ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠮᠡᠳᠡᠭᠡᠯᠡᠯ

2022-12-13 18:03:11

ᠵᠣᠬᠢᠶᠠᠭ᠍ᠴᠢ᠄ ᠴᠠᠢ ᠰᠧ ᠶᠤᠸᠠᠨ ᠣᠩᠱᠢᠭ᠍ᠰᠠᠨ ᠣᠳᠠᠭ᠎ᠠ᠄ 3

— ᠥᠪᠡᠷᠲᠡᠭᠡᠨ ᠵᠠᠰᠠᠬᠤ ᠣᠷᠣᠨ ᠤ᠋ ᠶᠡᠷᠦᠩᠬᠡᠢᠯᠡᠭ᠌ᠰᠡᠨ ᠡᠪᠡᠳᠴᠢᠨ ᠡᠮᠭᠡᠭ ᠢ᠋ ᠰᠡᠷᠭᠡᠢᠯᠡᠨ ᠡᠵᠡᠮᠳᠡᠬᠦ᠌ ᠲᠥᠪ ᠤ᠋ᠨ ᠡᠭᠡᠯᠢᠯᠡᠭᠡ ᠵᠢᠨ ᠲᠥᠯᠥᠪᠵᠢᠭᠦᠯᠭᠡ ᠵᠢᠨ ᠭᠠᠵᠠᠷ ᠤ᠋ᠨ ᠬᠠᠷᠢᠭᠤᠴᠠᠯᠭᠠᠲᠠᠨ ᠲᠢᠶᠠᠨ ᠱᠢᠶᠣᠤ ᠯᠢᠩ ᠢ᠋ ᠰᠤᠷᠪᠤᠯᠵᠢᠯᠠᠭᠰᠠᠨ ᠨᠢ

ᠲᠦᠷᠦᠭᠦᠬᠡᠨ ᠂ ᠲᠥᠷᠥ ᠵᠢᠨ ᠶᠠᠪᠤᠳᠠᠯ ᠤ᠋ᠨ ᠬᠣᠷᠢᠶᠠᠨ ᠤ᠋ ᠬᠤᠯᠪᠤᠭᠠᠯᠠᠨ ᠰᠡᠷᠭᠡᠢᠯᠡᠵᠦ᠍ ᠬᠤᠯᠪᠤᠭᠠᠯᠠᠨ ᠡᠵᠡᠮᠳᠡᠬᠦ᠌ ᠲᠣᠭ᠍ᠲᠠᠴᠠ ᠵᠢᠨ ᠶᠡᠷᠦᠩᠬᠡᠢᠯᠡᠭᠰᠡᠨ ᠳᠤᠭᠤᠢᠯᠠᠩ 《 ᠱᠢᠨ᠎ᠡ ᠲᠢᠲᠢᠮᠯᠢᠭ ᠠᠭᠤᠰᠭᠢᠨ ᠦᠷᠪᠢᠰᠦᠯ ᠤ᠋ᠨ ᠬᠢᠵᠢᠭ ᠤ᠋ᠨ ᠪᠠᠢᠳᠠᠯ ᠢ᠋ ᠰᠡᠷᠭᠡᠢᠯᠡᠨ ᠡᠵᠡᠮᠳᠡᠬᠦ᠌ ᠠᠷᠭ᠎ᠠ ᠬᠡᠮᠵᠢᠶ᠎ᠡ ᠵᠢ ᠤᠯᠠᠮ ᠨᠢᠭᠡ ᠠᠯᠬᠤᠮ ᠱᠢᠯᠢᠳᠡᠭ᠌ᠵᠢᠭᠦᠯᠦᠨ ᠨᠠᠢᠳᠠᠪᠤᠷᠢᠵᠢᠭᠤᠯᠬᠤ ᠲᠤᠬᠠᠶ ᠮᠡᠳᠡᠭ᠌ᠳᠡᠯ 》 ᠢ᠋ ᠨᠡᠢᠲᠡᠯᠡᠵᠦ᠍ ᠂ ᠨᠠᠰᠤᠲᠠᠢᠴᠤᠳ ᠤ᠋ᠨ ᠱᠢᠨ᠎ᠡ ᠲᠢᠲᠢᠮᠯᠢᠭ ᠠᠭᠤᠰᠬᠢᠨ ᠦᠷᠪᠢᠰᠦᠯ ᠤ᠋ᠨ ᠸᠠᠺᠼᠢᠨ᠎ᠤ ᠲᠠᠷᠢᠯᠭ᠎ᠠ᠎ᠵᠢᠨ ᠠᠵᠢᠯ᠎ᠢ ᠲᠦᠷᠭᠡᠳᠭᠡᠨ ᠠᠬᠢᠭᠤᠯᠬᠤ ᠬᠡᠷᠡᠭ᠌ᠲᠡᠶ ᠭᠡᠵᠦ᠍ ᠴᠢᠬᠤᠯᠠᠴᠢᠯᠠᠪᠠ ᠃ ᠣᠳᠣᠬᠠᠨ᠎ᠳᠤ᠂ ᠮᠠᠨ ᠤ᠋ ᠣᠷᠣᠨ ᠤ᠋ ᠨᠠᠰᠤᠲᠠᠢᠴᠤᠳ ᠤ᠋ᠨ ᠲᠠᠷᠢᠯᠭ᠎ᠠ ᠲᠠᠷᠢᠭᠰᠠᠨ ᠪᠠᠢᠳᠠᠯ ᠶᠠᠮᠠᠷᠰᠢᠤ ᠪᠠᠢᠬᠤ ᠂ ᠨᠠᠰᠤᠲᠠᠢᠴᠤᠳ ᠤ᠋ᠨ ᠸᠠᠺᠼᠢᠨ ᠤ᠋ ᠲᠠᠷᠢᠯᠭ᠎ᠠ ᠵᠢ ᠬᠡᠷᠬᠢᠨ ᠲᠦᠷᠭᠡᠳᠭᠡᠨ ᠠᠬᠢᠭᠤᠯᠬᠤ ᠂ ᠨᠠᠰᠤᠲᠠᠢᠴᠤᠳ ᠠᠷᠬᠠᠭ ᠡᠪᠡᠳᠴᠢᠨ᠎ᠲᠠᠢ ᠪᠤᠯ ᠱᠢᠨ᠎ᠡ ᠲᠢᠲᠢᠮᠯᠢᠭ ᠠᠭᠤᠰᠬᠢᠨ ᠦᠷᠪᠢᠰᠦᠯ ᠤ᠋ᠨ ᠸᠠᠺᠼᠢᠨ᠎ᠤ ᠲᠠᠷᠢᠯᠭ᠎ᠠ ᠲᠠᠷᠢᠵᠦ ᠳᠡᠢᠯᠬᠦ᠌ ᠡᠰᠡᠬᠦ᠌ ᠲᠤᠬᠠᠢ ᠥᠪᠡᠷᠲᠡᠭᠡᠨ ᠵᠠᠰᠠᠬᠤ ᠣᠷᠣᠨ ᠤ᠋ ᠶᠡᠷᠦᠩᠬᠡᠢᠯᠡᠭ᠌ᠰᠡᠨ ᠡᠪᠡᠳᠴᠢᠨ ᠡᠮᠭᠡᠭ ᠢ᠋ ᠰᠡᠷᠭᠡᠢᠯᠡᠨ ᠡᠵᠡᠮᠳᠡᠬᠦ᠌ ᠲᠥᠪ ᠤ᠋ᠨ ᠡᠭᠡᠯᠢᠯᠡᠭᠡ ᠵᠢᠨ ᠲᠥᠯᠥᠪᠵᠢᠭᠦᠯᠭᠡ ᠵᠢᠨ ᠭᠠᠵᠠᠷ ᠤ᠋ᠨ ᠬᠠᠷᠢᠭᠤᠴᠠᠯᠭᠠᠲᠠᠨ ᠲᠢᠶᠠᠨ ᠱᠢᠶᠤᠤ ᠯᠢᠩ ᠲᠠᠢᠯᠪᠤᠷᠢᠯᠠᠯᠳᠠ ᠬᠢᠪᠠ᠃

ᠲᠢᠶᠠᠨ ᠱᠢᠶᠤᠤ ᠯᠢᠩ ᠂ ᠲᠦᠷᠦ᠍ ᠵᠢᠨ ᠶᠠᠪᠤᠳᠠᠯ ᠤ᠋ᠨ ᠬᠣᠷᠢᠶᠠᠨ ᠤ᠋ ᠬᠣᠯᠪᠣᠭᠠᠯᠠᠨ ᠰᠡᠷᠭᠡᠢᠯᠡᠵᠦ᠍ ᠬᠣᠯᠪᠣᠭᠠᠯᠠᠨ ᠡᠵᠡᠮᠳᠡᠬᠦ᠌ ᠲᠣᠭ᠍ᠲᠠᠴᠠ 《 60 ᠨᠠᠰᠤᠨ ᠡᠴᠡ ᠳᠡᠭᠡᠭ᠌ᠰᠢᠬᠢ ᠨᠠᠰᠤᠲᠠᠢᠴᠤᠳ ᠤ᠋ᠨ ᠱᠢᠨ᠎ᠡ ᠲᠢᠲᠢᠮᠯᠢᠭ ᠠᠭᠤᠰᠬᠢᠨ ᠦᠷᠪᠢᠰᠦᠯ ᠤ᠋ᠨ ᠸᠠᠺᠼᠢᠨ ᠤ᠋ ᠲᠠᠷᠢᠯᠭ᠎ᠠ ᠵᠢᠨ ᠠᠵᠢᠯ ᠢ᠋ ᠲᠦᠷᠭᠡᠳᠭᠡᠨ ᠠᠬᠢᠭᠤᠯᠬᠤ ᠲᠥᠰᠦᠯ 》 ᠢ᠋ ᠳᠠᠷᠤᠮᠠᠯᠯᠠᠨ ᠲᠠᠷᠬᠠᠭᠠᠭ᠍ᠰᠠᠨ ᠤ᠋ ᠳᠠᠷᠠᠭ᠎ᠠ ᠂ ᠸᠠᠺᠼᠢᠨ ᠤ᠋ ᠲᠠᠷᠢᠯᠭ᠎ᠠ ᠵᠢᠨ ᠠᠵᠢᠯ ᠤ᠋ᠨ ᠤᠳᠤᠷᠢᠳᠭᠤ ᠳᠤᠭᠤᠢᠯᠠᠩ ᠶᠠᠭᠤᠨ᠎ᠤ ᠤᠷᠢᠳ ᠮᠠᠨ ᠤ᠋ ᠣᠷᠣᠨ ᠤ᠋ ᠪᠣᠳᠠᠲᠤ ᠪᠠᠢᠳᠠᠯ᠎ᠳᠤ ᠴᠢᠭ᠌ᠯᠡᠭᠦᠯᠦᠨ ᠂ ᠪᠦᠬᠦ᠌ ᠣᠷᠣᠨ ᠤ᠋ 60 ᠨᠠᠰᠤᠨ ᠡᠴᠡ ᠳᠡᠭᠡᠭ᠌ᠰᠢᠬᠢ ᠨᠠᠰᠤᠲᠠᠢᠴᠤᠳ ᠤ᠋ᠨ ᠱᠢᠨ᠎ᠡ ᠲᠢᠲᠢᠮᠯᠢᠭ ᠠᠭᠤᠰᠬᠢᠨ ᠦᠷᠪᠢᠰᠦᠯ ᠤ᠋ᠨ ᠸᠠᠺᠼᠢᠨ ᠤ᠋ ᠠᠵᠢᠯ ᠤ᠋ᠨ ᠲᠥᠰᠦᠯ ᠢ᠋ ᠲᠣᠭ᠍ᠲᠠᠭᠠᠪᠠ ᠃ ᠡᠯ᠎ᠡ ᠭᠠᠵᠠᠷ ᠤ᠋ᠨ᠎ᠬᠢᠨ ᠳ᠋ᠠᠢᠲ᠋ᠠ ᠵᠢᠨ ᠠᠷᠭ᠎ᠠ ᠪᠠᠷᠢᠯ ᠂ ᠡᠷᠦᠬᠡ ᠳ᠋ᠦ ᠬᠦᠨᠵᠡᠬᠡᠢᠷᠡᠬᠦ ᠵᠡᠷᠭᠡ ᠣᠯᠠᠨ ᠵᠦᠶ᠋ᠯ ᠤ᠋ᠨ ᠠᠷᠭ᠎ᠠ ᠬᠡᠯᠪᠡᠷᠢ ᠵᠢ ᠠᠱᠢᠭ᠍ᠯᠠᠨ ᠨᠠᠷᠢᠨ ᠣᠨᠣᠴᠠᠳᠠᠢ᠎ᠪᠠᠷ ᠪᠠᠢᠳᠠᠯ ᠢ᠋ ᠣᠢᠯᠠᠭᠠᠵᠤ ᠂ ᠳᠠᠷᠢᠬᠤ ᠶᠣᠰᠣᠲᠠᠶ ᠪᠣᠯᠪᠠᠴᠤ᠌ ᠳᠠᠷᠢᠭ᠍ᠰᠠᠨ ᠥᠬᠡᠶ ᠬᠥᠮᠦᠰ ᠤ᠋ᠨ ᠲᠠᠩᠰᠠ ᠵᠢ ᠪᠠᠢᠭᠤᠯᠵᠤ ᠂ ᠢᠯᠠᠩᠭᠤᠶ᠎ᠠ ᠠᠷᠬᠠᠭ ᠡᠪᠡᠳᠴᠢᠨ᠎ᠲᠡᠶ ᠨᠠᠰᠤᠲᠠᠢᠴᠤᠳ ᠤ᠋ᠨ ᠡᠷᠡᠭᠦᠯ ᠮᠡᠨᠳᠦ᠍ ᠵᠢᠨ ᠪᠠᠢᠳᠠᠯ᠎ᠳᠤ ᠪᠥᠬᠥ᠌ ᠲᠠᠯ᠎ᠠ ᠵᠢᠨ ᠦᠨᠡᠯᠡᠯᠲᠡ ᠬᠢᠬᠦ᠌ ᠬᠡᠷᠡᠭ᠌ᠲᠡᠶ ᠭᠡᠵᠦ᠍ ᠱᠠᠭᠠᠷᠳᠠᠪᠠ ᠃ ᠡᠭᠦᠨ᠎ᠦ ᠬᠠᠮᠲᠤ ᠪᠠᠰᠠ ᠡᠯ᠎ᠡ ᠭᠠᠵᠠᠷ ᠤ᠋ᠨ᠎ᠬᠢᠨ ᠸᠠᠺᠼᠢᠨ ᠤ᠋ ᠲᠠᠷᠢᠯᠭ᠎ᠠ ᠲᠠᠷᠢᠬᠤ ᠠᠵᠢᠯ ᠢ᠋ ᠲᠦᠷᠭᠡᠬᠡᠨ ᠰᠡᠷᠭᠦᠭᠡᠵᠦ᠍ ᠂ ᠨᠠᠰᠤᠲᠠᠢᠴᠤᠳ ᠤ᠋ᠨ ᠱᠢᠨ᠎ᠡ ᠲᠢᠲᠢᠮᠯᠢᠭ ᠠᠭᠤᠰᠬᠢᠨ ᠦᠷᠪᠢᠰᠦᠯ ᠤ᠋ᠨ ᠸᠠᠺᠼᠢᠨ ᠤ᠋ ᠲᠠᠷᠢᠯᠭ᠎ᠠ ᠲᠠᠷᠢᠬᠤ ᠠᠵᠢᠯ ᠢ᠋ ᠡᠷᠲᠡᠬᠡᠨ ᠰᠡᠷᠭᠦᠭᠡᠬᠦ᠌ ᠬᠡᠷᠡᠭ᠌ᠲᠡᠶ ᠭᠡᠵᠦ᠍ ᠱᠠᠭᠠᠷᠳᠠᠪᠠ ᠃ ᠣᠳᠣᠬᠠᠨ᠎ᠳᠤ ᠂ ᠨᠠᠰᠤᠲᠠᠢᠴᠤᠳ ᠤ᠋ᠨ ᠱᠢᠨ᠎ᠡ ᠲᠢᠲᠢᠮᠯᠢᠭ ᠠᠭᠤᠰᠬᠢᠨ ᠦᠷᠪᠢᠰᠦᠯ ᠤ᠋ᠨ ᠸᠠᠺᠼᠢᠨ ᠤ᠋ ᠲᠠᠷᠢᠯᠭ᠎ᠠ ᠲᠠᠷᠢᠬᠤ ᠦᠶ᠋ᠯᠡᠴᠢᠯᠡᠭᠡᠨ᠎ᠦ ᠠᠷᠭ᠎ᠠ ᠬᠡᠯᠪᠡᠷᠢ ᠵᠢ ᠦᠷᠭᠦᠯᠵᠢᠯᠡᠨ ᠱᠢᠯᠢᠳᠡᠭ᠌ᠵᠢᠭᠦᠯᠪᠡ ᠂ ᠵᠢᠱ᠌ᠢᠶᠡᠯᠡᠪᠡᠯ ᠡᠯ᠎ᠡ ᠭᠠᠵᠠᠷ ᠤ᠋ᠨ᠎ᠬᠢᠨ ᠨᠠᠰᠤᠲᠠᠢᠴᠤᠳ ᠤ᠋ᠨ ᠲᠠᠷᠢᠯᠭ᠎ᠠ ᠲᠠᠷᠢᠬᠤ ᠰᠠᠭᠠᠳ ᠥᠬᠡᠶ ᠨᠡᠪᠲᠡᠷᠡᠬᠦ᠌ ᠵᠠᠮ ᠢ᠋ ᠪᠠᠢᠭᠤᠯᠬᠤ ᠬᠡᠷᠡᠭ᠌ᠲᠡᠶ ᠭᠡᠵᠦ᠍ ᠱᠠᠭᠠᠷᠳᠠᠪᠠ ; ᠨᠠᠰᠤᠲᠠᠢᠴᠤᠳ ᠨᠡᠯᠢᠶᠡᠳ ᠲᠥᠪᠯᠡᠷᠡᠭ᠌ᠰᠡᠨ ᠨᠢᠭᠡᠴᠡ ᠳ᠋ᠦ ᠬᠦᠷᠴᠦ ᠲᠠᠷᠢᠯᠭ᠎ᠠ ᠲᠠᠷᠢᠬᠤ ᠦᠶ᠋ᠯᠡᠴᠢᠯᠡᠭᠡ ᠬᠠᠩᠭᠠᠪᠠ; ᠬᠥᠳᠡᠯᠵᠦ᠍ ᠪᠠᠷᠢᠬᠤ᠎ᠳᠤ ᠳᠥᠭᠥᠮ ᠦᠭᠡᠢ ᠬᠠᠭᠠᠰ ᠴᠢᠳᠠᠪᠤᠷᠢ ᠪᠡᠨ ᠠᠯᠳᠠᠭ᠍ᠰᠠᠨ ᠪᠤᠶᠤ ᠴᠢᠳᠠᠪᠤᠷᠢ ᠪᠡᠨ ᠠᠯᠳᠠᠭ᠍ᠰᠠᠨ ᠨᠠᠰᠤᠲᠠᠨ᠎ᠳᠤ ᠴᠢᠭ᠌ᠯᠡᠭᠦᠯᠦᠨ ᠂ ᠲᠤᠷᠱᠢᠯᠭ᠎ᠠ᠎ᠲᠠᠶ ᠡᠮᠴᠢᠯᠡᠭᠡᠨ᠎ᠦ ᠡᠮᠴᠢ ᠪᠣᠯᠤᠨ ᠲᠠᠷᠢᠯᠭ᠎ᠠ ᠵᠢᠨ ᠡᠮᠴᠢ ᠵᠢ ᠵᠣᠬᠢᠶᠠᠨ ᠪᠠᠢᠭᠤᠯᠵᠤ ᠂ ᠲᠦᠷᠭᠡᠨ ᠠᠪᠤᠷᠠᠯᠳᠠ᠎ᠵᠢᠨ ᠡᠮ ᠪᠠ ᠲᠥᠬᠥᠭᠡᠷᠦᠮᠵᠢ ᠠᠪᠴᠤ᠌ ᠡᠷᠦᠬᠡ ᠳ᠋ᠦ ᠣᠷᠣᠵᠤ ᠲᠠᠷᠢᠯᠭ᠎ᠠ ᠲᠠᠷᠢᠨ᠎ᠠ ; 60 ᠨᠠᠰᠤᠨ ᠡᠴᠡ ᠳᠡᠭᠡᠭ᠌ᠰᠢᠬᠢ ᠨᠠᠰᠤᠲᠠᠢᠴᠤᠳ ᠸᠠᠺᠼᠢᠨ ᠤ᠋ ᠲᠠᠷᠢᠯᠭ᠎ᠠ ᠲᠠᠷᠢᠭᠰᠠᠨ᠎ᠦ ᠳᠠᠷᠠᠭ᠎ᠠ ᠂ ᠨᠡᠢᠭᠡᠮ ᠲᠣᠭᠣᠷᠢᠭ᠎ᠤᠨ ᠬᠢᠨ 48 ᠴᠠᠭ ᠤ᠋ᠨ ᠬᠠᠷᠢᠭᠤ ᠰᠤᠷᠪᠤᠯᠵᠢᠯᠠᠬᠤ ᠠᠵᠢᠯ ᠥᠷᠨᠢᠭᠦᠯᠵᠦ᠍ ᠂ ᠡᠷᠡᠭᠦᠯ ᠪᠤᠰᠤ ᠲᠤᠰᠭᠠᠯ ᠭᠠᠷᠪᠠᠯ ᠳᠠᠷᠤᠶ ᠲᠦᠷᠭᠡᠨ ᠬᠠᠨᠳᠤᠯᠭᠠᠲᠤ ᠴᠢᠨᠠᠷᠲᠠᠶ ᠡᠮᠴᠢᠯᠡᠭᠡ ᠬᠢᠬᠦ᠌ ᠬᠡᠷᠡᠭ᠌ᠲᠡᠶ ᠭᠡᠵᠦ᠍ ᠱᠠᠭᠠᠷᠳᠠᠵᠠᠢ ᠭᠡᠪᠡ ᠃

ᠲᠢᠶᠠᠨ ᠱᠢᠶᠤᠤ ᠯᠢᠩ ᠂ ᠨᠠᠰᠤᠲᠠᠢᠴᠤᠳ ᠤ᠋ᠨ ᠸᠠᠺᠼᠢᠨ ᠤ᠋ ᠲᠠᠷᠢᠯᠭ᠎ᠠ ᠵᠢᠨ ᠠᠵᠢᠯ ᠢ᠋ ᠠᠬᠢᠭᠤᠯᠬᠤ ᠵᠢᠨ ᠬᠠᠮᠲᠤ ᠂ ᠡᠯ᠎ᠡ ᠭᠠᠵᠠᠷ ᠤ᠋ᠨ᠎ᠬᠢᠨ ᠴᠦ᠍ ᠱᠠᠲᠤ ᠳᠠᠷᠠᠭᠠᠯᠠᠨ ᠪᠣᠯᠪᠠᠰᠤᠷᠠᠯ ᠦᠷᠨᠢᠬᠦᠯᠵᠦ ᠂ ᠲᠠᠷᠢᠯᠭ᠎ᠠ ᠵᠢᠨ ᠴᠡᠬᠡᠷ ᠢ᠋ ᠣᠨᠣᠪᠴᠢᠲᠠᠶ ᠡᠵᠡᠮᠳᠡᠬᠦ᠌ ᠬᠡᠷᠡᠭ᠌ᠲᠡᠶ ᠭᠡᠵᠦ ᠴᠢᠬᠤᠯᠠᠴᠢᠯᠠᠪᠠ ᠃ ᠲᠡᠷᠡ ᠄ 《 ᠥᠩᠭᠡᠷᠡᠭ᠌ᠰᠡᠨ ᠳ᠋ᠦ ᠸᠠᠺᠼᠢᠨ᠎ᠤ ᠲᠠᠷᠢᠯᠭ᠎ᠠ ᠳᠠᠷᠢᠬᠤ ᠦᠶ᠎ᠡ ᠳ᠋ᠦ ᠬᠦᠨᠳᠦ ᠨᠣᠴᠢᠲᠠᠶ ᠬᠠᠷᠱᠢᠮᠠᠲᠠᠭᠠᠶ ᠤᠷᠪᠠᠯ ᠭᠠᠷᠴᠤ᠌ ᠥᠩᠭᠡᠷᠡᠭ᠌ᠰᠡᠨ ᠂ ᠲᠦᠷᠭᠡᠨ ᠴᠢᠨᠠᠷᠲᠠᠶ ᠬᠠᠯᠳᠠᠪᠤᠷᠢᠯᠠᠯ ᠤ᠋ᠨ ᠴᠢᠨᠠᠷᠲᠠᠶ ᠡᠪᠡᠳᠴᠢᠨ ᠨᠢ ᠬᠠᠯᠠᠭᠤᠷᠠᠬᠤ ᠱᠠᠲᠤᠨ᠎ᠳᠤ ᠣᠷᠣᠱᠢᠵᠤ ᠂ ᠬᠦᠨᠳᠦ ᠨᠣᠴᠢᠲᠠᠶ ᠤᠳᠠᠭᠠᠨ ᠴᠢᠨᠠᠷᠳᠠᠢ ᠡᠪᠡᠳᠴᠢᠨ ᠨᠢ ᠲᠦᠷᠭᠡᠨ ᠴᠢᠨᠠᠷᠲᠠᠶ ᠬᠥᠳᠡᠯᠬᠦ᠌ ᠬᠤᠭᠤᠴᠠᠭᠠᠨ᠎ᠳᠤ ᠣᠷᠣᠱᠢᠵᠤ ᠂ ᠬᠦᠨᠳᠦ ᠨᠣᠴᠢᠲᠠᠶ ᠤᠳᠠᠭᠠᠨ ᠴᠢᠨᠠᠷᠳᠠᠢ ᠡᠪᠡᠳᠴᠢᠨ᠎ᠡᠴᠡ ᠪᠣᠯᠵᠣ ᠠᠮᠢ ᠨᠠᠰᠤ ᠨᠢ ᠡᠴᠦᠰ᠎ᠤᠨ ᠱᠠᠲᠤᠨ᠎ᠳᠤ ᠤᠷᠤᠭ᠍ᠰᠠᠨ ᠵᠡᠷᠭᠡ ᠨᠢ ᠴᠥᠮ ᠲᠠᠷᠢᠯᠭ᠎ᠠ ᠵᠢᠨ ᠴᠡᠭᠡᠷᠯᠡᠬᠦ᠌ ᠡᠪᠡᠳᠴᠢᠨ᠎ᠳᠦ ᠪᠠᠭᠳᠠᠨ᠎ᠠ 》 ᠭᠡᠪᠡ ᠃

ᠲᠢᠶᠠᠨ ᠱᠢᠶᠤᠤ ᠯᠢᠩ ᠂ ᠨᠠᠰᠤᠲᠠᠢᠴᠤᠳ ᠱᠢᠨ᠎ᠡ ᠲᠢᠲᠢᠮᠯᠢᠭ ᠠᠭᠤᠰᠬᠢᠨ ᠦᠷᠪᠢᠰᠦᠯ ᠤ᠋ᠨ ᠸᠠᠺᠼᠢᠨ ᠤ᠋ ᠲᠠᠷᠢᠯᠭ᠎ᠠ ᠲᠠᠷᠢᠬᠤ ᠪᠤᠯ ᠮᠠᠰᠢ ᠴᠢᠬᠤᠯᠠ ᠶᠤᠮ ᠂ ᠬᠡᠷᠪᠡ ᠴᠠᠭ ᠲᠤᠬᠠᠶ᠎ᠳᠤᠨᠢ ᠸᠠᠺᠼᠢᠨ ᠤ᠋ ᠲᠠᠷᠢᠯᠭ᠎ᠠ ᠲᠠᠷᠢᠬᠤ ᠥᠬᠡᠶ ᠪᠡᠷ ᠬᠠᠯᠳᠠᠪᠤᠷᠢᠯᠠᠭ᠍ᠳᠠᠪᠠᠯ ᠂ ᠬᠦᠨᠳᠦ ᠡᠪᠡᠳᠴᠢᠨ ᠤᠯᠬᠤ ᠪᠤᠶᠤ ᠠᠮᠢ ᠨᠠᠰᠤᠨ᠎ᠤ ᠠᠶᠤᠯ ᠲᠤᠯᠭᠠᠷᠡᠵᠦ ᠮᠡᠳᠡᠨ᠎ᠠ ᠭᠡᠯ᠎ᠠ ᠃ ᠡᠭᠦᠨ᠎ᠡᠴᠡ ᠭᠠᠳᠠᠨ᠎ᠠ ᠂ ᠣᠲᠣ ᠪᠣᠯᠲᠠᠯ᠎ᠠ ᠂ ᠮᠠᠨ ᠤ᠋ ᠣᠷᠣᠨ ᠤ᠋ ᠨᠠᠰᠤᠲᠠᠢᠴᠤᠳ ᠤ᠋ᠨ ᠱᠢᠨ᠎ᠡ ᠲᠢᠲᠢᠮᠯᠢᠭ ᠠᠭᠤᠰᠬᠢᠨ ᠦᠷᠪᠢᠰᠦᠯ ᠤ᠋ᠨ ᠸᠠᠺᠼᠢᠨ ᠤ᠋ ᠲᠠᠷᠢᠯᠭ᠎ᠠ ᠲᠠᠷᠢᠭᠰᠠᠨ ᠨᠣᠷᠮ᠎ᠠ ᠨᠢ ᠪᠦᠲᠦᠮᠵᠢᠲᠡᠶ ᠡᠭᠡᠯᠢᠯᠡᠭᠡ ᠵᠢᠨ ᠬᠠᠯᠬᠠᠪᠴᠢ᠎ᠵᠢ ᠪᠤᠢ ᠪᠤᠯᠭᠠᠬᠤ ᠲᠦᠪᠱᠢᠨ ᠳ᠋ᠦ ᠬᠠᠷᠠᠬᠠᠨ ᠬᠥᠷᠥᠭᠡᠳᠦᠢ ᠪᠠᠢᠨ᠎ᠠ ᠭᠡᠪᠡ ᠃

ᠲᠢᠶᠠᠨ ᠱᠢᠶᠤᠤ ᠯᠢᠩ ᠂ ᠵᠠᠷᠢᠮ ᠨᠠᠰᠤᠲᠠᠢᠴᠤᠳ ᠪᠣᠢᠳᠠ ᠪᠦᠭ᠌ᠯᠡᠭᠦᠦ ᠮᠠᠯᠵᠢᠬᠤ ᠲᠠᠷᠢᠶᠠᠯᠠᠬᠤ ᠣᠷᠣᠨ᠎ᠳᠤ ᠰᠠᠭᠤᠷᠢᠰᠢᠵᠦ ᠪᠠᠢᠭ᠎ᠠ ᠪᠤᠶᠤ ᠬᠣᠲᠠ ᠪᠠᠯᠭᠠᠰᠤᠨ᠎ᠳᠤ ᠰᠠᠭᠤᠵᠤ ᠪᠠᠢᠭ᠎ᠠ ᠪᠣᠯᠬᠣᠷ ᠦᠷᠭᠦᠯᠵᠢ ᠭᠠᠳᠠᠭ᠍ᠰᠢ ᠭᠠᠷᠬᠤ ᠥᠬᠡᠶ ᠂ ᠬᠠᠯᠳᠠᠪᠤᠷᠢᠯᠠᠬᠤ ᠲᠦᠭ᠌ᠰᠢᠭᠦᠷᠢ ᠨᠡᠯᠢᠶᠡᠳ ᠪᠠᠭ᠎ᠠ ᠭᠡᠵᠦ᠍ ᠦᠵᠡᠳᠡᠭ᠂ ᠡᠨᠡ ᠦᠵᠡᠯᠳᠠ ᠪᠤᠯ ᠱᠢᠨᠵᠢᠯᠡᠬᠦ᠌ ᠤᠬᠠᠭᠠᠨᠴᠢ ᠪᠤᠰᠤ ᠶᠤᠮ ᠭᠡᠪᠠ᠃ 《 ᠸᠢᠷᠦ᠋ᠰ᠎ᠲᠦ ᠤᠯᠤᠰ ᠤ᠋ᠨ ᠵᠠᠭᠠᠭ ᠥᠬᠡᠶ ᠂ ᠬᠢᠵᠢᠭ ᠤ᠋ᠨ ᠪᠠᠢᠳᠠᠯ ᠢ᠋ ᠰᠡᠷᠭᠡᠢᠯᠡᠨ ᠡᠵᠡᠮᠳᠡᠬᠦ᠌ ᠠᠵᠢᠯ ᠶᠠᠪᠤᠬᠤ ᠲᠤᠲᠤᠮ ᠨᠠᠷᠢᠯᠢᠭ ᠣᠨᠣᠴᠠᠳᠠᠢ ᠪᠣᠯᠵᠣ ᠪᠠᠢᠨ᠎ᠠ ᠂ ᠰᠡᠷᠭᠡᠢᠯᠡᠨ ᠡᠵᠡᠮᠳᠡᠬᠦ᠌ ᠲᠥᠷᠥ ᠵᠢᠨ ᠪᠣᠳᠣᠯᠭ᠎ᠠ ᠎ᠳᠦ ᠲᠠᠰᠤᠷᠠᠯᠲᠠ ᠥᠬᠡᠶ ᠲᠣᠬᠢᠷᠠᠭᠤᠯᠤᠯᠲᠠ ᠬᠢᠬᠦ᠌ ᠵᠢ ᠳᠠᠭᠠᠯᠳᠤᠨ ᠂ ᠬᠥᠮᠦᠰ ᠤ᠋ᠨ ᠱᠢᠯᠵᠢᠯᠲᠡ ᠲᠠᠰᠤᠷᠠᠯᠲᠠ ᠥᠬᠡᠶ ᠨᠡᠮᠡᠭ᠌ᠳᠡᠵᠦ᠍ ᠂ ᠸᠢᠷᠦ᠋ᠰ ᠴᠦ᠍ ᠡᠯ᠎ᠡ ᠭᠠᠵᠠᠷ ᠲᠦ᠍ ᠬᠠᠯᠳᠠᠪᠤᠷᠢᠯᠠᠵᠤ ᠮᠡᠳᠡᠨ᠎ᠡ ᠂ ᠡᠢᠮᠦ᠍᠎ᠡᠴᠡ ᠶᠠᠭᠠᠬᠢᠭ᠍ᠰᠠᠨ ᠴᠤ᠌ ᠭᠣᠷᠢᠳᠠᠬᠤ ᠪᠣᠳᠣᠯ ᠡᠪᠦᠷᠯᠡᠵᠦ᠍ ᠪᠣᠯᠬᠤ ᠥᠬᠡᠶ ᠃ ᠨᠠᠰᠤᠲᠠᠢᠴᠤᠳ ᠲᠦ᠍ ᠸᠠᠺᠼᠢᠨ ᠤ᠋ ᠲᠠᠷᠢᠯᠭ᠎ᠠ ᠲᠠᠷᠢᠬᠤ ᠪᠣᠯ ᠪᠦᠲᠦᠮᠵᠢᠲᠡᠶ ᠰᠡᠷᠭᠡᠢᠯᠡᠨ ᠡᠵᠡᠮᠳᠡᠬᠦ᠌ ᠠᠷᠭ᠎ᠠ ᠬᠡᠮᠵᠢᠶ᠎ᠡ ᠮᠥᠨ ᠂ ᠪᠢᠳᠡ ᠣᠯᠠᠨ ᠵᠢᠡᠷ ᠵᠢᠡᠨ ᠱᠢᠨᠵᠢᠯᠡᠬᠦ᠌ ᠤᠬᠠᠭᠠᠨᠴᠢ ᠂ ᠵᠥᠪ ᠤᠨᠤᠪᠴᠢᠳᠠᠢ ᠪᠡᠷ ᠱᠢᠨ᠎ᠡ ᠲᠢᠲᠢᠮᠯᠢᠭ ᠠᠭᠤᠰᠬᠢᠨ ᠦᠷᠪᠢᠰᠦᠯ ᠤ᠋ᠨ ᠸᠠᠺᠼᠢᠨ ᠢ᠋ ᠲᠠᠨᠢᠵᠤ ᠂ ᠢᠳᠡᠪᠬᠢᠲᠡᠶ ᠰᠠᠨᠠᠭᠠᠴᠢᠯᠠᠭ᠎ᠠ ᠡᠴᠡ ᠪᠡᠨ ᠲᠠᠷᠢᠯᠭ᠎ᠠ ᠳᠠᠷᠢᠵᠤ ᠂ ᠥᠪᠡᠷ ᠤ᠋ᠨ ᠡᠷᠡᠭᠦᠯ ᠮᠡᠨᠳᠦ᠍ ᠵᠢᠨ ᠬᠠᠮᠠᠭᠠᠯᠠᠭ᠍ᠴᠢ ᠪᠣᠯᠬᠤ ᠪᠠᠷ ᠴᠢᠷᠮᠠᠢᠰᠤᠭᠠᠢ ᠭᠡᠵᠤ ᠰᠠᠨᠠᠭᠠᠴᠢᠯᠠᠵᠦ ᠪᠠᠢᠨ᠎ᠠ 》 ᠭᠡᠵᠦ᠍ ᠲᠢᠶᠠᠨ ᠱᠢᠶᠤᠤ ᠯᠢᠩ ᠬᠡᠯᠡᠯ᠎ᠠ ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面