2022-12-14 10:54:14
ᠲᠦᠷᠦᠭᠦᠬᠡᠨ ᠂ ᠲᠥᠷᠥ ᠵᠢᠨ ᠶᠠᠪᠤᠳᠠᠯ ᠤ᠋ᠨ ᠬᠣᠷᠢᠶᠠᠨ ᠤ᠋ ᠬᠣᠯᠪᠣᠭᠠᠯᠠᠨ ᠰᠡᠷᠭᠡᠢᠯᠡᠵᠦ᠍ ᠬᠣᠯᠪᠣᠭᠠᠯᠠᠨ ᠡᠵᠡᠮᠳᠡᠬᠦ᠌ ᠲᠣᠭ᠍ᠲᠠᠴᠠ ᠵᠢᠨ ᠶᠡᠷᠦᠩᠬᠡᠢᠯᠡᠭ᠌ᠰᠡᠨ ᠳᠤᠭᠤᠢᠯᠠᠩ 《ᠱᠢᠨᠡ ᠲᠢᠲᠢᠮᠯᠢᠭ ᠠᠭᠤᠰᠭᠢᠨ ᠦᠷᠪᠢᠰᠦᠯ ᠤ᠋ᠨ ᠬᠢᠵᠢᠭ ᠤ᠋ᠨ ᠪᠠᠢᠳᠠᠯ ᠢ᠋ ᠰᠡᠷᠭᠡᠢᠯᠡᠨ ᠡᠵᠡᠮᠳᠡᠬᠦ᠌ ᠠᠷᠭᠠ ᠬᠡᠮᠵᠢᠶᠡ ᠵᠢ ᠴᠢᠨᠠᠭ᠍ᠰᠢᠳᠠ ᠱᠢᠯᠢᠳᠡᠭ᠌ᠵᠢᠭᠦᠯᠦᠨ ᠨᠠᠢᠳᠠᠪᠤᠷᠢᠵᠢᠭᠤᠯᠬᠤ ᠲᠤᠬᠠᠶ ᠮᠡᠳᠡᠭ᠌ᠳᠡᠯ》 ᠢ᠋ ᠨᠡᠢᠲᠡᠯᠡᠵᠦ᠍ ᠂ ᠲᠦᠭ᠌ᠰᠢᠭᠦᠷᠢ ᠲᠠᠢ ᠣᠷᠣᠨ ᠪᠦᠰᠡ ᠵᠢ ᠱᠢᠨᠵᠢᠯᠡᠬᠦ᠌ ᠤᠬᠠᠭᠠᠨᠴᠢ ᠪᠡᠷ ᠨᠠᠷᠢᠯᠢᠭ ᠣᠨᠣᠴᠠᠲᠠᠶ ᠬᠤᠪᠢᠶᠠᠷᠢᠯᠠᠵᠤ ᠂ ᠲᠤᠰᠠᠭᠠᠷᠯᠠᠬᠤ ᠠᠷᠭᠠ ᠬᠡᠯᠪᠡᠷᠢ ᠵᠢ ᠱᠢᠯᠢᠳᠡᠭ᠌ᠵᠢᠭᠦᠯᠦᠨ ᠲᠣᠬᠢᠷᠠᠭᠤᠯᠵᠤ ᠂ ᠦᠨᠳᠦᠷ ᠲᠦᠭ᠌ᠰᠢᠭᠦᠷᠢ ᠲᠠᠢ ᠣᠷᠣᠨ ᠳ᠋ᠤ 《ᠲᠦᠷᠭᠡᠨ ᠪᠢᠲᠡᠭᠦᠮᠵᠢᠯᠡᠵᠦ᠍ ᠲᠦᠷᠭᠡᠨ ᠬᠤᠷᠢᠭᠠ ᠲᠠᠢᠯᠬᠤ》 ᠵᠢ ᠨᠠᠢᠳᠠᠪᠤᠷᠢᠵᠢᠭᠤᠯᠬᠤ ᠬᠡᠷᠡᠭ᠌ᠲᠡᠶ ᠭᠡᠵᠦ᠍ ᠴᠢᠬᠤᠯᠠᠴᠢᠯᠠᠪᠠ ᠃ ᠣᠳᠣᠬᠠᠨ ᠳ᠋ᠤ ᠮᠠᠨ ᠣᠷᠣᠨ ᠲᠦᠭ᠌ᠰᠢᠭᠦᠷᠢ ᠲᠠᠢ ᠣᠷᠣᠨ ᠪᠦᠰᠡ ᠵᠢ ᠬᠡᠷᠬᠢᠨ ᠨᠠᠷᠢᠯᠢᠭ ᠣᠨᠣᠴᠠᠳᠠᠢ ᠵᠠᠭᠠᠭ᠍ᠯᠠᠨ ᠲᠣᠭ᠍ᠲᠠᠭᠠᠬᠤ ᠂ ᠦᠨᠳᠦᠷ ᠲᠦᠭ᠌ᠰᠢᠭᠦᠷᠢ ᠲᠠᠢ ᠣᠷᠣᠨ ᠢ᠋ ᠬᠡᠷᠬᠢᠨ ᠲᠦᠷᠭᠡᠨ ᠪᠢᠲᠡᠭᠦᠮᠵᠢᠯᠡᠵᠦ᠍ ᠲᠦᠷᠭᠡᠨ ᠬᠤᠷᠢᠭᠠ ᠲᠠᠢᠯᠬᠤ ᠂ ᠬᠡᠷ ᠲᠡᠬᠡᠨ ᠲᠤᠰᠠᠭᠠᠷᠯᠠᠬᠤ ᠵᠢ ᠬᠡᠷᠬᠢᠨ ᠰᠠᠢᠲᠤᠷ ᠬᠢᠬᠦ᠌ ᠵᠡᠷᠭᠡ ᠠᠰᠠᠭᠤᠳᠠᠯ ᠳ᠋ᠦ᠍ ᠴᠢᠭ᠌ᠯᠡᠭᠦᠯᠦᠨ ᠂ ᠰᠤᠷᠪᠤᠯᠵᠢᠯᠠᠭ᠍ᠴᠢ ᠥᠪᠡᠷᠲᠡᠭᠡᠨ ᠵᠠᠰᠠᠬᠤ ᠣᠷᠣᠨ ᠤ᠋ ᠶᠡᠷᠦᠩᠬᠡᠢᠯᠡᠭ᠌ᠰᠡᠨ ᠡᠪᠡᠳᠴᠢᠨ ᠡᠮᠭᠡᠭ ᠢ᠋ ᠰᠡᠷᠭᠡᠢᠯᠡᠨ ᠡᠵᠡᠮᠳᠡᠬᠦ᠌ ᠲᠥᠪ ᠤ᠋ᠨ ᠳᠡᠳ᠋ ᠡᠷᠬᠢᠯᠡᠭ᠌ᠴᠢ ᠡᠮᠴᠢ ᠵᠢᠶᠠᠩ ᠱᠢᠶᠤᠤ ᠹᠸᠩ ᠡᠴᠡ ᠲᠤᠰᠭᠠᠢ ᠰᠤᠷᠪᠤᠯᠵᠢᠯᠠᠭᠠ ᠠᠪᠤᠪᠠ ᠃
ᠵᠢᠶᠠᠩ ᠱᠢᠶᠤᠤ ᠹᠧᠩ ᠂ ᠲᠥᠷᠥ ᠵᠢᠨ ᠶᠠᠪᠤᠳᠠᠯ ᠤ᠋ᠨ ᠬᠣᠷᠢᠶᠠᠨ ᠤ᠋ ᠬᠤᠯᠪᠤᠭᠠᠯᠠᠨ ᠰᠡᠷᠭᠡᠢᠯᠡᠵᠦ᠍ ᠬᠤᠯᠪᠤᠭᠠᠯᠠᠨ ᠡᠵᠡᠮᠳᠡᠬᠦ᠌ ᠲᠣᠭ᠍ᠲᠠᠴᠠ ᠵᠢᠨ ᠶᠡᠷᠦᠩᠬᠡᠢᠯᠡᠭ᠌ᠰᠡᠨ ᠳᠤᠭᠤᠢᠯᠠᠩ ᠤ᠋ᠨ ᠨᠡᠢᠲᠡᠯᠡᠭ᠌ᠰᠡᠨ《ᠱᠢᠨᠡ ᠲᠢᠲᠢᠮᠯᠢᠭ ᠠᠭᠤᠰᠭᠢᠨ ᠦᠷᠪᠢᠰᠦᠯ ᠤ᠋ᠨ ᠬᠢᠵᠢᠭ ᠤ᠋ᠨ ᠪᠠᠢᠳᠠᠯ ᠢ᠋ ᠰᠡᠷᠭᠡᠢᠯᠡᠨ ᠡᠵᠡᠮᠳᠡᠬᠦ᠌ ᠠᠷᠭᠠ ᠬᠡᠮᠵᠢᠶᠡ ᠵᠢ ᠴᠢᠨᠠᠭᠰᠢᠳᠠ ᠱᠢᠯᠢᠳᠡᠭ᠌ᠵᠢᠭᠦᠯᠦᠨ ᠨᠠᠢᠳᠠᠪᠤᠷᠢᠵᠢᠭᠤᠯᠬᠤ ᠲᠤᠬᠠᠶ ᠮᠡᠳᠡᠭ᠌ᠳᠡᠯ》 ᠶᠣᠰᠣᠭᠠᠷ ᠂ ᠮᠠᠨ ᠤ᠋ ᠣᠷᠣᠨ ᠦᠨᠳᠦᠷ ᠲᠦᠭ᠌ᠰᠢᠭᠦᠷᠢ ᠲᠠᠢ ᠣᠷᠣᠨ ᠢ᠋ ᠵᠠᠭᠠᠭ᠍ᠯᠠᠨ ᠲᠣᠭ᠍ᠲᠠᠭᠠᠬᠤ ᠠᠷᠭᠠ ᠪᠠ ᠵᠠᠭᠠᠭ᠍ᠯᠠᠨ ᠲᠣᠭ᠍ᠲᠠᠭᠠᠬᠤ ᠬᠡᠪᠴᠢᠶᠡ ᠳ᠋ᠤ ᠲᠣᠬᠢᠷᠠᠭᠤᠯᠤᠯᠲᠠ ᠬᠢᠪᠠ ᠃ ᠡᠭᠦᠨ ᠤ᠋ ᠵᠣᠷᠢᠯᠭᠠᠨᠢ ᠨᠠᠷᠢᠯᠢᠭ ᠣᠨᠣᠴᠠᠲᠠᠶ ᠪᠡᠷ ᠰᠡᠷᠭᠡᠢᠯᠡᠨ ᠡᠵᠡᠮᠳᠡᠬᠦ᠌ ᠵᠢ ᠪᠡᠶᠡᠯᠡᠭᠦᠯᠬᠦ᠌ ᠵᠢᠨ ᠬᠠᠮᠲᠤ ᠂ ᠪᠤᠰᠤᠳ ᠬᠥᠮᠦᠰ ᠲᠦ᠍ ᠦᠵᠡᠭᠦᠯᠬᠦ᠌ ᠨᠥᠯᠥᠭᠡ ᠵᠢ ᠠᠯᠢ ᠴᠢᠳᠠᠬᠤ ᠪᠡᠷ ᠪᠠᠭᠠᠰᠭᠠᠬᠤ ᠵᠢᠨ ᠲᠥᠯᠥᠭᠡ ᠶᠤᠮ ᠭᠡᠵᠡᠶ᠃ ᠱᠢᠨᠡ ᠲᠢᠲᠢᠮᠯᠢᠭ ᠸᠢᠷᠦ᠋ᠰ ᠤ᠋ᠨ ᠪᠥᠭᠡᠮ ᠬᠦᠴᠢᠯ ᠤ᠋ᠨ ᠪᠠᠢᠴᠠᠭᠠᠯᠲᠠ ᠨᠢ ᠠᠷᠭᠠ ᠴᠢᠨᠠᠷᠲᠠᠶ ᠪᠠᠢᠬᠤ ᠵᠢ ᠢᠯᠡᠷᠡᠬᠦᠯᠪᠡᠯ ᠂ ᠳᠠᠷᠤᠶ ᠲᠦᠷᠭᠡᠨ ᠨᠠᠷᠢᠯᠢᠭ ᠣᠨᠣᠴᠠᠲᠠᠶ ᠪᠡᠷ ᠲᠠᠬᠤᠯ ᠡᠪᠡᠳᠴᠢᠨ ᠤ᠋ ᠪᠠᠢᠴᠠᠭᠠᠯᠲᠠ ᠪᠠ ᠱᠢᠨᠵᠢᠯᠡᠬᠦ᠌ ᠤᠬᠠᠭᠠᠨᠴᠢ ᠰᠤᠳᠤᠯᠤᠨ ᠮᠠᠭᠠᠳᠯᠠᠯᠳᠠᠦᠷᠨᠢᠬᠦᠯᠬᠦ ᠬᠡᠷᠡᠭ᠌ᠲᠡᠶ ᠂ ᠬᠡᠷᠪᠡ ᠠᠷᠭᠠ ᠴᠢᠨᠠᠷᠲᠠᠶ ᠬᠥᠮᠦᠰ ᠤ᠋ᠨ ᠠᠵᠢᠯᠯᠠᠵᠤ ᠪᠠᠢᠭᠠ ᠭᠠᠵᠠᠷ ᠂ ᠣᠷᠣᠱᠢᠨ ᠰᠠᠭᠤᠵᠤ ᠪᠠᠢᠭᠠ ᠭᠠᠵᠠᠷ ᠂ ᠠᠮᠢᠳᠤᠷᠠᠵᠤ ᠪᠠᠢᠭᠠ ᠭᠠᠵᠠᠷ ᠪᠠ ᠬᠥᠳᠡᠯᠭᠡᠭᠡᠨ ᠬᠢᠵᠦ᠍ ᠪᠠᠢᠭᠠ ᠭᠠᠵᠠᠷ ᠲᠦ᠍ ᠬᠠᠯᠳᠠᠪᠤᠷᠢᠯᠠᠬᠤ ᠲᠦᠭ᠌ᠰᠢᠭᠦᠷᠢ ᠥᠬᠡᠶ ᠪᠤᠶᠤ ᠬᠠᠯᠳᠠᠪᠤᠷᠢᠯᠠᠬᠤ ᠲᠦᠭ᠌ᠰᠢᠭᠦᠷᠢ ᠨᠢ ᠨᠡᠯᠢᠶᠡᠳ ᠳᠤᠤᠷᠠ ᠪᠥᠭᠡᠳ ᠨᠢᠭ᠍ᠲᠠ ᠣᠢᠷᠠᠲᠤᠭ᠍ᠴᠢ ᠵᠢ ᠴᠠᠭ ᠲᠤᠬᠠᠶ ᠳ᠋ᠦ᠍ᠨᠢ ᠬᠠᠮᠢᠶᠠᠷᠤᠨ ᠡᠵᠡᠮᠳᠡᠪᠡᠯ ᠂ ᠡᠢᠮᠦᠷᠬᠦᠤ ᠪᠠᠢᠳᠠᠯ ᠳ᠋ᠦ᠍ ᠥᠨᠳᠥᠷ ᠲᠦᠭ᠌ᠰᠢᠭᠦᠷᠢ ᠲᠠᠢ ᠣᠷᠣᠨ ᠵᠢᠡᠷ ᠵᠠᠭᠠᠭᠯᠠᠨ ᠲᠣᠭ᠍ᠲᠠᠭᠠᠬᠤ ᠥᠬᠡᠶ ᠪᠠᠢᠵᠤ ᠪᠣᠯᠤᠨᠠ ᠃ ᠬᠡᠷᠪᠡ ᠨᠡᠢᠭᠡᠮ ᠲᠣᠭᠣᠷᠢᠭ ᠲᠦ᠍ ᠬᠠᠯᠳᠠᠪᠤᠷᠢᠯᠠᠬᠤ ᠲᠦᠭ᠌ᠰᠢᠭᠦᠷᠢ ᠪᠠᠢᠪᠠᠯ ᠂ ᠲᠦᠭ᠌ᠰᠢᠭᠦᠷᠢ ᠵᠢᠨ ᠬᠡᠮᠵᠢᠶᠡ ᠪᠠ ᠲᠦᠭ᠌ᠰᠢᠭᠦᠷᠢ ᠵᠢᠨ ᠬᠡᠪᠴᠢᠶᠡᠨ ᠤ᠋ ᠰᠤᠳᠤᠯᠤᠨ ᠮᠠᠭᠠᠳᠯᠠᠭ᠍ᠰᠠᠨ ᠦᠷᠡ ᠳ᠋ᠦᠩ ᠢ᠋ ᠦᠨᠳᠦᠰᠦᠯᠡᠨ ᠠᠰᠠᠷ ᠂ ᠨᠢᠭᠡᠴᠢ ᠂ ᠳᠠᠪᠬᠤᠷᠯᠢᠬ ᠂ ᠰᠠᠭᠤᠭᠠᠯᠢ ᠡᠷᠦᠬᠡ ᠪᠡᠷ ᠨᠢᠭᠡᠴᠢ ᠪᠣᠯᠭᠠᠨ ᠦᠨᠳᠦᠷ ᠲᠦᠭ᠌ᠰᠢᠭᠦᠷᠢ ᠲᠠᠢ ᠣᠷᠣᠨ ᠢ᠋ ᠨᠠᠷᠢᠯᠢᠭ ᠣᠨᠣᠴᠠᠲᠠᠶ ᠵᠠᠭᠠᠭ᠍ᠯᠠᠨ ᠲᠣᠭ᠍ᠲᠠᠭᠠᠵᠤ ᠂ ᠳᠤᠷᠠ ᠪᠡᠷ ᠰᠠᠭᠤᠭᠠᠯᠢ ᠲᠣᠭᠣᠷᠢᠭ ᠂ ᠨᠡᠢᠭᠡᠮ ᠲᠣᠭᠣᠷᠢᠭ ᠂ ᠵᠡᠭᠡᠯᠢ ᠭᠤᠳᠤᠮᠵᠢ ᠪᠠ ᠱᠢᠶᠠᠩ ᠪᠠᠯᠭᠠᠰᠤᠨ ᠳ᠋ᠦ᠍ ᠬᠦᠷᠳᠡᠯᠡ ᠥᠷᠭᠡᠳᠭᠡᠬᠦ᠌ ᠥᠬᠡᠶ ᠭᠡᠪᠡ ᠃
ᠵᠢᠶᠠᠩ ᠱᠢᠶᠤᠤ ᠹᠸᠩ ᠂ ᠦᠨᠳᠦᠷ ᠲᠦᠭ᠌ᠰᠢᠭᠦᠷᠢ ᠲᠠᠢ ᠣᠷᠣᠨ ᠳ᠋ᠦ᠍ 5 ᠡᠳᠦᠷ ᠳᠠᠷᠠᠭᠠᠯᠠᠨ ᠬᠠᠯᠳᠠᠪᠤᠷᠢᠯᠠᠭᠳᠠᠭᠴᠢ ᠱᠢᠨᠡ ᠪᠡᠷ ᠨᠡᠮᠡᠭ᠌ᠳᠡᠭ᠌ᠰᠡᠨ ᠥᠬᠡᠶ ᠪᠣᠯ ᠴᠠᠭ ᠲᠤᠬᠠᠶ ᠳ᠋ᠦ᠍ᠨᠢ ᠬᠣᠷᠢᠭᠠ ᠲᠠᠢᠯᠬᠤ ᠬᠡᠷᠡᠭ᠌ᠲᠡᠶ ᠃ ᠦᠨᠳᠦᠷ ᠲᠦᠭ᠌ᠰᠢᠭᠦᠷᠢ ᠲᠠᠢ ᠣᠷᠣᠨ ᠢ᠋ ᠵᠠᠭᠠᠭᠯᠠᠨ ᠲᠣᠭ᠍ᠲᠠᠭᠠᠭ᠍ᠰᠠᠨ ᠤ᠋ ᠳᠠᠷᠠᠭᠠ ᠱᠢᠨᠡ ᠪᠡᠷ ᠬᠠᠯᠳᠠᠪᠤᠷᠢᠯᠠᠭᠳᠠᠭᠴᠢ ᠢᠯᠡᠷᠡᠪᠡᠯ ᠂ ᠨᠠᠷᠢᠯᠢᠭ ᠣᠨᠣᠴᠠᠲᠠᠶ ᠪᠡᠷ ᠲᠠᠬᠤᠯ ᠡᠪᠡᠳᠴᠢᠨ ᠤ᠋ ᠪᠠᠢᠴᠠᠭᠠᠯᠲᠠ ᠬᠢᠬᠦ᠌ ᠪᠠ ᠱᠢᠨᠵᠢᠯᠡᠬᠦ᠌ ᠤᠬᠠᠭᠠᠨᠴᠢ ᠪᠡᠷ ᠰᠤᠳᠤᠯᠤᠨ ᠮᠠᠭᠠᠳᠯᠠᠭ᠍ᠰᠠᠨ ᠤ᠋ ᠳᠠᠷᠠᠭᠠ ᠨᠡᠢᠭᠡᠮ ᠲᠣᠭᠣᠷᠢᠭ ᠲᠦ᠍ ᠬᠠᠯᠳᠠᠪᠤᠷᠢᠯᠠᠬᠤ ᠲᠦᠭ᠌ᠰᠢᠭᠦᠷᠢ ᠥᠬᠡᠶ ᠪᠠᠢᠪᠠᠯ ᠂ ᠦᠨᠳᠦᠷ ᠲᠦᠭ᠌ᠰᠢᠭᠦᠷᠢ ᠲᠠᠢ ᠣᠷᠣᠨ ᠤ᠋ ᠬᠣᠷᠢᠭᠠ ᠲᠠᠢᠯᠬᠤ ᠴᠠᠭ ᠢ᠋ ᠨᠥᠯᠥᠭᠡᠯᠡᠬᠦ᠌ ᠥᠬᠡᠶ ᠭᠡᠵᠦ ᠴᠢᠬᠤᠯᠠᠴᠢᠯᠠᠪᠠ ᠃
ᠵᠢᠶᠠᠩ ᠱᠢᠶᠤᠤ ᠹᠧᠩ ᠄ 《ᠤᠮᠢᠺᠷᠤᠨ ᠤᠨᠳᠤᠤᠱᠢᠭᠰᠠᠨ ᠸᠢᠷᠦ᠋ᠰ ᠤ᠋ᠨ ᠡᠪᠡᠳᠴᠢᠯᠡᠭᠦᠯᠬᠦ᠌ ᠴᠢᠨᠠᠷ ᠨᠢ ᠬᠡᠳᠦᠢᠪᠡᠷ ᠢᠯᠡᠳᠲᠡ ᠪᠠᠭᠤᠷᠠᠭ᠍ᠰᠠᠨ ᠪᠣᠯᠪᠠᠴᠤ᠌ ᠬᠠᠯᠳᠠᠪᠤᠷᠢᠯᠠᠬᠤ ᠴᠢᠨᠠᠷᠵᠢᠡᠷ ᠮᠥᠨ ᠯᠡ ᠨᠡᠯᠢᠶᠡᠳ ᠴᠢᠩᠭᠠ ᠪᠠᠢᠵᠤ ᠂ ᠨᠢᠭ᠍ᠲᠠ ᠣᠢᠷᠠᠲᠤᠭ᠍ᠴᠢ ᠳ᠋ᠤ ᠬᠠᠯᠳᠠᠪᠤᠷᠢᠯᠠᠬᠤ ᠪᠠ ᠲᠠᠷᠬᠠᠬᠤ ᠲᠦᠭ᠌ᠰᠢᠭᠦᠷᠢ ᠣᠷᠣᠱᠢᠵᠤ ᠪᠠᠢᠨᠠ ᠂ ᠪᠢᠳᠡ ᠪᠠᠰᠠ ᠨᠢᠭ᠍ᠲᠠ ᠣᠢᠷᠠᠲᠤᠭ᠍ᠴᠢᠵᠢ ᠴᠠᠭ ᠲᠤᠬᠠᠶ ᠳ᠋ᠦ᠍ᠨᠢ ᠬᠠᠮᠢᠶᠠᠷᠤᠨ ᠡᠵᠡᠮᠳᠡᠬᠦ᠌ ᠬᠡᠷᠡᠭ᠌ᠲᠡᠶ ᠃ ᠬᠡᠷ ᠲᠡᠬᠡᠨ ᠲᠤᠰᠠᠭᠠᠷᠯᠠᠬᠤ ᠨᠥᠬᠥᠴᠡᠯ ᠢ᠋ ᠪᠦᠷᠢᠯᠳᠦᠭᠦᠯᠦᠭ᠌ᠰᠡᠨ ᠨᠢᠭ᠍ᠲᠠ ᠣᠢᠷᠠᠲᠤᠭ᠍ᠴᠢ 5 ᠡᠳᠦᠷ ᠬᠡᠷ ᠳᠡᠭᠡᠨ ᠲᠤᠰᠠᠭᠠᠷᠯᠠᠵᠤ ᠪᠣᠯᠤᠨᠠ ᠂ ᠪᠠᠰᠠ ᠰᠠᠢᠨ ᠳᠤᠷᠠ ᠡᠴᠡ ᠪᠠᠨ ᠲᠥᠪᠯᠡᠷᠡᠭᠦᠯᠦᠨ ᠲᠤᠰᠠᠭᠠᠷᠯᠠᠵᠤ ᠪᠣᠯᠤᠨᠠ ᠂ ᠲᠠᠪᠤᠳᠤᠭᠠᠷ ᠡᠳᠦᠷ ᠲᠦ᠍ ᠪᠥᠭᠡᠮ ᠬᠦᠴᠢᠯ ᠤ᠋ᠨ ᠪᠠᠢᠴᠠᠭᠠᠯᠲᠠ ᠨᠢ ᠪᠢᠯᠢᠭ ᠴᠢᠨᠠᠷ ᠢᠯᠡᠷᠡᠭᠰᠡᠨ ᠤ᠋ ᠳᠠᠷᠠᠭᠠ ᠲᠤᠰᠠᠭᠠᠷᠯᠠᠯᠢ ᠬᠦᠴᠦᠨ ᠥᠬᠡᠶ ᠪᠣᠯᠭᠠᠨᠠ ᠃ ᠬᠡᠷ ᠲᠡᠬᠡᠨ ᠲᠤᠰᠠᠭᠠᠷᠯᠠᠪᠠᠯ ᠬᠠᠮᠤᠭ ᠰᠠᠢᠨ ᠨᠢ ᠲᠤᠰᠠᠭᠠᠷ ᠥᠷᠥᠭᠡ ᠲᠠᠢ ᠂ ᠲᠤᠰᠠᠭᠠᠷ ᠵᠤᠷᠯᠤᠩ ᠲᠠᠢ ᠂ ᠰᠠᠢᠨ ᠰᠠᠯᠬᠢ ᠨᠡᠪᠲᠡᠷᠡᠬᠦ᠌ ᠨᠥᠬᠥᠴᠡᠯ ᠲᠠᠢ ᠪᠠᠢᠬᠤ ᠬᠡᠷᠡᠭ᠌ᠲᠡᠶ ᠂ ᠬᠡᠷᠪᠡ ᠪᠤᠰᠤᠳ ᠲᠠᠶ ᠬᠠᠮᠲᠤ ᠵᠤᠷᠯᠤᠩ ᠬᠡᠷᠡᠭ᠌ᠯᠡᠪᠡᠯ ᠴᠠᠭ ᠵᠥᠷᠢᠭᠦᠯᠦᠨ ᠬᠡᠷᠡᠭ᠌ᠯᠡᠵᠦ᠍ ᠂ ᠬᠡᠷᠡᠭ᠌ᠯᠡᠭ᠌ᠰᠡᠨ ᠤ᠋ ᠳᠠᠷᠠᠭᠠ ᠴᠠᠭ ᠲᠤᠬᠠᠶ ᠳ᠋ᠦ᠍ᠨᠢ ᠠᠷᠢᠭᠤᠳᠭᠠᠨ ᠱᠢᠶ᠋ᠳᠪᠦᠷᠢᠯᠡᠬᠦ᠌ ᠬᠡᠷᠡᠭ᠌ᠲᠡᠶ》 ᠭᠡᠪᠡ ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠴᠠᠨᠠ
ᠣᠷᠴᠢᠭᠤᠯᠤᠭ᠍ᠴᠢ᠄




ᠰᠢᠭᠦᠮᠵᠢ ᠠᠯᠠᠭᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃