ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠮᠡᠳᠡᠭᠡᠯᠡᠯ

2022-12-15 20:11:20

ᠵᠣᠬᠢᠶᠠᠭ᠍ᠴᠢ᠄ ᠴᠠᠶ ᠰᠧ ᠶᠤᠸᠠᠨ ᠣᠩᠱᠢᠭ᠍ᠰᠠᠨ ᠣᠳᠠᠭ᠎ᠠ᠄ 3

— ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠥᠪᠯᠡᠯ᠎ᠦᠨ ᠡᠮᠴᠢᠯᠡᠭᠡᠨ᠎ᠤ ᠶᠠᠪᠤᠳᠠᠯ ᠡᠮᠴᠢᠯᠡᠭᠡᠨ ᠎ᠤ ᠬᠠᠮᠢᠶᠠᠷᠤᠯᠲᠠ᠎ᠶ᠋ᠢᠨ ᠲᠣᠪᠴᠢᠶ᠎ᠠ᠎ᠶ᠋ᠢᠨ ᠳᠡᠳ᠋ ᠳᠠᠷᠤᠭ᠎ᠠ ᠵᠠᠩ ᠶᠢᠩ ᠎ᠢ ᠰᠤᠷᠪᠤᠯᠵᠢᠯᠠᠭᠰᠠᠨ ᠨᠢ

ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠷᠭ᠎ᠠ ᠬᠡᠮᠵᠢᠶ᠎ᠡ᠎ᠶ᠋ᠢ ᠴᠢᠨᠠᠭᠰᠢᠲᠠ ᠱᠢᠯᠢᠳᠡᠭ᠌ᠵᠢᠭᠦᠯᠬᠦ᠌ 《ᠱᠢᠨ᠎ᠡ ᠠᠷᠪᠠᠨ ᠵᠤᠢᠯ》᠎ᠢ᠋ ᠨᠡᠢᠲᠡᠯᠡᠭ᠌ᠰᠡᠨ᠎ᠦ ᠳᠠᠷᠠᠭ᠎ᠠ᠂ ᠠᠷᠠᠳ ᠣᠯᠠᠨ᠎ᠤ ᠡᠪᠡᠳᠴᠢᠨ ᠦᠵᠡᠭᠦᠯᠵᠦ᠍ ᠡᠮᠴᠢᠯᠡᠬᠦᠯᠬᠦ᠎ᠶ᠋ᠢ ᠬᠡᠷᠬᠢᠨ ᠪᠠᠲᠤᠯᠠᠬᠤ᠎ᠨᠢ ᠲᠠᠶᠠᠭᠠᠷ ᠎ᠤᠨ ᠠᠩᠬᠠᠷᠤᠯ᠎ᠢ ᠶᠡᠬᠡᠳᠡ ᠲᠠᠳᠠᠵᠤ ᠪᠠᠢᠨ᠎ᠠ᠃ ᠲᠦᠷᠦᠭᠦᠬᠡᠨ᠂ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠥᠪᠯᠡᠯ᠎ᠦᠨ ᠡᠮᠴᠢᠯᠡᠭᠡᠨ᠎ᠤ ᠶᠠᠪᠤᠳᠠᠯ ᠡᠮᠴᠢᠯᠡᠭᠡᠨ᠎ᠤ ᠬᠠᠮᠢᠶᠠᠷᠤᠯᠲᠠ ᠵᠢᠨ ᠲᠣᠪᠴᠢᠶ᠎ᠠ᠎ᠶ᠋ᠢᠨ ᠳᠡᠳ᠋ ᠳᠠᠷᠤᠭ᠎ᠠ ᠵᠠᠩ ᠶᠢᠩ ᠮᠠᠨ᠎ᠤ ᠣᠷᠣᠨ᠎ᠤ ᠠᠷᠠᠳ ᠣᠯᠠᠨ᠎ᠬᠡᠷᠬᠢᠨ ᠬᠡᠪ᠎ᠦᠨ ᠡᠪᠡᠳᠴᠢᠨ ᠦᠵᠡᠭᠦᠯᠬᠦ᠌ ᠬᠡᠷᠡᠭ᠌ᠴᠡᠭᠡ ᠱᠠᠭᠠᠷᠳᠠᠯᠭ᠎ᠠ᠎ᠶ᠋ᠢ ᠨᠠᠩ ᠰᠠᠢᠲᠤᠷ ᠪᠠᠲᠤᠯᠠᠬᠤ ᠵᠡᠷᠭᠡ ᠠᠰᠠᠭᠤᠳᠠᠯ᠎ᠳᠤ ᠴᠢᠭ᠌ᠯᠡᠭᠦᠯᠦᠨ ᠨᠠᠷᠢᠨ ᠲᠣᠳᠣᠷᠬᠠᠶ ᠬᠠᠷᠢᠭᠤᠯᠲᠠ ᠥᠭ᠌ᠬᠥᠯ᠎ᠠ ᠃

ᠵᠠᠩ ᠶᠢᠩ ᠂ ᠮᠠᠨ᠎ᠤ ᠣᠷᠣᠨ ᠠᠷᠠᠳ ᠲᠦᠮᠡᠨ᠎ᠦ ᠡᠷᠡᠭᠦᠯ ᠮᠡᠨᠳᠦ᠍᠎ᠪᠡᠷ ᠭᠤᠤᠯ ᠪᠣᠯᠭᠠᠬᠤ᠎ᠶ᠋ᠢ ᠪᠠᠷᠢᠮᠲᠠᠯᠠᠵᠤ ᠂ ᠰᠡᠷᠭᠡᠢᠯᠡᠨ ᠡᠵᠡᠮᠳᠡᠬᠦ᠌ ᠪᠠᠢᠳᠠᠯ᠎ᠲᠠᠶ ᠤᠶᠠᠯᠳᠤᠭᠤᠯᠤᠨ᠂ ᠡᠪᠡᠳᠴᠢᠲᠡᠨ᠎ᠦ ᠬᠡᠷᠡᠭ᠌ᠴᠡᠭᠡ ᠱᠠᠭᠠᠷᠳᠠᠯᠭ᠎ᠠ᠎ᠵᠢ ᠦᠨᠳᠦᠰᠦᠯᠡᠵᠦ᠂ ᠡᠮᠴᠢᠯᠡᠭᠡᠨ᠎ᠦ ᠡᠬᠢ ᠪᠠᠶᠠᠯᠢᠭ᠎ᠢ ᠱᠢᠨᠵᠢᠯᠡᠬᠦ᠌ ᠤᠬᠠᠭᠠᠨᠴᠢ᠎ᠪᠠᠷ ᠨᠢᠭᠡᠳᠦᠯᠲᠡᠶ ᠲᠥᠯᠥᠪᠵᠢᠭᠦᠯᠵᠦ᠍ ᠂ ᠦᠶ᠋ᠯᠡᠴᠢᠯᠡᠭᠡᠨ᠎ᠦ ᠠᠷᠭ᠎ᠠ ᠬᠡᠮᠵᠢᠶ᠎ᠡ᠎ᠶ᠋ᠢ ᠴᠢᠨᠠᠭᠰᠢᠲᠠ ᠱᠢᠯᠢᠳᠡᠭᠵᠢᠬᠦᠯᠤᠨ ᠲᠣᠬᠢᠷᠠᠭᠤᠯᠵᠤ᠂ ᠠᠷᠠᠳ ᠣᠯᠠᠨ᠎ᠤ ᠦᠨᠳᠦᠰᠦᠨ ᠡᠮᠴᠢᠯᠡᠭᠡᠨ᠎ᠦ ᠦᠶ᠋ᠯᠡᠴᠢᠯᠡᠭᠡ᠎ᠶ᠋ᠢ ᠬᠠᠮᠤᠭ᠎ᠤᠨ ᠶᠡᠬᠡ ᠬᠡᠮᠵᠢᠶ᠎ᠡ᠎ᠪᠡᠷ ᠪᠠᠲᠤᠯᠠᠬᠤ ᠳ᠋ᠤ ᠭᠤᠤᠯᠳᠠᠭᠤ 5 ᠲᠠᠯ᠎ᠠ ᠵᠢᠨ ᠨᠠᠢᠳᠠᠪᠤᠷᠢᠵᠢᠭᠤᠯᠤᠯᠳᠠ᠎ᠶ᠋ᠢ ᠠᠳᠭᠤᠬᠤ ᠬᠡᠷᠡᠭᠳᠡᠢ ᠭᠡᠵᠦ ᠢᠯᠡᠷᠭᠡᠢᠯᠡᠪᠡ᠃

ᠡᠩ ᠲᠡᠷᠢᠭᠦᠨ᠎ᠳᠦ ᠂ ᠬᠠᠯᠠᠭᠤᠷᠠᠯ᠎ᠤᠨ ᠡᠭᠦᠳᠡᠨ ᠡᠮᠨᠡᠯᠭᠡ ᠂ ᠲᠦᠷᠭᠡᠨ ᠡᠮᠴᠢᠯᠡᠭᠡ᠎ᠲᠤᠬᠢᠷᠠᠭᠤᠯᠬᠤ ᠴᠢᠬᠤᠯᠠᠳᠠᠢ ᠵᠢ ᠨᠢ ᠪᠦᠬᠦᠨ᠎ᠢ ᠲᠤᠬᠢᠷᠠᠭᠤᠯᠵᠤ ᠨᠡᠭᠡᠭᠡᠬᠦ ᠴᠢᠬᠤᠯᠠᠳᠠᠢ ᠵᠢ ᠨᠢ ᠪᠦᠬᠦᠨ᠎ᠢ ᠨᠡᠭᠡᠭᠡᠨ᠎ᠡ᠃ ᠪᠦᠬᠦ᠌ ᠣᠷᠣᠨ᠎ᠤ ᠬᠣᠶᠠᠳᠤᠭᠠᠷ ᠳᠡᠰ ᠵᠢᠴᠢ ᠲᠡᠭᠦᠨ᠎ᠡᠴᠡ ᠳᠡᠭᠡᠭ᠌ᠰᠢᠬᠢ ᠡᠮᠨᠡᠯᠭᠡ᠎ᠶ᠋ᠢᠨ ᠬᠣᠷᠢᠶ᠎ᠠ᠎ᠨᠤᠭᠤᠳ 《 ᠬᠠᠯᠠᠭᠤᠷᠠᠯ᠎ᠤᠨ ᠡᠭᠦᠳᠡᠨ ᠡᠮᠨᠡᠯᠭᠡ ᠭᠠᠷᠭᠠᠬᠤ ᠬᠠᠮᠢᠶᠠᠷᠤᠯᠲᠠ᠎ᠶ᠋ᠢᠨ ᠵᠢᠷᠤᠮᠵᠢᠯ 》 ᠤ᠋ᠨ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ ᠬᠠᠯᠠᠭᠤᠷᠠᠯ᠎ᠤᠨ ᠡᠭᠦᠳᠡᠨ ᠡᠮᠨᠡᠯᠭᠡ᠎ᠶ᠋ᠢ ᠭᠦᠶ᠋ᠴᠡᠳ ᠲᠣᠬᠢᠷᠠᠭᠤᠯᠵᠤ᠂ ᠪᠦᠬᠦ᠌ ᠣᠷᠣᠨ᠎ᠤ ᠡᠯ᠎ᠡ ᠶᠡᠷᠦᠩᠬᠡᠢᠯᠡᠭ᠌ᠰᠡᠨ ᠪᠠ ᠲᠤᠰᠭᠠᠶ ᠰᠠᠯᠠᠭᠠᠨ᠎ᠤ ᠡᠮᠨᠡᠯᠭᠡ᠎ᠶ᠋ᠢᠨ ᠬᠣᠷᠢᠶ᠎ᠠ᠎ᠨᠤᠭᠤᠳ ᠡᠮᠴᠢᠯᠡᠭᠡᠨ᠎ᠦ ᠪᠠᠢᠭᠤᠯᠤᠮᠵᠢ᠎ᠶ᠋ᠢᠨ ᠦᠨᠳᠦᠰᠦᠨ ᠪᠠᠷᠢᠮᠵᠢᠶ᠎ᠠ ᠶᠣᠰᠣᠭᠠᠷ ᠲᠦᠷᠭᠡᠨ ᠡᠮᠨᠡᠬᠦ᠌ ᠰᠠᠯᠠᠭ᠎ᠠ ᠭᠠᠷᠭᠠᠵᠤ᠂ ᠡᠮᠴᠢᠯᠡᠭᠡᠨ᠎ᠦ ᠬᠦᠴᠦᠨ᠎ᠢ ᠭᠦᠶ᠋ᠴᠡᠳ ᠲᠣᠬᠢᠷᠠᠭᠤᠯᠤᠨ᠎ᠠ; ᠪᠦᠬᠦ᠌ ᠣᠷᠣᠨ᠎ᠤ ᠨᠢᠭᠡᠨᠲᠡ ᠨᠡᠭᠡᠭᠡᠭ᠌ᠰᠡᠨ ᠪᠤᠶ ᠪᠦᠬᠦᠢ ᠬᠠᠯᠠᠭᠤᠷᠠᠯ᠎ᠤᠨ ᠡᠭᠦᠳᠡᠨ ᠡᠮᠨᠡᠯᠭᠡ ᠪᠣᠯᠤᠨ ᠲᠦᠷᠭᠡᠨ ᠡᠮᠴᠢᠯᠡᠭᠡ ᠵᠠᠷᠴᠢᠮ ᠳᠡᠭᠡᠷ᠎ᠡ᠎ᠪᠡᠨ 24 ᠴᠠᠭ᠎ᠢᠶᠠᠷ ᠦᠢᠯᠡᠴᠢᠯᠡᠭᠡ ᠬᠠᠩᠭᠠᠬᠤ᠎ᠶ᠋ᠢᠨ ᠬᠠᠮᠲᠤ ᠡᠪᠡᠳᠴᠢᠲᠡᠨ᠎ᠦ ᠡᠮᠨᠡᠭᠦᠯᠬᠦ᠌ ᠬᠡᠷᠡᠭ᠌ᠴᠡᠭᠡ᠎ᠶ᠋ᠢ ᠦᠨᠳᠦᠰᠦᠯᠡᠨ ᠴᠠᠭ ᠲᠤᠬᠠᠶ᠎ᠳᠤᠨᠢ ᠥᠷᠭᠡᠳᠭᠡᠨ ᠂ ᠣᠯᠠᠨ ᠲᠦᠮᠡᠨ᠎ᠦ ᠡᠷᠡᠭᠦᠯ ᠮᠡᠨᠳᠦ᠍᠎ᠶ᠋ᠢ ᠬᠠᠮᠤᠭ᠎ᠤᠨ ᠶᠡᠬᠡ ᠬᠡᠮᠵᠢᠶ᠎ᠡ᠎ᠪᠡᠷ ᠪᠠᠲᠤᠯᠠᠨ᠎ᠠ᠃

ᠬᠣᠶᠠᠷ᠎ᠲᠤ᠂ ᠬᠡᠪ᠎ᠦᠨ ᠡᠮᠴᠢᠯᠡᠭᠡᠨ᠎ᠦ ᠦᠶ᠋ᠯᠡᠴᠢᠯᠡᠭᠡ᠎ᠶ᠋ᠢ ᠲᠠᠰᠤᠯᠳᠠᠭᠤᠯᠬᠤ ᠥᠬᠡᠶ ᠪᠠᠢᠬᠤ᠎ᠶ᠋ᠢ ᠪᠥᠬᠥ᠌ ᠬᠦᠴᠦᠨ᠎ᠢᠶᠡᠷ᠎ᠢᠶᠡᠨ ᠪᠠᠲᠤᠯᠠᠨ᠎ᠠ᠃ ᠡᠯ᠎ᠡ ᠡᠮᠨᠡᠯᠭᠡ᠎ᠶ᠋ᠢᠨ ᠬᠣᠷᠢᠶᠠᠨ᠎ᠤ ᠬᠠᠯᠠᠭᠤᠷᠠᠯ᠎ᠤᠨ ᠡᠭᠦᠳᠡᠨ ᠡᠮᠨᠡᠯᠭᠡ᠂ ᠲᠦᠷᠭᠡᠨ ᠡᠮᠴᠢᠯᠡᠭᠡ ᠪᠤᠶᠤ ᠡᠩ᠎ᠦᠨ ᠡᠭᠦᠳᠡᠨ ᠡᠮᠨᠡᠯᠭᠡ᠎ᠨᠢ ᠠᠷᠭ᠎ᠠ ᠴᠢᠨᠠᠷᠲᠠᠶ ᠬᠠᠯᠳᠠᠪᠤᠷᠢᠯᠠᠭ᠍ᠰᠠᠳ᠎ᠢ ᠭᠥᠯᠢᠶᠡᠨ ᠠᠪᠤᠭ᠍ᠰᠠᠨ᠎ᠤ ᠳᠠᠷᠠᠭ᠎ᠠ ᠂ ᠲᠡᠷᠡ ᠳᠠᠷᠤᠶ᠎ᠳᠤᠨᠢ ᠲᠤᠰᠠᠭᠠᠷᠯᠠᠬᠤ ᠡᠪᠡᠳᠴᠢᠲᠡᠨ᠎ᠦ ᠲᠣᠭᠣᠷᠢᠭ᠎ᠲᠤ ᠱᠢᠯᠵᠢᠭᠦᠯᠦᠨ ᠣᠷᠣᠭᠤᠯᠬᠤ᠎ᠶ᠋ᠢᠨ ᠬᠠᠮᠲᠤ ᠬᠣᠯᠪᠣᠭ᠍ᠳᠠᠬᠤ ᠡᠮᠴᠢᠯᠡᠭᠡᠨ᠎ᠦ ᠲᠠᠰᠤᠭ᠎ᠤᠨ ᠣᠷᠣᠨ ᠵᠠᠶ᠎ᠶ᠋ᠢ ᠳᠠᠷᠤᠢᠬᠠᠨ ᠠᠷᠢᠭᠤᠳᠬᠠᠨ ᠠᠯᠢ ᠲᠦᠷᠭᠡᠨ᠎ᠢᠶᠡᠷ ᠰᠡᠷᠭᠦᠭᠡᠨ ᠬᠡᠷᠡᠭ᠌ᠯᠡᠵᠦ᠍ ᠂ ᠡᠮᠴᠢᠯᠡᠭᠡᠨ᠎ᠦ ᠲᠠᠰᠤᠭ᠎ᠢᠶᠠᠷ ᠨᠢᠭᠡᠴᠢ ᠪᠣᠯᠭᠠᠨ ᠪᠢᠲᠡᠭᠦᠮᠵᠢᠯᠡᠨ ᠬᠠᠮᠢᠶᠠᠷᠤᠨ ᠡᠵᠡᠮᠳᠡᠬᠦ᠌ ᠬᠡᠪᠴᠢᠶ᠎ᠡ᠎ᠶ᠋ᠢ ᠤᠨᠤᠴᠠᠳᠠᠢ ᠵᠠᠭᠠᠭ᠍ᠯᠠᠨ ᠲᠣᠭ᠍ᠲᠠᠭᠠᠵᠤ ᠂ ᠬᠢᠵᠢᠭ᠎ᠦᠨ ᠪᠠᠢᠳᠠᠯ᠎ᠤᠨ ᠡᠮᠴᠢᠯᠡᠭᠡᠨ᠎ᠦ ᠪᠠᠢᠭᠤᠯᠤᠮᠵᠢ᠎ᠵᠢ ᠨᠥᠯᠥᠭᠡᠯᠡᠬᠦ᠌ ᠬᠡᠪᠴᠢᠶ᠎ᠡ᠎ᠶ᠋ᠢ ᠬᠠᠮᠤᠭ᠎ᠤᠨ ᠶᠡᠬᠡ ᠬᠡᠮᠵᠢᠶ᠎ᠡ᠎ᠪᠡᠷ ᠪᠠᠭᠠᠰᠭᠠᠨ᠎ᠠ; ᠣᠯᠠᠨ ᠵᠦᠶ᠋ᠯ᠎ᠦᠨ ᠠᠷᠭ᠎ᠠ ᠬᠡᠯᠪᠡᠷᠢ᠎ᠪᠡᠷ ᠡᠮᠨᠡᠯᠭᠡ ᠵᠢᠨ ᠠᠵᠢᠯᠲᠠᠨ᠎ᠢ ᠬᠠᠯᠠᠮᠵᠢᠯᠠᠨ ᠬᠠᠢᠷᠠᠯᠠᠨ᠎ᠠ᠂ ᠵᠢᠱ᠌ᠢᠶᠡᠯᠡᠪᠡᠯ ᠡᠮᠨᠡᠯᠭᠡ᠎ᠶ᠋ᠢᠨ ᠠᠵᠢᠯᠲᠠᠨ᠎ᠤ ᠪᠠᠷᠢᠮᠵᠢᠶ᠎ᠠ ᠪᠦᠬᠦᠢ ᠤᠷᠢᠳᠴᠢᠯᠠᠨ ᠰᠡᠷᠭᠡᠢᠯᠡᠬᠦ᠌᠎ᠶ᠋ᠢ ᠴᠢᠬᠤᠯᠠᠴᠢᠯᠠᠬᠤ ᠂ ᠡᠮᠨᠡᠯᠭᠡ᠎ᠶ᠋ᠢᠨ ᠠᠵᠢᠯᠲᠠᠨ᠎ᠤ ᠬᠤᠪᠢ ᠬᠥᠮᠦᠨ᠎ᠦ ᠬᠠᠮᠠᠭᠠᠯᠠᠯᠲᠠ᠎ᠶ᠋ᠢ ᠵᠢᠷᠤᠮᠵᠢᠭᠤᠯᠬᠤ᠂ ᠡᠮᠨᠡᠯᠭᠡ᠎ᠶ᠋ᠢᠨ ᠠᠵᠢᠯᠲᠠᠨ ᠬᠠᠯᠳᠠᠪᠤᠷᠢᠯᠠᠭ᠍ᠳᠠᠭᠰᠠᠨ᠎ᠤ ᠳᠠᠷᠠᠭᠠᠬᠢ ᠪᠠᠴᠢᠮ ᠪᠠᠢᠳᠠᠯ᠎ᠢ ᠠᠷᠭᠠᠴᠠᠭᠠᠬᠤ ᠪᠡᠯᠡᠳᠭᠡᠯ ᠲᠥᠰᠦᠯ᠎ᠢ ᠪᠠᠢᠭᠤᠯᠬᠤ ᠂ ᠡᠮᠨᠡᠯᠭᠡ᠎ᠶ᠋ᠢᠨ ᠠᠵᠢᠯᠲᠠᠨ᠎ᠤ ᠡᠷᠡᠭᠦᠯ ᠮᠡᠨᠳᠦ᠍᠎ᠶ᠋ᠢᠨ ᠱᠢᠯᠭᠠᠨ ᠪᠠᠢᠴᠠᠭᠠᠯᠲᠠ ᠬᠠᠮᠢᠶᠠᠷᠤᠯᠲᠠ᠎ᠶ᠋ᠢ ᠴᠢᠩᠭᠠᠳᠭᠠᠬᠤ ᠵᠡᠷᠭᠡ ᠪᠡᠷ ᠡᠮᠨᠡᠯᠭᠡ᠎ᠶ᠋ᠢᠨ ᠠᠵᠢᠯᠲᠠᠨ᠎ᠤ ᠳᠠᠢᠴᠢᠨ ᠴᠢᠨᠠᠷ ᠎ᠢ ᠨᠦᠯᠦᠭᠡᠯᠡᠬᠦ ᠦᠭᠡᠢ ᠪᠠᠢᠬᠤ ᠶ᠋ᠢ ᠬᠠᠮᠤᠭ᠎ᠤᠨ ᠶᠡᠬᠡ ᠬᠡᠮᠵᠢᠶ᠎ᠡ᠎ᠪᠡᠷ ᠪᠠᠳᠤᠯᠠᠵᠤ᠂ ᠬᠡᠪ᠎ᠦᠨ ᠡᠮᠴᠢᠯᠡᠭᠡᠨ᠎ᠦ ᠦᠶ᠋ᠯᠡᠴᠢᠯᠡᠭᠡ᠎ᠶ᠋ᠢ ᠲᠠᠰᠤᠯᠳᠠᠭᠤᠯᠬᠤ ᠥᠬᠡᠶ ᠪᠠᠢᠬᠤ᠎ᠶ᠋ᠢ ᠪᠠᠲᠤᠯᠠᠨ᠎ᠠ᠃

ᠭᠤᠷᠪᠠ ᠎ᠳ᠋ᠤ᠂ ᠪᠠᠴᠢᠮ ᠲᠦᠭ᠌ᠰᠢᠭᠦᠷᠢᠲᠡᠶ ᠬᠦᠨᠳᠦ ᠡᠪᠡᠳᠴᠢᠲᠡᠨ᠎ᠢ ᠡᠮᠨᠡᠨ ᠵᠠᠰᠠᠬᠤ᠎ᠶ᠋ᠢ ᠦᠨᠡᠨ ᠬᠦ᠌ ᠪᠠᠲᠤᠯᠠᠨ᠎ᠠ᠃ ᠡᠯ᠎ᠡ ᠡᠮᠨᠡᠯᠭᠡ᠎ᠶ᠋ᠢᠨ ᠬᠣᠷᠢᠶ᠎ᠠ᠎ᠵᠢᠨ ᠬᠢᠨ ᠡᠮᠴᠢᠯᠡᠭᠡᠨ᠎ᠦ ᠲᠣᠭᠣᠷᠢᠭ ᠲᠸ᠋ ᠠᠷᠭ᠎ᠠ ᠴᠢᠨᠠᠷᠲᠠᠶ ᠬᠠᠯᠳᠠᠪᠤᠷᠢᠯᠠᠭ᠍ᠰᠠᠳ᠎ᠢ ᠣᠨᠣᠱᠢᠯᠠᠨ ᠡᠮᠨᠡᠬᠦ᠌ ᠳ᠋ᠤ ᠠᠷᠢᠭᠤᠳᠬᠠᠬᠤ ᠴᠢᠬᠤᠯᠠᠳᠠᠢ ᠭᠡᠬᠦ ᠪᠤᠶᠤ ᠪᠥᠭᠡᠮ ᠬᠦᠴᠢᠯ᠎ᠦᠨ ᠪᠠᠢᠴᠠᠭᠠᠨ ᠬᠡᠮᠵᠢᠯᠲᠡ᠎ᠨᠢ ᠪᠢᠯᠢᠭ ᠴᠢᠨᠠᠷ᠎ᠤᠨ ᠭᠡᠷᠡᠴᠢ ᠥᠬᠡᠶ ᠵᠡᠷᠭᠡ ᠱᠢᠯᠲᠠᠭᠠᠨ᠎ᠠᠴᠠ ᠪᠣᠯᠵᠣ ᠪᠠᠴᠢᠮ ᠲᠦᠭ᠌ᠰᠢᠭᠦᠷᠢᠲᠡᠶ ᠬᠦᠨᠳᠦ ᠡᠪᠡᠳᠴᠢᠲᠡᠨ᠎ᠢ ᠣᠨᠣᠱᠢᠯᠠᠨ ᠡᠮᠨᠡᠬᠦ᠌᠎ᠶ᠋ᠢ ᠲᠡᠪᠴᠢᠬᠦ᠌ ᠪᠤᠶᠤ ᠰᠠᠭᠠᠲᠠᠭᠠᠵᠤ ᠪᠣᠯᠬᠤ ᠥᠬᠡᠶ; ᠡᠮᠨᠡᠯᠭᠡ᠎ᠶ᠋ᠢᠨ ᠬᠣᠷᠢᠶᠠᠨ᠎ᠤ ᠲᠦᠷᠭᠡᠨ ᠡᠮᠨᠡᠬᠦ᠌ ᠰᠠᠯᠠᠭ᠎ᠠ᠂ ᠨᠡᠪᠴᠢᠭᠦᠯᠦᠨ ᠢᠯᠭᠠᠷᠠᠭᠤᠯᠬᠤ ᠲᠠᠰᠤᠭ᠂ ᠮᠡᠰᠡ ᠵᠠᠰᠠᠯ᠎ᠤᠨ ᠲᠠᠰᠤᠭ᠂ ᠬᠦᠨᠳᠦ ᠡᠪᠡᠳᠴᠢᠲᠡᠨ᠎ᠢ ᠬᠠᠷᠠᠭᠠᠯᠵᠠᠨ ᠬᠠᠮᠠᠭᠠᠯᠠᠬᠤ ᠲᠠᠰᠤᠭ᠂ ᠬᠥᠩᠭᠡᠵᠢᠬᠦᠯᠬᠦ᠌ ᠲᠠᠰᠤᠭ᠂ ᠬᠥᠩᠭᠡᠵᠢᠯᠳᠡ ᠵᠢᠨ ᠰᠠᠯᠠᠭ᠎ᠠ ᠪᠠ ᠨᠢᠯᠬ᠎ᠠ ᠬᠡᠦᠬᠡᠳ᠎ᠦᠨ ᠡᠪᠡᠳᠴᠢᠲᠡᠨ᠎ᠦ ᠥᠷᠥᠭᠡ ᠵᠡᠷᠭᠡ᠎ᠶ᠋ᠢ 《 ᠴᠢᠬᠤᠯᠠ ᠥᠬᠡᠶ ᠪᠣᠯ ᠪᠢᠲᠡᠭᠦᠮᠵᠢᠯᠡᠬᠦ᠌ ᠥᠬᠡᠶ》ᠪᠠᠢᠯᠭᠠᠵᠤ᠂ ᠡᠪᠡᠳᠴᠢᠲᠡᠨ᠎ᠦ ᠠᠮᠢ ᠨᠠᠰᠤᠨ᠎ᠤ ᠠᠮᠤᠷ ᠲᠦᠪᠱᠢᠨ᠎ᠢ ᠪᠠᠲᠤᠯᠠᠨ᠎ᠠ᠃ ᠡᠭᠦᠨ᠎ᠦ ᠬᠠᠮᠲᠤ᠂ ᠮᠠᠨ᠎ᠤ ᠣᠷᠣᠨ ᠪᠥᠬᠥ᠌ ᠣᠷᠣᠨ᠎ᠤ ᠬᠦᠨᠳᠦ ᠡᠪᠡᠳᠴᠢᠨ᠎ᠦ ᠠᠨᠠᠭᠠᠬᠤ ᠤᠬᠠᠭᠠᠨ᠎ᠤ ᠰᠠᠯᠠᠭᠠᠨ᠎ᠤ ᠪᠠᠢᠭᠤᠯᠤᠯᠲᠠ᠎ᠶ᠋ᠢ ᠴᠢᠨᠠᠭᠰᠢᠲᠠ ᠴᠢᠩᠭᠠᠳᠭᠠᠵᠤ᠂ ᠨᠢᠭᠡ ᠲᠠᠯ᠎ᠠ᠎ᠪᠠᠷ ᠬᠦᠨᠳᠦ ᠡᠪᠡᠳᠴᠢᠲᠡᠨ᠎ᠦ ᠣᠷᠣ᠎ᠶ᠋ᠢ ᠲᠠᠰ ᠳᠡᠪᠱᠢᠭᠦᠯᠦᠨ ᠥᠭᠡᠷᠡᠴᠢᠯᠡᠬᠦ᠌ ᠪᠠ ᠥᠷᠭᠡᠳᠭᠡᠨ᠂ ᠨᠥᠭᠥᠭᠡ ᠲᠠᠯ᠎ᠠ᠎ᠪᠠᠷ ᠡᠮᠨᠡᠯᠭᠡ᠎ᠶ᠋ᠢᠨ ᠬᠣᠷᠢᠶᠠᠨ᠎ᠤ ᠳᠣᠲᠣᠷ ᠰᠠᠯᠠᠭ᠎ᠠ ᠪᠠ ᠲᠤᠰᠭᠠᠶ ᠰᠠᠯᠠᠭᠠᠨ᠎ᠤ ICU ᠶ᠋ᠢᠨ ᠡᠮᠴᠢᠯᠡᠭᠡᠨ᠎ᠦ ᠠᠵᠢᠯᠲᠠᠨ᠎ᠤ ᠶᠡᠷᠦᠩᠬᠡᠢᠯᠡᠭ᠌ᠰᠡᠨ ᠬᠦᠨᠳᠦ ᠡᠪᠡᠳᠴᠢᠨ᠎ᠦ ᠲᠤᠰᠭᠠᠶ ᠮᠡᠷᠭᠡᠵᠢᠯ᠎ᠦᠨ ᠮᠡᠳᠡᠯᠭᠡ ᠪᠠ ᠤᠷ᠎ᠠ ᠴᠢᠳᠠᠪᠤᠷᠢ᠎ᠶ᠋ᠢᠨ ᠪᠣᠯᠪᠠᠰᠤᠷᠠᠯ᠎ᠢ ᠴᠢᠩᠭᠠᠳᠭᠠᠵᠤ᠂ ᠬᠦᠨᠳᠦ ᠡᠪᠡᠳᠴᠢᠨ᠎ᠦ ᠠᠨᠠᠭᠠᠬᠤ ᠤᠬᠠᠭᠠᠨ᠎ᠤ ᠰᠠᠯᠠᠭᠠᠨ᠎ᠤ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠵᠦ᠍᠂ ᠪᠠᠴᠢᠮ ᠲᠦᠭ᠌ᠰᠢᠭᠦᠷᠢᠲᠡᠶ ᠬᠦᠨᠳᠦ ᠡᠪᠡᠳᠴᠢᠲᠡᠨ᠎ᠳᠦ ᠨᠠᠩ ᠠᠮᠤᠷ ᠲᠦᠪᠱᠢᠨ ᠴᠢᠨᠠᠷ ᠰᠠᠢᠲᠠᠶ ᠡᠮᠴᠢᠯᠡᠭᠡᠨ᠎ᠦ ᠦᠶ᠋ᠯᠡᠴᠢᠯᠡᠭᠡ ᠬᠦᠷᠲᠡᠭᠡᠬᠦ᠌᠎ᠶ᠋ᠢ ᠦᠨᠡᠨ ᠬᠦ᠌ ᠪᠠᠲᠤᠯᠠᠨ᠎ᠠ᠃

ᠳᠥᠷᠪᠡ ᠳ᠋ᠦ ᠂ 《 ᠢᠨᠲ᠋ᠸᠷ ᠰᠦᠯᠵᠢᠶ᠎ᠡ + ᠡᠮᠴᠢᠯᠡᠭᠡ》 ᠶ᠋ᠢ ᠰᠠᠨᠠᠭᠠᠴᠢᠯᠠᠨ᠎ᠠ᠃ ᠦᠷᠭᠡᠨ ᠤᠯᠠᠨ ᠲᠦᠮᠡᠨ ᠪᠠᠴᠢᠮ ᠪᠤᠰᠤ ᠡᠪᠡᠳᠴᠢᠨ ᠦᠵᠡᠭᠦᠯᠬᠦ᠌ ᠱᠠᠭᠠᠷᠳᠠᠯᠭ᠎ᠠ᠎ᠲᠠᠶ ᠪᠣᠯ 《 ᠢᠨᠲ᠋ᠸᠷ ᠰᠦᠯᠵᠢᠢ᠎ᠡ + ᠡᠮᠴᠢᠯᠡᠭᠡ 》 ᠵᠢᠨ ᠬᠡᠯᠪᠡᠷᠢ᠎ᠶ᠋ᠢ ᠰᠣᠩᠭᠣᠵᠤ ᠡᠪᠡᠳᠴᠢᠨ ᠦᠵᠡᠭᠦᠯᠵᠦ᠍ ᠪᠣᠯᠤᠨ᠎ᠠ᠃ ᠨᠥᠬᠥᠴᠡᠯ ᠪᠦᠷᠢᠯᠳᠦᠭᠦᠯᠦᠭ᠌ᠰᠡᠨ ᠡᠮᠴᠢᠯᠡᠭᠡᠨ᠎ᠦ ᠪᠠᠢᠭᠤᠯᠤᠮᠵᠢ ᠠᠯᠤᠰ ᠎ᠡᠵᠡᠮᠰᠢᠯ ᠵᠢᠡᠷ ᠵᠢᠯᠣᠭᠣᠳᠭᠤ᠂ ᠢᠨᠲ᠋ᠸᠷ ᠰᠦᠯᠵᠢᠶᠡᠨ᠎ᠦ ᠡᠮᠴᠢᠯᠡᠭᠡ ᠬᠢᠬᠦ ᠵᠡᠷᠭᠡ ᠠᠷᠭ᠎ᠠ ᠮᠠᠶᠢᠭ᠎ᠢᠶᠠᠷ ᠡᠩ᠎ᠦᠨ ᠡᠪᠡᠳᠴᠢᠨ᠂ ᠤᠳᠠᠭᠠᠨ ᠴᠢᠨᠠᠷᠲᠠᠶ ᠡᠪᠡᠳᠴᠢᠨ᠎ᠢ ᠳᠠᠬᠢᠨ ᠣᠨᠣᠱᠢᠯᠠᠭᠤᠯᠵᠤ ᠪᠠᠢᠭ᠎ᠠ ᠡᠪᠡᠳᠴᠢᠲᠡᠨ ᠵᠢᠴᠢ ᠬᠡᠷ᠎ᠲᠡᠬᠡᠨ ᠰᠠᠭᠤᠵᠤ ᠪᠠᠢᠭ᠎ᠠ ᠬᠥᠮᠦᠰ᠎ᠲᠦ ᠰᠦᠯᠵᠢᠶᠡᠨ ᠳᠡᠭᠡᠷ᠎ᠡ ᠠᠰᠠᠭᠤᠨ ᠯᠠᠪᠯᠠᠬᠤ᠂ ᠡᠮ ᠦᠭᠬᠦ ᠪᠠ ᠡᠮ᠎ᠦᠨ ᠵᠦᠶ᠋ᠯ᠎ᠢ ᠳᠣᠭᠢᠷᠠᠭᠤᠯᠤᠨ ᠬᠦᠷᠭᠡᠬᠦ᠌ ᠵᠡᠷᠭᠡ ᠦᠶ᠋ᠯᠡᠴᠢᠯᠡᠭᠡ ᠬᠠᠩᠭᠠᠵᠤ ᠪᠣᠯᠤᠨ᠎ᠠ; ᠭᠤᠷᠪᠠᠳᠤᠭᠠᠷ ᠳᠡᠰ᠎ᠤᠨ ᠡᠮᠨᠡᠯᠭᠡ᠎ᠶ᠋ᠢᠨ ᠬᠣᠷᠢᠶ᠎ᠠ ᠠᠯᠤᠰ ᠡᠵᠡᠮᠰᠢᠯᠳᠦ ᠡᠮᠴᠢᠯᠡᠭᠡᠨ᠎ᠦ ᠠᠷᠭ᠎ᠠ ᠮᠠᠶᠢᠭ᠎ᠢᠶᠠᠷ ᠦᠨᠳᠦᠰᠦᠨ ᠱᠠᠲᠤᠨ᠎ᠤ ᠡᠮᠴᠢᠯᠡᠭᠡᠨ᠎ᠦ ᠪᠠᠢᠭᠤᠯᠤᠮᠵᠢ ᠳ᠋ᠤ ᠬᠠᠮᠲᠤᠷᠠᠨ ᠣᠨᠣᠱᠢᠯᠠᠬᠤ ᠵᠢᠯᠣᠭᠣᠳᠣᠯᠭ᠎ᠠ᠎ᠪᠠᠨ ᠴᠢᠩᠭᠠᠳᠭᠠᠵᠤ᠂ ᠠᠷᠠᠳ ᠣᠯᠠᠨ᠎ᠳᠤ ᠳᠥᠭᠥᠮ ᠳᠥᠲᠡ ᠪᠥᠭᠡᠳ ᠠᠮᠤᠷ ᠲᠦᠪᠱᠢᠨ ᠨᠠᠢᠳᠠᠪᠤᠷᠢᠲᠠᠶ ᠢᠨᠲ᠋ᠸᠷ ᠰᠦᠯᠵᠢᠶᠡᠨ᠎ᠦ ᠡᠮᠴᠢᠯᠡᠭᠡᠨ᠎ᠦ ᠦᠶ᠋ᠯᠡᠴᠢᠯᠡᠭᠡ ᠬᠠᠩᠭᠠᠬᠤ᠎ᠶ᠋ᠢ ᠦᠨᠡᠨ ᠬᠦ᠌ ᠪᠠᠲᠤᠯᠠᠨ᠎ᠠ᠃ ᠬᠣᠶᠠᠳᠤᠭᠠᠷ ᠳᠡᠰ ᠡᠴᠡ ᠳᠡᠭᠡᠭ᠌ᠰᠢᠬᠢ ᠡᠮᠨᠡᠯᠭᠡ᠎ᠶ᠋ᠢᠨ ᠬᠣᠷᠢᠶ᠎ᠠ ᠴᠠᠭ ᠬᠤᠪᠢᠶᠠᠨ ᠨᠠᠷᠢᠯᠢᠭ ᠣᠨᠣᠴᠠᠲᠠᠶ᠎ᠪᠠᠷ ᠤᠷᠢᠳᠴᠢᠯᠠᠨ ᠪᠣᠯᠵᠣᠵᠤ ᠣᠨᠣᠱᠢᠯᠠᠨ ᠡᠮᠨᠡᠬᠦ᠌ ᠵᠠᠭ᠍ᠪᠤᠷ᠎ᠢ ᠤᠯᠠᠮ ᠨᠢᠭᠡ ᠠᠯᠬᠤᠮ ᠬᠡᠷᠡᠭ᠌ᠵᠢᠭᠦᠯᠵᠦ᠍᠂ ᠵᠥᠪᠬᠡᠨ ᠣᠶᠤᠨᠯᠢᠭ ᠭᠠᠷ ᠤᠲᠠᠰᠤ ᠥᠬᠡᠶ ᠨᠠᠰᠤᠲᠠᠢᠴᠤᠳ᠎ᠲᠤ ᠲᠤᠬᠠᠶ᠎ᠶ᠋ᠢᠨ ᠲᠠᠯᠠᠪᠤᠷ᠎ᠤᠨ ᠳ᠋ᠤᠭᠠᠷᠯᠠᠬᠤ ᠦᠶ᠋ᠯᠡᠴᠢᠯᠡᠭᠡ ᠬᠠᠩᠭᠠᠵᠤ ᠂ ᠡᠬᠦᠨ᠎ᠤ ᠤᠯᠠᠮ ᠵᠢᠡᠷ ᠡᠪᠡᠳᠴᠢᠲᠡᠨ᠎ᠦ ᠡᠮᠨᠡᠯᠭᠡ᠎ᠳᠦ ᠣᠴᠢᠭ᠍ᠰᠠᠨ᠎ᠤ ᠳᠠᠷᠠᠭᠠᠬᠢ ᠬᠦᠯᠢᠶᠡᠬᠦ᠌ ᠴᠠᠭ᠎ᠢ ᠪᠣᠭᠣᠨᠢᠰᠭᠠᠵᠤ᠂ ᠡᠪᠡᠳᠴᠢᠲᠡᠨ᠎ᠦ ᠪᠥᠭᠡᠮᠨᠡᠷᠡᠨ ᠴᠤᠭ᠍ᠯᠠᠷᠠᠬᠤ ᠦᠵᠡᠭ᠌ᠳᠡᠯ᠎ᠢ ᠶᠡᠬᠡ᠎ᠪᠡᠷ ᠰᠠᠢᠵᠢᠷᠠᠭᠤᠯᠤᠨ᠎ᠠ᠃

ᠲᠠᠪᠤ ᠳ᠋ᠦ ᠂ ᠦᠨᠳᠦᠰᠦᠨ ᠱᠠᠲᠤᠨ᠎ᠤ ᠡᠮ ᠡᠮᠨᠡᠯᠭᠡ ᠡᠷᠡᠭᠦᠯ ᠬᠠᠮᠠᠭᠠᠯᠠᠯ᠎ᠤᠨ ᠪᠠᠢᠭᠤᠯᠤᠮᠵᠢ᠎ᠶ᠋ᠢᠨ ᠰᠠᠭᠤᠷᠢᠯᠠᠬᠤ ᠴᠢᠨᠠᠷᠳᠠᠢ ᠦᠢᠯᠡᠳᠦᠯ ᠪᠠ ᠬᠡᠷ ᠪᠦᠯᠢ᠎ᠶ᠋ᠢᠨ ᠡᠮᠴᠢ ᠎ᠶ᠋ᠢᠨ ᠡᠷᠡᠭᠦᠯ ᠮᠡᠨᠳᠦ᠍᠎ᠶ᠋ᠢᠨ 《ᠡᠭᠦᠳᠡ ᠰᠠᠬᠢᠭ᠍ᠴᠢ》᠎ᠶ᠋ᠢᠨ ᠦᠶ᠋ᠯᠡᠳᠦᠯ᠎ᠢ ᠭᠦᠶ᠋ᠴᠡᠳ ᠪᠠᠳᠠᠷᠠᠭᠤᠯᠤᠨ᠎ᠠ᠃ ᠬᠠᠷᠢᠶ᠎ᠠ ᠣᠷᠣᠨ᠎ᠳᠠᠬᠢ ᠵᠢᠷᠦᠬᠡ ᠲᠠᠷᠢᠬᠢᠨ᠎ᠤ ᠴᠢᠰᠤᠨ ᠰᠤᠳᠠᠯ᠎ᠤᠨ ᠡᠪᠡᠳᠴᠢᠨ᠂ ᠤᠳᠠᠭᠠᠨ ᠴᠢᠨᠠᠷᠲᠠᠢ ᠠᠭᠤᠰᠭᠢᠨ ᠡᠪᠡᠳᠴᠢᠨ᠂ ᠱᠢᠬᠢᠷ ᠱᠢᠵᠢᠩ ᠡᠪᠡᠳᠴᠢᠨ᠂ ᠤᠳᠠᠭᠠᠨ ᠴᠢᠨᠠᠷᠲᠠᠶ ᠲᠤᠳᠤᠷ ᠪᠥᠭᠡᠷ᠎ᠠ ᠵᠢᠨ ᠡᠪᠡᠳᠴᠢᠨ᠂ ᠬᠠᠪᠤᠳᠠᠷ᠎ᠤᠨ ᠡᠪᠡᠳᠴᠢᠨ᠂ ᠡᠭᠡᠯᠢᠯᠡᠭᠡ᠎ᠶ᠋ᠢᠨ ᠴᠢᠳᠠᠪᠬᠢ ᠳᠤᠲᠠᠮᠠᠭ ᠵᠡᠷᠭᠡ ᠡᠪᠡᠳᠴᠢᠨ᠎ᠲᠡᠶ ᠨᠠᠰᠤᠲᠠᠢᠴᠤᠳ ᠵᠢᠴᠢ ᠱᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠸᠠᠺᠼᠢᠨ᠎ᠤ ᠲᠠᠷᠢᠯᠭ᠎ᠠ᠎ᠶ᠋ᠢᠨ ᠪᠠᠢᠳᠠᠯ᠎ᠢ ᠲᠣᠳᠣᠷᠬᠠᠶ ᠣᠢᠯᠠᠭᠠᠨ᠎ᠠ᠃ ᠬᠠᠷᠢᠶ᠎ᠠ ᠣᠷᠣᠨ᠎ᠤ ᠳᠣᠲᠣᠷᠠᠬᠢ 0 — 6 ᠨᠠᠰᠤᠨ᠎ᠤ ᠬᠡᠸ᠋ᠬᠡᠳ᠂ ᠵᠢᠷᠮᠦᠰᠦᠨ ᠪᠦᠰᠡᠭᠦᠢ ᠵᠡᠷᠭᠡ ᠭᠣᠸ᠋ᠯᠳᠠᠯᠭ᠎ᠠ᠎ᠲᠠᠶ ᠬᠥᠮᠦᠰ᠎ᠦᠨ ᠦᠨᠳᠦᠰᠦᠨ ᠪᠠᠢᠳᠠᠯ᠎ᠢ ᠲᠣᠳᠣᠷᠬᠠᠶ ᠣᠢᠯᠠᠭᠠᠬᠤ᠎ᠶ᠋ᠢᠨ ᠬᠠᠮᠲᠤ ᠭᠣᠸ᠋ᠯᠳᠠᠯᠭ᠎ᠠ᠎ᠲᠠᠶ ᠬᠥᠮᠦᠰ᠎ᠦᠨ ᠡᠷᠡᠭᠦᠯ ᠮᠡᠨᠳᠦ᠍᠎ᠶ᠋ᠢᠨ ᠬᠠᠮᠢᠶᠠᠷᠤᠯᠲᠠ᠎ᠶ᠋ᠢᠨ ᠡᠬᠡ ᠲᠠᠩᠰᠠ ᠵᠢ ᠪᠠᠢᠭᠤᠯᠵᠤ᠂ ᠬᠠᠷᠢᠯᠴᠠᠬᠤ ᠂ ᠠᠰᠠᠭᠤᠨ ᠯᠠᠪᠯᠠᠬᠤ ᠤᠲᠠᠰᠤ ᠵᠢ ᠢᠯᠡ ᠨᠡᠢᠳᠡᠯᠡᠵᠦ᠂ ᠭᠣᠸ᠋ᠯᠳᠠᠯᠭ᠎ᠠ᠎ᠲᠠᠶ ᠬᠥᠮᠦᠰ᠎ᠤᠨ ᠡᠷᠡᠭᠦᠯ ᠮᠡᠨᠳᠦ᠍᠎ᠶ᠋ᠢᠨ ᠲᠥᠷᠥᠯ ᠬᠤᠪᠢᠶᠠᠭ᠍ᠰᠠᠨ ᠬᠠᠮᠢᠶᠠᠷᠤᠯᠲᠠ᠎ᠶ᠋ᠢ ᠴᠢᠩᠭᠠᠳᠭᠠᠨ᠎ᠠ᠃ ᠡᠮᠴᠢᠯᠡᠭᠡᠨ᠎ᠦ ᠬᠣᠯᠪᠣᠭᠠᠲᠤ ᠴᠣᠭ᠍ᠴᠠ᠎ᠪᠠᠷ ᠠᠴᠢᠶᠠᠯᠠᠪᠤᠷᠢ ᠪᠣᠯᠭᠠᠭᠰᠠᠨ ᠱᠠᠲᠤ ᠬᠤᠪᠢᠶᠠᠨ ᠣᠨᠣᠱᠢᠯᠠᠨ ᠡᠮᠨᠡᠬᠦ᠌ ᠠᠵᠢᠯ᠎ᠢ ᠠᠬᠢᠭᠤᠯᠵᠤ᠂ ᠲᠤᠤᠷᠵᠢᠯᠲᠠ ᠵᠢᠨ ᠪᠠᠢᠷᠢᠯᠠᠭᠤᠯᠤᠯᠲᠠ ᠵᠢᠨ ᠡᠮᠴᠢᠯᠡᠭᠡᠨ᠎ᠦ ᠬᠣᠯᠪᠣᠭᠠᠲᠤ ᠴᠣᠭ᠍ᠴᠠ᠎ᠪᠠᠷ ᠠᠴᠢᠶᠠᠯᠠᠪᠤᠷᠢ ᠪᠣᠯᠭᠠᠵᠦ᠂ ᠦᠨᠳᠦᠰᠦᠨ ᠱᠠᠲᠤᠨ᠎ᠳᠤ ᠠᠩᠬᠠᠨ᠎ᠤ ᠡᠮᠴᠢᠯᠡᠭᠡ ᠬᠢᠵᠦ ᠂ ᠱᠠᠲᠤ ᠳᠠᠷᠠᠭᠠᠯᠠᠨ ᠱᠢᠯᠵᠢᠭᠦᠯᠦᠨ ᠡᠮᠨᠡᠭᠦᠯᠬᠦ᠌ ᠡᠮᠴᠢᠯᠡᠭᠡᠨ᠎ᠦ ᠲᠣᠭ᠍ᠲᠠᠴᠠ᠎ᠶ᠋ᠢ ᠨᠠᠢᠳᠠᠪᠤᠷᠢᠵᠢᠭᠤᠯᠵᠤ ᠂ ᠣᠯᠠᠨ ᠲᠦᠮᠡᠨ᠎ᠤ ᠡᠮᠬᠢ ᠵᠢᠷᠤᠮ᠎ᠲᠠᠶ᠎ᠪᠠᠷ ᠡᠮᠨᠡᠭᠦᠯᠬᠦ ᠵᠢ ᠬᠥᠲᠥᠯᠥᠨ ᠵᠢᠯᠣᠭᠣᠳᠴᠤ᠌ ᠂ ᠡᠮᠴᠢᠯᠡᠭᠡᠨ᠎ᠦ ᠡᠬᠢ ᠪᠠᠶᠠᠯᠢᠭ ᠎ᠤᠨ ᠰᠢᠬᠠᠯᠴᠠᠬᠤ ᠡᠴᠡ ᠰᠡᠷᠭᠡᠢᠯᠡᠨ᠎ᠡ᠃

ᠵᠠᠩ ᠶᠢᠩ ᠂ ᠥᠷᠭᠡᠨ ᠣᠯᠠᠨ ᠠᠷᠠᠳ ᠲᠦᠮᠡᠨ᠎ᠢ ᠱᠢᠨᠵᠢᠯᠡᠬᠦ᠌ ᠤᠬᠠᠭᠠᠨᠴᠢ᠎ᠪᠠᠷ ᠂ ᠣᠶᠤᠨᠴᠢ᠎ᠪᠠᠷ ᠱᠢᠨ᠎ᠡ ᠲᠢᠲᠢᠮᠯᠢᠭ ᠸᠢᠷᠦ᠋ᠰ᠎ᠢ ᠲᠠᠨᠢᠬᠤ ᠬᠡᠷᠡᠭ᠌ᠲᠡᠶ᠃ ᠬᠥᠮᠦᠨ ᠪᠦᠬᠦᠨ ᠴᠥᠮ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠨᠢᠭᠡᠳᠦᠭᠡᠷ ᠬᠠᠷᠢᠭᠤᠴᠠᠯᠭᠠᠲᠠᠨ ᠮᠥᠨ᠂ ᠥᠪᠡᠷ᠎ᠦᠨ ᠪᠡᠶ᠎ᠡ ᠪᠠ ᠪᠤᠰᠤᠳ᠎ᠤᠨ ᠡᠷᠡᠭᠦᠯ ᠮᠡᠨᠳᠦ᠍᠎ᠶ᠋ᠢᠨ ᠲᠥᠯᠥᠭᠡ ᠠᠮᠠᠪᠴᠢ ᠵᠡᠭᠦᠬᠦ᠌᠎ᠶ᠋ᠢ ᠳᠦᠷᠢᠮᠵᠢᠭᠦᠯᠵᠦ᠍ ᠂ ᠠᠷᠢᠭᠤᠨ ᠴᠡᠪᠡᠷ᠎ᠢ ᠡᠷᠬᠢᠮᠯᠡᠵᠦ᠍ ᠂ ᠬᠥᠮᠦᠨ ᠴᠤᠭ᠍ᠯᠠᠷᠠᠭ᠍ᠰᠠᠨ ᠲᠠᠯᠠᠪᠤᠷ᠎ᠲᠤ ᠣᠴᠢᠵᠤ ᠡᠮᠨᠡᠭᠦᠯᠬᠦ ᠦᠭᠡᠢ ᠪᠤᠶᠤ ᠣᠯᠠᠨ ᠨᠡᠢᠲᠡ᠎ᠶ᠋ᠢᠨ ᠲᠠᠯᠠᠪᠤᠷ᠎ᠲᠤ ᠮᠥᠨ ᠯᠡ ᠪᠤᠰᠤᠳ᠎ᠲᠠᠶ ᠠᠮᠤᠷ ᠲᠦᠪᠱᠢᠨ᠎ᠦ ᠵᠠᠶ᠎ᠶ᠋ᠢ ᠪᠠᠲᠤᠯᠠᠵᠤ ᠂ ᠣᠶᠤᠨᠴᠢ᠎ᠪᠠᠷ ᠂ ᠡᠮᠬᠢ ᠵᠢᠷᠤᠮ᠎ᠲᠠᠶ᠎ᠪᠠᠷ ᠡᠮᠨᠡᠭᠦᠯᠵᠦ ᠂ ᠮᠠᠨ᠎ᠤ ᠣᠷᠣᠨ᠎ᠤ ᠱᠢᠨ᠎ᠡ ᠪᠠᠢᠳᠠᠯ ᠳᠣᠸ᠋ᠷᠠᠬᠢ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌᠎ᠳᠦ ᠬᠦᠴᠦᠨ ᠴᠢᠳᠠᠯ᠎ᠢᠶᠠᠨ ᠡᠷᠭᠦᠬᠦ ᠵᠢ ᠬᠦᠰᠡᠨ ᠤᠷᠢᠶᠠᠯᠠᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面