2022-12-13 11:52:51
ᠬᠦᠬᠡᠬᠤᠳᠠ ᠵᠢᠨ ᠠᠷᠠᠳ ᠤ᠋ᠨ ᠪᠠᠢᠴᠠᠭᠠᠬᠤ ᠬᠤᠷᠢᠶ᠎ᠠ ᠡᠴᠨ ᠤᠢᠯᠠᠭᠠᠬᠰᠠᠨ ᠵᠢᠡᠷ᠂ 11 ᠰᠠᠷ᠎ᠠ ᠡᠴᠨ ᠨᠠᠭᠠᠰᠢ ᠂ ᠬᠥᠬᠡᠬᠣᠲᠠ ᠶ᠋ᠢᠨ ᠠᠷᠠᠳ ᠤ᠋ᠨ ᠪᠠᠢᠴᠠᠭᠠᠬᠤ ᠬᠣᠷᠢᠶᠠᠨ᠎ᠤ 《 ᠵᠤᠯᠠ 》 ᠨᠠᠰᠤᠨ ᠳ᠋ᠤ ᠦᠯᠦ ᠬᠦᠷᠦᠭᠰᠡᠳ ᠤ᠋ᠨ ᠪᠠᠢᠴᠠᠭᠠᠬᠤ ᠠᠵᠢᠯ ᠤ᠋ᠨ ᠪᠦᠯᠬᠦᠮ᠎ᠦᠨ ᠪᠠᠢᠴᠠᠭᠠᠬᠤ ᠲᠤᠱᠢᠶᠠᠯᠲᠠᠨ ᠨᠠᠷ ᠦᠳᠲᠡᠷ ᠲᠦᠷᠭᠡᠨ ᠬᠦᠳᠡᠯᠦᠯᠴᠡᠵᠦ᠂ ᠬᠢᠵᠢᠭ ᠤ᠋ᠨ ᠪᠠᠢᠳᠠᠯ ᠤ᠋ᠨ ᠬᠤᠭᠤᠴᠠᠭᠠᠨ ᠳ᠋ᠡᠬᠢ ᠵᠠᠯᠠᠭᠤᠴᠤᠳ ᠪᠠᠭᠠᠴᠤᠳ᠎ᠤᠨ ᠰᠡᠳᠭᠢᠴᠡ᠎ᠶ᠋ᠢᠨ ᠡᠷᠡᠬᠦᠯ ᠮᠡᠨᠳᠦ ᠵᠢ ᠬᠠᠯᠠᠮᠵᠢᠯᠠᠨ ᠬᠠᠮᠠᠭᠠᠯᠠᠬᠤ ᠠᠵᠢᠯᠯᠠᠭ᠎ᠠ ᠵᠢ ᠦᠷᠨᠢᠬᠦᠯᠪᠡ᠃ ᠲᠤᠰᠭᠠᠶ ᠠᠵᠢᠯᠯᠠᠭ᠎ᠠ᠎ᠶ᠋ᠢ ᠥᠷᠨᠢᠭᠦᠯᠦᠭ᠌ᠰᠡᠨ᠎ᠡᠴᠡ ᠨᠠᠭᠠᠰᠢ ᠂ ᠬᠥᠬᠡᠬᠣᠲᠠ᠎ᠶ᠋ᠢᠨ ᠬᠣᠶᠠᠷ ᠱᠠᠲᠤᠨ᠎ᠤ ᠪᠠᠢᠴᠠᠭᠠᠬᠤ ᠪᠠᠢᠭᠤᠯᠭ᠎ᠠ ᠴᠠᠭ ᠲᠤᠬᠠᠶ᠎ᠳᠤᠨᠢ ᠰᠤᠷᠭᠠᠨ ᠬᠥᠮᠦᠵᠢᠯ᠎ᠦᠨ ᠰᠠᠯᠠᠭ᠎ᠠ ᠮᠥᠴᠢᠷ᠎ᠲᠡᠶ ᠬᠠᠷᠢᠯᠴᠠᠵᠤ᠂ ᠬᠢᠵᠢᠭ ᠦᠨ ᠬᠤᠭᠤᠴᠠᠭᠠᠨ ᠳᠤ ᠨᠠᠰᠤᠨ᠎ᠳᠤ ᠥᠯᠥ᠍ ᠬᠦᠷᠦᠭ᠌ᠰᠡᠳ᠎ᠦᠨ ᠰᠡᠳᠭᠢᠴᠡ᠎ᠶ᠋ᠢᠨ ᠡᠷᠡᠭᠦᠯ ᠮᠡᠨᠳᠦ᠍᠎ᠶ᠋ᠢ ᠬᠠᠯᠠᠮᠵᠢᠯᠠᠬᠤ ᠲᠥᠰᠦᠯ ᠪᠤᠯᠤᠨ ᠠᠷᠭ᠎ᠠ ᠬᠡᠮᠵᠢᠶ᠎ᠡ ᠳᠤᠬᠳᠠᠭᠠᠨ ᠬᠡᠷᠡᠭᠵᠢᠬᠦᠯᠪᠡ᠃ ᠬᠦᠬᠡᠬᠣᠲᠠ᠎ᠶ᠋ᠢᠨ ᠠᠷᠠᠳ ᠤ᠋ᠨ ᠪᠠᠢᠴᠠᠭᠠᠬᠤ ᠪᠠᠢᠭᠤᠯᠭ᠎ᠠ ᠰᠡᠳᠭᠢᠴᠡ᠎ᠶ᠋ᠢᠨ ᠡᠷᠡᠭᠦᠯ ᠮᠡᠨᠳᠦ᠍᠎ᠶ᠋ᠢᠨ ᠬᠠᠮᠢᠶ᠎ᠠ ᠪᠥᠬᠥᠶ ᠰᠦᠯᠵᠢᠶᠡᠨ ᠳᠡᠭᠡᠷᠡᠬᠢ ᠲᠠᠢᠯᠤᠮᠵᠢ᠎ᠶ᠋ᠢ ᠨᠡᠢᠲᠡ 5 ᠳᠠᠯᠠᠪᠠᠢ ᠥᠷᠨᠢᠭᠦᠯᠵᠦ᠍ ᠂ ᠰᠢᠭᠤᠳ ᠨᠡᠪᠳᠡᠷᠡᠬᠦᠯᠬᠡ ᠵᠢ 4 ᠲᠦᠮᠡᠨ ᠬᠥᠮᠦᠨ ᠤᠳᠠᠭ᠎ᠠ ᠰᠤᠨᠢᠷᠬᠠᠨ ᠦᠵᠡᠪᠡ᠃
ᠬᠢᠵᠢᠭ ᠦᠨ ᠪᠠᠢᠳᠠᠯ ᠤᠨ ᠬᠤᠭᠤᠴᠠᠭᠠᠨ ᠳᠤ᠂ ᠵᠠᠯᠠᠭᠤᠴᠤᠳ ᠪᠠᠭᠠᠴᠤᠳ᠎ᠤᠨ ᠥᠪᠡᠷ᠎ᠢ᠎ᠪᠡᠨ ᠬᠠᠮᠠᠭᠠᠯᠠᠬᠤ ᠪᠠ ᠵᠥᠪ ᠪᠤᠷᠤᠭᠤ᠎ᠶ᠋ᠢ ᠢᠯᠭᠠᠨ ᠲᠠᠨᠢᠬᠤ ᠴᠢᠳᠠᠪᠤᠷᠢ᠎ᠶ᠋ᠢ ᠤᠯᠠᠮ ᠴᠢᠩᠭᠠᠳᠭᠠᠬᠤ᠎ᠶ᠋ᠢᠨ ᠲᠤᠯᠠᠳᠠ᠂ 《ᠵᠤᠯᠠ》 ᠨᠠᠰᠤᠨ ᠳ᠋ᠤ ᠦᠯᠦ ᠬᠦᠷᠦᠭᠰᠡᠳ ᠤ᠋ᠨ ᠪᠠᠢᠴᠠᠭᠠᠬᠤ ᠠᠵᠢᠯ ᠤ᠋ᠨ ᠪᠦᠯᠬᠦᠮ᠎ᠦᠨ ᠪᠠᠢᠴᠠᠭᠠᠬᠤ ᠲᠤᠱᠢᠶᠠᠯᠲᠠᠳ ᠨᠠᠰᠤᠨ᠎ᠳᠤ ᠥᠯᠥ᠍ ᠭᠦᠷᠦᠭ᠌ᠰᠡᠳ᠎ᠦᠨ ᠬᠠᠤᠯᠢ ᠲᠦᠭᠡᠮᠡᠯᠵᠢᠭᠦᠯᠬᠦ᠌ ᠬᠥᠮᠦᠵᠢᠯ᠎ᠦᠨ ᠬᠢᠴᠢᠶᠡᠯ᠎ᠢ ᠰᠦᠯᠵᠢᠶᠡᠨ ᠳᠡᠭᠡᠷ᠎ᠡ ᠭᠠᠷᠭᠠᠵᠤ ᠂ ᠳᠣᠲᠣᠭᠠᠳᠤ᠎ᠶ᠋ᠢ ᠬᠠᠮᠠᠭᠠᠯᠠᠬᠤ ᠂ ᠪᠠᠢᠴᠠᠭᠠᠬᠤ ᠂ ᠱᠢᠭᠦᠬᠦ᠌ ᠂ ᠬᠠᠤᠯᠢ ᠴᠠᠭᠠᠵᠠ ᠵᠡᠷᠭᠡ ᠣᠯᠠᠨ ᠲᠠᠯ᠎ᠠ᠎ᠶ᠋ᠢᠨ ᠬᠦᠴᠦᠨ᠎ᠢᠶᠡᠷ ᠪᠦᠷᠢᠯᠳᠦᠭ᠌ᠰᠡᠨ ᠬᠠᠤᠯᠢᠵᠢᠯ ᠤ᠋ᠨ ᠳᠡᠳ᠋ ᠵᠠᠬᠢᠷᠤᠯ᠎ᠤᠨ ᠤᠬᠠᠭᠤᠯᠤᠨ ᠲᠠᠢᠯᠪᠤᠷᠢᠯᠠᠬᠤ ᠪᠦᠯᠬᠦᠮ᠎ᠢ ᠵᠣᠬᠢᠴᠠᠭᠤᠯᠵᠤ ᠂ ᠸᠢᠳᠢᠣ᠋ᠬᠤᠷᠠᠯ ᠪᠤᠶᠤ ᠬᠠᠤᠯᠢ ᠲᠦᠭᠡᠮᠡᠯᠵᠢᠭᠦᠯᠬᠦ᠌ ᠸᠢᠳᠢᠣ᠋ ᠱᠢᠩᠭᠡᠭᠡᠨ ᠦᠶ᠋ᠯᠡᠳᠬᠦ᠌ ᠬᠡᠯᠪᠡᠷᠢ᠎ᠪᠡᠷ ᠬᠡᠷ᠎ᠲᠡᠬᠡᠨ ᠰᠦᠯᠵᠢᠶᠡᠨ ᠳᠡᠭᠡᠷ᠎ᠡ ᠬᠢᠴᠢᠶᠡᠯ ᠣᠷᠣᠵᠤ ᠪᠠᠢᠭ᠎ᠠ ᠵᠠᠯᠠᠭᠤᠴᠤᠳ ᠪᠠᠭᠠᠴᠤᠳ᠎ᠲᠤ ᠬᠠᠤᠯᠢ ᠲᠦᠭᠡᠮᠡᠯᠵᠢᠭᠦᠯᠬᠦ᠌ ᠤᠬᠠᠭᠤᠯᠭ᠎ᠠ ᠦᠷᠨᠢᠬᠦᠯᠵᠦ ᠂ ᠵᠠᠯᠠᠭᠤᠴᠤᠳ ᠪᠠᠭᠠᠴᠤᠳ᠎ᠤᠨ ᠬᠠᠤᠯᠢᠵᠢᠯ ᠤ᠋ᠨ ᠤᠬᠠᠭᠤᠯᠭ᠎ᠠ ᠬᠥᠮᠦᠵᠢᠯ᠎ᠢ ᠬᠢᠵᠢᠭ᠎ᠦᠨ ᠪᠠᠢᠳᠠᠯ ᠡᠴᠨ ᠪᠣᠯᠵᠣ ᠲᠠᠰᠤᠯᠳᠠᠭᠤᠯᠬᠤ ᠥᠬᠡᠶ ᠪᠠᠢᠬᠤ ᠶ᠋ᠢ ᠪᠠᠲᠤᠯᠠᠪᠠ᠃
ᠤᠢᠯᠠᠭᠠᠬᠰᠠᠨ ᠵᠢᠡᠷ᠂ ᠬᠥᠬᠡᠬᠣᠲᠠ᠎ᠶ᠋ᠢᠨ ᠠᠷᠠᠳ ᠤ᠋ᠨ ᠪᠠᠢᠴᠠᠭᠠᠬᠤ ᠬᠣᠷᠢᠶ᠎ᠠ ᠬᠠᠪᠰᠤᠷᠤᠨ ᠬᠥᠮᠦᠵᠢᠭᠦᠯᠬᠦ᠌ ᠲᠥᠯᠥᠪᠯᠡᠭᠡ᠎ᠳᠦ ᠲᠣᠬᠢᠷᠠᠭᠤᠯᠤᠯᠲᠠ ᠬᠢᠵᠦ᠍ ᠂ ᠲᠥᠪᠯᠡᠷᠡᠭᠦᠯᠦᠨ ᠰᠤᠷᠤᠯᠴᠠᠭᠤᠯᠬᠤ᠂ ᠨᠡᠢᠲᠡ᠎ᠶ᠋ᠢᠨ ᠠᠰᠠᠷᠠᠮᠵᠢ᠎ᠶ᠋ᠢᠨ ᠬᠥᠳᠡᠯᠮᠦᠷᠢ ᠬᠢᠬᠦ ᠵᠢ ᠰᠦᠯᠵᠢᠶᠡᠨ ᠳᠡᠭᠡᠷ᠎ᠡ ᠦᠵᠡᠯ ᠰᠠᠨᠠᠭᠠᠨ ᠤ ᠬᠠᠷᠢᠭᠤ ᠮᠡᠳᠡᠭᠦᠯᠦᠯᠲᠡ ᠬᠢᠬᠦ᠂ ᠬᠠᠪᠰᠤᠷᠤᠨ ᠬᠥᠮᠦᠵᠢᠭᠦᠯᠦᠭ᠌ᠳᠡᠭ᠌ᠴᠢᠶ᠋ᠢᠨ ᠡᠳᠦᠷ ᠲᠤᠲᠤᠮ᠎ᠤᠨ ᠢᠯᠡᠷᠡᠯ ᠪᠤᠯᠤᠨ ᠬᠡᠷ ᠤ᠋ᠨ ᠠᠬᠠᠮᠠᠳ ᠤ᠋ᠨ ᠬᠢᠨᠢ ᠬᠢᠨᠠᠨ ᠬᠠᠮᠢᠶᠠᠷᠴᠤ ᠪᠠᠢᠭ᠎ᠠ ᠪᠠᠢᠳᠠᠯ ᠢ᠋ ᠸᠢᠳᠢᠣ᠋᠎ᠪᠠᠷ ᠣᠢᠯᠠᠭᠠᠬᠤ ᠪᠤᠯᠭᠠᠨ ᠦᠬᠡᠷᠡᠴᠢᠯᠡᠵᠦ᠂ ᠰᠡᠳᠬᠢᠴᠡ ᠵᠢᠨ ᠬᠦᠳᠦᠯᠦᠨ ᠵᠢᠯᠤᠭᠤᠳᠤᠯᠭ᠎ᠠ᠂ ᠬᠠᠤᠯᠢ ᠴᠠᠭᠠᠵᠠ ᠵᠢᠨ ᠤᠬᠠᠭᠤᠯᠤᠨ ᠲᠠᠢᠯᠪᠤᠷᠢᠯᠠᠯᠳᠠ ᠪᠤᠯᠤᠨ ᠬᠡᠷ ᠪᠦᠯᠢ ᠵᠢᠨ ᠰᠤᠷᠭᠠᠨ ᠬᠦᠮᠦᠵᠢᠯ ᠤ᠋ᠨ ᠵᠢᠭᠠᠨ ᠵᠢᠯᠤᠭᠤᠳᠤᠯᠭ᠎ᠠ ᠵᠢ ᠴᠢᠩᠭᠠᠳᠬᠠᠬᠰᠠᠨ ᠪᠠᠢᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠠᠨᠠᠷ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃