2022-12-12 14:46:49
ᠲᠥᠷᠥ᠍᠎ᠶᠢᠨ ᠶᠠᠪᠤᠳᠠᠯ᠎ᠤᠨ ᠬᠣᠷᠢᠶᠠᠨ᠎ᠤ ᠬᠠᠮᠲᠤᠷᠠᠨ ᠰᠡᠷᠭᠡᠢᠯᠡᠵᠦ ᠬᠠᠮᠲᠤᠷᠠᠨ ᠡᠵᠡᠮᠳᠡᠬᠦ ᠲᠣᠭᠲᠠᠴᠠ᠎ᠶᠢᠨ ᠶᠡᠷᠦᠩᠬᠡᠢᠯᠡᠭᠰᠡᠨ ᠳᠤᠭᠤᠢᠯᠠᠩ ᠲᠦᠷᠦᠭᠦᠬᠡᠨ《ᠰᠢᠨ᠎ᠡ ᠲᠢᠲᠢᠮᠯᠢᠭ᠌ ᠠᠭᠤᠰᠬᠢᠨ ᠦᠷᠪᠢᠰᠦᠯ᠎ᠦᠨ ᠬᠢᠵᠢᠭ᠌᠎ᠦᠨ ᠪᠠᠢᠳᠠᠯ᠎ᠢ ᠰᠡᠷᠭᠡᠢᠯᠡᠨ ᠡᠵᠡᠮᠳᠡᠬᠦ ᠠᠷᠭ᠎ᠠ ᠬᠡᠮᠵᠢᠶ᠎ᠡ᠎ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ ᠨᠠᠢᠳᠠᠪᠤᠷᠢᠵᠢᠭᠤᠯᠬᠤ ᠲᠤᠬᠠᠢ ᠮᠡᠳᠡᠭᠳᠡᠯ》᠎ᠢ ᠨᠡᠢᠲᠡᠯᠡᠵᠦ᠂ ᠨᠠᠰᠤᠲᠠᠢᠴᠤᠳ᠎ᠤᠨ ᠰᠢᠨ᠎ᠡ ᠲᠢᠲᠢᠮᠯᠢᠭ᠌ ᠸᠢᠷᠦ᠋ᠰ᠎ᠦᠨ ᠸᠠᠺᠼᠢᠨ᠎ᠤ ᠲᠠᠷᠢᠯᠭ᠎ᠠ᠎ᠶᠢ ᠲᠦᠷᠭᠡᠳᠬᠡᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠣᠳᠣᠬᠠᠨ᠎ᠳᠤ ᠮᠠᠨ᠎ᠤ ᠤᠷᠤᠨ᠎ᠤ ᠨᠠᠰᠤᠲᠠᠢᠴᠤᠳ᠎ᠲᠦ ᠲᠠᠷᠢᠯᠭᠠᠬᠢᠭᠰᠡᠨ ᠪᠠᠢᠳᠠᠯ ᠶᠠᠮᠠᠷ ᠪᠣᠶ? ᠬᠡᠷᠬᠢᠨ ᠨᠠᠰᠤᠲᠠᠢᠴᠤᠳ᠎ᠤᠨ ᠲᠠᠷᠢᠯᠭ᠎ᠠ ᠬᠢᠬᠦ᠎ᠶᠢ ᠲᠦᠷᠭᠡᠳᠬᠡᠬᠦ ᠪᠣᠶ? ᠨᠠᠰᠤᠲᠠᠢᠴᠤᠳ ᠰᠠᠭᠤᠷᠢ ᠡᠪᠡᠳᠴᠢᠨ᠎ᠲᠠᠢ ᠪᠣᠯ ᠰᠢᠨ᠎ᠡ ᠲᠢᠲᠢᠮᠯᠢᠭ᠌ ᠸᠢᠷᠦ᠋ᠰ᠎ᠦᠨ ᠸᠠᠺᠼᠢᠨ᠎ᠢ ᠳᠠᠷᠢᠭᠤᠯᠵᠤ ᠪᠣᠯᠣᠨ᠎ᠠ ᠦᠦ?ᠥᠪᠡᠷᠲᠡᠭᠡᠨ ᠵᠠᠰᠠᠬᠤ ᠣᠷᠣᠨ᠎ᠤ ᠶᠡᠷᠦᠩᠬᠡᠢᠯᠡᠭᠰᠡᠨ ᠡᠪᠡᠳᠴᠢᠨ ᠡᠮᠭᠡᠭ᠎ᠢ ᠰᠡᠷᠭᠡᠢᠯᠡᠨ ᠡᠵᠡᠮᠳᠡᠬᠦ ᠲᠥᠪ᠎ᠦᠨ ᠡᠭᠡᠯᠢᠯᠡᠭᠡ᠎ᠶᠢᠨ ᠲᠥᠯᠦᠪᠵᠢᠭᠦᠯᠭᠡ᠎ᠶᠢᠨ ᠭᠠᠵᠠᠷ᠎ᠤᠨ ᠬᠠᠷᠢᠭᠤᠴᠠᠯᠭᠠᠲᠠᠨ ᠲᠢᠶᠠᠨ ᠰᠢᠶᠣᠣ ᠯᠢᠩ ᠡᠳᠡᠭᠡᠷ ᠠᠰᠠᠭᠤᠳᠠᠯ᠎ᠤᠨ ᠲᠤᠬᠠᠢ ᠬᠠᠷᠢᠭᠤᠯᠲᠠ ᠥᠭᠪᠡ᠃
○ ᠲᠥᠷᠥ᠍᠎ᠶᠢᠨ ᠶᠠᠪᠤᠳᠠᠯ᠎ᠤᠨ ᠬᠣᠷᠢᠶᠠᠨ᠎ᠤ ᠬᠠᠮᠲᠤᠷᠠᠨ ᠰᠡᠷᠭᠡᠢᠯᠡᠵᠦ ᠬᠠᠮᠲᠤᠷᠠᠨ ᠡᠵᠡᠮᠳᠡᠬᠦ ᠲᠣᠭᠲᠠᠴᠠ᠎ᠠᠴᠠ《60 ᠨᠠᠰᠤᠨ᠎ᠠᠴᠠ ᠳᠡᠭᠡᠭᠰᠢᠬᠢ ᠨᠠᠰᠤᠲᠠᠢᠴᠤᠳ᠎ᠤᠨ ᠰᠢᠨ᠎ᠡ ᠲᠢᠲᠢᠮᠯᠢᠭ᠌ ᠸᠢᠷᠦ᠋ᠰ᠎ᠦᠨ ᠸᠠᠺᠼᠢᠨ᠎ᠤ ᠲᠠᠷᠢᠯᠭ᠎ᠠ᠎ᠶᠢᠨ ᠠᠵᠢᠯ᠎ᠢ ᠲᠦᠷᠭᠡᠳᠬᠡᠨ ᠠᠬᠢᠭᠤᠯᠬᠤ ᠲᠥᠰᠥᠯ》 ᠢ ᠳᠠᠷᠤᠮᠠᠯᠯᠠᠨ ᠲᠠᠷᠬᠠᠭᠠᠭᠰᠠᠨᠤ ᠳᠠᠷᠠᠭ᠎ᠠ᠂ ᠸᠠᠺᠼᠢᠨ᠎ᠤ ᠲᠠᠷᠢᠯᠭ᠎ᠠ᠎ᠶᠢᠨ ᠠᠵᠢᠯ᠎ᠢ ᠤᠳᠤᠷᠢᠳᠬᠤ ᠳᠤᠭᠤᠢᠯᠠᠩ ᠡᠩ ᠲᠡᠷᠢᠭᠦᠨ᠎ᠳᠦ ᠮᠠᠨ᠎ᠤ ᠤᠷᠤᠨ᠎ᠤ ᠪᠣᠳᠠᠲᠤ ᠪᠠᠢᠳᠠᠯ᠎ᠳᠤ ᠴᠢᠭᠯᠡᠭᠦᠯᠦᠨ᠂ ᠪᠥᠬᠥ ᠣᠷᠣᠨ᠎ᠤ 60 ᠨᠠᠰᠤᠨ᠎ᠠᠴᠠ ᠳᠡᠭᠡᠭᠰᠢᠬᠢ ᠨᠠᠰᠤᠲᠠᠢᠴᠤᠳ᠎ᠤᠨ ᠰᠢᠨ᠎ᠡ ᠲᠢᠲᠢᠮᠯᠢᠭ᠌ ᠸᠢᠷᠦ᠋ᠰ᠎ᠦᠨ ᠸᠠᠺᠼᠢᠨ᠎ᠤ ᠲᠠᠷᠢᠯᠭ᠎ᠠ ᠵᠢᠨ ᠠᠵᠢᠯ᠎ᠤᠨ ᠲᠥᠰᠥᠯ᠎ᠢ ᠲᠣᠭᠲᠠᠭᠠᠪᠠ᠃ ᠡᠯ᠎ᠡ ᠭᠠᠵᠠᠷ᠎ᠤᠨ ᠬᠢᠨ ᠲᠣᠮᠣ᠌ ᠳ᠋ᠠᠢᠲ᠋ᠠ᠂ ᠡᠷᠦᠬᠡ᠎ᠳᠦ ᠬᠦᠷᠬᠦ ᠵᠡᠷᠭᠡ ᠣᠯᠠᠨ ᠵᠦᠢᠯ᠎ᠦᠨ ᠠᠷᠭ᠎ᠠ ᠬᠡᠯᠪᠡᠷᠢ᠎ᠶᠢ ᠠᠰᠢᠭ᠍ᠯᠠᠨ ᠨᠠᠷᠢᠨ ᠣᠨᠣᠪᠴᠢᠲᠠᠶ᠎ᠪᠠᠷ ᠪᠠᠢᠳᠠᠯ᠎ᠢ ᠣᠢᠯᠠᠭᠠᠵᠤ᠂ ᠳᠠᠷᠢᠬᠤ ᠶᠣᠰᠣᠲᠠᠢ ᠪᠣᠯᠪᠠᠴᠤ ᠳᠠᠷᠢᠯᠭ᠎ᠠ ᠬᠢᠬᠡᠳᠦᠢ ᠬᠥᠮᠥᠰ᠎ᠦᠨ ᠡᠬᠡ ᠲᠠᠩᠰᠠ᠎ᠶᠢ ᠪᠠᠢᠭᠤᠯᠵᠤ᠂ ᠢᠯᠠᠩᠭᠤᠶ᠎ᠠ ᠰᠠᠭᠤᠷᠢ ᠡᠪᠡᠳᠴᠢᠨ᠎ᠲᠠᠢ ᠨᠠᠰᠤᠲᠠᠢᠴᠤᠳ᠎ᠤᠨ ᠡᠷᠡᠭᠦᠯ ᠮᠡᠨᠳᠦ᠎ᠶᠢᠨ ᠪᠠᠢᠳᠠᠯ᠎ᠳᠤ ᠪᠥᠬᠥ ᠲᠠᠯ᠎ᠠ᠎ᠶᠢᠨ ᠦᠨᠡᠯᠡᠯᠲᠡ ᠬᠢᠬᠦ ᠬᠡᠷᠡᠭᠲᠡᠢ ᠭᠡᠵᠦ ᠱᠠᠭᠠᠷᠳᠠᠪᠠ᠃ ᠡᠭᠦᠨ᠎ᠦ ᠬᠠᠮᠲᠤ ᠪᠠᠰᠠ ᠡᠯ᠎ᠡ ᠭᠠᠵᠠᠷ᠎ᠤᠨ ᠬᠢᠨ ᠲᠠᠷᠢᠯᠭ᠎ᠠ ᠬᠢᠬᠦ ᠠᠵᠢᠯ᠎ᠢ ᠲᠦᠷᠭᠡᠨ ᠰᠡᠷᠭᠦᠭᠡᠵᠦ᠂ ᠢᠯᠠᠨᠭᠭᠤᠶ᠎ᠠ ᠨᠠᠰᠤᠲᠠᠢᠴᠤᠳ᠎ᠲᠦ ᠲᠠᠷᠢᠯᠭ᠎ᠠ ᠬᠢᠬᠦ ᠠᠵᠢᠯ᠎ᠢ ᠡᠷᠲᠡᠬᠡᠨ ᠰᠡᠷᠭᠦᠭᠡᠬᠦ ᠬᠡᠷᠡᠭᠲᠡᠢ ᠭᠡᠵᠦ ᠱᠠᠭᠠᠷᠳᠠᠪᠠ᠃ ᠣᠳᠣᠬᠠᠨ᠎ᠳᠤ᠂ ᠨᠠᠰᠤᠲᠠᠢᠴᠤᠳ᠎ᠲᠦ ᠲᠠᠷᠢᠯᠭ᠎ᠠ ᠬᠢᠬᠦ ᠦᠢᠯᠡᠴᠢᠯᠡᠭᠡᠨ᠎ᠦ ᠠᠷᠭ᠎ᠠ ᠬᠡᠯᠪᠡᠷᠢ᠎ᠶᠢ ᠦᠷᠭᠦᠯᠵᠢᠯᠡᠨ ᠰᠢᠯᠢᠳᠡᠭᠵᠢᠭᠦᠯᠪᠡ᠂ ᠵᠢᠱ᠌ᠢᠶᠡᠯᠡᠪᠡᠯ ᠡᠯ᠎ᠡ ᠭᠠᠵᠠᠷ᠎ᠤᠨ ᠬᠢᠨ ᠨᠠᠰᠤᠲᠠᠢᠴᠤᠳ᠎ᠲᠦ ᠲᠠᠷᠢᠯᠭ᠎ᠠ ᠬᠢᠬᠦ ᠰᠠᠭᠠᠳ ᠦᠭᠡᠢ ᠨᠡᠪᠲᠡᠷᠡᠬᠦ ᠵᠠᠮ᠎ᠢ ᠨᠡᠭᠡᠭᠡᠬᠦ ᠬᠡᠷᠡᠭᠲᠡᠢ ᠭᠡᠵᠦ ᠱᠠᠭᠠᠷᠳᠠᠪᠠ; ᠨᠠᠰᠤᠲᠠᠢᠴᠤᠳ ᠨᠡᠯᠢᠶᠡᠳ ᠲᠥᠪᠯᠡᠷᠡᠭᠰᠡᠨ ᠨᠢᠭᠡᠴᠢ᠎ᠳᠦ ᠬᠦᠷᠴᠦ ᠲᠠᠷᠢᠯᠭ᠎ᠠ ᠬᠢᠬᠦ ᠦᠢᠯᠡᠴᠢᠯᠡᠭᠡ ᠬᠠᠩᠭᠠᠨ᠎ᠠ; ᠶᠠᠪᠤᠵᠦ ᠰᠠᠭᠤᠬᠤ᠎ᠳᠤ ᠳᠥᠭᠥᠮ ᠦᠭᠡᠢ ᠬᠠᠭᠠᠰ ᠴᠢᠳᠠᠪᠤᠷᠢ ᠠᠯᠳᠠᠭᠰᠠᠨ ᠪᠤᠶᠤ ᠴᠢᠳᠠᠪᠤᠷᠢ ᠠᠯᠳᠠᠭᠰᠠᠨ ᠨᠠᠰᠤᠲᠠᠨ᠎ᠳᠤ ᠴᠢᠭᠯᠡᠭᠦᠯᠦᠨ᠂ ᠲᠤᠷᠰᠢᠯᠭ᠎ᠠ᠎ᠲᠠᠢ ᠡᠮᠴᠢ ᠪᠣᠯᠣᠨ ᠲᠠᠷᠢᠯᠭ᠎ᠠ᠎ᠶᠢᠨ ᠡᠮᠴᠢ᠎ᠶᠢ ᠵᠣᠬᠢᠶᠠᠨ ᠪᠠᠢᠭᠤᠯᠵᠤ᠂ ᠲᠦᠷᠭᠡᠨ ᠠᠪᠤᠷᠠᠬᠤ ᠡᠮ ᠪᠠ ᠲᠥᠬᠦᠭᠡᠷᠦᠮᠵᠢ᠎ᠶᠢ ᠠᠪᠴᠤ ᠠᠢᠯ ᠡᠷᠦᠬᠡ ᠪᠡᠷ ᠣᠷᠣᠵᠤ ᠲᠠᠷᠢᠯᠭ᠎ᠠ ᠲᠠᠷᠢᠨ᠎ᠠ᠃ 60 ᠨᠠᠰᠤᠨ᠎ᠠᠴᠠ ᠳᠡᠭᠡᠭᠰᠢᠬᠢ ᠨᠠᠰᠤᠲᠠᠢᠴᠤᠳ ᠲᠠᠷᠢᠯᠭ᠎ᠠ ᠬᠢᠭᠰᠡᠨ᠎ᠦ ᠳᠠᠷᠠᠭ᠎ᠠ᠂ ᠨᠡᠢᠭᠡᠮ ᠲᠣᠭᠣᠷᠢᠭ᠋᠎ᠲᠤ 48 ᠴᠠᠭ᠎ᠤᠨ ᠬᠠᠷᠢᠭᠤ ᠰᠤᠷᠪᠤᠯᠵᠢᠯᠠᠬᠤ ᠠᠵᠢᠯ ᠥᠷᠨᠢᠭᠦᠯᠵᠦ᠂ ᠡᠷᠡᠭᠦᠯ ᠪᠤᠰᠤ ᠲᠤᠰᠬᠠᠯ ᠭᠠᠷᠪᠠᠯ ᠳᠠᠷᠤᠢ ᠲᠦᠷᠭᠡᠨ ᠬᠠᠨᠳᠤᠯᠭᠠᠲᠤ ᠴᠢᠨᠠᠷᠲᠠᠢ ᠡᠮᠴᠢᠯᠡᠭᠡ ᠬᠢᠬᠦ ᠬᠡᠷᠡᠭᠲᠡᠢ ᠭᠡᠵᠦ ᠱᠠᠭᠠᠷᠳᠠᠪᠠ᠃
○ᠨᠠᠰᠤᠲᠠᠢᠴᠤᠳ᠎ᠤᠨ ᠸᠠᠺᠼᠢᠨ᠎ᠤ ᠲᠠᠷᠢᠯᠭ᠎ᠠ᠎ᠶᠢᠨ ᠠᠵᠢᠯ᠎ᠢ ᠠᠬᠢᠭᠤᠯᠬᠤ᠎ᠶᠢᠨ ᠬᠠᠮᠲᠤ᠂ ᠡᠯ᠎ᠡ ᠭᠠᠵᠠᠷ᠎ᠤᠨ ᠬᠢᠨ ᠴᠦ᠍ ᠱᠠᠲᠤ ᠳᠠᠷᠠᠭᠠᠯᠠᠨ ᠪᠣᠯᠪᠠᠰᠤᠷᠠᠯ ᠡᠷᠬᠢᠯᠡᠵᠦ᠂ ᠲᠠᠷᠢᠯᠭ᠎ᠠ᠎ᠶᠢᠨ ᠴᠡᠭᠡᠷ᠎ᠢ ᠣᠨᠣᠪᠴᠢᠲᠠᠶ ᠡᠵᠡᠮᠳᠡᠬᠦ ᠬᠡᠷᠡᠭᠲᠡᠢ᠃ ᠲᠢᠶᠠᠨ ᠰᠢᠶᠣᠣ ᠯᠢᠩ ᠄ 《ᠥᠩᠭᠡᠷᠡᠭᠰᠡᠨ᠎ᠳᠦ ᠸᠠᠺᠼᠢᠨ ᠳᠠᠷᠢᠬᠤ ᠦᠶ᠎ᠡ᠎ᠳᠦ ᠬᠦᠨᠳᠦ ᠨᠣᠴᠢᠲᠠᠢ ᠬᠠᠷᠰᠢᠮᠠᠲᠠᠭᠠᠢ ᠤᠷᠪᠠᠯ ᠭᠠᠷᠴᠤ ᠥᠩᠭᠡᠷᠡᠭᠰᠡᠨ᠂ ᠲᠦᠷᠭᠡᠨ ᠴᠢᠨᠠᠷᠲᠠᠢ ᠬᠠᠯᠳᠠᠪᠤᠷᠢᠯᠠᠯ᠎ᠤᠨ ᠴᠢᠨᠠᠷᠲᠠᠢ ᠡᠪᠡᠳᠴᠢᠨ ᠨᠢ ᠬᠠᠯᠠᠭᠤᠷᠠᠬᠤ ᠱᠠᠲᠤᠨ᠎ᠳᠤ ᠣᠷᠣᠰᠢᠬᠰᠠᠨ᠂ ᠬᠦᠨᠳᠦ ᠨᠣᠴᠢᠲᠠᠢ ᠤᠵᠢᠭ᠋ ᠴᠢᠨᠠᠷᠲᠠᠢ ᠡᠪᠡᠳᠴᠢᠨ ᠨᠢ ᠲᠦᠷᠭᠡᠨ ᠴᠢᠨᠠᠷᠲᠠᠢ ᠬᠥᠳᠡᠯᠬᠦ ᠬᠤᠭᠤᠴᠠᠭᠠᠨ᠎ᠳᠤ ᠣᠷᠣᠰᠢᠬᠰᠠᠨ᠂ ᠬᠦᠨᠳᠦ ᠨᠣᠴᠢᠲᠠᠢ ᠤᠵᠢᠭ᠋ ᠴᠢᠨᠠᠷᠲᠠᠢ ᠡᠪᠡᠳᠴᠢᠨ᠎ᠡᠴᠡ ᠪᠣᠯᠵᠤ ᠠᠮᠢ ᠨᠠᠰᠤ ᠡᠴᠦᠰᠯᠡᠬᠦ ᠱᠠᠲᠤᠨ᠎ᠳᠤ ᠣᠷᠣᠭᠰᠠᠨ ᠵᠡᠷᠭᠡ ᠨᠢ ᠴᠥᠮ ᠲᠠᠷᠢᠯᠭ᠎ᠠ᠎ᠶᠢᠨ ᠴᠡᠭᠡᠷᠯᠡᠬᠦ ᠡᠪᠡᠳᠴᠢᠨ ᠪᠣᠯᠣᠨ᠎ᠠ》ᠬᠡᠪᠡ᠃
○ᠨᠠᠰᠤᠲᠠᠢᠴᠤᠳ ᠰᠢᠨ᠎ᠡ ᠲᠢᠲᠢᠮᠯᠢᠭ᠌ ᠸᠢᠷᠦ᠋ᠰ᠎ᠦᠨ ᠸᠠᠺᠼᠢᠨ᠎ᠤ ᠲᠠᠷᠢᠯᠭ᠎ᠠ ᠲᠠᠷᠢᠬᠤ ᠨᠢ ᠮᠠᠰᠢ ᠴᠢᠬᠤᠯᠠ ᠶᠤᠮ᠂ ᠬᠡᠷᠪᠡ ᠴᠠᠭ ᠲᠤᠬᠠᠢ ᠳ᠋ᠤᠨᠢ ᠸᠠᠺᠼᠢᠨ᠎ᠤ ᠲᠠᠷᠢᠯᠭ᠎ᠠ ᠳᠠᠷᠢᠬᠤ ᠦᠭᠡᠢ ᠪᠣᠯ ᠬᠠᠯᠳᠠᠪᠤᠷᠢᠯᠠᠭᠳᠠᠵᠤ᠂ ᠬᠦᠨᠳᠦ ᠡᠪᠡᠳᠴᠢᠨ ᠣᠯᠬᠤ ᠪᠠ ᠦᠬᠦᠬᠦ ᠠᠶᠤᠯ ᠮᠠᠰᠢ ᠶᠡᠬᠡ ᠪᠣᠯᠣᠨ᠎ᠠ᠃ ᠡᠭᠦᠨ᠎ᠡᠴᠡ ᠭᠠᠳᠠᠨ᠎ᠠ᠂ ᠣᠲᠣ᠌ ᠪᠣᠯᠲᠠᠯ᠎ᠠ ᠮᠠᠨ᠎ᠤ ᠤᠷᠤᠨ᠎ᠤ ᠨᠠᠰᠤᠲᠠᠢᠴᠤᠳ᠎ᠤᠨ ᠰᠢᠨ᠎ᠡ ᠲᠢᠲᠢᠮᠯᠢᠭ᠌ ᠸᠢᠷᠦ᠋ᠰ᠎ᠦᠨ ᠸᠠᠺᠼᠢᠨ᠎ᠤ ᠲᠠᠷᠢᠯᠭ᠎ᠠ᠎ᠶᠢᠨ ᠨᠣᠷᠮ᠎ᠠ ᠨᠢ ᠪᠦᠲᠦᠮᠵᠢᠲᠡᠶ ᠡᠭᠡᠯᠢᠯᠡᠭᠡ᠎ᠶᠢᠨ ᠬᠠᠯᠬᠠᠪᠴᠢ ᠪᠣᠯᠵᠤ ᠪᠦᠷᠢᠯᠳᠦᠬᠦ ᠬᠢᠷᠢ ᠲᠦᠪᠰᠢᠨ᠎ᠳᠦ ᠬᠠᠷᠠᠬᠠᠨ ᠬᠦᠷᠴᠦ ᠳᠡᠢᠯᠦᠭᠡᠳᠦᠢ ᠪᠠᠢᠨ᠎ᠠ᠃
ᠲᠢᠶᠠᠨ ᠰᠢᠶᠣᠣ ᠯᠢᠩ ᠢᠯᠡᠷᠬᠡᠢᠯᠡᠬᠦ᠎ᠳᠡᠭᠡᠨ᠂ ᠵᠠᠷᠢᠮ ᠨᠠᠰᠤᠲᠠᠢᠴᠤᠳ ᠪᠣᠶ᠋ᠢᠳᠠ ᠪᠥᠭᠯᠡᠭᠦᠦ ᠮᠠᠯᠵᠢᠬᠤ ᠲᠠᠷᠢᠶᠠᠯᠠᠬᠤ ᠣᠷᠣᠨ᠎ᠳᠤ ᠰᠠᠭᠤᠳᠠᠭ᠂ ᠡᠰᠡᠬᠦᠯ᠎ᠠ ᠬᠣᠲᠠ ᠪᠠᠯᠭᠠᠰᠤᠨ᠎ᠳᠤ ᠰᠠᠭᠤᠵᠤ ᠦᠷᠭᠦᠯᠵᠢ ᠭᠠᠳᠠᠭ᠍ᠰᠢ ᠭᠠᠷᠳᠠᠭ ᠦᠭᠡᠢ ᠪᠤᠯᠬᠤᠷ ᠬᠠᠯᠳᠠᠪᠤᠷᠢᠯᠠᠬᠤ ᠲᠦᠭᠰᠢᠭᠦᠷᠢ ᠨᠡᠯᠢᠶᠡᠳ ᠪᠠᠭ᠎ᠠ ᠭᠡᠵᠦ ᠦᠵᠡᠵᠦ ᠪᠠᠢᠨ᠎ᠠ᠂ ᠡᠨᠡ ᠪᠣᠯ ᠰᠢᠨᠵᠢᠯᠡᠬᠦ ᠤᠬᠠᠭᠠᠨᠴᠢ ᠪᠤᠰᠤ ᠶᠤᠮ ᠭᠡᠵᠡᠢ᠃ 《ᠸᠢᠷᠦ᠋ᠰ᠎ᠲᠦ ᠤᠯᠤᠰ᠎ᠤᠨ ᠬᠢᠯᠢ ᠦᠭᠡᠢ᠂ ᠬᠢᠵᠢᠭ᠌᠎ᠦᠨ ᠪᠠᠢᠳᠠᠯ᠎ᠢ ᠰᠡᠷᠭᠡᠢᠯᠡᠨ ᠡᠵᠡᠮᠳᠡᠬᠦ ᠠᠵᠢᠯ ᠶᠠᠪᠤᠬᠤ ᠲᠤᠲᠤᠮ ᠨᠠᠷᠢᠯᠢᠭ᠋ ᠣᠨᠣᠪᠴᠢᠲᠠᠶ ᠪᠣᠯᠵᠤ ᠪᠠᠢᠨ᠎ᠠ᠂ ᠰᠡᠷᠭᠡᠢᠯᠡᠨ ᠡᠵᠡᠮᠳᠡᠬᠦ ᠲᠥᠷᠥ᠍᠎ᠶᠢᠨ ᠪᠣᠳᠣᠯᠭ᠎ᠠ ᠵᠢᠨ ᠲᠣᠬᠢᠷᠠᠭᠤᠯᠤᠯᠲᠠ᠎ᠶᠢ ᠳᠠᠭᠠᠯᠳᠤᠨ᠂ ᠶᠠᠪᠤᠵᠦ ᠰᠠᠭᠤᠬᠤ ᠬᠦᠮᠦᠰ ᠤᠯᠠᠳᠠᠵᠦ᠂ ᠸᠢᠷᠦ᠋ᠰ ᠴᠦ᠍ ᠡᠯ᠎ᠡ ᠭᠠᠵᠠᠷ᠎ᠲᠤ ᠬᠠᠯᠳᠠᠪᠤᠷᠢᠯᠠᠵᠤ ᠮᠡᠳᠡᠨ᠎ᠡ᠂ ᠡᠢᠮᠦ᠎ᠡᠴᠡ ᠶᠠᠭᠠᠬᠢᠭ᠍ᠰᠠᠨ ᠴᠤ᠌ ᠬᠠᠢᠨᠭᠭᠤᠳᠠᠵᠦ ᠪᠣᠯᠬᠤ ᠦᠭᠡᠢ᠃ ᠨᠠᠰᠤᠲᠠᠢᠴᠤᠳ᠎ᠤᠨ ᠸᠠᠺᠼᠢᠨ᠎ᠤ ᠲᠠᠷᠢᠯᠭ᠎ᠠ ᠲᠠᠷᠢᠬᠤ ᠪᠣᠯ ᠪᠦᠲᠦᠮᠵᠢᠲᠡᠶ ᠰᠡᠷᠭᠡᠢᠯᠡᠨ ᠡᠵᠡᠮᠳᠡᠬᠦ ᠠᠷᠭ᠎ᠠ ᠬᠡᠮᠵᠢᠶ᠎ᠡ ᠮᠥᠨ᠂ ᠪᠢᠳᠡ ᠣᠯᠠᠨ᠎ᠢᠶᠠᠷ᠎ᠢᠶᠠᠨ ᠰᠢᠨ᠎ᠡ ᠲᠢᠲᠢᠮᠯᠢᠭ᠌ ᠸᠢᠷᠦ᠋ᠰ᠎ᠦᠨ ᠸᠠᠺᠼᠢᠨ᠎ᠢ ᠰᠢᠨᠵᠢᠯᠡᠬᠦ ᠤᠬᠠᠭᠠᠨᠴᠢ᠂ ᠵᠥᠪ ᠲᠠᠨᠢᠵᠤ᠂ ᠢᠳᠡᠪᠬᠢᠲᠡᠢ ᠰᠠᠨᠠᠭᠠᠴᠢᠯᠠᠭ᠎ᠠ᠎ᠠᠴᠠ᠎ᠪᠠᠨ ᠳᠠᠷᠢᠵᠤ᠂ ᠥᠪᠡᠷ᠎ᠦᠨ ᠵᠢᠡᠨ ᠡᠷᠡᠭᠦᠯ ᠮᠡᠨᠳᠦ᠎ᠶᠢᠨ ᠬᠠᠮᠠᠭᠠᠯᠠᠭ᠍ᠴᠢ ᠪᠣᠯᠬᠤ᠎ᠪᠠᠷ ᠴᠢᠷᠮᠠᠢᠬᠤ ᠬᠡᠷᠡᠭᠲᠡᠢ》 ᠭᠡᠵᠦ ᠲᠢᠶᠠᠨ ᠰᠢᠶᠣᠣ ᠯᠢᠩ ᠬᠡᠯᠡᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃