᠰᠣᠭᠠᠵᠤ᠂ ᠡᠵᠨᠭᠨᠡᠯᠳᠡ ᠵᠢ ᠵᠣᠭᠰᠣᠭᠠᠵᠤ ᠪᠣᠯᠬᠤ ᠦᠭᠡᠢ᠂ ᠬᠡᠪ᠎ᠦᠨ ᠦᠢᠯᠡᠳᠪᠦᠷᠢᠯᠡᠯ ᠠᠮᠢᠳᠤᠷᠠᠯ᠎ᠤᠨ ᠠᠵᠢᠯ᠎ᠤᠨ ᠡᠮᠬᠢ ᠳᠢᠭ᠌ᠯᠢᠮ᠎ᠢ ᠴᠢᠳᠠᠬᠤ᠎ᠶᠢᠨ ᠬᠢᠷᠢ᠎ᠪᠡᠷ ᠬᠠᠮᠠᠭᠠᠯᠠᠵᠦ᠂ ᠣᠯᠠᠨ ᠲᠦᠮᠡᠨ᠎ᠦ ᠳᠤᠷᠠᠳᠤᠭᠰᠠᠨ ᠪᠠᠴᠢᠮᠳᠠᠵᠤ ᠲᠦᠪᠡᠭᠳᠡᠵᠦ ᠵᠣᠪᠠᠨᠢᠵᠤ ᠪᠠᠢᠭ᠎ᠠ ᠠᠰᠠᠭᠤᠳᠠᠯ᠎ᠢ ᠴᠠᠭ ᠲᠤᠬᠠᠢ ᠳ᠋ᠤᠨᠢ ᠰᠢᠢᠳᠪᠦᠷᠢᠯᠡᠵᠦ ᠂ ᠬᠢᠵᠢᠭ᠌᠎ᠦᠨ ᠪᠠᠢᠳᠠᠯ᠎ᠢ ᠰᠢᠢᠳᠪᠦᠷᠢᠯᠡᠬᠦ ᠬᠤᠭᠤᠴᠠᠭᠠᠨ᠎ᠳᠠᠬᠢ ᠣᠯᠠᠨ ᠲᠦᠮᠡᠨ᠎ᠦ ᠦᠨᠳᠦᠰᠦᠨ ᠠᠮᠢᠳᠤᠷᠠᠯ᠎ᠤᠨ ᠬᠡᠷᠡᠭᠴᠡᠭᠡ ᠱᠠᠭᠠᠷᠳᠠᠯᠭ᠎ᠠ᠎ᠶᠢ ᠦᠨᠡᠨᠬᠦ ᠬᠠᠩᠭᠠᠬᠤ ᠬᠡᠷᠡᠭᠲᠡᠢ᠃
ᠬᠥᠬᠡᠬᠣᠲᠠ᠎ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠦᠨ ᠬᠢᠵᠢᠭ᠌᠎ᠦᠨ
ᠪᠠᠢᠳᠠᠯ ᠢ ᠰᠡᠷᠭᠡᠢᠯᠡᠨ ᠡᠵᠡᠮᠳᠡᠬᠦ ᠠᠵᠢᠯ ᠤᠨ ᠵᠢᠯᠤᠭᠣᠳᠬᠤ ᠭᠠᠵᠠᠷ
2022 ᠣᠨ᠎ᠤ 12 ᠰᠠᠷ᠎ᠠ᠎ᠶᠢᠨ 9᠎ᠤ ᠡᠳᠦᠷ
ᠢᠷᠡᠯᠳᠡ᠄ ᠬᠥᠬᠡᠬᠣᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ
ᠬᠢᠵᠢᠭ᠌᠎ᠦᠨ ᠪᠠᠢᠳᠠᠯ᠎ᠢ ᠰᠡᠷᠭᠡᠢᠯᠡᠨ ᠡᠵᠡᠮᠳᠡᠬᠦ ᠠᠵᠢᠯ᠎ᠤᠨ ᠵᠢᠯᠤᠭᠣᠳᠬᠤ ᠭᠠᠵᠠᠷ
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠴᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃