ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠮᠡᠳᠡᠭᠡᠯᠡᠯ

2022-12-16 11:13:38

ᠵᠣᠬᠢᠶᠠᠭ᠍ᠴᠢ᠄ ​ ᠵᠤᠤ ᠰᠢ᠂ ᠴᠢᠮᠡᠭᠡᠯᠡᠭ᠌ᠴᠢ ᠨᠠᠷᠠᠰᠤ ᠣᠩᠱᠢᠭ᠍ᠰᠠᠨ ᠣᠳᠠᠭ᠎ᠠ᠄ 3

12 ᠰᠠᠷ᠎ᠠ ᠶ᠋ᠢᠨ 12 ᠤ᠋ᠨ ᠡᠳᠦᠷ ᠂ ᠪᠦᠬᠦ᠌ ᠣᠷᠣᠨ ᠤ᠋ ᠠᠷᠠᠳ ᠤ᠋ᠨ ᠶᠠᠪᠤᠳᠠᠯ ᠤ᠋ᠨ ᠱᠢᠰᠲ᠋ᠧᠮ ᠤ᠋ᠨ ᠬᠢᠨ ᠬᠢᠵᠢᠭ ᠤ᠋ᠨ ᠪᠠᠢᠳᠠᠯ ᠢ᠋ ᠰᠡᠷᠭᠡᠢᠯᠡᠨ ᠡᠵᠡᠮᠳᠡᠬᠦ᠌ ᠠᠵᠢᠯ ᠤ᠋ᠨ ᠸᠢᠳᠢᠣ᠋ ᠬᠤᠷᠠᠯ ᠬᠤᠷᠠᠯᠳᠤᠭᠤᠯᠵᠤ ᠂ 《 ᠱᠢᠨ᠎ᠡ ᠠᠷᠪᠠᠨ ᠵᠤᠢᠯ 》 ᠎ᠤᠨ ᠠᠷᠭ᠎ᠠ ᠬᠡᠮᠵᠢᠶ᠎ᠡ ᠪᠡᠷ ᠪᠠᠷᠢᠮᠵᠢᠶᠠᠯᠠᠵᠤ ᠂ ᠤᠨᠤᠴᠢᠲᠠᠢ ᠨᠠᠢᠳᠠᠪᠤᠷᠢᠵᠢᠭᠤᠯᠬᠤ ᠵᠢ ᠠᠬᠢᠭᠤᠯᠤᠨ ᠂ ᠪᠦᠬᠦ᠌ ᠣᠷᠣᠨ ᠤ᠋ ᠨᠠᠰᠤᠵᠢᠯ ᠤ᠋ᠨ ᠠᠰᠠᠷᠠᠮᠵᠢ ᠶ᠋ᠢᠨ ᠪᠠᠢᠭᠤᠯᠤᠮᠵᠢ ᠳ᠋ᠤ ᠲᠦᠷ ᠴᠠᠭ ᠪᠢᠲᠡᠭᠦᠮᠵᠢᠯᠡᠭ᠌ᠰᠡᠨ ᠬᠠᠮᠢᠶᠠᠷᠤᠯᠲᠠ ᠬᠢᠵᠦ᠍ ᠂ ᠨᠠᠰᠤᠲᠠᠢᠴᠤᠳ ᠢ᠋ ᠡᠷᠬᠢᠨ ᠦᠵᠡᠬᠦ᠌ ᠠᠵᠢᠯ ᠢ᠋ ᠡᠮᠬᠢ ᠵᠢᠷᠤᠮ ᠲᠠᠶ ᠥᠷᠨᠢᠭᠦᠯᠵᠦ᠍ ᠂ ᠨᠠᠰᠤᠵᠢᠯ ᠤ᠋ᠨ ᠠᠰᠠᠷᠠᠮᠵᠢ ᠶ᠋ᠢᠨ ᠪᠠᠢᠭᠤᠯᠤᠮᠵᠢ ᠳ᠋ᠤ ᠦᠢᠯᠡᠴᠢᠯᠡᠵᠦ ᠪᠠᠢᠭ᠎ᠠ ᠬᠦᠮᠦᠰ ᠤ᠋ᠨ ᠪᠡᠶ᠎ᠡ ᠮᠠᠬᠠᠪᠣᠳ ᠤ᠋ᠨ ᠡᠷᠡᠭᠦᠯ ᠮᠡᠨᠳᠦ ᠪᠣᠯᠤᠨ ᠠᠮᠢ ᠨᠠᠰᠤᠨ ᠤ᠋ ᠠᠮᠤᠷ ᠲᠦᠪᠱᠢᠨ ᠢ᠋ ᠪᠦᠬᠦ᠌ ᠲᠠᠯ᠎ᠠ ᠪᠠᠷ ᠪᠠᠲᠤᠯᠠᠬᠤ ᠵᠢ ᠱᠠᠭᠠᠷᠳᠠᠪᠠ ᠃

ᠬᠠᠮᠢᠶᠠᠷᠤᠨ ᠡᠵᠡᠮᠳᠡᠬᠦ᠌ ᠲᠠᠯ᠎ᠠ ᠪᠠᠷ ᠂ ᠬᠥᠮᠦᠰ ᠢ᠋ ᠬᠠᠮᠢᠶᠠᠷᠤᠨ ᠡᠵᠡᠮᠳᠡᠬᠦ᠌ ᠵᠢ ᠱᠢᠨᠵᠢᠯᠡᠬᠦ᠌ ᠤᠬᠠᠭᠠᠨᠴᠢ ᠪᠠᠷ ᠣᠨᠣᠴᠠᠲᠠᠢ ᠬᠡᠷᠡᠭ᠌ᠵᠢᠭᠦᠯᠬᠦ᠌ ᠶ᠋ᠢᠨ ᠲᠥᠯᠥᠭᠡ ᠂ ᠡᠯ᠎ᠡ ᠱᠠᠲᠤᠨ ᠤ᠋ ᠠᠷᠠᠳ ᠤ᠋ᠨ ᠶᠠᠪᠤᠳᠠᠯ ᠤ᠋ᠨ ᠰᠠᠯᠠᠭ᠎ᠠ ᠮᠥᠴᠢᠷ 《 ᠡᠭᠦᠳᠡ ᠰᠠᠬᠢᠬᠤ ᠠᠵᠢᠯᠯᠠᠭ᠎ᠠ》 ᠵᠢ ᠠᠬᠢᠭᠤᠯᠵᠤ ᠪᠠᠢᠨ᠎ᠠ ᠃ ᠬᠢᠵᠢᠭ ᠤ᠋ᠨ ᠪᠠᠢᠳᠠᠯ ᠭᠠᠷᠤᠭ᠍ᠰᠠᠨ ᠬᠣᠱᠢᠭᠤ ᠱᠢᠶᠠᠨ ᠳ᠋ᠤ ᠴᠢᠭ᠌ᠯᠡᠭᠦᠯᠦᠨ ᠂ ᠠᠷᠠᠳ ᠤ᠋ᠨ ᠶᠠᠪᠤᠳᠠᠯ ᠤ᠋ᠨ ᠰᠠᠯᠠᠭ᠎ᠠ ᠮᠥᠴᠢᠷ ᠤ᠋ᠨ ᠤᠳᠤᠷᠢᠳᠤᠯᠭ᠎ᠠ ᠳᠠᠭᠠᠭᠠᠴᠢᠯᠠᠨ ᠬᠣᠯᠪᠣᠭᠠᠯᠠᠬᠤ ᠶ᠋ᠢᠨ ᠬᠠᠮᠲᠤ ᠠᠵᠢᠯᠲᠠᠨ ᠰᠣᠩᠭᠣᠨ ᠲᠣᠮᠢᠯᠠᠵᠤ ᠳᠤᠷᠤᠭᠰᠢ ᠪᠠᠢᠭᠤᠯᠤᠮᠵᠢ ᠳ᠋ᠦ ᠪᠠᠭᠤᠯᠭᠠᠬᠤ ᠵᠡᠷᠭᠡ ᠠᠷᠭ᠎ᠠ ᠬᠡᠯᠪᠡᠷᠢ ᠵᠢ ᠠᠪᠴᠤ᠌ ᠨᠠᠰᠤᠵᠢᠯ ᠤ᠋ᠨ ᠠᠰᠠᠷᠠᠮᠵᠢ ᠶ᠋ᠢᠨ ᠪᠠᠢᠭᠤᠯᠤᠮᠵᠢ ᠳ᠋ᠤ 《ᠡᠭᠦᠳᠡ ᠰᠠᠬᠢᠬᠤ ᠠᠵᠢᠯᠯᠠᠭ᠎ᠠ》 ᠥᠷᠨᠢᠭᠦᠯᠵᠦ᠍ ᠂ 24 ᠴᠠᠭ ᠶ᠋ᠢᠡᠷ ᠵᠢᠵᠢᠭᠦᠷᠯᠡᠨ ᠰᠠᠬᠢᠵᠤ ᠪᠠᠢᠨ᠎ᠠ ᠃ ᠨᠠᠰᠤᠵᠢᠯ ᠤ᠋ᠨ ᠠᠰᠠᠷᠠᠮᠵᠢ ᠶ᠋ᠢᠨ ᠪᠠᠢᠭᠤᠯᠤᠮᠵᠢ ᠶ᠋ᠢᠨ ᠡᠭᠦᠳᠡᠨ᠎ᠭᠠᠳᠠᠨ᠎ᠠ ᠴᠥᠮ ᠡᠳ᠋ ᠪᠣᠳᠠᠰ ᠲᠠᠯᠪᠢᠬᠤ ᠪᠠ ᠭᠥᠯᠢᠶᠡᠨ ᠠᠪᠬᠤ ᠭᠠᠵᠠᠷ ᠭᠠᠷᠭᠠᠵᠤ ᠂ ᠲᠤᠰᠭᠠᠶ ᠬᠥᠮᠦᠨ ᠳᠣᠭᠢᠷᠠᠭᠤᠯᠤᠨ ᠠᠮᠢᠳᠤᠷᠠᠯ ᠤ᠋ᠨ ᠬᠡᠷᠡᠭᠴᠡᠭᠡᠨ ᠤ᠋ ᠴᠢᠬᠤᠯᠠ ᠵᠦᠶ᠋ᠯ ᠢ᠋ ᠭᠥᠯᠢᠶᠡᠨ ᠠᠪᠤᠭᠤᠯᠬᠤ ᠪᠠ ᠡᠳ᠋ ᠪᠣᠳᠠᠰ ᠢ᠋ ᠠᠷᠢᠭᠤᠳᠭᠠᠬᠤ ᠠᠵᠢᠯ ᠬᠢᠯᠭᠡᠵᠦ᠍ ᠂ ᠪᠦᠬᠦ ᠶᠠᠪᠤᠴᠠ ᠳ᠋ᠦ ᠦᠯᠦ ᠤᠢᠷᠠᠳᠬᠤ ᠭᠥᠯᠢᠶᠡᠨ ᠠᠪᠬᠤ ᠠᠷᠭ᠎ᠠ ᠬᠡᠮᠵᠢᠶ᠎ᠡ ᠵᠢ ᠬᠡᠷᠡᠭ᠌ᠵᠢᠭᠦᠯᠦᠨ᠎ᠡ ᠃ ᠡᠭᠦᠨ ᠤ᠋ ᠬᠠᠮᠲᠤ ᠂ ᠨᠠᠰᠤᠵᠢᠯ ᠤ᠋ᠨ ᠠᠰᠠᠷᠠᠮᠵᠢ ᠶ᠋ᠢᠨ ᠪᠠᠢᠭᠤᠯᠤᠮᠵᠢ ᠶ᠋ᠢᠨ ᠥᠪᠡᠰᠦᠪᠡᠨ ᠬᠤᠳᠠᠯᠳᠤᠨ ᠠᠪᠬᠤ ᠡᠩᠨᠡᠭᠡ ᠶ᠋ᠢᠨ ᠪᠠᠢᠭᠤᠯᠤᠯᠲᠠ ᠵᠢ ᠴᠢᠩᠭᠠᠳᠭᠠᠵᠤ ᠂ ᠪᠢᠲᠡᠭᠦᠮᠵᠢᠯᠡᠨ ᠬᠠᠮᠢᠶᠠᠷᠬᠤ ᠵᠢ ᠦᠨᠡᠨ ᠬᠦ᠌ ᠪᠡᠶᠡᠯᠡᠭᠦᠯᠵᠦ᠍ ᠂ ᠰᠣᠯᠪᠢᠴᠠᠨ ᠬᠠᠯᠳᠠᠪᠤᠷᠢᠯᠠᠬᠤ ᠲᠦᠭ᠌ᠰᠢᠭᠦᠷᠢ ᠵᠢ ᠪᠠᠭᠠᠰᠭᠠᠨ᠎ᠠ ᠃ ᠣᠳᠣᠬᠠᠨ ᠪᠣᠯᠲᠠᠯ᠎ᠠ 648 ᠨᠠᠰᠤᠵᠢᠯ ᠤ᠋ᠨ ᠠᠰᠠᠷᠠᠮᠵᠢ ᠶ᠋ᠢᠨ ᠪᠠᠢᠭᠤᠯᠤᠮᠵᠢ ᠥᠪᠡᠰᠦᠪᠡᠨ ᠬᠤᠳᠠᠯᠳᠤᠨ ᠠᠪᠬᠤ ᠡᠩᠨᠡᠭᠡ ᠪᠠᠢᠭᠤᠯᠵᠤ ᠂ 1137 ᠬᠥᠮᠦᠨ ᠳ᠋ᠦ ᠥᠪᠡᠰᠦᠪᠡᠨ ᠬᠤᠳᠠᠯᠳᠤᠨ ᠠᠪᠬᠤ ᠪᠤᠯᠪᠠᠰᠤᠷᠠᠯ ᠬᠦᠷᠲᠡᠭᠡᠪᠡ ᠃

ᠡᠭᠦᠨ ᠤ᠋ ᠬᠠᠮᠲᠤ ᠂ ᠸᠠᠺᠼᠢᠨ ᠤ᠋ ᠲᠠᠷᠢᠯᠭ᠎ᠠ ᠬᠢᠬᠦ᠌ ᠠᠵᠢᠯ ᠢ᠋ ᠲᠦᠷᠭᠡᠳᠭᠡᠨ ᠠᠬᠢᠭᠤᠯᠵᠤ ᠂ ᠨᠠᠰᠤᠵᠢᠯ ᠤ᠋ᠨ ᠠᠰᠠᠷᠠᠮᠵᠢ ᠶ᠋ᠢᠨ ᠪᠠᠢᠭᠤᠯᠤᠮᠵᠢ ᠶ᠋ᠢᠨ ᠡᠭᠡᠯᠢᠯᠡᠭᠡ ᠶ᠋ᠢᠨ ᠬᠠᠯᠬᠠᠪᠴᠢ ᠵᠢ ᠪᠠᠲᠤ ᠴᠤᠭᠴᠠᠯᠠᠵᠤ ᠪᠠᠢᠨ᠎ᠠ ᠃ ᠪᠠᠴᠢᠮ ᠪᠠᠢᠳᠠᠯ ᠢ᠋ ᠠᠷᠭᠠᠴᠠᠭᠠᠬᠤ ᠪᠠ ᠰᠡᠷᠭᠡᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶ᠋ᠢᠨ ᠲᠠᠯ᠎ᠠ ᠪᠠᠷ ᠂ ᠡᠯ᠎ᠡ ᠨᠠᠰᠤᠵᠢᠯ ᠤ᠋ᠨ ᠠᠰᠠᠷᠠᠮᠵᠢ ᠶ᠋ᠢᠨ ᠪᠠᠢᠭᠤᠯᠤᠮᠵᠢ ᠬᠢᠵᠢᠭ ᠤ᠋ᠨ ᠪᠠᠢᠳᠠᠯ ᠢ᠋ ᠰᠡᠷᠭᠡᠢᠯᠡᠨ ᠡᠵᠡᠮᠳᠡᠬᠦ᠌ ᠠᠵᠢᠯ ᠤ᠋ᠨ ᠵᠦᠭ᠌ᠯᠡᠭᠦᠷ ᠶᠣᠰᠣᠭᠠᠷ ᠰᠡᠷᠭᠡᠢᠯᠡᠨ ᠡᠵᠡᠮᠳᠡᠬᠦ᠌ ᠠᠷᠭ᠎ᠠ ᠬᠡᠮᠵᠢᠶ᠎ᠡ ᠵᠢ ᠬᠡᠷᠡᠭ᠌ᠵᠢᠭᠦᠯᠬᠦ᠌ ᠶ᠋ᠢᠨ ᠬᠠᠮᠲᠤ ᠂ ᠪᠠᠴᠢᠮ ᠪᠠᠢᠳᠠᠯ ᠢ᠋ ᠠᠷᠭᠠᠴᠠᠭᠠᠨ ᠱᠢᠶ᠋ᠳᠪᠦᠷᠢᠯᠡᠬᠦ᠌ ᠴᠢᠳᠠᠪᠤᠷᠢ ᠪᠠᠨ ᠪᠥᠬᠥ᠌ ᠲᠠᠯ᠎ᠠ ᠪᠠᠷ ᠳᠡᠭᠡᠭ᠌ᠰᠢᠯᠡᠭᠦᠯᠵᠦ᠍ ᠂ ᠡᠯ᠎ᠡ ᠪᠠᠢᠭᠤᠯᠤᠮᠵᠢ ᠴᠥᠮ ᠲᠤᠰᠠᠭᠠᠷᠯᠠᠬᠤ ᠲᠠᠰᠤᠭ ᠪᠠᠢᠭᠤᠯᠵᠤ ᠂ ᠨᠥᠬᠥᠴᠡᠯ ᠲᠡᠶ ᠨᠠᠰᠤᠵᠢᠯ ᠤ᠋ᠨ ᠠᠰᠠᠷᠠᠮᠵᠢ ᠶ᠋ᠢᠨ ᠪᠠᠢᠭᠤᠯᠤᠮᠵᠢ ᠨᠢ ᠡᠷᠡᠭᠦᠯ ᠡᠩᠬᠡ ᠵᠢ ᠬᠢᠨᠠᠨ ᠪᠠᠢᠴᠠᠭᠠᠬᠤ ᠲᠠᠯᠠᠪᠤᠷ ᠪᠠ 《ᠭᠤᠷᠪᠠᠨ ᠲᠣᠭᠣᠷᠢᠭ ᠲᠦ᠍ ᠬᠣᠶᠠᠷ ᠨᠡᠪᠲᠡᠷᠡᠬᠦ᠌ ᠵᠠᠮ》 ᠭᠠᠷᠭᠠᠵᠤ ᠂ ᠡᠷᠡᠭᠦᠯ ᠬᠠᠮᠠᠭᠠᠯᠠᠯ ᠡᠷᠡᠭᠦᠯ ᠮᠡᠨᠳᠦ᠍ ᠶ᠋ᠢᠨ ᠰᠠᠯᠠᠭ᠎ᠠ ᠮᠥᠴᠢᠷ ᠡᠴᠡ ᠬᠢᠨᠠᠨ ᠬᠠᠷᠭᠤᠭᠤᠯᠵᠤ ᠬᠢᠷᠢ ᠲᠡᠩᠴᠡᠭ᠌ᠰᠡᠨ ᠤ᠋ ᠳᠠᠷᠠᠭ᠎ᠠ ᠠᠱᠢᠭ᠍ᠯᠠᠯᠲᠠ ᠳ᠋ᠤ ᠣᠷᠣᠭᠤᠯᠵᠤ ᠪᠠᠢᠨ᠎ᠠ ᠃ ᠡᠯ᠎ᠡ ᠱᠠᠲᠤᠨ ᠤ᠋ ᠠᠷᠠᠳ ᠤ᠋ᠨ ᠶᠠᠪᠤᠳᠠᠯ ᠤ᠋ᠨ ᠰᠠᠯᠠᠭ᠎ᠠ ᠮᠥᠴᠢᠷ ᠤ᠋ᠨ ᠬᠢᠨ ᠬᠢᠵᠢᠭ ᠤ᠋ᠨ ᠪᠠᠢᠳᠠᠯ ᠢ᠋ ᠰᠡᠷᠭᠡᠢᠯᠡᠨ ᠡᠵᠡᠮᠳᠡᠬᠦ᠌ ᠵᠢᠯᠣᠭᠣᠳᠭᠤ ᠭᠠᠵᠠᠷ ᠢ᠋ ᠢᠳᠡᠪᠬᠢᠲᠡᠶ ᠵᠣᠬᠢᠴᠠᠭᠤᠯᠵᠤ ᠂ ᠬᠣᠱᠢᠭᠤ ᠱᠢᠶᠠᠨ ᠪᠦᠷᠢ ᠨᠠᠭᠠᠳᠤ ᠵᠠᠬ᠎ᠠ ᠳ᠋ᠠᠭᠠᠨ ᠨᠢᠭᠡ ᠨᠠᠰᠤᠵᠢᠯ ᠤ᠋ᠨ ᠠᠰᠠᠷᠠᠮᠵᠢ ᠶ᠋ᠢᠨ ᠪᠠᠢᠭᠤᠯᠤᠮᠵᠢ ᠶ᠋ᠢᠨ ᠲᠤᠰᠭᠠᠶ ᠬᠡᠷᠡᠭ᠌ᠯᠡᠬᠦ᠌ ᠲᠥᠪᠯᠡᠷᠡᠭᠦᠯᠦᠨ ᠲᠤᠰᠠᠭᠠᠷᠯᠠᠬᠤ ᠲᠠᠯᠠᠪᠤᠷ ᠪᠠ ᠡᠷᠡᠭᠦᠯ ᠡᠡᠭᠬᠡ ᠵᠢ ᠬᠢᠨᠠᠨ ᠪᠠᠢᠴᠠᠭᠠᠬᠤ ᠲᠠᠯᠠᠪᠤᠷ ᠪᠠᠢᠭᠤᠯᠵᠤ ᠂ ᠬᠥᠮᠦᠰ ᠢ᠋ ᠲᠤᠰᠠᠭᠠᠷᠯᠠᠬᠤ ᠪᠠ ᠡᠮᠨᠡᠭᠦᠯᠦᠭᠡᠳ ᠨᠠᠰᠤᠵᠢᠯ ᠤ᠋ᠨ ᠠᠰᠠᠷᠠᠮᠵᠢ ᠶ᠋ᠢᠨ ᠪᠠᠢᠭᠤᠯᠤᠮᠵᠢ ᠳ᠋ᠠᠭᠠᠨ ᠪᠤᠴᠠᠬᠰᠠᠨ ᠬᠥᠮᠦᠰ ᠢ᠋ ᠦᠯᠡᠳᠡᠭᠡᠨ ᠠᠪᠴᠦ ᠪᠠᠢᠳᠠᠯ ᠢ᠋ ᠨᠢ ᠠᠵᠢᠭᠯᠠᠵᠤ ᠂ ᠰᠣᠯᠪᠢᠴᠠᠨ ᠬᠠᠯᠳᠠᠪᠤᠷᠢᠯᠠᠬᠤ ᠠᠶᠤᠯ ᠲᠦᠭ᠌ᠰᠢᠭᠦᠷᠢ ᠵᠢ ᠪᠥᠬᠥ᠌ ᠲᠠᠯ᠎ᠠ ᠪᠠᠷ ᠪᠠᠭᠤᠷᠠᠭᠤᠯᠤᠨ᠎ᠠ ᠃

ᠨᠠᠰᠤᠲᠠᠢᠴᠤᠳ ᠢ᠋ ᠡᠷᠭᠢᠵᠦ᠍ ᠦᠵᠡᠬᠦ᠌ ᠵᠢ ᠵᠢᠷᠤᠮᠵᠢᠭᠤᠯᠬᠤ ᠶ᠋ᠢᠨ ᠲᠥᠯᠥᠭᠡ ᠂ ᠥᠪᠡᠷᠲᠡᠭᠡᠨ ᠵᠠᠰᠠᠬᠤ ᠣᠷᠣᠨ ᠤ᠋ ᠠᠷᠠᠳ ᠤ᠋ᠨ ᠶᠠᠪᠤᠳᠠᠯ ᠤ᠋ᠨ ᠲᠢᠩᠬᠢᠮ ᠬᠢᠵᠢᠭ ᠤ᠋ᠨ ᠪᠠᠢᠳᠠᠯ ᠢ᠋ ᠰᠡᠷᠭᠡᠢᠯᠡᠨ ᠡᠵᠡᠮᠳᠡᠬᠦ᠌ ᠠᠵᠢᠯ ᠤ᠋ᠨ ᠵᠦᠭ᠌ᠯᠡᠭᠦᠷ ᠢ᠋ ᠳᠠᠷᠤᠮᠠᠯᠯᠠᠨ ᠲᠠᠷᠬᠠᠭᠠᠪᠠ ᠃ ᠣᠢᠷ᠎ᠠ ᠶ᠋ᠢᠨ ᠬᠤᠭᠤᠴᠠᠭᠠᠨ ᠳ᠋ᠤ ᠰᠡᠷᠭᠡᠢᠯᠡᠨ ᠡᠵᠡᠮᠳᠡᠬᠦ᠌ 《ᠱᠢᠨ᠎ᠡ ᠠᠷᠪᠠᠨ ᠵᠤᠢᠯ 》 ᠤ᠋ᠨ ᠠᠷᠭ᠎ᠠ ᠬᠡᠮᠵᠢᠶ᠎ᠡ ᠵᠢ ᠢᠳᠡᠪᠬᠢᠲᠡᠶ ᠴᠤᠤᠷᠢᠶᠠᠲᠤᠨ ᠳᠠᠭᠠᠵᠤ ᠂ ᠤᠤᠯ ᠤ᠋ᠨ ᠵᠦᠭ᠌ᠯᠡᠭᠦᠷ ᠤ᠋ᠨ ᠰᠠᠭᠤᠷᠢᠨ ᠳᠡᠭᠡᠷ᠎ᠡ ᠴᠠᠭ ᠲᠤᠬᠠᠶ ᠳ᠋ᠤᠨᠢ ᠮᠡᠳᠡᠭ᠌ᠳᠡᠯ ᠳᠠᠷᠤᠮᠠᠯᠯᠠᠨ ᠲᠠᠷᠬᠠᠭᠠᠵᠤ ᠂ ᠡᠷᠭᠢᠨ ᠦᠵᠡᠬᠦ᠌ ᠶᠠᠪᠤᠴᠠ ᠵᠢ ᠱᠢᠯᠢᠳᠡᠭ᠌ᠵᠢᠭᠦᠯᠬᠦ᠌ ᠶ᠋ᠢᠨ ᠬᠠᠮᠲᠤ ᠂ ᠡᠷᠭᠢᠨ ᠦᠵᠡᠬᠦ᠌ ᠲᠠᠰᠤᠭ ᠢ᠋ ᠵᠦᠶ ᠵᠣᠬᠢᠰᠲᠠᠶ ᠪᠠᠢᠷᠢᠯᠠᠭᠤᠯᠵᠤ ᠂ ᠡᠷᠭᠢᠵᠦ᠍ ᠦᠵᠡᠬᠦ᠌ ᠲᠠᠰᠤᠭ ᠢ᠋ ᠠᠮᠢᠳᠤᠷᠠᠯ ᠤ᠋ᠨ ᠲᠣᠭᠣᠷᠢᠭ᠎ᠡᠴᠡ ᠢᠯᠭᠠᠨ ᠂ ᠴᠠᠭ ᠲᠤᠬᠠᠶ ᠳ᠋ᠤᠨᠢ ᠰᠠᠯᠬᠢ ᠨᠡᠪᠲᠡᠷᠡᠭᠦᠯᠬᠦ᠌ ᠪᠠ ᠠᠷᠢᠭᠤᠳᠭᠠᠬᠤ ᠶ᠋ᠢᠨ ᠬᠠᠮᠲᠤ ᠤᠷᠢᠳᠴᠢᠯᠠᠨ ᠪᠣᠯᠵᠣᠬᠤ ᠪᠠ ᠣᠷᠭᠢᠯ ᠤ᠋ᠨ ᠬᠤᠭᠤᠴᠠᠭ᠎ᠠ ᠡᠴᠡ ᠵᠠᠢᠯᠠᠵᠤ ᠡᠷᠭᠢᠨ ᠦᠵᠡᠬᠦ᠌ ᠠᠷᠭ᠎ᠠ ᠬᠡᠮᠵᠢᠶ᠎ᠡ ᠵᠢ ᠬᠡᠷᠡᠭᠵᠢᠭᠦᠯᠬᠦ ᠬᠡᠷᠡᠭ᠌ᠲᠡᠶ ᠭᠡᠵᠦ᠍ ᠨᠠᠰᠤᠵᠢᠯ ᠤ᠋ᠨ ᠠᠰᠠᠷᠠᠮᠵᠢ ᠶ᠋ᠢᠨ ᠪᠠᠢᠭᠤᠯᠤᠮᠵᠢ ᠳ᠋ᠤ ᠱᠠᠭᠠᠷᠳᠠᠪᠠ ᠃ ᠬᠡᠷ ᠪᠦᠯᠢ ᠶ᠋ᠢᠨ᠎ᠬᠢᠨ ᠡᠷᠬᠢᠨ ᠦᠵᠡᠬᠦ᠌ ᠳ᠋ᠤ 48 ᠴᠠᠭ ᠤ᠋ᠨ ᠪᠥᠭᠡᠮ ᠬᠦᠴᠢᠯ ᠤ᠋ᠨ ᠪᠠᠢᠴᠠᠭᠠᠯᠲᠠ ᠶ᠋ᠢᠨ ᠪᠢᠯᠢᠭ ᠴᠢᠨᠠᠷ ᠤ᠋ᠨ ᠭᠡᠷᠡᠴᠢ ᠪᠠ ᠡᠷᠡᠭᠦᠯ ᠮᠡᠨᠳᠦ᠍ ᠶ᠋ᠢᠨ ᠺᠣᠳ᠋ ᠢ᠋ ᠪᠠᠢᠴᠠᠭᠠᠨ ᠱᠢᠯᠭᠠᠬᠤ ᠶ᠋ᠢᠨ ᠬᠠᠮᠲᠤ ᠲᠤᠬᠠᠶ ᠶ᠋ᠢᠨ ᠲᠠᠯᠠᠪᠤᠷ ᠲᠦ᠍ ᠠᠨᠳᠢᠪᠤᠳᠢ ᠶ᠋ᠢᠨ ᠤᠷᠪᠠᠯ ᠤ᠋ᠨ ᠪᠠᠢᠴᠠᠭᠠᠯᠲᠡ ᠬᠢᠯᠭᠡᠨ᠎ᠠ ᠃

ᠨᠠᠰᠤᠵᠢᠯ ᠤ᠋ᠨ ᠠᠰᠠᠷᠠᠮᠵᠢ ᠶ᠋ᠢᠨ ᠪᠠᠢᠭᠤᠯᠤᠮᠵᠢ ᠶ᠋ᠢᠨ ᠨᠠᠰᠤᠲᠠᠢᠴᠤᠳ ᠤ᠋ᠨ ᠡᠪᠡᠳᠴᠢᠨ ᠦᠵᠡᠭᠦᠯᠵᠦ᠍ ᠡᠮ ᠬᠡᠷᠡᠭ᠌ᠯᠡᠬᠦ᠌ ᠳ᠋ᠤ ᠳᠥᠭᠥᠮ ᠦᠵᠡᠭᠦᠯᠬᠦ᠌ ᠶ᠋ᠢᠨ ᠲᠤᠰᠠᠳᠠ ᠂ ᠬᠣᠱᠢᠭᠤ ᠱᠢᠶᠠᠨ ᠪᠦᠷᠢ ᠨᠠᠭᠠᠳᠤ ᠵᠠᠬ᠎ᠠ ᠳ᠋ᠠᠭᠠᠨ ᠨᠢᠭᠡ ᠨᠠᠰᠤᠵᠢᠯ ᠤ᠋ᠨ ᠠᠰᠠᠷᠠᠮᠵᠢ ᠶ᠋ᠢᠨ ᠪᠠᠢᠭᠤᠯᠤᠮᠵᠢ ᠶ᠋ᠢᠨ ᠡᠪᠡᠳᠴᠢᠨ ᠦᠵᠡᠭᠦᠯᠬᠦ᠌ ᠲᠣᠭ᠍ᠲᠠᠭ᠍ᠰᠠᠨ ᠴᠡᠭ ᠤ᠋ᠨ ᠡᠮᠨᠡᠯᠭᠡ ᠶ᠋ᠢᠨ ᠬᠣᠷᠢᠶ᠎ᠠ ᠵᠢ ᠲᠣᠭ᠍ᠲᠠᠭᠠᠬᠤ ᠶ᠋ᠢᠨ ᠬᠠᠮᠲᠤ ᠡᠪᠡᠳᠴᠢᠨ ᠦᠵᠡᠭᠦᠯᠬᠦ᠌ ᠰᠠᠭᠠᠳ ᠦᠭᠡᠶ ᠨᠡᠪᠲᠡᠷᠡᠬᠦ᠌ ᠵᠠᠮ ᠭᠠᠷᠭᠠᠵᠤ ᠂ ᠨᠠᠰᠤᠲᠠᠢᠴᠤᠳ ᠡᠷᠡᠭᠦᠯ ᠮᠡᠨᠳᠦ᠍ ᠶ᠋ᠢᠨ ᠠᠰᠠᠭᠤᠳᠠᠯ ᠭᠠᠷᠪᠠᠯ ᠂ ᠴᠠᠭ ᠲᠤᠬᠠᠶ ᠳ᠋ᠤᠨᠢ ᠡᠮᠨᠡᠯᠭᠡ ᠳ᠋ᠤ ᠰᠠᠭᠤᠵᠤ ᠡᠮᠨᠡᠭᠦᠯᠵᠦ᠍ ᠳᠡᠢᠯᠬᠦ᠌ ᠵᠢ ᠦᠨᠡᠨ ᠬᠦ᠌ ᠪᠠᠳᠤᠯᠠᠵᠦ ᠂ ᠡᠯ᠎ᠡ ᠨᠠᠰᠤᠵᠢᠯ ᠤ᠋ᠨ ᠠᠰᠠᠷᠠᠮᠵᠢ ᠶ᠋ᠢᠨ ᠪᠠᠢᠭᠤᠯᠤᠮᠵᠢ ᠪᠠᠰᠠ ᠪᠢᠲᠡᠭᠦᠮᠵᠢᠯᠡᠨ ᠱᠢᠯᠵᠢᠭᠦᠯᠵᠤ ᠵᠦᠬᠡᠬᠡᠪᠤᠷᠢᠯᠡᠬᠦ ᠲᠡᠷᠭᠡ ᠪᠡᠯᠡᠳᠭᠡᠵᠦ᠍ ᠂ ᠨᠠᠰᠤᠲᠠᠢᠴᠤᠳ ᠤ᠋ᠨ ᠡᠪᠡᠳᠴᠢᠨ ᠦᠵᠡᠭᠦᠯᠵᠦ᠍ ᠡᠮ ᠬᠡᠷᠡᠭ᠌ᠯᠡᠬᠦ᠌ ᠳ᠋ᠤ ᠪᠠᠲᠤᠯᠠᠭ᠎ᠠ ᠬᠠᠩᠭᠠᠬᠤ ᠬᠡᠷᠡᠭᠳᠡᠢ ᠭᠡᠵᠦ ᠱᠠᠭᠠᠷᠳᠠᠪᠠ ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠴᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面